ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ  ᠠᠵᠢᠯ ᠤᠨ ᠲᠤᠬᠠᠢ ᠮᠡᠳᠡᠵᠦ ᠴᠢᠳᠡᠪᠡᠯ ᠵᠤᠬᠢᠬᠤ ᠮᠡᠳᠡᠯᠭᠡ
ᠨᠡᠶᠢᠲᠡᠯᠡᠭᠰᠡᠨ ᠴᠠᠭ᠄
2018/12/24
  ᠨᠢᠬᠡ᠂ ᠦᠨᠳᠦᠰᠦᠨ ᠮᠡᠳᠡᠯᠭᠡ        ︵ᠨᠢᠬᠡ︶ ᠤᠨᠤᠪᠴᠢᠳᠡᠢ ᠪᠠᠷ ᠶᠠᠳᠠᠭᠤ ᠶᠢ ᠲᠡᠳᠬᠦᠬᠦ᠄ 2013 ᠤᠨ ᠤ 11 ᠰᠡᠷ᠎ᠡ ᠳᠤ ᠰᠢ ᠶᠢᠨ ᠫᠢᠩ ᠶᠡᠷᠦᠩᠭᠡᠢ ᠱᠦᠵᠢ ᠬᠤᠨᠠᠨ ᠤ ᠰᠢᠶᠠᠩ ᠰᠢ ᠳᠤ ᠰᠢᠨᠵᠢᠯᠡᠨ ᠪᠠᠶᠢᠴᠠᠭᠠᠬᠤ ᠳᠠᠭᠠᠨ ︽ᠤᠨᠤᠪᠴᠢᠳᠡᠢ ᠪᠠᠷ ᠶᠠᠳᠠᠭᠤ ᠶᠢ ᠲᠡᠳᠬᠦᠬᠦ︾ ᠶᠢ ᠠᠩᠬ᠎ᠠ ᠤᠳᠠᠭ᠎ᠠ ᠲᠤᠷᠡᠳᠤᠪᠠ᠃ ᠤᠨᠤᠪᠴᠢᠳᠡᠢ ᠪᠠᠷ ᠶᠠᠳᠠᠭᠤ ᠶᠢ ᠲᠡᠳᠬᠦᠬᠦ ᠪᠤᠯ ᠪᠦᠳᠦᠬᠦᠯᠢᠭ  ᠢᠶᠠᠷ ᠲᠡᠳᠬᠦᠬᠦ ᠶᠢᠨ ᠡᠰᠡᠷᠬᠦ ᠲᠠᠭᠤᠳᠡᠯᠭ᠎ᠠ ᠮᠥᠨ᠂ ᠡᠨᠡ ᠨᠢ ᠠᠳᠡᠯᠢ ᠪᠤᠰᠤ ᠶᠠᠳᠠᠭᠤ ᠬᠦᠴᠢᠷᠳᠡᠯᠳᠡᠢ ᠤᠷᠤᠨ ᠪᠦᠰᠡ ᠶᠢᠨ ᠤᠷᠴᠢᠨ ᠲᠤᠭᠤᠷᠢᠨ᠂ ᠠᠳᠡᠯᠢ ᠪᠤᠰᠤ ᠶᠠᠳᠠᠭᠤ ᠬᠦᠴᠢᠷᠳᠡᠯᠳᠡᠢ ᠲᠠᠷᠢᠶᠠᠴᠢᠨ ᠡᠷᠦᠬᠡ ᠶᠢᠨ ᠪᠠᠶᠢᠳᠡᠯ ᠳᠤ ᠴᠢᠭᠯᠡᠬᠦᠯᠦᠨ᠂ ᠰᠢᠨᠵᠢᠯᠡᠬᠦ ᠤᠬᠠᠭᠠᠨᠴᠢ ᠪᠦᠳᠦᠮᠵᠢᠳᠡᠢ ᠲᠡᠰ ᠲᠠᠷᠠᠭ᠎ᠠ ᠪᠠᠷ ᠶᠠᠳᠠᠭᠤ ᠶᠢ ᠲᠡᠳᠬᠦᠬᠦ ᠡᠳᠡᠭᠡᠳ ᠢ ᠤᠨᠤᠪᠴᠢᠳᠡᠢ  ᠢᠯᠭᠠᠪᠤᠷᠢᠯᠠᠬᠤ᠂ ᠤᠨᠤᠪᠴᠢᠳᠡᠢ ᠬᠠᠪᠰᠤᠷᠤᠨ ᠲᠡᠳᠬᠦᠬᠦ᠂ ᠤᠨᠤᠪᠴᠢᠳᠡᠢ ᠬᠠᠮᠢᠶᠠᠷᠬᠤ ᠶᠢ ᠬᠡᠷᠡᠭᠵᠢᠬᠦᠯᠬᠦ ᠶᠠᠳᠠᠭᠤ ᠶᠢ ᠵᠠᠰᠠᠬᠤ ᠠᠷᠭ᠎ᠠ ᠭᠡᠯᠪᠡᠷᠢ ᠮᠥᠨ᠃ ᠡᠩ ᠤᠨ ᠪᠠᠶᠢᠳᠡᠯ ᠳᠤ ᠤᠨᠤᠪᠴᠢᠳᠡᠢ ᠪᠠᠷ ᠶᠠᠳᠠᠭᠤ  ᠶᠢ ᠲᠡᠳᠬᠦᠬᠦ ᠨᠢ ᠭᠤᠤᠯᠳᠠᠭᠤ ᠶᠠᠳᠠᠭᠤ ᠬᠦᠴᠢᠷᠳᠡᠯᠳᠡᠢ ᠰᠠᠭᠤᠭᠠᠯᠢ ᠠᠷᠠᠳ ᠲᠤ ᠠᠪᠴᠦ ᠬᠡᠯᠡᠪᠡᠯ᠂ ᠬᠡᠨ ᠶᠠᠳᠠᠭᠤ ᠪᠤᠯ ᠲᠡᠬᠦᠨ ᠢ ᠲᠡᠳᠬᠦᠨ᠎ᠡ᠃        ︵ᠬᠤᠶᠠᠷ︶ ᠲᠦᠷᠪᠡᠨ ᠦᠨᠡᠨᠬᠦ᠄ 2015 ᠤᠨ ᠤ 6 ᠰᠡᠷ᠎ᠡ ᠶᠢᠨ 18 ᠤ ᠡᠳᠦᠷ᠂ ᠰᠢ ᠶᠢᠨ ᠫᠢᠩ ᠶᠡᠷᠦᠩᠭᠡᠢ ᠱᠦᠵᠢ ᠬᠦᠢᠵᠸᠦ ᠳᠤ ᠬᠤᠷᠡᠯᠳᠤᠭᠰᠠᠨ ᠬᠡᠰᠡᠭ ᠮᠤᠵᠢ ᠤᠷᠤᠨ ᠬᠤᠳᠡ ᠶᠢᠨ ᠨᠠᠮ ᠤᠨ ᠬᠤᠷᠢᠶᠡᠨ ᠤ ᠭᠤᠤᠯ ᠬᠠᠷᠢᠭᠤᠴᠠᠯᠭᠠᠳᠡᠨ ᠨᠦᠬᠦᠳ ᠤᠨ ᠶᠠᠷᠢᠯᠴᠠᠬᠤ ᠬᠤᠷᠡᠯ ᠲᠡᠭᠡᠷ᠎ᠡ᠂ ᠶᠠᠳᠠᠭᠤ   ᠶᠢ ᠲᠡᠳᠬᠦᠬᠦ ᠰᠢᠪᠳᠤᠯᠤᠯᠳᠡ  ᠶᠢᠨ ᠠᠵᠢᠯ ᠳᠤ ︽ᠲᠦᠷᠪᠡᠨ ᠦᠨᠡᠨᠬᠦ︾ ᠶᠢᠨ ᠪᠤᠳᠡᠳᠡᠢ ᠱᠠᠭᠠᠷᠳᠠᠯᠭ᠎ᠠ ᠲᠤᠷᠡᠳᠤᠪᠠ᠂ ᠲᠡᠷᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ᠂ ᠤᠨᠤᠪᠴᠢᠳᠡᠢ ᠪᠠᠷ ᠶᠠᠳᠠᠭᠤ ᠶᠢ ᠲᠡᠳᠬᠦᠬᠦ ᠶᠢ ᠦᠨᠡᠨᠬᠦ ᠬᠢᠵᠦ ᠬᠦᠢᠴᠡᠳᠭᠡᠬᠦ᠂ ᠨᠡᠶᠢᠬᠡᠮ ᠤᠨ ᠬᠠᠮᠳᠤ ᠶᠢᠨ ᠬᠦᠴᠦᠨ ᠢ ᠦᠨᠡᠨᠬᠦ ᠴᠢᠩᠭᠠᠳᠬᠠᠬᠤ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠡ ᠶᠢ ᠦᠨᠡᠨᠬᠦ ᠴᠢᠩᠭᠠᠳᠬᠠᠨ᠎ᠠ᠃         ︵ᠭᠤᠷᠪᠡ︶ ᠲᠠᠪᠤᠨ ᠨᠢᠬᠡ ᠪᠦᠯᠦᠭ᠄ 2015 ᠤᠨ ᠤ 11 ᠰᠡᠷ᠎ᠡ ᠶᠢᠨ 27 ~28 ᠤ ᠡᠳᠦᠷ ᠪᠤᠯᠳᠡᠯ᠎ᠡ᠂ ᠰᠢ ᠶᠢᠨ ᠫᠢᠩ ᠶᠡᠷᠦᠩᠭᠡᠢ ᠱᠦᠵᠢ ᠲᠦᠪ ᠬᠤᠷᠢᠶᠡᠨ ᠤ ᠶᠠᠳᠠᠭᠤ ᠶᠢ ᠲᠡᠳᠬᠦᠨ ᠨᠡᠬᠡᠬᠡᠯᠳᠡ ᠬᠢᠬᠦ ᠠᠵᠢᠯ  ᠤᠨ ᠬᠤᠷᠡᠯ ᠲᠡᠭᠡᠷ᠎ᠡ ︽ᠲᠡᠪᠤᠨ ᠨᠢᠬᠡ ᠪᠦᠯᠦᠭ︾ ᠢ ᠲᠤᠷᠡᠳᠤᠨ ᠭᠠᠷᠭᠠᠪᠠ᠃ ᠲᠡᠷᠦᠢ ᠦᠢᠯᠡᠳᠪᠦᠷᠢᠯᠡᠯ ᠢ ᠬᠦᠭᠵᠢᠬᠦᠯᠦᠨ ᠨᠢᠬᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠭᠠᠵᠠᠷ ᠰᠤᠯᠢᠵᠦ ᠨᠡᠬᠦᠯᠬᠡᠨ ᠨᠢᠬᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠢ ᠶᠢᠨ ᠨᠦᠬᠦᠪᠦᠷᠢ ᠦᠭᠭᠦᠨ ᠨᠢᠬᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ ᠬᠦᠮᠦᠵᠢᠯ ᠢ ᠬᠦᠭᠵᠢᠬᠦᠯᠦᠨ ᠨᠢᠬᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠬᠡᠮ ᠤᠨ ᠪᠠᠳᠤᠯᠠᠪᠤᠷᠢ ᠪᠠᠷ ᠨᠢᠬᠡ ᠪᠦᠯᠦᠭ ᠢ ᠲᠡᠳᠬᠦᠨ᠎ᠡ᠃        ︵ᠲᠦᠷᠪᠡ︶ ᠵᠢᠷᠭᠤᠭᠠᠨ ᠨᠠᠷᠢᠯᠢᠭ ᠤᠨᠤᠪᠴᠢᠳᠡᠢ᠄ ᠰᠢ ᠶᠢᠨ ᠫᠢᠩ ᠶᠡᠷᠦᠩᠭᠡᠢ ᠱᠦᠵᠢ 2015 ᠤᠨ ᠤ 6 ᠰᠡᠷ᠎ᠡ ᠶᠢᠨ 18 ᠤ ᠡᠳᠦᠷ ᠬᠦᠢᠵᠸᠦ ᠳᠤ ᠰᠢᠨᠵᠢᠯᠡᠨ ᠪᠠᠶᠢᠴᠠᠭᠠᠬᠤ ᠳᠠᠭᠠᠨ ᠶᠠᠳᠠᠭᠤ ᠶᠢ ᠲᠡᠳᠬᠦᠨ ᠨᠡᠭᠡᠭᠡᠯᠳᠡ ᠬᠢᠬᠦ ᠠᠵᠢᠯ ᠤᠨ ︽ᠵᠢᠷᠭᠤᠭᠠᠨ ᠤᠨᠤᠪᠴᠢᠳᠡᠢ︾ ᠶᠢᠨ ᠦᠨᠳᠦᠰᠦᠨ ᠱᠠᠭᠠᠷᠳᠠᠯᠭ᠎ᠠ ᠶᠢ ᠲᠤᠷᠡᠳᠤᠪᠡ᠃ ᠲᠡᠷᠦᠢ ᠲᠡᠳᠬᠦᠭᠳᠡᠬᠦ ᠡᠳᠡᠭᠡᠳ ᠨᠢ ᠨᠠᠷᠢᠯᠢᠭ ᠤᠨᠤᠪᠴᠢᠳᠡᠢ᠂ ᠲᠦᠷᠦᠯ ᠵᠦᠢᠯ ᠤᠨ ᠪᠠᠶᠢᠷᠢᠯᠠᠭᠤᠯᠤᠯᠳᠡ ᠨᠢ ᠨᠠᠷᠢᠯᠢᠭ ᠤᠨᠤᠪᠴᠢᠳᠡᠢ᠂ ᠪᠡᠯᠡ ᠮᠦᠩᠭᠦ ᠶᠢᠨ ᠭᠡᠷᠡᠭᠯᠡᠯᠳᠡ ᠨᠢ ᠨᠠᠷᠢᠯᠢᠭ ᠤᠨᠤᠪᠴᠢᠳᠡᠢ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠨᠠᠷᠢᠯᠢᠭ ᠤᠨᠤᠪᠴᠢᠳᠡᠢ᠂ ᠲᠤᠰᠬᠤᠨ ᠳᠤᠨᠢ ᠲᠤᠬᠢᠷᠠᠭᠤᠯᠤᠨ ᠬᠦᠮᠦᠨ ᠲᠤᠮᠢᠯᠠᠭᠰᠠᠨ  ᠨᠢ ᠨᠠᠷᠢᠯᠢᠭ ᠤᠨᠤᠪᠴᠢᠳᠡᠢ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠮᠵᠢ ᠨᠢ ᠨᠠᠷᠢᠯᠢᠭ ᠤᠨᠤᠪᠴᠢᠳᠡᠢ ᠪᠤᠯᠤᠨ᠎ᠠ᠃        ︵ᠲᠡᠪᠤ︶ ᠲᠦᠷᠪᠡᠨ ᠲᠤᠳᠤᠷᠬᠠᠢ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠠᠴᠠ ᠤᠨᠤᠪᠴᠢᠳᠡᠢ ᠪᠠᠷ ᠶᠠᠳᠠᠭᠤ ᠶᠢ ᠲᠡᠳᠬᠦᠬᠦ ᠠᠵᠢᠯ ᠤᠨ ᠰᠠᠭᠤᠷᠢ ᠲᠤᠭ᠎ᠠ ᠲᠤᠳᠤᠷᠬᠠᠢ᠂ ᠬᠠᠷᠢᠭᠤᠴᠠᠯᠭ᠎ᠠ ᠲᠤᠳᠤᠷᠬᠠᠢ᠂ ᠠᠷᠭ᠎ᠠ ᠮᠠᠶ᠋ᠢᠭ ᠲᠤᠳᠤᠷᠬᠠᠢ᠂ ᠠᠵᠢᠯ ᠤᠨ ᠱᠠᠭᠠᠷᠳᠡᠯᠭ᠎ᠠ ᠲᠤᠳᠤᠷᠬᠠᠢ ᠪᠠᠶᠢᠬᠤ ᠬᠡᠷᠡᠭᠳᠡᠢ ᠭᠡᠵᠤ ᠱᠠᠭᠠᠷᠳᠡᠪᠡ᠃         ︵ᠵᠢᠷᠭᠤᠭ᠎ᠠ︶ ︽ᠭᠤᠷᠪᠡ ᠶᠢ ᠲᠤᠰᠬᠤᠨ ᠡᠷᠦᠬᠡ ᠳᠤ ᠨᠠᠶᠢᠳᠡᠪᠤᠷᠢᠵᠢᠭᠤᠯᠬᠤ︾᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ 2014 ᠤᠨ ᠠᠴᠠ 2017 ᠤᠨ ᠪᠤᠯᠳᠡᠯ᠎ᠡ ᠪᠦᠬᠦ ᠤᠷᠤᠨ ᠤ ᠲᠤᠭᠳᠠᠭᠠᠭᠰᠠᠨ 2834 ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ︵ᠮᠠᠨ ᠤ ᠬᠤᠰᠢᠭᠤᠨ ᠤ 75 ᠲᠤᠰᠬᠤᠨ︶ ᠪᠤᠯᠤᠨ ᠨᠤᠳᠠᠯᠠᠭᠰᠠᠨ ᠶᠠᠳᠠᠭᠤ ᠬᠦᠴᠢᠷᠳᠡᠯᠳᠡᠢ ᠡᠷᠦᠬᠡ ᠳᠤ ︽ᠭᠤᠷᠪᠡ ᠶᠢ ᠲᠤᠰᠬᠤᠨ ᠡᠷᠦᠬᠡ ᠳᠤ ᠨᠠᠶᠢᠳᠡᠪᠤᠷᠢᠵᠢᠭᠤᠯᠬᠤ︾ ᠠᠵᠢᠯ ᠦᠷᠨᠢᠬᠦᠯᠬᠦ ᠪᠠᠷ ᠲᠤᠭᠳᠠᠭᠠᠪᠠ᠃ ᠲᠡᠷᠦᠢ ᠲᠦᠯᠦᠪᠵᠢᠬᠦᠯᠬᠡ ᠶᠢ ᠲᠤᠰᠬᠤᠨ ᠡᠷᠦᠬᠡ  ᠳᠤ ᠨᠠᠶᠢᠳᠡᠪᠤᠷᠢᠵᠢᠭᠤᠯᠬᠤ᠂ ᠲᠦᠷᠦᠯ ᠵᠦᠢᠯ ᠢ ᠲᠤᠰᠬᠤᠨ ᠡᠷᠦᠬᠡ ᠳᠤ ᠨᠠᠶᠢᠳᠡᠪᠤᠷᠢᠵᠢᠭᠤᠯᠬᠤ᠂ ᠺᠠᠳ᠋ᠷ ᠢ ᠲᠤᠰᠬᠤᠨ ᠡᠷᠦᠬᠡ ᠳᠤ  ᠨᠠᠶᠢᠳᠡᠪᠤᠷᠢᠵᠢᠭᠤᠯᠬᠤ ᠪᠤᠯᠤᠨ᠎ᠠ᠃         ︵ᠲᠤᠯᠤᠭ᠎ᠠ︶ ︽ᠬᠤᠶᠠᠷ ᠲᠤ ᠵᠤᠪᠠᠭ᠋ᠤ ᠦᠭᠡᠢ᠂ ᠭᠤᠷᠪᠡ ᠶᠢ ᠪᠠᠳᠤᠯᠠᠬᠤ︾᠄ ︽ᠲᠤᠮᠳᠡᠳᠦ ᠤᠯᠤᠰ  ᠤᠨ ᠬᠦᠳᠡᠭᠡ ᠲᠤᠰᠬᠤᠨ ᠤ ᠶᠠᠳᠠᠭᠤ ᠶᠢ ᠲᠡᠳᠬᠦᠨ ᠨᠡᠬᠡᠬᠡᠯᠳᠡ ᠬᠢᠬᠦ ᠬᠦᠳᠦᠯᠪᠦᠷᠢ ︵2011 —2020 ᠤᠨ︶︾ ᠳᠤ 2020 ᠤᠨ ᠪᠤᠯᠳᠠᠯ᠎ᠠ ᠮᠠᠨ ᠤ ᠤᠯᠤᠰ ᠤᠨ ᠶᠠᠳᠠᠭᠤ ᠶᠢ ᠲᠡᠳᠬᠦᠨ ᠨᠡᠬᠡᠬᠡᠯᠳᠡ ᠬᠢᠬᠦ ᠶᠡᠷᠦᠩᠭᠡᠢ ᠴᠤᠭᠴᠠ  ᠶᠢᠨ ᠬᠠᠷᠡᠯᠳᠡ  ᠪᠤᠯᠬᠤ ︽ᠬᠤᠶᠠᠷ ᠲᠤ ᠵᠤᠪᠠᠭ᠋ᠤ ᠦᠭᠡᠢ᠂ ᠭᠤᠷᠪᠡ ᠶᠢ ᠪᠠᠳᠤᠯᠠᠬᠤ︾ ᠶᠢ ᠲᠤᠳᠤᠷᠬᠠᠢ ᠲᠤᠷᠡᠳᠤᠨ ᠭᠠᠷᠭᠠᠪᠠ᠂ ᠲᠡᠷᠦᠢ ᠢᠳᠡᠬᠦ ᠳᠤ ᠵᠤᠪᠠᠭ᠋ᠤ ᠦᠭᠡᠢ᠂ ᠡᠮᠦᠰᠬᠦ ᠳᠤ ᠵᠤᠪᠠᠭ᠋ᠤ ᠦᠭᠡᠢ᠂ ᠠᠯᠪᠠᠨ ᠵᠢᠷᠦᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ ᠪᠤᠯᠤᠨ ᠤᠷᠤᠨ ᠰᠠᠭᠤᠴᠠ ᠶᠢᠨ ᠠᠮᠦᠷ ᠲᠦᠪᠰᠢᠨ ᠢ ᠪᠠᠳᠤᠯᠠᠭ᠎ᠠ ᠲᠠᠢ ᠪᠤᠯᠭᠠᠨ᠎ᠠ᠃         ︵ᠨᠠᠢᠮᠠ︶ ᠤᠳᠤᠬᠠᠨ ᠤ ᠬᠡᠷᠡᠭᠵᠢᠬᠦᠯᠵᠦ ᠪᠦᠬᠦᠢ ᠤᠯᠤᠰ ᠤᠨ ᠬᠦᠳᠡᠭᠡ ᠲᠤᠰᠬᠤᠨ ᠤ ᠶᠠᠳᠠᠭᠤ ᠶᠢ ᠲᠡᠳᠬᠦᠬᠦ ᠪᠠᠷᠢᠮᠵᠢᠶ᠎ᠡ᠄ 2015 ᠤᠨ ᠤ ᠲᠡᠷᠢᠶᠡᠴᠢᠳ ᠤᠨ ᠬᠦᠮᠦᠨ ᠲᠤᠮᠳᠡᠴᠢ ᠡᠵᠡᠮᠰᠢᠯ ᠤᠷᠤᠯᠭ᠎ᠠ ᠨᠢ 2952 ᠲᠦᠬᠦᠷᠢᠭ ᠠᠴᠠ ᠪᠠᠭ᠎ᠠ ᠪᠠᠶᠢᠪᠠᠯ ᠲᠡᠩᠰᠡ ᠡᠪᠬᠡᠮᠡᠯ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠳᠤ ᠤᠷᠤᠭᠤᠯᠤᠨ᠎ᠠ ᠂ 2016 ᠤᠨ ᠤ ᠲᠡᠷᠢᠶᠡᠴᠢᠳ ᠤᠨ ᠬᠦᠮᠦᠨ ᠲᠤᠮᠳᠡᠴᠢ ᠡᠵᠡᠮᠰᠢᠯ ᠤᠷᠤᠯᠭ᠎ᠠ ᠨᠢ 3078 ᠲᠦᠬᠦᠷᠢᠭ ᠠᠴᠠ ᠪᠠᠭ᠎ᠠ ᠪᠠᠶᠢᠪᠠᠯ ᠲᠡᠩᠰᠡ ᠡᠪᠬᠡᠮᠡᠯ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠳᠤ ᠤᠷᠤᠭᠤᠯᠤᠨ᠎ᠠ᠂ 2017 ᠤᠨ  ᠤ ᠲᠡᠷᠢᠶᠡᠳ ᠤᠨ ᠬᠦᠮᠦᠨ ᠲᠤᠮᠳᠡᠴᠢ ᠡᠵᠡᠮᠰᠢᠯ ᠤᠷᠤᠯᠭ᠎ᠠ ᠨᠢ 3263 ᠲᠦᠬᠦᠷᠢᠭ ᠠᠴᠠ ᠪᠠᠭ᠎ᠠ ᠪᠠᠶᠢᠪᠠᠯ ᠲᠡᠩᠰᠡ ᠡᠪᠬᠡᠮᠡᠯ  ᠺᠡᠷᠲ ᠲᠠᠢ ᠶᠠᠳᠠᠭᠤ ᠬᠦᠴᠢᠷᠳᠡᠯᠳᠡᠢ ᠡᠷᠦᠬᠡ ︵2010 ᠤᠨ ᠤ 2300 ᠲᠦᠬᠦᠷᠢᠭ ᠤᠨ ᠦᠨ᠎ᠡ ᠶᠢ ᠬᠤᠪᠢᠷᠠᠭᠤᠯᠤᠭᠰᠠᠨ ᠦᠭᠡᠢ ᠲᠠᠢ ᠠᠳᠡᠯᠢ︶ ᠳᠤ ᠤᠷᠤᠭᠤᠯᠤᠨ᠎ᠠ᠃        ︵ᠶᠢᠰᠦ︶ ᠶᠠᠳᠠᠭᠤ ᠬᠦᠴᠢᠷᠳᠡᠯᠳᠡᠢ ᠬᠦᠮᠦᠨ ᠠᠮᠠ ᠠᠴᠠ ᠭᠠᠷᠭᠠᠬᠤ ᠪᠡᠷᠢᠮᠵᠢᠶ᠎ᠡ᠄ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠤᠰ ᠪᠡᠶ᠎ᠡ ᠶᠢᠨ ᠴᠢᠷᠮᠠᠶᠢᠯᠭ᠎ᠠ ᠵᠢᠴᠢ ᠵᠠᠰᠠᠭ ᠤᠨ ᠤᠷᠳᠤᠨ᠂ ᠨᠡᠶᠢᠬᠡᠮ ᠤᠨ ᠡᠯ᠎ᠡ ᠡᠳᠡᠭᠡᠳ ᠤᠨ ᠪᠦᠳᠦᠮᠵᠢᠳᠡᠢ ᠬᠠᠪᠰᠤᠷᠤᠯᠳᠡ ᠲᠡᠳᠬᠦᠯᠳᠡ ᠪᠠᠷ ᠲᠠᠮᠵᠢᠨ᠂ ᠶᠠᠳᠠᠭᠤ ᠬᠦᠴᠢᠷᠳᠡᠯᠳᠡᠢ ᠬᠦᠮᠦᠨ ᠠᠮᠠ ︽ᠬᠤᠶᠠᠷ ᠲᠤ ᠵᠤᠪᠠᠭ᠋ᠤ ᠦᠭᠡᠢ᠂ ᠭᠤᠷᠪᠡᠨ ᠪᠠᠳᠤᠯᠠᠭ᠎ᠠ ᠲᠠᠢ︾ ᠪᠠᠷᠢᠮᠵᠢᠶ᠎ᠡ ᠳᠤ ᠯᠠᠪᠳᠠᠭᠤᠨ ᠬᠦᠷᠴᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠵᠢᠯ ᠤᠨ ᠬᠦᠮᠦᠨ ᠲᠤᠮᠳᠡᠴᠢ ᠡᠵᠡᠮᠰᠢᠯ ᠤᠷᠤᠯᠭ᠎ᠠ ᠨᠢ ᠤᠯᠣᠰ ᠤᠨ ᠶᠠᠳᠠᠭᠤ ᠬᠦᠴᠢᠷᠳᠡᠯᠳᠡᠢ  ᠶᠢᠨ ᠪᠠᠷᠢᠮᠵᠢᠶ᠎ᠡ ᠱᠤᠭᠤᠮ ᠠᠴᠠ ᠲᠡᠭᠡᠭᠰᠢ ᠪᠠᠶᠢᠬᠤ ᠬᠡᠷᠡᠭᠳᠡᠢ᠃           ᠬᠤᠶᠠᠷ᠂ ︽ᠲᠡᠪᠤᠨ ᠨᠢᠬᠡ ᠪᠦᠯᠦᠭ︾ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ                   ︵ᠨᠢᠬᠡ︶ ᠦᠢᠯᠡᠳᠪᠦᠷᠢᠯᠡᠯ ᠢ ᠬᠦᠭᠵᠢᠬᠦᠯᠦᠨ ᠨᠢᠬᠡ ᠪᠦᠯᠦᠭ ᠢ ᠶᠠᠳᠠᠭᠤ ᠠᠴᠠ ᠨᠢ ᠠᠩᠭᠢᠵᠢᠷᠠᠭᠤᠯᠤᠨ᠎ᠠ                  1. ᠲᠡᠷᠢᠶᠡᠯᠡᠩ ᠢᠶᠠᠷ ᠲᠡᠮᠵᠢᠵᠦ ᠬᠠᠮᠠᠭᠠᠯᠠᠬᠤ ᠨᠦᠬᠦᠪᠦᠷᠢ᠃ ᠲᠡᠷᠢᠮᠡᠯ ᠤᠨ ᠰᠠᠶᠢᠨ ᠡᠬᠦᠯᠳᠡᠷ ᠤᠨ ᠨᠦᠬᠦᠪᠦᠷᠢ᠂ ᠠᠮᠤ ᠪᠤᠳᠠᠭ᠎ᠠ ᠲᠡᠷᠢᠬᠤ ᠲᠡᠷᠢᠶᠡᠴᠢᠳ ᠤᠨ ᠰᠢᠭᠤᠳ ᠨᠦᠬᠦᠪᠦᠷᠢ ᠪᠤᠯᠤᠨ ᠲᠡᠷᠢᠶᠡᠯᠡᠩ ᠤᠨ ᠡᠳ᠋ ᠪᠤᠳᠡᠰ ᠤᠨ ᠶᠡᠷᠦᠩᠭᠡᠢ ᠨᠦᠬᠦᠪᠦᠷᠢ ︽ᠭᠤᠷᠪᠡᠨ ᠵᠦᠢᠯ ᠤᠨ ᠨᠦᠬᠦᠪᠦᠷᠢ︾ ᠶᠢ ᠨᠡᠶᠢᠯᠡᠬᠦᠯᠦᠬᠡᠳ ᠲᠡᠷᠢᠶᠡᠯᠡᠩ ᠢᠶᠠᠷ ᠲᠡᠮᠵᠢᠵᠦ ᠬᠠᠮᠠᠭᠠᠯᠠᠬᠤ  ᠨᠦᠬᠦᠪᠦᠷᠢ ᠬᠡᠨ᠎ᠡ᠃ ᠨᠦᠬᠦᠪᠦᠷᠢ ᠬᠦᠷᠳᠡᠬᠦ ᠡᠳᠡᠭᠡᠳ ᠨᠢ ᠪᠦᠬᠦ ᠬᠤᠰᠢᠭᠤᠨ ᠤ ᠲᠠᠷᠢᠶᠠᠨ ᠭᠠᠵᠠᠷ ᠲᠠᠭᠠᠭᠠᠴᠢᠯᠠᠬᠤ ᠡᠷᠭᠡ ᠲᠠᠢ ᠲᠡᠷᠢᠶ᠎ᠡ ᠲᠡᠷᠢᠬᠤ ᠲᠡᠷᠢᠶᠡᠴᠢᠳ ᠪᠠᠶᠢᠵᠦ᠂ ᠪᠦᠬᠦ ᠬᠤᠰᠢᠭᠤᠨ ᠤ ᠬᠤᠶᠠᠳᠤᠭᠠᠷ ᠡᠭᠡᠯᠵᠢ ᠶᠢᠨ ᠲᠠᠭᠠᠭᠠᠴᠢᠯᠠᠭᠰᠠᠨ ᠲᠡᠷᠢᠶᠡᠨ ᠭᠠᠵᠠᠷ ᠤᠨ ᠲᠠᠯᠠᠪᠠᠢ ︵ᠤᠯᠠᠭᠠᠨ ᠲᠡᠪᠳᠡᠷ ᠲᠠᠢ ᠲᠡᠷᠢᠶ᠎ᠡ︶ ᠶᠢ ᠦᠨᠳᠦᠰᠦᠯᠡᠨ ᠨᠦᠬᠦᠪᠦᠷᠢ ᠦᠭᠴᠦ᠂ ᠨᠦᠬᠦᠪᠦᠷᠢ ᠦᠭᠭᠦ ᠪᠠᠷᠢᠮᠵᠢᠶ᠎ᠡ ᠨᠢ ᠮᠤ᠋ ᠪᠦᠷᠢ 73.42 ᠲᠦᠬᠦᠷᠢᠭ ᠪᠤᠯᠤᠨ᠎ᠠ          2. ᠡᠷᠳᠡᠨᠢ ᠰᠢᠰᠢ ᠦᠢᠯᠡᠳᠪᠦᠷᠢᠯᠡᠭᠴᠢᠳ ᠤᠨ ᠨᠦᠬᠦᠪᠦᠷᠢ᠃ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠤᠯᠤᠰ ᠤᠨ ᠲᠡᠷᠢᠶᠡᠯᠡᠩ ᠮᠠᠯ ᠠᠵᠦ ᠠᠬᠤᠢ ᠤᠢ ᠰᠢᠭᠤᠢ ᠵᠢᠭᠠᠰᠤᠨ ᠲᠠᠯᠠᠪᠠᠢ᠂ ᠤᠰᠤᠨ ᠴᠦᠬᠦᠷᠦᠮ᠂ ᠴᠢᠬᠢ ᠮᠤᠳᠤᠨ ᠲᠠᠯᠠᠪᠠᠢ ᠪᠤᠯᠤᠨ ᠦᠷ᠎ᠡ ᠮᠠᠯ ᠤᠨ ᠲᠠᠯᠠᠪᠠᠢ ᠴᠦᠮ ᠨᠦᠬᠦᠪᠦᠷᠢ ᠦᠭᠭᠦ ᠬᠦᠷᠢᠶ᠎ᠡ ᠬᠡᠪᠴᠢᠶ᠎ᠡ ᠳᠤ ᠪᠠᠭᠳᠡᠨ᠎ᠡ᠃ ᠦᠪᠡᠷᠳᠡᠭᠡᠨ ᠵᠠᠰᠠᠬᠤ ᠤᠷᠤᠨ ᠤ ᠵᠠᠷᠴᠢᠮ ᠱᠠᠭᠠᠷᠳᠡᠯᠭ᠎ᠠ ᠶᠢ ᠵᠢᠷᠦᠮᠯᠡᠨ᠂ ᠨᠦᠬᠦᠪᠦᠷᠢ ᠦᠭᠭᠦ ᠪᠠᠷᠢᠮᠵᠢᠶ᠎ᠡ ᠶᠢ ᠤᠯᠤᠰ ᠤᠨ ᠪᠠᠷᠢᠮᠵᠢᠶ᠎ᠠ ᠪᠤᠯᠤᠨ ᠪᠡᠯᠡ ᠮᠦᠩᠭᠦ ᠪᠠᠭᠤᠯᠭᠠᠨ ᠦᠭᠭᠦᠭᠰᠡᠨ ᠪᠠᠶᠢᠳᠡᠯ ᠢ ᠦᠨᠳᠦᠰᠦᠯᠡᠨ ᠨᠢᠬᠡ ᠵᠢᠯ ᠨᠢᠬᠡ ᠤᠳᠠᠭ᠎ᠠ ᠲᠤᠭᠳᠠᠭᠠᠨ᠎ᠠ᠃ ᠲᠡᠭᠡᠷ᠎ᠡ ᠱᠠᠳᠤᠨ ᠤ ᠪᠠᠭᠤᠯᠭᠠᠨ ᠦᠭᠭᠦᠭᠰᠡᠨ ᠨᠦᠬᠦᠪᠦᠷᠢ ᠮᠦᠩᠭᠦ ᠶᠢᠨ ᠬᠦᠷᠢᠶ᠎ᠡ ᠬᠡᠪᠴᠢᠶ᠎ᠡ᠂ ᠲᠤᠬᠠᠢ ᠶᠢᠨ ᠵᠢᠯ ᠨᠦᠬᠦᠪᠦᠷᠢᠯᠡᠪᠡᠯ ᠵᠤᠬᠢᠬᠤ ᠡᠷᠳᠡᠨᠢ ᠰᠢᠰᠢ ᠲᠠᠷᠢᠭᠰᠠᠨ ᠲᠠᠯᠠᠪᠠᠢ ᠪᠤᠯᠤᠨ ᠲᠤᠮᠳᠡᠴᠢ ᠬᠡᠪ ᠤᠨ ᠤᠨᠠᠯᠳᠡ ᠶᠢ ᠦᠨᠳᠦᠰᠦᠯᠡᠨ᠂ ᠲᠤᠬᠠᠢ ᠶᠢᠨ ᠵᠢᠯ ᠤᠨ ᠪᠤᠳᠡᠳᠡᠢ ᠨᠦᠬᠦᠪᠦᠷᠢᠯᠡᠬᠦ ᠪᠠᠷᠢᠮᠵᠢᠶ᠎ᠡ ᠶᠢ ᠲᠦᠰᠦᠭᠡᠯᠡᠨ ᠪᠤᠳᠤᠵᠦ᠂ ᠪᠦᠬᠦ ᠬᠤᠰᠢᠭᠤᠨ ᠤ ᠬᠤᠶᠠᠳᠤᠭᠠᠷ ᠡᠭᠡᠯᠵᠢ ᠶᠢᠨ ᠲᠠᠭᠠᠭᠠᠴᠢᠯᠠᠭᠰᠠᠨ ᠲᠡᠷᠢᠶᠡᠨ ᠭᠠᠵᠠᠷ  ᠤᠨ ᠲᠠᠯᠠᠪᠠᠢ ︵ᠤᠯᠠᠭᠠᠨ ᠲᠡᠪᠳᠡᠷ ᠲᠠᠢ ᠲᠡᠷᠢᠶ᠎ᠡ︶ ᠶᠢ ᠦᠨᠳᠦᠰᠦᠯᠡᠨ ᠨᠦᠬᠦᠪᠦᠷᠢ ᠦᠭᠬᠦᠨ᠎ᠡ᠂ 2016 ᠤᠨ ᠤ ᠮᠠᠨ ᠤ ᠬᠤᠰᠢᠭᠤᠨ ᠤ ᠨᠦᠬᠦᠪᠦᠷᠢ ᠦᠭᠭᠦ ᠪᠠᠷᠢᠮᠵᠢᠶ᠎ᠡ ᠪᠤᠯ ᠮᠤ᠋ ᠪᠦᠷᠢ 132 ᠲᠦᠬᠦᠷᠢᠭ ᠪᠤᠯᠤᠨ᠎ᠠ᠃          3. ᠠᠯᠠᠰᠢᠨ ᠳᠤ ᠭᠡᠷᠡᠭᠯᠡᠬᠦ ᠰᠠᠭᠤᠷᠢ ᠡᠬᠡ ᠮᠠᠯ ᠤᠨ ᠨᠦᠬᠦᠪᠦᠷᠢ᠃ ᠪᠡᠯᠡ ᠮᠦᠩᠭᠦ ᠶᠢᠨ ᠢᠷᠡᠯᠳᠡ ᠨᠢ ᠦᠪᠡᠷᠳᠡᠭᠡᠨ ᠵᠠᠰᠠᠬᠤ ᠤᠷᠤᠨ ᠤ ᠲᠤᠰᠬᠠᠢ ᠲᠦᠷᠦᠯ ᠤᠨ ᠨᠦᠬᠦᠪᠦᠷᠢ ᠶᠢᠨ ᠪᠡᠯᠡ ᠮᠦᠩᠭᠦ ᠪᠠᠶᠢᠵᠦ᠂ ᠨᠦᠬᠦᠪᠦᠷᠢ ᠦᠭᠭᠦ ᠪᠠᠷᠢᠮᠵᠢᠶ᠎ᠡ ᠨᠢ ᠰᠤᠮᠤ ᠪᠠᠯᠭᠠᠰᠤ ᠲᠠᠯᠠᠪᠠᠢ ᠶᠢᠨ ᠮᠠᠯ ᠠᠵᠦ ᠠᠬᠤᠢ ᠶᠢᠨ ᠤᠨ ᠤ ᠲᠤᠭᠠᠯᠠᠯᠭ᠎ᠠ ᠶᠢᠨ ᠦᠨᠢᠶ᠎ᠡ  ᠶᠢᠨ ᠪᠦᠷᠢᠳᠭᠡᠯ ᠤᠨ ᠲᠤᠭ᠎ᠠ ᠶᠢ ᠦᠨᠳᠦᠰᠦᠯᠡᠨ ᠲᠡᠭᠰᠢᠳᠭᠡᠨ ᠬᠤᠪᠢᠶᠠᠷᠢᠯᠡᠵᠦ᠂ ᠪᠦᠬᠦ ᠬᠤᠰᠢᠭᠤᠨ ᠤ ᠦᠨᠢᠶ᠎ᠡ ᠲᠡᠵᠢᠬᠡᠵᠦ ᠪᠠᠶᠢᠭ᠎ᠠ ᠠᠯᠢᠪᠠ ᠲᠡᠷᠢᠶᠡᠴᠢᠨ ᠡᠷᠦᠬᠡ ᠳᠤ ᠨᠦᠬᠦᠪᠦᠷᠢ ᠦᠭᠴᠦ᠂ ᠨᠢᠬᠡ ᠵᠢᠯ ᠨᠢᠬᠡ ᠤᠳᠠᠭ᠎ᠠ ᠨᠦᠬᠦᠪᠦᠷᠢᠯᠡᠨ᠎ᠠ᠃ 2016 ᠤᠨ ᠤ ᠦᠨᠢᠶ᠎ᠡ ᠪᠦᠷᠢ ᠶᠢᠨ ᠨᠦᠬᠦᠪᠦᠷᠢ ᠨᠢ 18.4 ᠲᠦᠬᠦᠷᠢᠭ ᠪᠤᠯᠤᠨ᠎ᠠ᠃          4. ᠰᠠᠭᠤᠷᠢ ᠡᠬᠡ ᠮᠠᠯ ᠤᠨ ᠲᠠᠭᠠᠳᠬᠠᠯ᠃ ︽ᠭᠤᠷᠪᠡ ᠶᠢ ᠲᠤᠰᠬᠤᠨ ᠡᠷᠦᠬᠡ ᠳᠤ ᠨᠠᠶᠢᠳᠠᠪᠤᠷᠢᠵᠢᠭᠤᠯᠬᠤ︾ ᠪᠡᠯᠡ ᠮᠦᠩᠭᠦ ᠶᠢ ᠬᠡᠷᠡᠭᠯᠡᠨ 75 ᠭᠤᠤᠯᠳᠠᠯᠭ᠎ᠠ ᠲᠠᠢ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠡᠷᠦᠬᠡ ᠶᠢᠨ ᠲᠡᠵᠢᠬᠡᠭᠰᠡᠨ ᠰᠠᠭᠤᠷᠢ ᠡᠬᠡ ᠮᠠᠯ  ᠢ ᠲᠠᠭᠠᠳᠬᠠᠯ ᠳᠤ ᠤᠷᠤᠯᠴᠠᠭᠤᠯᠤᠨ᠂ ᠠᠨ ᠬᠤᠸᠠ ᠲᠡᠷᠢᠶᠡᠯᠡᠩ ᠤᠨ ᠲᠠᠭᠠᠳᠬᠠᠯ ᠤᠨ ᠺᠤᠮᠫᠠᠨᠢ ᠳᠤ ᠲᠠᠭᠠᠳᠬᠠᠯ ᠲᠠᠭᠠᠭᠠᠴᠢᠯᠠᠭᠤᠯᠵᠦ᠂ 2017 ᠤᠨ ᠤ ᠲᠠᠭᠠᠳᠬᠠᠯ ᠤᠨ ᠰᠦᠢᠳᠭᠡᠯ ᠤᠨ ᠪᠠᠷᠢᠮᠵᠢᠶ᠎ᠡ ᠨᠢ ᠦᠨᠢᠶ᠎ᠡ ᠨᠢᠬᠡᠪᠦᠷᠢ 300 ᠲᠦᠬᠦᠷᠢᠭ ︵ᠤᠯᠤᠰ ᠠᠴᠠ 50%᠂ ᠦᠪᠡᠷᠳᠡᠭᠡᠨ ᠵᠠᠰᠠᠬᠤ ᠤᠷᠤᠨ 20%  ᠂ ᠲᠦᠩᠯᠢᠶᠥᠥ ᠬᠤᠳᠡ 3%᠂ ᠬᠤᠶᠢᠳᠦ ᠬᠤᠰᠢᠭᠤ 7%᠂ ᠲᠡᠷᠢᠶᠡᠴᠢᠨ ᠡᠷᠦᠬᠡ 20%︶᠂ ᠲᠦᠯᠦᠪᠦᠷᠢ ᠦᠭᠭᠦ ᠵᠤᠭᠤᠰ ᠤᠨ ᠲᠤᠭ᠎ᠠ ᠨᠢ 6000 ᠲᠦᠬᠦᠷᠢᠭ ᠪᠤᠯᠤᠨ᠎ᠠ᠃ 75 ᠭᠤᠤᠯᠳᠠᠯᠭ᠎ᠠ ᠲᠠᠢ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠡᠷᠦᠬᠡ ᠶᠢᠨ ᠲᠠᠭᠠᠭᠠᠴᠢᠯᠠᠬᠤ ᠦᠨᠢᠶ᠎ᠡ ᠪᠦᠷᠢ ᠶᠢᠨ 60 ᠲᠦᠬᠦᠷᠢᠭ ᠤᠨ ᠲᠠᠭᠠᠳᠬᠠᠯ ᠤᠨ ᠰᠦᠢᠳᠭᠡᠯ ᠢ ᠲᠦᠷᠦᠯ ᠵᠦᠢᠯ ᠤᠨ ᠪᠡᠯᠡ ᠮᠦᠩᠭᠦ ᠪᠠᠷ ᠲᠡᠮᠵᠢᠨ ᠲᠤᠰᠢᠶᠠᠨ᠎ᠠ᠃          5. ︽ᠭᠤᠷᠪᠡ ᠶᠢ ᠲᠤᠰᠬᠤᠨ ᠡᠷᠦᠬᠡ ᠳᠤ ᠨᠠᠶᠢᠳᠠᠪᠤᠷᠢᠵᠢᠭᠤᠯᠬᠤ︾ ᠲᠦᠷᠦᠯ ᠵᠦᠢᠯ᠃ ᠲᠤᠰ ᠲᠦᠷᠦᠯ ᠵᠦᠢᠯ ᠨᠢ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠲᠤᠰᠬᠠᠢ ᠲᠦᠷᠦᠯ ᠵᠦᠢᠯ ᠪᠤᠯᠤᠨ᠎ᠠ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ︵ᠮᠠᠨ ᠤ ᠬᠤᠰᠢᠭᠤᠨ ᠤ 75 ᠭᠠᠴᠠᠭ᠎ᠠ ᠲᠤᠰᠬᠤᠨ︶ ᠳᠤ ᠴᠢᠭᠯᠡᠬᠦᠯᠦᠨ᠂ ᠪᠡᠯᠡ ᠮᠦᠩᠭᠦ ᠶᠢᠨ ᠤᠷᠤᠭᠤᠯᠤᠯᠳᠡ ᠨᠢ 2014 ᠤᠨ᠂ 2015 ᠤᠨ ᠳᠤ ᠲᠤᠰᠬᠤᠨ ᠪᠦᠷᠢ 45 ᠲᠦᠮᠡᠨ ᠲᠦᠬᠦᠷᠢᠭ᠂ 2016 ᠤᠨ᠂ 2017 ᠤᠨ ᠳᠤ ᠲᠤᠰᠬᠤᠨ ᠪᠦᠷᠢ 50 ᠲᠦᠮᠡᠨ ᠲᠦᠬᠦᠷᠢᠭ᠂ ᠲᠤᠰᠬᠤᠨ ᠪᠦᠷᠢ ᠨᠡᠶᠢᠳᠡ 190 ᠲᠦᠮᠡᠨ ᠲᠦᠬᠦᠷᠢᠭ ᠬᠦᠷᠪᠡ᠃         6. ᠲᠡᠷᠢᠶᠡᠯᠡᠩ ᠤᠨ ᠪᠠᠩᠭᠢ ᠶᠢᠨ ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠬᠡᠯᠡᠯᠬᠡ᠃ 2013 ᠤᠨ ᠳᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠬᠡᠯᠡᠯᠬᠡ ᠶᠢᠨ ᠮᠦᠩᠭᠦ ᠶᠢ ᠬᠡᠷᠡᠭᠵᠢᠬᠦᠯᠬᠦ ᠲᠦᠰᠦᠪ ︵2013 ~ 2017 ᠤᠨ︶︾ ᠤᠨ ᠱᠠᠭᠠᠷᠳᠡᠯᠭ᠎ᠠ ᠶᠢ ᠵᠢᠷᠦᠮᠯᠡᠨ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠪᠤᠯᠤᠨ ᠲᠡᠷᠢᠶᠡᠯᠡᠩ ᠤᠨ ᠪᠠᠩᠭᠢ ᠶᠢᠨ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠰᠠᠯᠪᠤᠷᠢ ᠪᠠᠩᠭᠢ ︽ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠢᠨᠵᠧᠨᠧᠷᠢᠩ︾ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠡᠯᠴᠠᠭᠠᠨ ᠤ ᠪᠤᠷᠤ ᠲᠦᠯᠦᠪ  ᠤᠨ ᠵᠦᠪᠳᠡᠯᠴᠡᠭᠡᠷ︾ ᠲᠤᠭᠳᠡᠵᠦ᠂  ︽ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠢᠨᠵᠧᠨᠧᠷᠢᠩ︾ ᠢ ᠭᠡᠷᠡᠭᠵᠢᠬᠦᠯᠦᠨ᠎ᠡ᠃ ᠡᠷᠦᠬᠡ ᠪᠦᠷᠢ ᠶᠢᠨ ᠵᠢᠬᠡᠯᠡᠯᠬᠡ ᠶᠢᠨ ᠬᠡᠮᠵᠢᠶ᠎ᠡ ᠨᠢ 5 ᠲᠦᠮᠡᠨ ᠲᠦᠬᠦᠷᠢᠭ᠂ ᠬᠤᠭᠤᠴᠠᠭ᠎ᠠ ᠨᠢ 3 ᠵᠢᠯ᠂ ᠵᠢᠯ ᠤᠨ ᠬᠦᠦ ᠶᠢᠨ ᠨᠤᠷᠮ᠎ᠡ ᠨᠢ 8.34% ᠪᠤᠯᠤᠨ᠎ᠠ᠂ 2014 ᠤᠨ᠂ 2015 ᠤᠨ ᠳᠤ ᠵᠠᠰᠠᠭ ᠤᠨ ᠤᠷᠳᠤᠨ ᠠᠴᠠ ᠲᠠᠮ ᠬᠦᠦ ᠮᠦᠩᠭᠦ 5% ᠨᠦᠬᠦᠪᠦᠷᠢᠯᠡᠨ᠂ 2016 ᠤᠨ᠂ 2017 ᠤᠨ ᠤ ᠬᠦᠦ ᠮᠦᠩᠭᠦ ᠶᠢ ᠬᠡᠯᠳᠦᠷᠢᠬᠦᠯᠦᠨ᠎ᠡ᠃         ︵1︶ ᠪᠠᠳᠤᠯᠠᠨ ᠲᠠᠭᠠᠭᠠᠬᠤ ᠨᠦᠬᠦᠪᠦᠷᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ ᠵᠠᠯᠭᠠᠪᠡᠷ 5 ᠵᠢᠯ ᠵᠢᠯ ᠲᠤᠮᠳᠡᠴᠢ ᠪᠠᠷ ᠪᠠᠳᠤᠯᠠᠨ ᠲᠠᠭᠠᠭᠠᠬᠤ ᠨᠦᠬᠦᠪᠦᠷᠢ ᠶᠢᠨ ᠪᠡᠯᠡ ᠮᠦᠩᠭᠦ 1000 ᠲᠦᠮᠡᠨ ᠲᠦᠬᠦᠷᠢᠭ ᠭᠠᠷᠭᠠᠵᠦ᠂ ︽ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠵᠢᠬᠡᠯᠡᠯᠬᠡ︾ ᠶᠢᠨ ᠪᠠᠳᠤᠯᠠᠨ ᠲᠠᠭᠠᠭᠠᠬᠤ ᠨᠦᠬᠦᠪᠦᠷᠢ ᠪᠤᠯᠭᠠᠪᠠ᠃ ᠬᠤᠰᠢᠭᠤᠨ ᠤ ᠲᠡᠷᠢᠶᠡᠯᠡᠩ ᠤᠨ ᠪᠠᠩᠭᠢ  ᠪᠠᠳᠤᠯᠠᠨ ᠲᠠᠭᠠᠭᠠᠭᠤ ᠨᠦᠬᠦᠪᠦᠷᠢ ᠶᠢᠨ ᠮᠦᠩᠭᠦ ᠶᠢᠨ ᠶᠡᠷᠦᠩᠭᠡᠢ ᠬᠡᠮᠵᠢᠶ᠎ᠡ ᠶᠢᠨ 10 ᠲᠠᠬᠢᠨ ᠤᠷᠴᠢᠮ ᠢᠶᠠᠷ ᠵᠢᠬᠡᠯᠡᠯᠬᠡ ᠶᠢᠨ ᠮᠦᠩᠭᠦ ᠶᠢᠨ ᠬᠡᠮᠵᠢᠶ᠎ᠡ ᠪᠠᠨ ᠨᠡᠮᠡᠭᠳᠡᠬᠦᠯᠪᠡ᠃          ︵2︶ ᠵᠢᠬᠡᠯᠡᠯᠬᠡ ᠪᠤᠯᠤᠨ ᠪᠡᠯᠡ ᠤᠷᠤᠭᠤᠯᠬᠤ ᠬᠦᠷᠢᠶ᠎ᠡ ᠬᠡᠪᠴᠢᠶ᠎ᠡ᠃ 2013 ᠤᠨ ᠠᠴᠠ ᠡᠬᠢᠯᠡᠨ ᠬᠤᠰᠢᠭᠤᠨ ᠤ ᠲᠡᠷᠢᠶᠡᠯᠡᠩ ᠤᠨ ᠪᠠᠩᠭᠢ ᠪᠦᠬᠦ ᠬᠤᠰᠢᠭᠤᠨ ᠤ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠡᠷᠦᠬᠡ ᠪᠠᠷ ᠭᠤᠤᠯᠳᠠᠯᠭ᠎ᠠ ᠪᠤᠯᠭᠠᠨ᠂ ᠵᠠᠯᠭᠠᠪᠠᠷ 5 ᠵᠢᠯ ᠲᠤᠰᠬᠠᠢ ᠲᠦᠷᠦᠯ ᠤᠨ ᠶᠠᠳᠠᠭᠤ ᠶᠢ ᠲᠡᠳᠬᠦᠬᠦ ᠵᠢᠬᠡᠯᠡᠯᠬᠡ ᠲᠠᠯᠪᠢᠪᠠ᠃ ᠡᠬᠦᠨ ᠤ ᠲᠤᠳᠤᠷ᠎ᠡ᠂ ᠲᠡᠷᠢᠶᠡᠴᠢᠨ ᠮᠠᠯᠴᠢᠳ ᠢ ᠲᠡᠮᠵᠢᠵᠦ ᠡᠷᠦᠬᠡ ᠳᠤ ᠨᠠᠶᠢᠳᠠᠪᠤᠷᠢᠵᠢᠭᠤᠯᠤᠭᠰᠠᠨ ᠵᠢᠬᠡᠯᠡᠯᠬᠡ ᠶᠢ ᠵᠠᠷᠴᠢᠮ ᠲᠡᠭᠡᠷ᠎ᠡ ᠪᠠᠨ ᠲᠤᠬᠠᠢ ᠶᠢᠨ ᠵᠢᠯ ᠤᠨ ︽ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠵᠢᠬᠡᠯᠡᠯᠬᠡ︾   ᠶᠢᠨ ᠶᠡᠷᠦᠩᠭᠡᠢ ᠬᠡᠮᠵᠢᠶᠡᠨ ᠤ 70% ᠠᠴᠠ ᠪᠠᠭ᠎ᠠ ᠪᠠᠶᠢᠯᠭᠠᠬᠤ ᠦᠭᠡᠢ᠂ ᠠᠵᠦ ᠦᠢᠯᠡᠰ ᠤᠨ ᠵᠢᠬᠡᠯᠡᠯᠬᠡ ᠶᠢ 30% ᠶᠢ ᠲᠠᠪᠠᠭᠤᠯᠬᠤ ᠦᠭᠡᠢ᠃ ᠲᠦᠷᠦᠬᠦᠦ ᠵᠢᠯ ᠲᠡᠯᠪᠢᠭ᠌ᠰᠠᠨ ᠵᠢᠬᠡᠯᠡᠯᠬᠡ 1 ᠳ᠋ᠦᠩᠰᠢᠭᠤᠷ ᠲᠦᠬᠦᠷᠢᠭ ᠬᠦᠷᠴᠦ᠂ 5 ᠵᠢᠯ ᠳᠤ ᠨᠡᠶᠢᠳᠡ ᠲᠠᠯᠪᠢᠬᠤ ᠵᠢᠬᠡᠯᠡᠯᠬᠡ ᠶᠢ 5 ᠳ᠋ᠦᠩᠰᠢᠭᠤᠷ ᠲᠦᠬᠦᠷᠢᠭ  ᠠᠴᠠ ᠪᠠᠭ᠎ᠠ ᠪᠠᠶᠢᠯᠭᠠᠭᠰᠠᠨ ᠦᠭᠡᠢ᠃        ︵3︶ ᠲᠡᠮᠵᠢᠭᠳᠡᠬᠦ ᠡᠳᠡᠭᠡᠳ᠃ ︽ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠵᠢᠬᠡᠯᠡᠯᠬᠡ︾ ᠪᠠᠷ ᠭᠤᠤᠯᠳᠠᠭᠤ ᠪᠦᠬᠦ ᠬᠤᠰᠢᠭᠤᠨ ᠤ ᠦᠢᠯᠡᠳᠪᠦᠷᠢᠯᠡᠯ ᠡᠵᠡᠩᠨᠡᠯᠳᠡ ᠬᠢᠬᠦ ᠴᠢᠳᠡᠪᠦᠷᠢ  ᠲᠠᠢ ᠪᠠ ᠵᠢᠬᠡᠯᠡᠯᠬᠡ ᠪᠠᠨ ᠪᠤᠴᠠᠭᠠᠬᠤ ᠴᠢᠳᠡᠯ ᠲᠠᠢ ᠲᠡᠷᠢᠶᠡᠴᠢᠨ ᠮᠠᠯᠴᠢᠨ ᠡᠷᠦᠬᠡ ︵ᠨᠢᠬᠡ ᠬᠡᠰᠡᠭ ᠴᠢᠳᠡᠪᠦᠷᠢ ᠲᠠᠢ ᠲᠤᠮᠤ ᠡᠷᠦᠬᠡ ᠶᠢ ᠪᠠᠭᠳᠠᠭᠠᠨ᠎ᠠ︶᠂ ᠶᠠᠳᠠᠭᠤ ᠶᠢ ᠲᠡᠳᠬᠦᠬᠦ ᠲᠤᠯᠤᠭᠠᠶᠢᠯᠠᠭᠴᠢ ᠠᠵᠦ ᠠᠬᠤᠶᠢᠯᠠᠯ᠂ ᠲᠡᠷᠢᠶᠡᠴᠢᠨ ᠮᠠᠯᠴᠢᠳ ᠤᠨ ᠲᠤᠰᠬᠠᠢ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠡ ︵ᠶᠠᠳᠠᠭᠤ ᠶᠢ ᠲᠡᠳᠬᠦᠨ ᠬᠠᠷᠢᠯᠴᠠᠨ ᠬᠠᠪᠰᠤᠷᠤᠯᠴᠠᠬᠤ ᠵᠤᠬᠢᠶᠠᠨ ᠪᠠᠶᠢᠭᠤᠯᠤᠯᠳᠡ ᠶᠢ ᠪᠠᠭᠳᠡᠭᠠᠨ᠎ᠠ︶ ᠶᠢ ᠲᠡᠳᠬᠦᠨ ᠲᠡᠮᠵᠢᠨ᠎ᠡ᠃ ᠮᠠᠨ ᠤ ᠬᠤᠰᠢᠭᠤᠨ ᠤ ᠪᠤᠳᠡᠳᠦ ᠪᠠᠶᠢᠳᠡᠯ ᠢ ᠦᠨᠳᠦᠰᠦᠯᠡᠨ᠂ ᠤᠯᠠᠭᠠᠨ ᠦᠬᠡᠷ ᠤᠨ ᠠᠵᠦ ᠦᠢᠯᠡᠰ᠂ ᠲᠤᠯᠤᠭᠠᠶᠢᠯᠠᠭᠴᠢ ᠠᠵᠦ ᠠᠬᠤᠶᠢᠯᠠᠯ  ᠲᠠᠢ ᠨᠢᠭᠳᠠ ᠬᠠᠷᠢᠴᠠᠭ᠎ᠠ ᠪᠦᠬᠦᠢ ᠲᠡᠷᠢᠵᠦ ᠲᠡᠵᠢᠬᠡᠬᠦ ᠰᠠᠭᠤᠷᠢᠨ ᠪᠤᠯᠤᠨ ᠤᠨᠴᠠᠯᠢᠭᠳᠦ ᠲᠡᠷᠢᠵᠦ ᠲᠡᠵᠢᠬᠡᠬᠦ ᠲᠤᠮᠤ ᠡᠷᠦᠬᠡ ᠶᠢ ᠭᠤᠤᠯᠳᠠᠯᠭ᠎ᠠ ᠲᠠᠢ ᠲᠡᠳᠬᠦᠨ ᠲᠡᠮᠵᠢᠨ᠎ᠡ᠃ ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ ᠵᠢᠬᠡᠯᠡᠯᠬᠡ ᠶᠢ ᠵᠠᠪᠠᠯ ᠦᠢᠯᠡᠳᠪᠦᠷᠢᠯᠡᠯ ᠢ ᠬᠦᠭᠵᠢᠬᠦᠯᠬᠦ ᠳᠤ ᠭᠡᠷᠡᠭᠯᠡᠵᠦ᠂ ᠡᠳᠦᠷ ᠲᠤᠳᠤᠮ ᠤᠨ ᠭᠡᠷᠡᠭᠯᠡᠭᠡ ᠵᠡᠷᠭᠡ ᠲᠠᠯ᠎ᠠ ᠳᠤ ᠭᠡᠷᠡᠭᠯᠡᠵᠦ ᠪᠤᠯᠬᠤ ᠦᠭᠡᠢ᠃         7. ︽ᠲᠦᠪ ᠪᠠᠩᠭᠢ ᠶᠢᠨ ᠵᠢᠬᠡᠯᠡᠯᠬᠡ ᠪᠠᠷ ᠲᠡᠳᠬᠦᠬᠦ︾ ᠢᠨᠵᠧᠨᠧᠷᠢᠩ᠃ ᠮᠠᠨ ᠤ ᠬᠤᠰᠢᠭᠤ ᠪᠤᠯ ᠦᠪᠡᠷᠳᠡᠭᠡᠨ ᠵᠠᠰᠠᠬᠤ ᠤᠷᠤᠨ ᠤ ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ ᠶᠢᠨ ︽ᠲᠦᠪ ᠪᠠᠩᠭᠢ ᠶᠢᠨ ᠵᠢᠬᠡᠯᠡᠯᠬᠡ ᠪᠠᠷ ᠲᠡᠳᠬᠦᠬᠦ︾ ᠢᠨᠵᠧᠨᠧᠷᠢᠩ ᠤᠨ ᠲᠤᠷᠰᠢᠯᠳᠡ ᠶᠢᠨ ᠴᠡᠭ ᠤᠨ ᠬᠤᠰᠢᠭᠤᠨ ᠤ ᠨᠢᠬᠡ ᠨᠢ ᠮᠥᠨ᠃ ᠡᠨᠡᠬᠦ ᠢᠨᠵᠧᠨᠧᠷᠢᠩ ᠢ ᠭᠤᠤᠯᠳᠠᠭᠤ 2014 ᠤᠨ ᠤ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠪᠤᠯᠤᠨ ᠶᠠᠳᠠᠭᠤ ᠡᠷᠦᠬᠡ ᠶᠢ ᠲᠠᠶᠢᠴᠢᠯᠡᠨ ᠦᠢᠯᠡᠳᠪᠦᠷᠢᠯᠡᠯ ᠢ ᠬᠦᠭᠵᠢᠬᠦᠯᠦᠭᠰᠡᠨ ᠲᠡᠷᠢᠶᠡᠯᠡᠩ ᠮᠠᠯ ᠠᠵᠦ ᠠᠬᠤᠢ ᠲᠠᠢ ᠬᠤᠯᠪᠤᠭᠳᠠᠬᠤ ᠵᠢᠵᠢᠭ ᠪᠢᠴᠢᠯ ᠠᠵᠦ ᠠᠬᠤᠶᠢᠯᠠᠯ᠂ ᠡᠯ᠎ᠡ ᠲᠦᠷᠦᠯ ᠤᠨ ᠰᠢᠨ᠎ᠡ ᠮᠠᠶ᠋ᠢᠭ ᠤᠨ ᠲᠡᠷᠢᠶᠡᠯᠡᠩ ᠮᠠᠯ ᠠᠵᠦ ᠠᠬᠤᠢ ᠶᠢᠨ ᠡᠵᠡᠩᠨᠡᠯᠳᠡ ᠶᠢᠨ ᠵᠤᠬᠢᠶᠠᠨ ᠪᠠᠶᠢᠭᠤᠯᠤᠯᠳᠡ ᠳᠤ ᠴᠢᠭᠯᠡᠬᠦᠯᠵᠦ᠂ ᠢᠳᠡᠭᠡᠮᠵᠢ ᠶᠢᠨ ᠬᠤᠯᠪᠤᠭᠠᠳᠦ ᠬᠤᠷᠰᠢᠶ᠎ᠡ ᠵᠢᠬᠡᠯᠡᠯᠬᠡ ᠲᠠᠯᠪᠢᠨ᠎ᠠ᠃ ᠵᠢᠬᠡᠯᠡᠯᠬᠡ ᠨᠢ 75 ᠭᠤᠤᠯᠳᠠᠯᠭ᠎ᠠ ᠲᠠᠢ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢ ᠤᠷᠢᠳᠴᠢᠯᠡᠨ ᠪᠠᠳᠤᠯᠠᠵᠦ᠂ ᠡᠷᠦᠬᠡ ᠪᠦᠷᠢ ᠶᠢᠨ ᠵᠢᠬᠡᠯᠡᠯᠬᠡ ᠶᠢᠨ ᠬᠡᠮᠵᠢᠶ᠎ᠡ ᠨᠢ 5 ᠲᠦᠮᠡᠨ ᠲᠦᠬᠦᠷᠢᠭ᠂ ᠬᠤᠭᠤᠴᠠᠭ᠎ᠠ ᠨᠢ 1 ᠵᠢᠯ᠂ ᠵᠢᠯ ᠤᠨ ᠬᠦᠦ ᠶᠢᠨ ᠨᠤᠷᠮ᠎ᠡ  ᠨᠢ 4.75%᠂ ᠲᠠᠮ ᠬᠦᠦ ᠮᠦᠩᠭᠦ ᠦᠭᠡᠢ᠃         8. ᠵᠦᠩ ᠾᠧ ᠬᠦᠳᠡᠭᠡ ᠲᠤᠰᠬᠤᠨ ᠤ ᠢᠳᠡᠬᠡᠮᠵᠢ ᠶᠢᠨ ᠵᠢᠵᠢᠭ ᠲᠤᠭᠠᠨ ᠤ ᠵᠢᠬᠡᠯᠡᠯᠡᠭᠡ᠃ 2013 ᠤᠨ ᠠᠴᠠ ᠡᠬᠢᠯᠡᠨ ᠵᠦᠩ ᠾᠧ ᠬᠦᠳᠡᠭᠡ ᠲᠤᠰᠬᠤᠨ ᠤ ᠢᠳᠡᠬᠡᠮᠵᠢ ᠶᠢᠨ ᠵᠢᠵᠢᠭ ᠲᠤᠭᠠᠨ ᠤ ᠵᠢᠬᠡᠯᠡᠯᠡᠭᠡ ᠶᠢᠨ ᠺᠤᠮᠫᠠᠨᠢ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠳᠤ ᠴᠢᠭᠯᠡᠬᠦᠯᠦᠨ ᠶᠠᠳᠠᠭᠤ ᠶᠢ ᠲᠡᠳᠬᠦᠬᠦ ᠵᠢᠬᠡᠯᠡᠯᠬᠡ ᠲᠠᠯᠪᠢᠵᠦ᠂ ᠡᠷᠦᠬᠡ ᠪᠦᠷᠢ ᠶᠢᠨ ᠵᠢᠬᠡᠯᠡᠯᠬᠡ ᠶᠢᠨ ᠬᠡᠮᠵᠢᠶ᠎ᠡ ᠨᠢ 0.8 ~1.2 ᠲᠦᠮᠡᠨ ᠲᠦᠬᠦᠷᠢᠭ᠂ ᠬᠤᠭᠤᠴᠠᠭ᠎ᠠ  ᠨᠢ 1 ᠵᠢᠯ᠂ ᠵᠢᠯ ᠤᠨ ᠬᠦᠦ ᠶᠢᠨ ᠨᠤᠷᠮ᠎ᠡ ᠨᠢ 13.5%᠃ 2015 ᠤᠨ ᠠᠴᠠ ᠡᠬᠢᠯᠡᠨ᠂ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠶᠢ ᠬᠡᠷᠡᠭᠯᠡᠨ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠳᠤ ᠲᠡᠮ ᠬᠦᠦ ᠮᠦᠩᠭᠦ 5% ᠦᠭᠪᠡ᠃         9. ᠬᠠᠷᠢᠯᠴᠠᠨ ᠬᠠᠪᠰᠤᠷᠤᠯᠴᠠᠬᠤ ᠪᠡᠯᠡ ᠮᠦᠩᠭᠦ᠃ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠨᠢᠬᠡᠳᠦᠯᠳᠡᠢ ᠬᠤᠷᠡᠮᠳᠤᠭᠤᠯᠵᠦ᠂ ᠰᠤᠮᠤ ᠪᠠᠯᠭᠠᠰᠤ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠲᠤᠰᠬᠤᠨ ᠤ ᠠᠷᠠᠳ ᠰᠠᠶᠢᠨ ᠲᠤᠷ᠎ᠡ ᠠᠴᠠ ᠪᠠᠨ ᠬᠠᠷᠢᠯᠴᠠᠨ ᠬᠠᠪᠰᠤᠷᠤᠯᠴᠠᠬᠤ ᠪᠡᠯᠡ ᠮᠦᠩᠭᠦ ᠶᠢᠨ ᠬᠦᠭᠵᠢᠯᠳᠡ ᠶᠢᠨ ᠨᠡᠶᠢᠬᠡᠮᠯᠢᠭ ᠲᠤ ᠤᠷᠤᠯᠴᠠᠨ᠂ ᠨᠡᠶᠢᠬᠡᠮᠯᠢᠭ ᠲᠤ ᠤᠷᠤᠬᠤ ᠪᠡᠯᠡ ᠮᠦᠩᠭᠦ ︵300 ᠲᠦᠬᠦᠷᠢᠭ︶ ᠲᠤᠰᠢᠶᠠᠵᠦ᠂ ᠪᠠᠰᠠ 5 ᠬᠦᠮᠦᠨ  ᠢᠶᠠᠷ ᠨᠢᠬᠡ ᠲᠤᠭᠤᠶᠢᠯᠠᠩ ᠪᠤᠯᠭᠠᠭᠰᠠᠨ ᠬᠤᠯᠪᠤᠭᠠᠯᠠᠨ ᠪᠠᠳᠤᠯᠠᠬᠤ ᠪᠠᠭ᠎ᠠ ᠲᠤᠭᠤᠶᠢᠯᠠᠩ ᠪᠠᠶᠢᠭᠤᠯᠵᠦ᠂ ᠬᠤᠯᠪᠤᠭᠠᠯᠠᠨ ᠪᠠᠳᠤᠯᠠᠬᠤ ᠵᠦᠪᠯᠡᠯᠴᠡᠭᠡᠷ ᠲᠤᠭᠳᠡᠨ᠂ ᠠᠯᠬᠤᠮ ᠲᠠᠷᠠᠭᠠᠯᠠᠨ ᠲᠡᠭᠡᠭᠰᠢ ᠮᠡᠳᠡᠬᠦᠯᠦᠨ ᠵᠦᠪᠰᠢᠶᠡᠷᠡᠬᠦᠯᠵᠦ᠂ ᠵᠢᠬᠡᠯᠡᠬᠦ ᠵᠤᠭᠤᠰ ᠤᠨ ᠬᠡᠮᠵᠢᠶ᠎ᠡ ᠶᠢ ᠡᠷᠦᠬᠡ ᠪᠦᠷᠢ 1.5 ᠲᠦᠮᠡᠨ ᠲᠦᠬᠦᠷᠢᠭ ᠲᠤᠳᠤᠷ᠎ᠡ ᠬᠢᠵᠠᠭᠠᠷᠯᠠᠨ᠂ ᠵᠤᠭᠤᠰ ᠵᠢᠬᠡᠯᠡᠬᠦ ᠬᠤᠭᠤᠴᠠᠭ᠎ᠠ ᠶᠢ 3 ᠠᠴᠠ 12 ᠰᠡᠷ᠎ᠡ ᠪᠠᠷ ᠲᠤᠭᠳᠠᠭᠠᠵᠦ᠂ ᠪᠡᠯᠡ ᠮᠦᠩᠭᠦ ᠶᠢ ᠭᠤᠤᠯᠳᠠᠭᠤ ᠲᠡᠷᠢᠮᠡᠯ ᠤᠨ ᠦᠢᠯᠡᠰ᠂ ᠲᠡᠵᠢᠬᠡᠪᠦᠷᠢ ᠶᠢᠨ ᠦᠢᠯᠡᠰ ᠢ ᠬᠦᠭᠵᠢᠬᠦᠯᠬᠦ ᠳᠤ ᠬᠡᠷᠡᠭᠯᠡᠪᠡ᠃ ᠵᠢᠬᠡᠯᠡᠯᠬᠡ ᠶᠢᠨ ᠵᠤᠭᠤᠰ ᠢᠶᠠᠨ ᠪᠤᠴᠠᠭᠠᠬᠤ ᠠᠷᠭ᠎ᠠ ᠨᠢ ᠪᠦᠬᠦᠯᠢ ᠪᠠᠷ ᠵᠢᠬᠡᠯᠡᠵᠦ ᠪᠦᠬᠦᠯᠢ ᠪᠠᠷ ᠪᠤᠴᠠᠭᠠᠨ᠂ ᠵᠢᠯ ᠪᠦᠷᠢ ᠶᠢᠨ 12 ᠰᠡᠷ᠎ᠡ ᠶᠢᠨ 20 ᠤ ᠡᠳᠦᠷ ᠡᠯ᠎ᠡ ᠲᠤᠷᠰᠢᠯᠳᠡ ᠶᠢᠨ ᠴᠡᠭ ᠤᠨ ᠲᠤᠰᠬᠤᠨ ᠡᠬᠡ ᠪᠡᠯᠡ ᠪᠤᠯᠤᠨ ᠡᠵᠡᠯᠡᠨ ᠭᠡᠷᠡᠭᠯᠡᠭᠰᠡᠨ ᠰᠦᠢᠳᠭᠡᠯ ︵ᠬᠦᠦ ᠮᠦᠩᠭᠦ ᠶᠢ ᠭᠠᠴᠠᠭ᠎ᠠ ᠲᠤᠰᠬᠤᠨ ᠦᠪᠡᠷᠰᠡᠳ ᠢᠶᠠᠨ ᠲᠤᠭᠳᠠᠭᠠᠪᠠ︶ ᠢ ᠰᠤᠮᠤ ᠪᠠᠯᠭᠠᠰᠤ ᠶᠢᠨ ᠡᠵᠡᠩᠨᠡᠯᠳᠡ ᠬᠠᠮᠢᠶᠠᠷᠤᠯᠳᠡ ᠶᠢᠨ ᠦᠷᠳᠡᠭᠡᠨ ᠤ ᠲᠠᠩᠰᠡᠨ ᠳᠤ ᠨᠢᠬᠡᠳᠦᠯᠳᠡᠢ ᠬᠠᠳᠠᠭᠠᠯᠠᠪᠠ᠃ ᠮᠠᠨ ᠤ ᠬᠤᠰᠢᠭᠤᠨ ᠤ ᠤᠳᠤᠬᠠᠨ ᠤ ᠬᠠᠷᠢᠯᠴᠠᠨ ᠬᠠᠪᠰᠤᠷᠤᠯᠴᠠᠬᠤ ᠪᠡᠯᠡ ᠮᠦᠩᠭᠦ 790 ᠲᠦᠮᠡᠨ ᠲᠦᠬᠦᠷᠢᠭ ᠬᠦᠷᠴᠦ᠂ ᠲᠤᠰᠬᠤᠨ ᠪᠦᠷᠢ 15 ~20 ᠲᠦᠮᠡᠨ ᠲᠦᠬᠦᠷᠢᠭ ᠪᠡᠯᠡ ᠤᠷᠤᠭᠤᠯᠤᠨ᠂ ᠨᠡᠶᠢᠳᠡ 42 ᠭᠠᠴᠠᠭ᠎ᠠ ᠲᠤᠰᠬᠤᠨ ᠢ ᠲᠡᠮᠵᠢᠪᠡ᠃         10. ︽ᠲᠡᠮᠦᠷ ᠦᠬᠡᠷ︾ ᠢ ᠡᠬᠡᠯᠵᠢᠯᠡᠨ ᠲᠡᠵᠢᠬᠡᠬᠦ ᠬᠡᠪ ᠵᠠᠭᠪᠤᠷ᠃ ᠲᠡᠷᠦᠢ᠄ ᠦᠨᠢᠶ᠎ᠡ ᠵᠢᠬᠡᠯᠡᠨ ᠲᠤᠭᠤᠯ ᠲᠦᠷᠦᠬᠦᠯᠵᠦ᠂ ᠦᠩᠭᠦᠷᠢᠬᠦᠯᠦᠨ ᠶᠠᠳᠠᠭᠤ ᠶᠢ ᠲᠡᠳᠬᠦᠨ᠎ᠡ᠃ ᠵᠠᠰᠠᠭ ᠤᠨ ᠤᠷᠳᠤᠨ ᠪᠡᠯᠡ ᠮᠦᠩᠭᠦ ᠬᠤᠷᠡᠮᠳᠤᠭᠤᠯᠤᠨ ᠵᠤᠬᠢᠬᠤ ᠨᠠᠰᠤᠨ ᠤ ᠰᠠᠭᠤᠷᠢ ᠡᠬᠡ ᠮᠠᠯ ᠬᠤᠳᠡᠯᠳᠤᠨ ᠠᠪᠴᠦ᠂ ᠵᠢᠬᠡᠯᠡᠨ ᠲᠡᠵᠢᠬᠡᠬᠦ ᠬᠤᠭᠤᠴᠠᠭ᠎ᠠ  ᠶᠢ 3 ᠵᠢᠯ ᠢᠶᠠᠷ ᠲᠤᠭᠳᠠᠭᠠᠨ᠂ ᠦᠷᠡᠵᠢᠭᠰᠡᠨ ᠲᠤᠭᠤᠯ ᠢ ᠶᠠᠳᠠᠭᠤ ᠡᠷᠦᠬᠡ ᠳᠤ ᠦᠭᠭᠦᠨ᠎ᠡ᠃         11. ᠬᠡᠷᠡᠯᠯᠢᠭ ᠸᠤᠯᠲ ᠪᠠᠷ ᠶᠠᠳᠠᠭᠤ ᠶᠢ ᠲᠡᠳᠬᠦᠬᠦ᠃ ᠭᠡᠷᠡᠯᠯᠢᠭ ᠸᠤᠯᠲ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠬᠡᠷᠡᠭᠵᠢᠬᠦᠯᠬᠦ ᠪᠠᠷ ᠲᠡᠮᠵᠢᠨ᠂ ᠪᠦᠬᠦ ᠭᠡᠷ ᠲᠡᠭᠡᠨ ᠬᠦᠳᠡᠯᠮᠦᠷᠢᠯᠡᠬᠦ ᠴᠢᠳᠡᠯ ᠦᠭᠡᠢ ᠶᠠᠳᠠᠭᠤ ᠡᠷᠦᠬᠡ ᠪᠤᠯᠤᠨ ᠵᠡᠮᠳᠡᠭ ᠶᠠᠳᠠᠭᠤ ᠡᠷᠦᠬᠡ ᠳᠤ ᠵᠢᠯ ᠪᠦᠷᠢ 3000 ᠲᠦᠬᠦᠷᠢᠭ ᠨᠦᠬᠦᠪᠦᠷᠢ ᠦᠭᠴᠦ᠂ ᠦᠷᠬᠦᠯᠵᠢᠯᠡᠨ 20 ᠵᠢᠯ ᠲᠡᠳᠬᠦᠨ᠎ᠡ᠃         12. ᠡᠯᠧᠺᠲᠷᠦᠨ ᠬᠤᠳᠡᠯᠳᠤᠭ᠎ᠠ ᠪᠠᠷ ᠶᠠᠳᠠᠭᠤ ᠶᠢ ᠲᠡᠳᠬᠦᠬᠦ᠃ ᠬᠦᠳᠡᠭᠡ ᠲᠤᠰᠬᠤᠨ ᠮᠠᠯᠵᠢᠬᠤ ᠤᠷᠤᠨ  ᠤ ᠡᠯᠧᠺᠲᠷᠦᠨ ᠬᠤᠳᠡᠯᠳᠤᠭᠠᠨ ᠤ ᠶᠠᠪᠤᠳᠡᠯ ᠤᠨ ᠲᠡᠪᠴᠠᠩ ᠢ ᠬᠦᠭᠵᠢᠬᠦᠯᠬᠦ ᠪᠠᠷ ᠲᠠᠮᠵᠢᠨ᠂ ᠢ ᠺᠧ ᠰᠦᠯᠵᠢᠶ᠎ᠡ᠂ ᠮᠠᠯᠴᠢᠨ ᠰᠦᠯᠵᠢᠶ᠎ᠡ᠂ ᠱᠧᠨ ᠲᠦᠩ ᠵᠡᠷᠭᠡ ᠡᠯᠧᠺᠲᠷᠦᠨ ᠬᠤᠳᠡᠯᠳᠤᠭᠠᠨ ᠤ ᠠᠵᠦ ᠠᠬᠤᠶᠢᠯᠠᠯ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠲᠤ ᠲᠦᠬᠦᠮ ᠦᠵᠡᠬᠦᠯᠬᠦ ᠴᠢᠯᠦᠬᠡᠳᠦ ᠲᠡᠯᠬᠡᠬᠦᠷ ᠢ ᠵᠤᠯᠭᠠᠭᠤᠯᠵᠦ᠂ ᠲᠡᠷᠢᠶᠡᠯᠡᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠭᠡᠭᠳᠡᠬᠦᠨ ᠪᠤᠯᠤᠨ ᠤᠨᠴᠠᠯᠢᠭᠳᠦ ᠪᠦᠳᠦᠭᠡᠭᠳᠡᠬᠦᠨ ᠢ ᠲᠤᠤᠷ ᠰᠦᠯᠵᠢᠶᠡᠨ ᠲᠡᠭᠡᠷ᠎ᠡ ᠬᠤᠳᠡᠯᠳᠤᠨ ᠪᠤᠷᠤᠯᠠᠭᠤᠯᠬᠤ᠂ ᠬᠤᠤᠰᠯᠠᠭᠤᠯᠤᠨ ᠬᠦᠷᠭᠡᠬᠦ ᠶᠢ ᠪᠡᠶᠡᠯᠡᠬᠦᠯᠵᠦ᠂ ᠶᠠᠳᠠᠭᠤ ᠡᠷᠦᠬᠡ ᠶᠢᠨ ᠤᠷᠤᠯᠭ᠎ᠠ ᠶᠢ ᠨᠡᠮᠡᠭᠳᠡᠬᠦᠯᠦᠨ ᠪᠠᠶᠠᠵᠢᠬᠤ ᠠᠷᠭ᠎ᠠ ᠵᠠᠮ ᠢ ᠨᠢ ᠦᠷᠭᠡᠳᠭᠡᠪᠡ᠃         13.ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠲᠤᠳᠤᠷᠡᠬᠢ ᠨᠠᠭᠠᠳᠦ ᠵᠠᠬ᠎ᠠ ᠶᠢᠨ ᠪᠠᠳᠤᠯᠠᠪᠤᠷᠢ ᠲᠠᠢ ᠡᠷᠦᠬᠡ᠂ ᠲᠠᠪᠤᠨ ᠪᠠᠳᠤᠯᠠᠭᠠᠳᠦ ᠡᠷᠦᠬᠡ ᠶᠢᠨ ᠴᠠᠬᠢᠯᠭᠠᠨ ᠬᠡᠷᠡᠭᠯᠡᠬᠦ ᠳᠤ ᠬᠠᠷᠠᠭᠠᠯᠵᠠᠯᠠᠯ ᠦᠵᠡᠬᠦᠯᠬᠦ ᠲᠦᠷᠦ ᠶᠢᠨ ᠪᠤᠳᠤᠯᠭ᠎ᠠ᠃ ᠲᠤᠰ ᠲᠦᠷᠦ ᠶᠢᠨ ᠪᠤᠳᠤᠯᠭ᠎ᠠ ᠶᠢ ᠦᠪᠡᠷᠳᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠰᠢᠰᠲ᠋ᠧᠮ ᠨᠢᠬᠡᠳᠦᠯᠳᠡᠢ ᠲᠤᠭᠳᠠᠭᠠᠵᠦ᠂ 2016 ᠤᠨ ᠠᠴᠠ ᠡᠬᠢᠯᠡᠨ ᠬᠡᠷᠡᠭᠵᠢᠬᠦᠯᠪᠡ᠃ ᠪᠡᠷᠢᠮᠵᠢᠶ᠎ᠡ ᠨᠢ ᠡᠷᠦᠬᠡ ᠪᠦᠷᠢ ᠰᠡᠷ᠎ᠡ ᠳᠤ 15 ᠭᠷᠡᠳᠦ᠋ᠰ ᠴᠠᠬᠢᠯᠭᠠᠨ ᠢ ᠰᠦᠢᠳᠭᠡᠯ ᠠᠪᠬᠤ  ᠦᠭᠡᠢ ᠪᠠᠷ ᠬᠡᠷᠡᠭᠯᠡᠬᠦᠯᠵᠦ᠂ ᠪᠦᠬᠦ ᠵᠢᠯ ᠳᠤ 180 ᠭᠷᠡᠳᠦ᠋ᠰ ᠴᠠᠬᠢᠯᠭᠠᠨ ᠢ ᠰᠦᠢᠳᠭᠡᠯ ᠠᠪᠬᠤ ᠦᠭᠡᠢ ᠪᠠᠷ ᠬᠡᠷᠡᠭᠯᠡᠬᠦᠯᠦᠨ᠂ ᠴᠠᠬᠢᠯᠭᠠᠨ ᠤ ᠦᠨ᠎ᠡ ᠶᠢ ᠭᠡᠷᠡᠳᠦ᠋ᠰ ᠪᠦᠷᠢ  0.5 ᠲᠦᠬᠦᠷᠢᠭ ᠢᠶᠠᠷ ᠲᠤᠭᠳᠠᠭᠠᠨ᠂ ᠴᠠᠬᠢᠯᠭᠠᠨ ᠤ ᠰᠦᠢᠳᠭᠡᠯ ᠢ 90 ᠲᠦᠬᠦᠷᠢᠭ ᠬᠡᠯᠳᠦᠷᠢᠬᠦᠯᠪᠡ᠃             ︵ᠬᠤᠶᠠᠷ︶ ᠭᠠᠵᠠᠷ ᠰᠤᠯᠢᠨ ᠨᠡᠬᠦᠯᠬᠡᠵᠦ ᠨᠢᠬᠡ ᠪᠦᠯᠦᠭ ᠢ ᠶᠠᠳᠠᠭᠤ ᠠᠴᠠ ᠨᠢ ᠠᠩᠭᠢᠵᠢᠷᠠᠭᠤᠯᠤᠨ᠎ᠠ                  14. ᠭᠠᠵᠠᠷ ᠰᠤᠯᠢᠨ ᠶᠠᠳᠠᠭᠤ ᠶᠢ ᠲᠡᠳᠬᠦᠵᠦ ᠨᠡᠬᠦᠯᠬᠡᠬᠦ ᠢᠨᠵᠧᠨᠧᠷᠢᠩ᠃ ᠠᠮᠢ ᠠᠬᠤᠢ ᠶᠢᠨ ᠤᠷᠴᠢᠨ ᠲᠤᠭᠤᠷᠢᠨ ᠬᠡᠪᠡᠷᠡᠭ᠂ ᠦᠢᠯᠡᠳᠪᠦᠷᠢᠯᠡᠯ ᠤᠨ ᠬᠦᠭᠵᠢᠯᠳᠡ ᠨᠢ ᠬᠤᠴᠤᠷᠤᠩᠭᠤᠢ ᠭᠠᠵᠠᠷ ᠤᠷᠤᠨ ᠤ ᠶᠠᠳᠠᠭᠤ ᠡᠷᠦᠬᠡ  ᠳᠤ ᠭᠠᠵᠠᠷ ᠰᠤᠯᠢᠨ ᠶᠠᠳᠠᠭᠤ ᠶᠢ ᠲᠡᠳᠬᠦᠵᠦ ᠨᠡᠬᠦᠯᠬᠡᠬᠦ ᠢᠨᠵᠧᠨᠧᠷᠢᠩ ᠢ ᠬᠡᠷᠡᠭᠵᠢᠬᠦᠯᠵᠦ᠂ ᠪᠡᠯᠡ ᠮᠦᠩᠭᠦ ᠶᠢᠨ ᠢᠷᠡᠯᠳᠡ ᠨᠢ ᠤᠯᠤᠰ ᠤᠨ ᠨᠡᠬᠡᠬᠡᠯᠳᠡ ᠶᠢᠨ ᠪᠠᠩᠭᠢ ᠶᠢᠨ ᠵᠢᠬᠡᠯᠡᠯᠬᠡ 3768 ᠲᠦᠮᠡᠨ ᠲᠦᠬᠦᠷᠢᠭ ᠲᠠᠯᠪᠢᠨ᠂ ᠤᠯᠤᠰ᠂ ᠦᠪᠡᠷᠳᠡᠭᠡᠨ ᠵᠠᠰᠠᠬᠤ ᠤᠷᠤᠨ ᠠᠴᠠ ᠲᠤᠰᠬᠠᠢ ᠪᠡᠯᠡ ᠮᠦᠩᠭᠦ 1884 ᠲᠦᠮᠡᠨ ᠲᠦᠬᠦᠷᠢᠭ ᠪᠠᠭᠤᠯᠭᠠᠨ᠂ ᠦᠪᠡᠷᠳᠡᠭᠡᠨ ᠵᠠᠰᠠᠬᠤ ᠤᠷᠤᠨ ᠬᠦᠦ ᠮᠦᠩᠭᠦ ᠶᠢ ᠲᠦᠯᠦᠵᠦ᠂ ᠬᠤᠰᠢᠭᠤ ᠰᠢᠶᠠᠨ ᠡᠬᠡ ᠪᠡᠯᠡ ᠶᠢ ᠨᠢ ᠪᠤᠴᠠᠭᠠᠨ᠎ᠠ᠃ ᠲᠦᠷᠦᠯ ᠵᠦᠢᠯ ᠤᠨ ᠪᠡᠯᠡ ᠤᠷᠤᠭᠤᠯᠬᠤ ᠪᠠᠷᠢᠮᠵᠢᠶ᠎ᠡ ᠨᠢ ᠬᠦᠮᠦᠨ ᠲᠤᠮᠳᠡᠴᠢ 6 ᠲᠦᠮᠡᠨ ᠲᠦᠬᠦᠷᠢᠭ᠂ ᠭᠤᠤᠯᠳᠠᠭᠤ ᠨᠡᠬᠦᠯᠬᠡᠬᠦ ᠡᠷᠦᠬᠡ ᠶᠢᠨ ᠰᠠᠭᠤᠬᠤ ᠭᠡᠷ ᠬᠢᠬᠡᠳ ᠢᠵᠢ ᠪᠦᠷᠢᠳᠦᠬᠦᠯᠬᠦ ᠲᠦᠬᠦᠬᠡᠷᠦᠮᠵᠢ᠂ ᠨᠡᠬᠦᠯᠬᠡᠬᠦ ᠲᠤᠰᠬᠤᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠲᠦᠬᠦᠬᠡᠷᠦᠮᠵᠢ ᠶᠢᠨ ᠪᠠᠶᠢᠭᠤᠯᠤᠯᠳᠡ ᠳᠤ ᠬᠡᠷᠡᠭᠯᠡᠨ᠂ ᠪᠡᠯᠡ ᠮᠦᠩᠭᠦ ᠶᠢᠨ ᠬᠡᠷᠡᠭᠯᠡᠯᠳᠡ ᠶᠢ ᠬᠤᠰᠢᠭᠤ ᠰᠢᠶᠠᠨ ᠨᠢᠬᠡᠳᠦᠯᠳᠡᠢ ᠲᠦᠯᠦᠪᠵᠢᠬᠦᠯᠵᠦ ᠲᠤᠬᠢᠷᠠᠭᠤᠯᠤᠨ᠎ᠠ᠃ ᠮᠠᠨ ᠤ ᠬᠤᠰᠢᠭᠤᠨ ᠤ ᠨᠡᠬᠦᠯᠬᠡᠬᠦ ᠡᠷᠦᠬᠡ ᠨᠡᠶᠢᠳᠡ 303 ᠡᠷᠦᠬᠡ᠂ 942 ᠬᠦᠮᠦᠨ ᠪᠤᠢ᠂ ᠭᠤᠤᠯᠳᠠᠭᠤ ᠲᠦᠪᠯᠡᠷᠡᠬᠦᠯᠬᠦ ᠬᠡᠯᠪᠡᠷᠢ ᠪᠤᠯᠤᠨ ︽ᠴᠡᠴᠡᠭ ᠬᠠᠳᠬᠤᠬᠤ ᠬᠡᠯᠪᠡᠷᠢ︾ ᠬᠤᠶᠠᠷ ᠵᠦᠢᠯ ᠤᠨ ᠠᠷᠭ᠎ᠠ ᠬᠡᠯᠪᠡᠷᠢ ᠪᠠᠷ ᠨᠡᠬᠦᠯᠬᠡᠨ᠎ᠡ᠃         ᠲᠦᠪᠬᠢᠨᠡᠬᠦᠯᠬᠦ ᠤᠷᠤᠨ ᠰᠠᠭᠤᠴᠠ ᠶᠢᠨ ᠪᠠᠶᠢᠭᠤᠯᠤᠯᠳᠡ ᠶᠢᠨ ᠪᠡᠷᠢᠮᠵᠢᠶ᠎ᠡ᠃ ᠬᠦᠮᠦᠨ ᠲᠤᠮᠳᠡᠴᠢ ᠤᠷᠤᠨ ᠰᠠᠭᠤᠴᠠ ᠶᠢᠨ ᠪᠠᠶᠢᠭᠤᠯᠤᠯᠳᠡ ᠶᠢᠨ ᠲᠠᠯᠠᠪᠠᠢ ᠶᠢ 25 ᠲᠡᠭᠰᠢ ᠲᠦᠷᠪᠡᠯᠵᠢᠨ ᠮᠧᠲᠷ ᠢ ᠲᠠᠪᠠᠭᠤᠯᠬᠤ ᠦᠭᠡᠢ᠂ ᠡᠨᠡ ᠪᠤᠯ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠨᠡᠬᠦᠬᠦ ᠡᠷᠦᠬᠡ ᠳᠤ ᠴᠢᠭᠯᠡᠭᠦᠯᠦᠭᠰᠡᠨ ᠠᠯᠪᠠᠳᠠᠯᠭ᠎ᠠ ᠶᠢᠨ ᠴᠢᠨᠡᠷ ᠲᠠᠢ ᠪᠠᠷᠢᠮᠵᠢᠶ᠎ᠡ ᠮᠥᠨ᠂ ᠪᠠᠰᠠ ᠴᠦ ᠬᠠᠮᠤᠭ ᠦᠨᠳᠦᠷ ᠬᠢᠵᠠᠭᠠᠷᠯᠠᠬᠤ ᠪᠠᠷᠢᠮᠵᠢᠶ᠎ᠡ ᠮᠥᠨ᠃ ᠵᠠᠷᠴᠢᠮ ᠲᠡᠭᠡᠷ᠎ᠡ  ᠪᠠᠨ 2 ᠠᠮᠠ ᠪᠦᠯᠢ ᠲᠠᠢ ᠭᠡᠷ ᠪᠦᠯᠢ ᠶᠢᠨ ᠪᠠᠷᠢᠯᠭ᠎ᠠ ᠶᠢᠨ ᠲᠡᠯᠡᠪᠡᠢ ᠶᠢ 50 ᠲᠡᠭᠰᠢ ᠲᠦᠷᠪᠡᠯᠵᠢᠨ ᠮᠧᠲᠷ ᠢᠶᠠᠷ ᠬᠢᠵᠠᠭᠠᠷᠯᠠᠵᠦ᠂ 3 ᠠᠮᠠ ᠪᠦᠯᠢ ᠲᠠᠢ ᠭᠡᠷ ᠪᠦᠯᠢ ᠶᠢᠨ ᠤᠷᠤᠨ ᠰᠠᠭᠤᠴᠠ ᠶᠢᠨ ᠲᠠᠯᠠᠪᠠᠢ ᠶᠢ 60 ᠲᠡᠭᠰᠢ ᠲᠦᠷᠪᠡᠯᠵᠢᠨ ᠮᠧᠲᠷ ᠲᠤᠳᠤᠷ᠎ᠡ ᠬᠢᠵᠠᠭᠠᠷᠯᠠᠵᠦ᠂ 3 ᠠᠮᠠ ᠪᠦᠯᠢ ᠠᠴᠠ ᠲᠡᠭᠡᠭᠰᠢ ᠭᠡᠷ ᠪᠦᠯᠢ ᠶᠢᠨ ᠪᠠᠷᠢᠯᠭ᠎ᠠ ᠶᠢᠨ ᠲᠠᠯᠠᠪᠠᠢ ᠶᠢ 80 ᠲᠡᠭᠡᠰᠢ ᠲᠦᠷᠪᠡᠯᠵᠢᠨ ᠮᠧᠲᠷ ᠲᠤᠳᠤᠷ᠎ᠡ ᠬᠢᠵᠠᠭᠠᠷᠯᠠᠪᠠ᠃ ᠨᠠᠰᠤ ᠠᠬᠠᠰᠢᠷᠡᠨ ᠪᠡᠶ᠎ᠡ ᠪᠠᠭᠤᠷᠡᠢ ᠪᠤᠯᠤᠨ ᠨᠢᠬᠡᠯᠡ ᠬᠦᠮᠦᠨ ᠲᠠᠢ ᠭᠡᠷ ᠪᠦᠯᠢ ᠬᠠᠷᠢᠯᠴᠠᠨ ᠬᠠᠪᠰᠤᠷᠤᠯᠴᠠᠬᠤ ᠵᠢᠷᠭᠠᠯᠠᠩ ᠤᠨ ᠬᠦᠷᠢᠶᠡᠯᠡᠩ ᠳᠤ ᠰᠠᠭᠤᠵᠦ ᠪᠤᠯᠤᠨ᠎ᠠ᠂ ᠦᠮᠴᠢᠯᠡᠯ ᠤᠨ ᠡᠷᠬᠡ ᠨᠢ ᠨᠡᠶᠢᠳᠡ ᠶᠢᠨ ᠦᠮᠴᠢᠯᠡᠯ ᠪᠤᠯᠤᠨ᠎ᠠ᠃ ᠭᠡᠷ ᠤᠨ ᠰᠠᠭᠤᠷᠢ ᠶᠢᠨ ᠲᠠᠯᠠᠪᠠᠢ ᠶᠢ 350 ᠲᠡᠭᠰᠢ ᠲᠦᠷᠪᠡᠯᠵᠢᠨ ᠮᠧᠲᠷ ᠢ ᠲᠠᠪᠠᠭᠤᠯᠬᠤ ᠦᠭᠡᠢ᠃          15. ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠡᠢ ᠭᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠲᠦᠷᠦ ᠶᠢᠨ ᠪᠤᠳᠤᠯᠭ᠎ᠠ᠃ 2015 ᠤᠨ ᠤ ᠡᠷᠦᠬᠡ ᠪᠦᠷᠢ ᠶᠢᠨ ᠨᠦᠬᠦᠪᠦᠷᠢ ᠦᠭᠭᠦ ᠪᠠᠷᠢᠮᠵᠢᠶ᠎ᠡ  ᠨᠢ 2 ᠲᠦᠮᠡᠨ ᠲᠦᠬᠦᠷᠢᠭ᠂ 2016 ᠤᠨ ᠤ ᠡᠷᠦᠬᠡ ᠪᠦᠷᠢ ᠶᠢᠨ ᠨᠦᠬᠦᠪᠦᠷᠢ ᠶᠢᠨ ᠪᠠᠷᠢᠮᠵᠢᠶ᠎ᠡ ᠨᠢ 18732 ᠲᠦᠬᠦᠷᠢᠭ ᠪᠤᠯᠤᠨ᠎ᠠ᠃                  ︵ᠭᠤᠷᠪᠡ︶ ᠠᠮᠢ ᠠᠬᠤᠢ ᠶᠢᠨ ᠲᠦᠯᠦᠪᠦᠷᠢ ᠪᠠᠷ ᠨᠢᠬᠡ ᠪᠦᠯᠦᠭ ᠢ ᠶᠠᠳᠠᠭᠤ ᠠᠴᠠ ᠠᠩᠭᠢᠵᠢᠷᠠᠭᠤᠯᠤᠨ᠎ᠠ                  16. ᠨᠤᠳᠤᠭ ᠪᠡᠯᠴᠢᠭᠡᠷ ᠤᠨ ᠱᠠᠩᠨᠠᠯ ᠨᠦᠬᠦᠪᠦᠷᠢ᠃ ᠪᠦᠬᠦ ᠬᠤᠰᠢᠭᠤᠨ ᠤ 16 ᠰᠤᠮᠤ ᠪᠠᠯᠭᠠᠰᠤ ᠲᠠᠯᠠᠪᠠᠢ ︵ᠱᠤᠸᠠᠩ ᠱᠧᠩ ᠪᠠᠯᠭᠠᠰᠤ᠂ ᠱᠧᠩᠯᠢ ᠲᠠᠷᠢᠶᠡᠯᠡᠩ ᠤᠨ ᠲᠠᠯᠠᠪᠠᠢ᠂ ᠤᠭ ᠦᠷ᠎ᠡ ᠶᠢᠨ ᠲᠠᠯᠠᠪᠠᠢ ᠠᠴᠠ ᠪᠤᠰᠤᠳ︶ ᠳᠤ ᠴᠢᠭᠯᠡᠬᠦᠯᠦᠨ᠂ ᠵᠢᠯ ᠳᠤ ᠮᠤ᠋ ᠪᠦᠷᠢ 9.66 ᠲᠦᠬᠦᠷᠢᠭ ᠤᠨ ᠪᠠᠷᠢᠮᠵᠢᠶ᠎ᠡ ᠶᠢ ᠵᠢᠷᠦᠮᠯᠡᠨ᠂ ᠨᠤᠳᠤᠭ ᠪᠡᠯᠴᠢᠬᠡᠷ ᠬᠡᠷᠡᠭᠯᠡᠬᠦ ᠡᠷᠭᠡ ᠲᠠᠢ ᠪᠦᠬᠡᠳ ᠪᠦᠬᠦ ᠵᠢᠯ ᠪᠡᠯᠴᠢᠬᠡᠷᠯᠡᠬᠦᠯᠦᠨ ᠮᠠᠯᠵᠢᠬᠤ ᠶᠢ ᠴᠠᠭᠠᠵᠠᠯᠠᠬᠤ ᠶᠢ ᠬᠡᠷᠡᠭᠵᠢᠬᠦᠯᠦᠭᠰᠡᠨ ᠲᠡᠷᠢᠶᠡᠴᠢᠨ ᠮᠠᠯᠴᠢᠨ ᠡᠷᠦᠬᠡ ᠳᠤ ᠨᠦᠬᠦᠪᠦᠷᠢ ᠦᠭᠭᠦᠨ᠎ᠡ᠃         17. ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠲᠡᠷᠢᠶᠡᠴᠢᠨ ᠮᠠᠯᠴᠢᠳ ᠤᠨ ᠠᠮᠢ ᠠᠬᠤᠢ  ᠶᠢᠨ ᠤᠢ ᠬᠠᠮᠠᠭᠠᠯᠠᠭᠴᠢ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ᠃ ᠲᠡᠭᠡᠷ᠎ᠡ ᠱᠠᠳᠤᠨ ᠤ ᠬᠤᠯᠪᠤᠭᠳᠡᠯ ᠪᠦᠬᠦᠢ ᠪᠢᠴᠢᠭ ᠮᠠᠲ᠋ᠧᠷᠢᠶᠡᠯ ᠤᠨ ᠵᠤᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠤᠳᠡᠳᠡᠢ ᠲᠠᠢ ᠤᠶᠠᠯᠳᠤᠭᠤᠯᠤᠨ᠂ 2016 ᠤᠨ ᠳᠤ ᠪᠦᠬᠦ ᠬᠤᠰᠢᠭᠤᠨ ᠤ 15 ᠰᠤᠮᠤ ᠪᠠᠯᠭᠠᠰᠤ ᠶᠢᠨ ᠨᠦᠬᠦᠴᠡᠯ ᠳᠤ ᠲᠤᠬᠢᠷᠠᠬᠤ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠲᠤᠳᠤᠷ᠎ᠡ ᠠᠴᠠ 310  ᠤᠢ ᠬᠠᠮᠠᠭᠠᠯᠠᠭᠴᠢ ᠰᠤᠩᠭᠤᠨ ᠤᠷᠢᠵᠦ᠂ ᠬᠦᠮᠦᠨ ᠪᠦᠷᠢ ᠵᠢᠯ ᠳᠤ 1 ᠲᠦᠮᠡᠨ ᠲᠦᠬᠦᠷᠢᠭ ᠤᠨ ᠨᠦᠬᠦᠪᠦᠷᠢ ᠦᠭᠪᠡ᠃         18. ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠴᠢᠬᠢ ᠮᠤᠳᠤ ᠪᠤᠷᠤᠯᠠᠭᠤᠯᠬᠤ ᠬᠠᠷᠠᠭᠠᠯᠵᠠᠯᠠᠯ  ᠤᠨ ᠲᠦᠷᠦ ᠶᠢᠨ ᠪᠤᠳᠤᠯᠭ᠎ᠠ᠃ ᠤᠢ ᠰᠢᠭᠤᠢ ᠶᠢᠨ ᠴᠢᠬᠢ ᠪᠤᠶᠢᠵᠢᠭᠤᠯᠵᠦ ᠪᠠᠶᠢᠭ᠎ᠠ ᠶᠠᠳᠠᠭᠤ ᠡᠷᠦᠬᠡ ᠶᠢᠨ ᠴᠢᠬᠢ ᠮᠤᠳᠤ ᠪᠠᠨ ᠪᠤᠷᠤᠯᠠᠭᠤᠯᠬᠤ ᠠᠰᠠᠭᠤᠳᠡᠯ ᠢ ᠤᠷᠢᠳᠴᠢᠯᠡᠨ ᠰᠢᠢᠳᠪᠦᠷᠢᠯᠡᠨ ᠦᠭᠴᠦ᠂ ᠭᠤᠶᠤᠴᠢᠯᠠᠭ᠎ᠠ ᠲᠤᠷᠡᠳᠤᠭᠰᠠᠨ ᠤᠢ ᠰᠢᠭᠤᠢ ᠶᠢᠨ ᠴᠢᠬᠢ ᠪᠤᠶᠢᠵᠢᠭᠤᠯᠬᠤ ᠲᠦᠯᠦᠪᠯᠡᠭᠡ ᠲᠠᠢ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠡᠷᠦᠬᠡ ᠶᠢ ᠪᠠᠯᠭᠠᠰᠤ ᠲᠤᠰᠬᠤᠨ ᠬᠤᠶᠠᠷ ᠱᠠᠳᠤ ᠪᠤᠯᠤᠨ ᠰᠤᠮᠤ ᠪᠠᠯᠭᠠᠰᠤ ᠶᠢᠨ ᠤᠢ ᠰᠢᠭᠤᠢ ᠶᠢᠨ ᠦᠷᠳᠡᠭᠡ ᠪᠦᠷᠢᠳᠭᠡᠨ ᠲᠡᠭᠡᠭᠰᠢ ᠮᠡᠳᠡᠬᠦᠯᠬᠦ ᠪᠠᠷ ᠲᠠᠮᠵᠢᠨ᠂ ᠤᠢ ᠰᠢᠭᠤᠢ ᠶᠢᠨ ᠰᠠᠯᠠᠭ᠎ᠠ ᠮᠦᠴᠢᠷ ᠤᠶᠢᠵᠢᠭᠤᠯᠬᠤ ᠭᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠢᠬᠢ ᠪᠤᠶᠢᠵᠢᠭᠤᠯᠬᠤ ᠡᠬᠦᠯᠳᠡᠷ ᠪᠤᠯᠤᠨ ᠲᠤᠭ᠎ᠠ ᠬᠡᠮᠵᠢᠶ᠎ᠡ ᠶᠢ ᠵᠤᠬᠢᠰᠳᠡᠢ ᠲᠤᠭᠳᠠᠭᠠᠬᠤ ᠶᠢᠨ ᠬᠠᠮᠳᠤ ᠴᠢᠬᠢ ᠪᠤᠶᠢᠵᠢᠭᠤᠯᠤᠭᠰᠠᠨ ᠶᠠᠳᠠᠭᠤ ᠡᠷᠦᠬᠡ ᠳᠤ ᠮᠡᠷᠬᠡᠵᠢᠯ ᠤᠨ ᠲᠡᠮᠵᠢᠯᠬᠡ ᠵᠢᠯᠤᠭᠤᠳᠤᠯᠭ᠎ᠠ ᠬᠠᠩᠭᠠᠨ᠂ ᠴᠢᠬᠢ ᠮᠤᠳᠤᠨ ᠤ ᠪᠠᠶᠢᠳᠡᠯ ᠢ ᠮᠦᠷᠳᠡᠨ ᠪᠠᠶᠢᠴᠠᠭᠠᠵᠦ᠂ ᠬᠢᠷᠢ ᠲᠡᠩᠴᠡᠬᠦ ᠴᠢᠬᠢ ᠮᠤᠳᠤ  ᠶᠢ ᠨᠢ ᠬᠠᠮᠵᠢᠨ ᠪᠤᠷᠤᠯᠠᠭᠤᠯᠵᠦ ᠦᠭᠭᠦᠨ᠎ᠡ᠃        19. ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠮᠤᠳᠤ ᠤᠭᠳᠤᠯᠬᠤ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ᠃ ᠲᠡᠩᠰᠡ ᠡᠪᠬᠡᠮᠡᠯ ᠺᠡᠷᠲ ᠲᠠᠢ ᠶᠠᠳᠠᠭᠤ  ᠡᠷᠦᠬᠡ ᠮᠤᠳᠤ ᠤᠭᠳᠤᠯᠬᠤ ᠵᠦᠪᠰᠢᠶᠡᠷᠡᠯ ᠤᠨ ᠭᠠᠷ ᠬᠦᠢᠴᠡᠳᠭᠡᠯ ᠬᠢᠬᠦ ᠲᠠᠯ᠎ᠠ ᠪᠠᠷ ᠬᠠᠷᠠᠭᠠᠯᠵᠠᠯᠠᠯ ᠦᠵᠡᠬᠦᠯᠵᠦ᠂ ᠪᠠᠰᠠ ᠤᠭᠳᠤᠯᠬᠤ ᠬᠦᠢᠴᠡᠳᠭᠡᠯ ᠲᠤᠭᠠᠨ ᠤ ᠲᠠᠯ᠎ᠠ ᠪᠠᠷ ᠶᠠᠳᠠᠭᠤ ᠡᠷᠦᠬᠡ ᠶᠢᠨ ᠮᠤᠳᠤ ᠤᠭᠳᠤᠯᠬᠤ ᠬᠡᠷᠡᠭᠴᠡᠭᠡ ᠶᠢ ᠬᠠᠮᠤᠭ ᠶᠡᠭᠡ ᠬᠡᠮᠵᠢᠶ᠎ᠡ ᠪᠠᠷ ᠪᠠᠳᠤᠯᠠᠨ᠎ᠠ᠃         20. ᠰᠢᠨ᠎ᠡ ᠨᠢᠬᠡ ᠡᠬᠡᠯᠵᠢ ᠶᠢᠨ ᠲᠠᠷᠢᠶᠠᠯᠠᠬᠤ ᠪᠠᠨ ᠵᠤᠭᠰᠦᠵᠦ ᠤᠶᠢᠵᠢᠭᠤᠯᠬᠤ ᠲᠦᠷᠦ ᠶᠢᠨ ᠪᠤᠳᠤᠯᠭ᠎ᠠ ᠃ ᠨᠦᠬᠦᠪᠦᠷᠢ ᠦᠭᠭᠦ ᠪᠠᠷᠢᠮᠵᠢᠶ᠎ᠡ ᠨᠢ ᠮᠤ᠋ ᠪᠦᠷᠢ 1500 ᠲᠦᠬᠦᠷᠢᠭ᠃ ᠡᠬᠦᠨ ᠤ ᠲᠤᠳᠤᠷ᠎ᠡ ᠤᠶᠢᠵᠢᠭᠤᠯᠦᠯᠳᠡ  ᠶᠢᠨ ᠨᠦᠬᠦᠪᠦᠷᠢ ᠮᠤ᠋ ᠪᠦᠷᠢ ᠳᠤ 300 ᠲᠦᠬᠦᠷᠢᠭ᠂ ᠪᠡᠯᠡᠨ ᠵᠤᠭᠤᠰ ᠤᠨ ᠨᠦᠬᠦᠪᠦᠷᠢ ᠮᠤ᠋ ᠪᠦᠷᠢ 1200 ᠲᠦᠬᠦᠷᠢᠭ ᠦᠭᠭᠦᠨ᠎ᠡ᠃ ᠭᠤᠷᠪᠡ ᠤᠳᠠᠭ᠎ᠠ ᠬᠤᠪᠢᠶᠠᠨ ᠲᠤᠭᠤᠭᠰᠢ ᠲᠠᠷᠬᠠᠭᠠᠨ᠎ᠠ᠄ ᠲᠦᠷᠦᠬᠦᠦ ᠵᠢᠯ 800 ᠲᠦᠬᠦᠷᠢᠭ ︵ᠦᠷ᠎ᠡ ᠶᠢᠨ ᠴᠢᠬᠢ ᠤᠶᠢᠵᠢᠭᠤᠯᠬᠤ ᠰᠦᠢᠳᠭᠡᠯ 300 ᠲᠦᠬᠦᠷᠢᠭ︶᠂ ᠭᠤᠷᠪᠠᠳᠤᠭᠠᠷ ᠵᠢᠯ ᠳᠤ 300 ᠲᠦᠬᠦᠷᠢᠭ᠂ ᠲᠠᠪᠤᠳᠤᠭᠠᠷ ᠵᠢᠯ ᠳᠤ 400 ᠲᠦᠬᠦᠷᠢᠭ ᠲᠠᠷᠬᠠᠭᠠᠨ᠎ᠠ᠃                  ︵ᠲᠦᠷᠪᠡ︶ ᠰᠤᠷᠭᠠᠨ ᠬᠦᠮᠦᠵᠢᠯ ᠢ ᠬᠦᠭᠵᠢᠬᠦᠯᠦᠨ ᠨᠢᠬᠡ ᠪᠦᠯᠦᠭ ᠢ ᠶᠠᠳᠠᠭᠤ ᠠᠴᠠ ᠨᠢ ᠠᠩᠭᠢᠵᠢᠷᠠᠭᠤᠯᠤᠨ᠎ᠠ                  21. ︽ᠠᠴᠢ ᠲᠤᠰᠠ ᠶᠢᠨ ᠲᠦᠯᠦᠪᠯᠡᠭᠡ︾᠃ ᠨᠦᠬᠦᠪᠦᠷᠢ ᠬᠦᠷᠳᠡᠬᠦ ᠡᠳᠡᠭᠡᠳ ᠨᠢ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠭᠡᠷ ᠪᠦᠯᠢ ᠶᠢᠨ ᠲᠤᠮᠳᠡ ᠵᠡᠷᠭᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ︵ᠡᠩ ᠤᠨ ᠲᠤᠮᠳᠡ ᠵᠡᠷᠭᠡ ᠶᠢᠨ ᠲᠤᠰᠬᠠᠢ ᠮᠡᠷᠬᠡᠵᠢᠯ᠂ ᠨᠠᠰᠤᠨ ᠳᠤ ᠬᠦᠷᠦᠭᠰᠡᠳ ᠤᠨ ᠶᠡᠭᠡ ᠰᠤᠷᠭᠠᠭᠤᠯᠢ ᠶᠢᠨ ᠲᠤᠰᠬᠠᠢ ᠮᠡᠷᠬᠡᠵᠢᠯ᠂ ᠠᠵᠢᠯ ᠮᠡᠷᠬᠡᠵᠢᠯ ᠤᠨ ᠦᠨᠳᠦᠷ ᠲᠤᠮᠳᠡᠳᠦ ᠰᠤᠷᠭᠠᠭᠤᠯᠢ᠂ ᠮᠡᠷᠬᠡᠵᠢᠯ ᠲᠠᠢ ᠠᠵᠢᠯᠴᠢᠨ ᠤ ᠲᠡᠬᠡᠳᠦ ᠰᠤᠷᠭᠠᠭᠤᠯᠢ︶᠂ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ︵ᠡᠩ  ᠤᠨ ᠶᠡᠭᠡ ᠲᠡᠬᠡᠳᠦ ᠰᠤᠷᠭᠠᠭᠤᠯᠢ᠂ ᠲᠡᠭᠡᠳᠦ ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ᠂ ᠮᠡᠷᠬᠡᠵᠢᠯ ᠲᠠᠢ ᠠᠵᠢᠯᠴᠢᠨ ᠤ ᠲᠡᠭᠡᠳᠦ ᠰᠤᠷᠭᠠᠭᠤᠯᠢ ᠶᠢ ᠪᠠᠭᠳᠠᠭᠠᠨ᠎ᠠ︶ ᠶᠢᠨ ᠰᠤᠷᠤᠭᠴᠢ ᠪᠠᠶᠢᠵᠦ᠂ ᠨᠦᠬᠦᠪᠦᠷᠢ ᠦᠭᠭᠦ ᠪᠠᠷᠢᠮᠵᠢᠶ᠎ᠡ  ᠨᠢ ᠵᠢᠯ ᠳᠤ ᠬᠦᠮᠦᠨ ᠪᠦᠷᠢ 1500 ᠲᠦᠬᠦᠷᠢᠭ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠵᠤᠬᠢᠶᠠᠨ ᠪᠠᠶᠢᠭᠤᠯᠤᠨ ᠭᠡᠷᠡᠭᠵᠢᠬᠦᠯᠦᠨ᠎ᠡ᠃         22. ᠶᠠᠳᠠᠭᠤ ᠬᠦᠴᠢᠷᠳᠡᠯᠳᠡᠢ ᠭᠡᠷ ᠪᠦᠯᠢ ᠶᠢᠨ ᠤᠶᠤᠳᠡᠨ ᠤ ᠰᠤᠷᠭᠠᠭᠤᠯᠢ ᠳᠤ ᠤᠷᠤᠬᠤ ᠶᠢ ᠲᠤᠰᠠᠯᠠᠬᠤ ᠲᠦᠷᠦᠯ ᠵᠦᠢᠯ᠃ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠭᠡᠷ ᠪᠦᠯᠢ ᠶᠢᠨ ᠦᠷ᠎ᠡ ᠬᠡᠦᠬᠡᠳ᠂ ᠦᠨᠦᠴᠢᠨ ᠬᠡᠦᠬᠡᠳ ᠡᠩ ᠤᠨ ᠲᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ ᠢ ᠨᠢ ᠡᠳ᠋ ᠮᠦᠩᠭᠦ ᠲᠤᠰᠠᠯᠠᠵᠦ᠂ ᠬᠤᠰᠢᠭᠤᠨ ᠤ ᠠᠷᠠᠳ ᠤᠨ ᠶᠠᠪᠤᠳᠡᠯ ᠤᠨ ᠲᠤᠪᠴᠢᠶ᠎ᠡ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠬᠦᠷᠳᠡᠬᠦ ᠬᠦᠮᠦᠰ ᠢ ᠲᠤᠭᠳᠠᠭᠠᠨ᠂ ᠰᠤᠷᠭᠠᠨ ᠬᠦᠮᠦᠵᠢᠯ ᠤᠨ ᠲᠤᠪᠴᠢᠶ᠎ᠡ ᠬᠠᠷᠢᠭᠤᠴᠠᠨ ᠬᠡᠷᠡᠭᠵᠢᠬᠦᠯᠵᠦ᠂ ᠪᠦᠷᠢᠳᠭᠡᠨ ᠲᠡᠭᠡᠭᠰᠢ ᠮᠡᠳᠡᠬᠦᠯᠦᠨ᠂ ᠡᠳ᠋ ᠤᠨ ᠵᠠᠰᠠᠭ ᠤᠨ ᠲᠤᠪᠴᠢᠶ᠎ᠡ ᠪᠡᠯᠡ ᠮᠦᠩᠭᠦ ᠲᠠᠷᠬᠠᠭᠠᠨ᠎ᠠ᠂ ᠵᠢᠩᠭᠢᠨᠢ ᠠᠩᠭᠢ ᠶᠢᠨ ᠤᠶᠤᠳᠡᠨ ᠳᠤ ᠨᠢᠬᠡᠯᠡ ᠤᠳᠠᠭᠠᠨ ᠤ ᠴᠢᠨᠡᠷ ᠲᠠᠢ 4 ᠲᠦᠮᠡᠨ ᠲᠦᠬᠦᠷᠢᠭ᠂ ᠲᠡᠭᠡᠳᠦ ᠵᠡᠷᠭᠡ ᠶᠢᠨ ᠲᠤᠰᠬᠠᠢ ᠮᠡᠷᠭᠡᠵᠢᠯ  ᠤᠨ ᠰᠤᠷᠤᠭᠴᠢᠳ ᠲᠤ ᠨᠢᠬᠡᠯᠡ ᠤᠳᠠᠭᠠᠨ ᠤ ᠴᠢᠨᠡᠷ ᠲᠠᠢ 3 ᠲᠦᠮᠡᠨ ᠲᠦᠬᠦᠷᠢᠭ ᠲᠤᠰᠠᠯᠠᠵᠦ᠂ ᠲᠡᠩᠰᠡ ᠡᠪᠬᠡᠮᠡᠯ ᠺᠡᠷᠲ ᠦᠭᠡᠢ ᠶᠠᠳᠠᠭᠤ ᠬᠦᠴᠢᠷᠳᠡᠯᠳᠡᠢ  ᠭᠡᠷ ᠪᠦᠯᠢ ᠶᠢᠨ ᠤᠶᠤᠳᠡᠨ ᠪᠦᠷᠢ ᠳᠤ ᠵᠢᠯ ᠪᠦᠷᠢ 1 ᠲᠦᠮᠡᠨ ᠲᠦᠬᠦᠷᠢᠭ ᠲᠤᠰᠠᠯᠠᠨ᠎ᠠ᠃ ᠪᠡᠯᠡ ᠮᠦᠩᠭᠦ ᠶᠢᠨ ᠢᠷᠡᠯᠳᠡ ᠨᠢ ᠦᠪᠡᠷᠳᠡᠭᠡᠨ ᠵᠠᠰᠠᠬᠤ ᠤᠷᠤᠨ᠂ ᠲᠦᠩᠯᠢᠶᠥᠥ ᠬᠤᠳᠡ ᠶᠢᠨ ᠡᠳ᠋  ᠤᠨ ᠵᠠᠰᠠᠭ ᠤᠨ ᠪᠡᠯᠡ ᠮᠦᠩᠭᠦ ᠪᠤᠯᠤᠨ᠎ᠠ᠃         23. ᠤᠶᠤᠳᠡᠳ ᠤᠨ ᠢᠷᠡᠯᠳᠡ ᠶᠢᠨ ᠭᠠᠵᠠᠷ ᠤᠨ ᠢᠳᠡᠬᠡᠮᠵᠢᠳᠦ ᠰᠤᠷᠤᠯᠭ᠎ᠠ ᠶᠢᠨ ᠲᠡᠳᠬᠦᠮᠵᠢ ᠶᠢᠨ ᠵᠢᠬᠡᠯᠡᠯᠬᠡ᠃ ᠤᠯᠤᠰ ᠤᠨ ᠨᠡᠬᠡᠬᠡᠯᠳᠡ ᠶᠢᠨ ᠪᠠᠩᠭᠢ ᠭᠡᠷ ᠪᠦᠯᠢ ᠶᠢᠨ ᠠᠵᠦ ᠠᠬᠤᠢ ᠬᠦᠴᠢᠷᠳᠡᠯ ᠲᠠᠢ ᠤᠶᠤᠳᠡᠨ ᠢ  ᠡᠳ᠋ ᠮᠦᠩᠭᠦ ᠪᠠᠷ ᠲᠤᠰᠠᠯᠠᠵᠦ᠂ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠡ᠂ ᠰᠤᠮᠤ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠬᠠᠮᠳᠤᠷᠡᠨ ᠬᠡᠷᠡᠭᠵᠢᠬᠦᠯᠵᠦ᠂ ᠵᠢᠩᠭᠢᠨᠢ ᠠᠩᠬᠢ ᠶᠢᠨ ᠤᠶᠤᠳᠡᠨ ᠵᠢᠯ ᠪᠦᠷᠢ 5000 ~8000 ᠲᠦᠬᠦᠷᠢᠭ᠂ ᠰᠤᠳᠤᠯᠬᠤ ᠰᠤᠷᠤᠭᠴᠢ ᠵᠢᠯ ᠪᠦᠷᠢ 8000 ~12000 ᠲᠦᠬᠦᠷᠢᠭ ᠵᠢᠬᠡᠯᠡᠵᠦ ᠪᠤᠯᠬᠤ ᠪᠦᠬᠡᠳ ᠬᠤᠭᠤᠴᠠᠭ᠎ᠠ ᠨᠢ 11 ~20 ᠵᠢᠯ᠂ ᠵᠢᠯ ᠤᠨ ᠬᠦᠦ ᠶᠢᠨ ᠨᠤᠷᠮ᠎ᠡ ᠨᠢ 4.9% ᠪᠤᠯᠤᠨ᠎ᠠ᠂ ᠰᠤᠷᠭᠠᠭᠤᠯᠢ ᠳᠤ ᠰᠤᠷᠤᠯᠴᠠᠬᠤ ᠬᠤᠭᠤᠴᠠᠭᠠᠨ ᠳᠠᠭᠠᠨ ᠤᠯᠤᠰ ᠤᠨ ᠲᠡᠮ ᠬᠦᠦ ᠮᠦᠩᠭᠦ ᠶᠢ ᠬᠦᠷᠳᠡᠨ᠂ ᠲᠡᠬᠦᠰᠦᠭᠰᠡᠨ ᠤ ᠰᠡᠬᠦᠯᠡᠷ ᠦᠪᠡᠷ ᠢᠶᠠᠨ ᠬᠦᠦ ᠮᠦᠩᠭᠦ ᠪᠠᠨ ᠲᠤᠰᠢᠶᠠᠨ᠂ ᠤᠭ ᠪᠡᠯᠡ ᠶᠢ ᠪᠤᠴᠠᠭᠠᠨ᠎ᠠ᠃         24.ᠲᠡᠭᠡᠳᠦ ᠰᠤᠷᠭᠠᠭᠤᠯᠢ ᠳᠤ ᠤᠷᠤᠭᠰᠡᠨ ᠠᠵᠦ ᠠᠬᠤᠢ ᠬᠦᠴᠢᠷᠳᠡᠯᠳᠡᠢ ᠭᠡᠷ ᠪᠦᠯᠢ ᠶᠢᠨ ᠦᠷ᠎ᠡ ᠬᠡᠦᠬᠡᠳ ᠤᠨ ᠵᠠᠮ ᠬᠠᠷᠢᠯᠴᠠᠭᠠᠨ ᠤ ᠨᠦᠬᠦᠪᠦᠷᠢ᠃ ᠲᠡᠭᠡᠳᠦ ᠰᠤᠷᠭᠠᠭᠤᠯᠢ ᠳᠤ ᠰᠢᠨ᠎ᠡ ᠤᠷᠤᠭᠰᠡᠨ ᠠᠵᠦ ᠠᠬᠤᠢ ᠬᠦᠴᠢᠷᠳᠡᠯᠳᠡᠢ ᠭᠡᠷ ᠪᠦᠯᠢ ᠶᠢᠨ ᠦᠷ᠎ᠡ ᠬᠡᠦᠬᠡᠳ ᠲᠤ ᠨᠢᠬᠡᠯᠡ ᠤᠳᠠᠭᠠᠨ ᠤ ᠴᠢᠨᠡᠷ ᠲᠠᠢ ᠵᠠᠮ ᠬᠠᠷᠢᠯᠴᠠᠭᠠᠨ ᠤ ᠨᠦᠬᠦᠪᠦᠷᠢ ᠦᠭᠭᠦᠨ᠎ᠡ᠂ ᠦᠪᠡᠷᠳᠡᠭᠡᠨ ᠵᠠᠰᠠᠬᠤ ᠤᠷᠤᠨ ᠤ ᠲᠤᠳᠤᠷᠡᠬᠢ ᠲᠡᠭᠡᠳᠦ ᠰᠤᠷᠭᠠᠭᠤᠯᠢ ᠳᠤ ᠤᠷᠤᠭᠰᠡᠳ ᠲᠤ 500 ᠲᠦᠬᠦᠷᠢᠭ᠂ ᠦᠪᠡᠷᠳᠡᠭᠡᠨ ᠵᠠᠰᠠᠬᠤ ᠤᠷᠤᠨ ᠤ ᠭᠠᠳᠡᠨᠡᠬᠢ ᠲᠡᠭᠡᠳᠦ ᠰᠤᠷᠭᠠᠭᠤᠯᠢ ᠳᠤ ᠤᠷᠤᠭᠰᠡᠳ ᠲᠤ 1000 ᠲᠦᠬᠦᠷᠢᠭ ᠦᠭᠭᠦᠨ᠎ᠡ᠃ ᠪᠤᠳᠡᠳᠡᠢ ᠠᠯᠬᠤᠮ ᠲᠠᠷᠠᠭ᠎ᠠ ᠨᠢ᠄ ᠲᠡᠭᠡᠳᠦ ᠰᠤᠷᠭᠠᠭᠤᠯᠢ ᠳᠤ ᠤᠷᠤᠭᠰᠡᠨ ᠰᠢᠨ᠎ᠡ ᠰᠤᠷᠤᠭᠴᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠡᠨ ᠤ ᠵᠤᠭᠤᠰ ᠲᠤᠰᠠᠯᠠᠬᠤ ᠠᠯᠪᠠᠨ ᠭᠡᠷ ᠲᠤ ᠨᠢᠬᠡᠳᠦᠯᠳᠡᠢ ᠬᠦᠷᠴᠦ ᠲᠡᠩᠰᠡᠯᠡᠨ ᠲᠡᠮᠳᠡᠭᠯᠡᠬᠦᠯᠵᠦ᠂ ᠨᠦᠬᠦᠪᠦᠷᠢ ᠶᠢᠨ ᠵᠤᠭᠤᠰ ᠢ ᠬᠤᠪᠢ ᠬᠦᠮᠦᠨ ᠤ ᠲᠠᠩᠰᠡᠨ ᠳᠤᠨᠢ ᠰᠢᠭᠤᠳ ᠲᠠᠷᠬᠠᠭᠠᠵᠦ ᠦᠭᠭᠦᠨ᠎ᠡ᠃         25. ᠬᠤᠰᠢᠭᠤᠨ ᠤ ᠲᠤᠰ ᠱᠠᠳᠤ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠰᠤᠷᠤᠭᠴᠢᠳ  ᠲᠤ ᠨᠦᠬᠦᠪᠦᠷᠢ ᠦᠭᠭᠦ ᠲᠦᠷᠦ ᠶᠢᠨ ᠪᠤᠳᠤᠯᠭ᠎ᠠ᠃ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠭᠡᠷ ᠪᠦᠯᠢ ᠶᠢᠨ ᠮᠠᠨ ᠤ ᠬᠤᠰᠢᠭᠤᠨ ᠳᠤ ᠪᠢᠴᠢᠭ ᠦᠵᠡᠵᠦ ᠪᠠᠶᠢᠭ᠎ᠠ ᠪᠠᠭ᠎ᠠ ᠰᠤᠷᠭᠠᠭᠤᠯᠢ᠂ ᠠᠩᠬ᠎ᠠ ᠲᠤᠮᠳᠡᠳᠦ ᠰᠤᠷᠭᠠᠭᠤᠯᠢ᠂ ᠦᠨᠳᠦᠷ ᠲᠤᠮᠳᠡᠳᠦ ᠰᠤᠷᠭᠠᠭᠤᠯᠢ ︵ᠲᠤᠮᠳᠡ ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ︶  ᠶᠢᠨ ᠰᠤᠷᠤᠭᠴᠢ ᠨᠢᠬᠡᠪᠦᠷᠢ ᠳᠤ ᠵᠢᠯ ᠳᠤ ᠲᠤᠰᠪᠤᠷᠢ 1800 ᠲᠦᠬᠦᠷᠢᠭ᠂ 2000 ᠲᠦᠬᠦᠷᠢᠭ᠂ 2400 ᠲᠦᠬᠦᠷᠢᠭ ᠤᠨ ᠨᠦᠬᠦᠪᠦᠷᠢ ᠦᠭᠭᠦᠨ᠎ᠡ᠃         26. ᠪᠠᠶᠢᠷᠢᠨ ᠳᠤ ᠰᠠᠭᠤᠬᠤ ᠰᠤᠷᠤᠭᠴᠢᠳ ᠤᠨ ᠠᠮᠢᠳᠦᠷᠡᠯ ᠤᠨ ᠨᠦᠬᠦᠪᠦᠷᠢ᠃ ᠨᠦᠬᠦᠪᠦᠷᠢ ᠬᠦᠷᠳᠡᠬᠦ ᠡᠳᠡᠭᠡᠳ ᠨᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠲᠤᠮᠳᠡᠳᠦ ᠰᠤᠷᠭᠠᠭᠤᠯᠢ᠂ ᠦᠨᠳᠦᠷ ᠲᠤᠮᠳᠡᠳᠦ ᠰᠤᠷᠭᠠᠭᠤᠯᠢ᠂ ᠲᠤᠮᠳᠡ ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠪᠠᠶᠢᠷᠢᠨ ᠳᠤ ᠰᠠᠭᠤᠬᠤ ᠰᠤᠷᠤᠭᠴᠢᠳ ᠪᠤᠯᠤᠨ᠎ᠠ᠂ ᠨᠦᠬᠦᠪᠦᠷᠢ ᠦᠭᠭᠦ ᠪᠡᠷᠢᠮᠵᠢᠶ᠎ᠡ ᠨᠢ ᠮᠤᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠪᠠᠶᠢᠷᠢᠨ ᠳᠤ ᠰᠠᠭᠤᠬᠤ ᠰᠤᠷᠤᠭᠴᠢ ᠨᠢᠬᠡᠪᠦᠷᠢ ᠵᠢᠯ ᠳᠤ 1350 ᠲᠦᠬᠦᠷᠢᠭ᠂ ᠬᠢᠳᠡᠳ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ  ᠶᠢᠨ ᠪᠠᠶᠢᠷᠢᠨ ᠳᠤ ᠰᠠᠭᠤᠬᠤ ᠰᠤᠷᠤᠭᠴᠢ ᠨᠢᠬᠡᠪᠦᠷᠢ ᠵᠢᠯ ᠳᠤ 1000 ᠲᠦᠬᠦᠷᠢᠭ ᠨᠦᠬᠦᠪᠦᠷᠢ ᠦᠭᠭᠦᠨ᠎ᠡ︔ ᠮᠤᠩᠭᠤᠯ ᠢᠶᠠᠷ ᠬᠢᠴᠢᠶᠡᠯᠯᠡᠬᠦ ᠠᠩᠬ᠎ᠠ ᠲᠤᠮᠳᠡᠳᠦ ᠶᠢᠨ ᠪᠠᠶᠢᠷᠢᠨ ᠳᠤ ᠰᠠᠭᠤᠬᠤ ᠰᠤᠷᠤᠭᠴᠢ ᠨᠢᠬᠡᠪᠦᠷᠢ ᠵᠢᠯ ᠳᠤ 1620 ᠲᠦᠬᠦᠷᠢᠭ᠂ ᠬᠢᠳᠡᠳ ᠢᠶᠠᠷ ᠬᠢᠴᠢᠶᠡᠯᠯᠡᠬᠦ ᠠᠩᠬ᠎ᠠ ᠲᠤᠮᠳᠡᠳᠦ ᠶᠢᠨ ᠪᠠᠶᠢᠷᠢᠨ ᠳᠤ ᠰᠠᠭᠤᠬᠤ ᠰᠤᠷᠤᠭᠴᠢ ᠨᠢᠬᠡᠪᠦᠷᠢ ᠵᠢᠯ ᠳᠤ 1250 ᠲᠦᠬᠦᠷᠢᠭ ᠦᠭᠭᠦᠨ᠎ᠡ︔ ᠮᠤᠩᠭᠤᠯ ᠢᠶᠠᠷ ᠬᠢᠴᠢᠶᠡᠯᠯᠡᠬᠦ ᠦᠨᠳᠦᠷ ᠲᠤᠮᠳᠡᠳᠦ ᠶᠢᠨ ᠪᠠᠶᠢᠷᠢᠨ ᠳᠤ ᠰᠠᠭᠤᠬᠤ ᠰᠤᠷᠤᠭᠴᠢ ᠨᠢᠬᠡᠪᠦᠷᠢ ᠵᠢᠯ ᠳᠤ 1890 ᠲᠦᠬᠦᠷᠢᠭ ︵ᠬᠢᠳᠡᠳ ᠢᠶᠠᠷ ᠬᠢᠴᠢᠶᠡᠯᠯᠡᠬᠦ ᠰᠤᠷᠤᠭᠴᠢᠳ ᠲᠤ ᠡᠨᠡᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠦᠭᠡᠢ︶ ᠦᠭᠭᠦᠨ᠎ᠡ᠂ ᠲᠤᠮᠳᠡ ᠵᠡᠷᠭᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠪᠠᠶᠢᠷᠢᠨ ᠳᠤ ᠰᠠᠭᠤᠬᠤ ᠰᠤᠷᠤᠭᠴᠢ ᠨᠢᠬᠡᠪᠦᠷᠢ ᠵᠢᠯ ᠳᠤ 500 ᠲᠦᠬᠦᠷᠢᠭ ᠦᠭᠭᠦᠨ᠎ᠡ᠃ ᠰᠤᠷᠭᠠᠨ ᠬᠦᠮᠦᠵᠢᠯ ᠤᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃         27. ᠦᠨᠳᠦᠷ ᠲᠤᠮᠳᠡᠳᠦ ᠶᠢᠨ ᠱᠠᠳᠤᠨ ᠤ ᠶᠠᠳᠠᠭᠤ ᠬᠦᠴᠢᠷᠳᠡᠯᠳᠡᠢ ᠰᠤᠷᠤᠭᠴᠢᠳ ᠤᠨ ᠰᠤᠷᠤᠯᠭ᠎ᠠ ᠶᠢᠨ ᠲᠤᠰᠠᠯᠠᠮᠵᠢ ᠶᠢᠨ ᠮᠦᠩᠭᠦ᠃ ᠡᠩ ᠤᠨ ᠦᠨᠳᠦᠷ ᠵᠡᠷᠭᠡ ᠶᠢᠨ ᠲᠤᠮᠳᠡᠳᠦ ᠰᠤᠷᠭᠠᠭᠤᠯᠢ 30% ᠶᠢᠨ ᠬᠠᠷᠢᠴᠠᠯ ᠢᠶᠠᠷ ᠶᠠᠳᠠᠭᠤ ᠬᠦᠴᠢᠷᠳᠡᠯᠳᠡᠢ ᠰᠤᠷᠤᠭᠴᠢ ᠶᠢ ᠲᠤᠭᠳᠠᠭᠠᠵᠦ᠂ ᠤᠯᠤᠰ ᠠᠴᠠ ᠰᠤᠷᠤᠭᠴᠢ ᠨᠢᠬᠡᠪᠦᠷᠢ ᠳᠤ ᠵᠢᠯ ᠳᠤ 2000 ᠲᠦᠬᠦᠷᠢᠭ ᠤᠨ ᠰᠤᠷᠤᠯᠭ᠎ᠠ ᠶᠢᠨ ᠲᠤᠰᠠᠯᠠᠮᠵᠢ ᠶᠢᠨ ᠮᠦᠩᠭᠦ ᠦᠭᠭᠦᠨ᠎ᠡ︔ ᠲᠤᠮᠳᠡ ᠵᠡᠷᠭᠡ ᠶᠢᠨ ᠠᠵᠢᠯ ᠮᠡᠷᠬᠡᠵᠢᠯ  ᠤᠨ ᠰᠤᠷᠭᠠᠭᠤᠯᠢ ᠶᠢᠨ ᠰᠤᠷᠭᠠᠭᠤᠯᠢ ᠳᠤ ᠰᠠᠭᠤᠭ᠎ᠠ ᠰᠤᠷᠤᠭᠴᠢ ᠨᠢᠬᠡᠪᠦᠷᠢ ᠳᠤ ᠵᠢᠯ ᠳᠤ 2000 ᠲᠦᠬᠦᠷᠢᠭ ᠤᠨ ᠰᠤᠷᠤᠯᠭ᠎ᠠ ᠶᠢᠨ ᠲᠤᠰᠠᠯᠠᠮᠵᠢ ᠶᠢᠨ ᠮᠦᠩᠭᠦ ᠶᠢᠨ ᠨᠦᠬᠦᠪᠦᠷᠢ ᠦᠭᠭᠦᠨ᠎ᠡ᠃          28. ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠤᠨᠴᠠ ᠬᠦᠴᠢᠷᠳᠡᠯᠳᠡᠢ ᠭᠡᠷ ᠪᠦᠯᠢ  ᠶᠢᠨ ᠦᠷ᠎ᠡ ᠬᠡᠦᠬᠡᠳ ᠢ ᠠᠪᠤᠷᠡᠨ ᠲᠤᠰᠠᠯᠠᠬᠤ ᠲᠦᠷᠦᠯ ᠵᠦᠢᠯ᠃ ᠬᠤᠰᠢᠭᠤᠨ ᠤ ᠶᠠᠳᠠᠭᠤ ᠶᠢ ᠲᠡᠳᠬᠦᠨ ᠰᠤᠷᠤᠯᠭ᠎ᠠ  ᠶᠢ ᠲᠡᠮᠵᠢᠬᠦ ᠰᠠᠭᠤᠷᠢ ᠮᠦᠩᠭᠦᠨ ᠤ ᠨᠡᠶᠢᠬᠡᠮᠯᠢᠭ ᠤᠨ ᠵᠤᠬᠢᠶᠠᠨ ᠪᠠᠶᠢᠭᠤᠯᠤᠯᠳᠡ ᠬᠡᠷᠡᠭᠵᠢᠬᠦᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠭᠡᠷ ᠪᠦᠯᠢ ᠶᠢᠨ ᠠᠵᠦ ᠠᠬᠤᠢ ᠨᠢ ᠤᠨᠴᠠ ᠬᠦᠴᠢᠷᠳᠡᠯᠳᠡᠢ ᠰᠤᠷᠤᠭᠴᠢ᠂ ᠦᠨᠦᠴᠢᠨ ᠬᠡᠦᠬᠡᠳ ᠢ ᠠᠪᠤᠷᠡᠨ ᠲᠤᠰᠠᠯᠠᠵᠦ᠂ ᠪᠡᠷᠢᠮᠵᠢᠶ᠎ᠡ ᠨᠢ ᠤᠨᠴᠠ ᠬᠦᠴᠢᠷᠳᠡᠯᠳᠡᠢ ᠰᠤᠷᠤᠭᠴᠢ ᠨᠢᠬᠡᠪᠦᠷᠢ ᠶᠢ ᠰᠤᠷᠤᠯᠭ᠎ᠠ ᠶᠢᠨ ᠬᠤᠭᠤᠴᠠᠭ᠎ᠠ ᠪᠦᠷᠢ 200 ᠲᠦᠬᠦᠷᠢᠭ᠂ ᠦᠨᠦᠴᠢᠨ ᠬᠡᠦᠬᠡᠳ ᠨᠢᠬᠡᠪᠦᠷᠢ ᠶᠢ ᠰᠤᠷᠤᠯᠭ᠎ᠠ ᠶᠢᠨ ᠬᠤᠭᠤᠴᠠᠭ᠎ᠠ ᠪᠦᠷᠢ 400 ᠲᠦᠬᠦᠷᠢᠭ ᠲᠤᠰᠠᠯᠠᠨ᠎ᠠ᠃          29. ᠬᠤᠳᠡ ᠬᠦᠳᠡᠭᠡᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠭᠡᠷ ᠪᠦᠯᠢ᠂ ᠤᠨᠴᠠ ᠬᠦᠴᠢᠷᠳᠡᠯᠳᠡᠢ ᠭᠡᠷ ᠪᠦᠯᠢ ᠶᠢᠨ ᠦᠷ᠎ᠡ ᠬᠡᠦᠬᠡᠳ ᠤᠨ ᠬᠤᠭᠤᠯᠠᠨ ᠰᠦᠢᠳᠭᠡᠯ ᠢ ᠬᠡᠯᠳᠦᠷᠢᠬᠦᠯᠬᠦ ᠲᠦᠷᠦ ᠶᠢᠨ ᠪᠤᠳᠤᠯᠭ᠎ᠠ᠃ ᠮᠠᠨ ᠤ ᠬᠤᠰᠢᠭᠤᠨ ᠳᠤ ᠪᠢᠴᠢᠭ ᠦᠵᠡᠵᠦ ᠪᠠᠶᠢᠭ᠎ᠠ ᠪᠦᠬᠡᠳ ᠰᠤᠷᠭᠠᠭᠤᠯᠢ ᠶᠢᠨ ᠬᠤᠭᠤᠯᠠᠨ ᠭᠡᠷ ᠲᠤ ᠬᠤᠭᠤᠯᠠ ᠢᠳᠡᠵᠦ ᠪᠠᠶᠢᠭ᠎ᠠ ᠪᠠᠭ᠎ᠠ ᠰᠤᠷᠭᠠᠭᠤᠯᠢ᠂ ᠠᠩᠬ᠎ᠠ ᠲᠤᠮᠳᠡᠳᠦ ᠰᠤᠷᠭᠠᠭᠤᠯᠢ᠂ ᠦᠨᠳᠦᠷ ᠲᠤᠮᠳᠡᠳᠦ ᠰᠤᠷᠭᠠᠭᠤᠯᠢ ᠶᠢᠨ ᠬᠤᠳᠡ ᠬᠦᠳᠡᠭᠡᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠭᠡᠷ ᠪᠦᠯᠢ᠂ ᠤᠨᠴᠠ ᠬᠦᠴᠢᠷᠳᠡᠯᠳᠡᠢ ᠭᠡᠷ ᠪᠦᠯᠢ ᠶᠢᠨ ᠦᠷ᠎ᠡ ᠬᠡᠦᠬᠡᠳ ᠤᠨ ᠬᠤᠭᠤᠯᠠᠨ ᠰᠦᠢᠳᠭᠡᠯ ᠢ ᠬᠡᠯᠳᠦᠷᠢᠬᠦᠯᠦᠨ᠎ᠡ᠃                  ︵ᠲᠠᠪᠤ︶ ᠨᠡᠶᠢᠬᠡᠮ ᠤᠨ ᠪᠠᠳᠤᠯᠠᠪᠤᠷᠢ ᠪᠠᠷ ᠨᠢᠬᠡ ᠪᠦᠯᠦᠭ ᠢ ᠲᠡᠳᠬᠦᠨ᠎ᠡ                30. ᠤᠨᠴᠠᠭᠠᠢ ᠪᠦᠯᠦᠭᠯᠡᠯ ᠤᠨ ᠨᠠᠰᠤᠵᠢᠯ ᠤᠨ ᠲᠠᠭᠠᠳᠬᠠᠯ ᠢ ᠵᠠᠰᠠᠭ ᠤᠨ ᠤᠷᠳᠤᠨ ᠤᠷᠤᠯᠠᠨ ᠲᠤᠰᠢᠶᠠᠵᠦ ᠨᠦᠬᠦᠪᠦᠷᠢᠯᠡᠬᠦ ᠲᠦᠷᠦ ᠶᠢᠨ ᠪᠤᠳᠤᠯᠭ᠎ᠠ᠃ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠲᠠᠪᠤᠨ ᠪᠠᠳᠤᠯᠠᠭᠠᠳᠦ ᠡᠷᠦᠬᠡ᠂ ᠬᠦᠨᠳᠦ ᠵᠡᠮᠳᠡᠭ ᠬᠦᠮᠦᠨ᠂ ᠲᠦᠯᠦᠪᠯᠡᠬᠡᠳᠦ ᠦᠷᠡᠵᠢᠯ ᠤᠨ ᠤᠨᠴᠠᠭᠠᠢ ᠭᠡᠷ ᠪᠦᠯᠢ ᠵᠡᠷᠭᠡ ᠰᠦᠢᠳᠭᠡᠯ ᠲᠤᠰᠢᠠᠬᠤ ᠳᠤ ᠬᠦᠴᠢᠷᠳᠡᠬᠦ ᠪᠦᠯᠦᠭᠯᠡᠯ ᠳᠤ ᠭᠠᠵᠠᠷ ᠤᠷᠤᠨ ᠤ ᠵᠠᠰᠠᠭ ᠤᠨ ᠤᠷᠳᠤᠨ ᠨᠢ 100 ᠲᠦᠬᠦᠷᠢᠭ ᠤᠨ ᠰᠦᠢᠳᠭᠡᠯ ᠲᠤᠰᠢᠶᠠᠬᠤ ᠪᠡᠷᠢᠮᠵᠢᠶ᠎ᠡ ᠪᠠᠷ ᠲᠡᠳᠡᠨᠡᠷ ᠢ ᠤᠷᠤᠯᠠᠨ ᠨᠠᠰᠤᠵᠢᠯ ᠤᠨ ᠲᠠᠭᠠᠳᠬᠠᠯ ᠢ  ᠨᠢ ᠲᠤᠰᠢᠶᠠᠵᠦ᠂ ᠶᠠᠳᠠᠭᠤ ᠡᠷᠦᠬᠡ ᠶᠢ ᠬᠠᠪᠰᠤᠷᠤᠨ ᠬᠦᠳᠡᠭᠡ ᠲᠤᠰᠬᠤᠨ ᠮᠠᠯᠵᠢᠬᠤ ᠤᠷᠤᠨ ᠤ ᠨᠡᠶᠢᠬᠡᠮ ᠤᠨ ᠨᠠᠰᠤᠵᠢᠯ ᠤᠨ ᠲᠠᠭᠠᠳᠬᠠᠯ ᠳᠤ ᠤᠷᠤᠯᠴᠠᠭᠤᠯᠤᠨ᠎ᠠ᠃          31. ᠠᠷᠠᠳ ᠤᠨ ᠶᠠᠪᠤᠳᠡᠯ ᠤᠨ ᠡᠮ ᠡᠮᠨᠡᠯᠬᠡ ᠶᠢᠨ ᠠᠪᠤᠷᠡᠯᠳᠡ ᠲᠤᠰᠠᠯᠠᠮᠵᠢ᠃ ᠬᠦᠳᠡᠭᠡ ᠲᠤᠰᠬᠤᠨ ᠮᠠᠯᠵᠢᠬᠤ ᠤᠷᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ᠂ ᠤᠨᠴᠠ ᠬᠦᠴᠢᠷᠳᠡᠯᠳᠡᠢ ᠬᠦᠮᠦᠰ ᠢ ᠠᠰᠡᠷᠡᠨ ᠲᠡᠵᠢᠬᠡᠬᠦ ᠬᠦᠷᠢᠶ᠎ᠡ ᠬᠡᠪᠴᠢᠶ᠎ᠡ ᠳᠤ ᠤᠷᠤᠭᠰᠡᠨ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠬᠦᠮᠦᠨ ᠠᠮᠠ ᠡᠮ ᠡᠮᠨᠡᠯᠬᠡ ᠶᠢᠨ ᠪᠠᠶᠢᠭᠤᠯᠤᠮᠵᠢ ᠳᠤ ᠰᠠᠭᠤᠨ ᠡᠮᠴᠢᠯᠡᠬᠦᠯᠦᠭᠰᠡᠨ ᠤ ᠲᠠᠷᠠᠭ᠎ᠠ᠂ ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠭᠡ᠂ ᠬᠦᠨᠳᠦ ᠡᠪᠡᠳᠴᠢᠨ ᠤ ᠲᠠᠭᠠᠳᠬᠠᠯ᠂ ᠬᠤᠳᠡᠯᠳᠤᠭᠠᠨ ᠤ ᠦᠢᠯᠡᠰ ᠤᠨ ᠨᠦᠬᠦᠪᠦᠷᠢ ᠡᠮ ᠡᠮᠨᠡᠯᠬᠡ ᠶᠢᠨ ᠲᠠᠭᠠᠳᠬᠠᠯ ᠢᠶᠠᠨ ᠮᠡᠳᠡᠬᠦᠯᠦᠨ ᠤᠰᠠᠳᠬᠠᠭᠰᠠᠨ ᠤ ᠰᠡᠬᠦᠯᠡᠷ᠂ ᠲᠦᠷᠦ ᠶᠢᠨ ᠪᠤᠳᠤᠯᠭ᠎ᠠ ᠶᠢᠨ ᠬᠦᠷᠢᠶ᠎ᠡ ᠬᠡᠪᠴᠢᠶ᠎ᠡ ᠲᠤᠳᠤᠷᠡᠬᠢ ᠬᠤᠪᠢ ᠬᠦᠮᠦᠨ ᠤ ᠬᠠᠷᠢᠭᠤᠴᠠᠬᠤ ᠰᠦᠢᠳᠭᠡᠯ ᠢ 70% ᠠᠴᠠ ᠲᠤᠤᠷ᠎ᠡ ᠪᠠᠶᠢᠯᠭᠠᠬᠤ ᠦᠭᠡᠢ ᠂ 90% ᠶᠢ ᠲᠠᠪᠠᠭᠤᠯᠬᠤ ᠦᠭᠡᠢ ᠬᠠᠷᠢᠴᠠᠯ ᠢᠶᠠᠷ ᠡᠮ ᠡᠮᠨᠡᠯᠬᠡ ᠶᠢᠨ ᠠᠪᠤᠷᠡᠯᠳᠡ ᠲᠤᠰᠠᠯᠠᠮᠵᠢ ᠦᠵᠡᠬᠦᠯᠦᠨ᠎ᠡ᠃ ᠡᠬᠦᠨ ᠤ ᠲᠤᠳᠤᠷ᠎ᠡ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠡᠨ ᠳᠤ ᠰᠠᠭᠤᠵᠦ ᠵᠠᠰᠠᠭᠤᠯᠤᠭᠰᠠᠨ ᠡᠪᠡᠳᠴᠢᠳᠡᠨ ᠤ ᠰᠦᠢᠳᠭᠡᠯ ᠢ ᠲᠡᠷᠦᠢ ᠳᠤᠨᠢ ᠪᠤᠳᠤᠨ ᠦᠭᠬᠦᠨ᠎ᠡ︔ ᠪᠤᠰᠤᠳ ᠡᠮᠨᠡᠯᠬᠡ ᠶᠢᠨ ᠬᠤᠷᠢᠶᠡᠨ ᠳᠤ ᠰᠠᠭᠤᠵᠦ ᠵᠠᠰᠠᠭᠤᠯᠤᠭᠰᠠᠨ ᠡᠪᠡᠳᠴᠢᠳᠡᠨ ᠤ ᠰᠦᠢᠳᠭᠡᠯ ᠢ ᠬᠤᠯᠪᠤᠭᠳᠡᠯ ᠪᠦᠬᠦᠢ ᠭᠠᠷ ᠬᠦᠢᠴᠡᠳᠭᠡᠯ ᠢ ᠬᠢᠵᠦ ᠪᠠᠷᠠᠭᠰᠠᠨ ᠤ ᠲᠠᠷᠠᠭ᠎ᠠ ᠲᠤᠰᠠᠯᠠᠮᠵᠢ ᠦᠵᠡᠬᠦᠯᠦᠨ᠎ᠡ᠃         32.ᠲᠡᠩᠰᠡ ᠡᠪᠬᠡᠮᠡᠯ ᠺᠡᠷᠲ ᠲᠠᠢ ᠵᠡᠮᠳᠡᠭ ᠶᠠᠳᠠᠭᠤ ᠡᠷᠦᠬᠡ ᠶᠢᠨ ᠨᠦᠬᠦᠪᠦᠷᠢ᠃ ᠬᠦᠮᠦᠨ ᠪᠦᠷᠢ ᠵᠢᠯ  ᠳᠤ ᠶᠠᠳᠠᠭᠤ ᠬᠦᠴᠢᠷᠳᠡᠯᠳᠡᠢ ᠶᠢᠨ ᠨᠦᠬᠦᠪᠦᠷᠢ 360 ᠲᠦᠬᠦᠷᠢᠭ ᠲᠠᠷᠬᠠᠭᠠᠵᠦ᠂ ᠲᠡᠩᠰᠡ ᠡᠪᠬᠡᠮᠡᠯ ᠺᠡᠷᠲ ᠲᠠᠢ ᠶᠠᠳᠠᠭᠤ ᠬᠦᠴᠢᠷᠳᠡᠯᠳᠡᠢ ᠡᠷᠦᠬᠡ ᠲᠤᠳᠤᠷᠡᠬᠢ ᠬᠦᠨᠳᠦ ᠵᠡᠮᠳᠡᠭ ᠬᠦᠮᠦᠨ ᠪᠦᠷᠢ ᠳᠤ ᠵᠢᠯ ᠳᠤ ᠠᠰᠡᠷᠡᠨ ᠰᠤᠪᠢᠯᠠᠬᠤ ᠨᠦᠬᠦᠪᠦᠷᠢ 500 ᠲᠦᠬᠦᠷᠢᠭ ᠦᠭᠭᠦᠨ᠎ᠡ᠃         33. ᠬᠦᠳᠡᠭᠡ ᠲᠤᠰᠬᠤᠨ ᠤ ᠲᠠᠪᠤᠨ ᠪᠠᠳᠤᠯᠭᠠᠳᠦ ᠡᠷᠦᠬᠡ ᠶᠢ ᠲᠦᠪᠯᠡᠷᠡᠬᠦᠯᠦᠨ ᠠᠰᠡᠷᠡᠨ ᠲᠡᠵᠢᠬᠡᠬᠦ᠂ ᠲᠠᠷᠬᠠᠢ ᠪᠤᠳᠡᠷᠬᠠᠢ ᠠᠰᠡᠷᠡᠨ ᠲᠡᠵᠢᠬᠡᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ᠃ ᠲᠦᠪᠯᠡᠷᠡᠬᠦᠯᠦᠨ ᠠᠰᠡᠷᠡᠨ ᠲᠡᠵᠢᠬᠡᠬᠦ ᠨᠦᠬᠦᠪᠦᠷᠢ ᠶᠢᠨ ᠪᠠᠷᠢᠮᠵᠢᠶ᠎ᠡ ᠨᠢ᠄ 2015 ᠤᠨ ᠳᠤ ᠬᠦᠮᠦᠨ ᠪᠦᠷᠢ 7000 ᠲᠦᠬᠦᠷᠢᠭ᠂ 2016 ᠤᠨ ᠳᠤ ᠬᠦᠮᠦᠨ ᠪᠦᠷᠢ 8000 ᠲᠦᠬᠦᠷᠢᠭ᠂ 2017 ᠤᠨ ᠳᠤ ᠬᠦᠮᠦᠨ ᠪᠦᠷᠢ 9000 ᠲᠦᠬᠦᠷᠢᠭ ᠦᠭᠭᠦᠨ᠎ᠡ᠃ ᠲᠠᠷᠬᠠᠢ ᠪᠤᠳᠡᠷᠬᠠᠢ ᠠᠰᠡᠷᠡᠨ ᠲᠡᠵᠢᠬᠡᠬᠦ ᠨᠦᠬᠦᠪᠦᠷᠢ ᠶᠢᠨ ᠪᠠᠷᠢᠮᠵᠢᠶ᠎ᠠ ᠨᠢ᠄  2015 ᠤᠨ ᠳᠤ ᠬᠦᠮᠦᠨ ᠪᠦᠷᠢ 4000 ᠲᠦᠬᠦᠷᠢᠭ᠂ 2016 ᠤᠨ ᠳᠤ ᠬᠦᠮᠦᠨ ᠪᠦᠷᠢ 4500 ᠲᠦᠬᠦᠷᠢᠭ᠂ 2017 ᠤᠨ  ᠳᠤ ᠬᠦᠮᠦᠨ ᠪᠦᠷᠢ 6200 ᠲᠦᠬᠦᠷᠢᠭ ᠦᠭᠭᠦᠨ᠎ᠡ᠃         34. ᠨᠠᠰᠤᠨ ᠬᠤᠳᠤᠭ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ᠃ 80 ᠨᠠᠰᠤ ᠶᠢ ᠲᠠᠪᠠᠭᠰᠠᠨ ᠨᠠᠰᠤᠳᠡᠨ ᠨᠢᠬᠡᠪᠦᠷᠢ ᠳᠤ ᠰᠡᠷ᠎ᠡ ᠪᠦᠷᠢ 100 ᠲᠦᠬᠦᠷᠢᠭ ᠤᠨ ᠨᠦᠬᠦᠪᠦᠷᠢ ᠦᠭᠴᠦ᠂ ᠪᠦᠬᠦ ᠵᠢᠯ 1200 ᠲᠦᠬᠦᠷᠢᠭ ᠦᠭᠬᠦᠨ᠎ᠡ︔ 100 ᠨᠠᠰᠤ   ᠶᠢ ᠲᠠᠪᠠᠭᠰᠠᠨ ᠨᠠᠰᠤᠳᠡᠨ ᠨᠢᠬᠡᠪᠦᠷᠢ ᠳᠤ ᠰᠡᠷ᠎ᠡ ᠪᠦᠷᠢ 600 ᠲᠦᠬᠦᠷᠢᠭ  ᠤᠨ ᠨᠦᠬᠦᠪᠦᠷᠢ ᠦᠭᠴᠦ᠂ ᠪᠦᠬᠦ ᠵᠢᠯ ᠳᠤ 7200 ᠲᠦᠬᠦᠷᠢᠭ ᠦᠭᠭᠦᠨ᠎ᠡ᠃         35. ᠬᠦᠳᠡᠭᠡ ᠲᠤᠰᠬᠤᠨ ᠳᠤ ᠡᠷᠦᠬᠡ ᠠᠮᠠ ᠲᠠᠢ ᠴᠡᠷᠢᠭ ᠠᠴᠠ ᠬᠠᠯᠠᠭᠳᠠᠭᠰᠡᠳ ᠤᠨ ᠠᠮᠢᠳᠦᠷᠡᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ᠃ 60 ᠨᠠᠰᠤ ᠶᠢ ᠲᠠᠪᠠᠭᠰᠠᠨ ᠬᠦᠳᠡᠭᠡ ᠲᠤᠰᠬᠤᠨ ᠳᠤ ᠡᠷᠦᠬᠡ ᠠᠮᠠ  ᠲᠠᠢ ᠴᠡᠷᠢᠭ ᠠᠴᠠ ᠬᠠᠯᠠᠭᠳᠠᠭᠰᠡᠳ ᠤᠨ ᠠᠮᠢᠳᠦᠷᠡᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠴᠡᠷᠢᠭ ᠤᠨ ᠨᠠᠰᠤ ᠪᠦᠷᠢ ᠳᠤ ᠰᠡᠷ᠎ᠡ ᠳᠤ 25 ᠲᠦᠬᠦᠷᠢᠭ ᠤᠨ ᠨᠦᠬᠦᠪᠦᠷᠢ ᠦᠭᠭᠦᠨ᠎ᠡ᠃         36 ᠠᠷᠠᠳ ᠤᠨ ᠶᠠᠪᠤᠳᠡᠯ ᠤᠨ ᠲᠦᠷ ᠴᠠᠭ ᠠᠪᠤᠷᠡᠨ ᠲᠤᠰᠠᠯᠠᠬᠤ ᠲᠦᠷᠦ ᠶᠢᠨ ᠪᠤᠳᠤᠯᠭ᠎ᠠ᠃ ᠭᠠᠯ ᠭᠠᠮᠰᠢᠭ ᠲᠡᠷᠭᠡᠨ ᠠᠳᠡᠯ ᠵᠡᠷᠭᠡ ᠰᠠᠨᠠᠭᠠᠨ ᠳᠤ ᠦᠭᠡᠢ ᠬᠡᠷᠡᠭ᠂ ᠬᠡᠨᠡᠳᠳᠡ ᠶᠢᠨ ᠬᠦᠨᠳᠦ ᠡᠪᠡᠳᠴᠢᠨ ᠵᠡᠷᠭᠡ ᠠᠴᠠ ᠪᠤᠯᠵᠦ ᠦᠨᠳᠦᠰᠦᠨ ᠠᠮᠢᠳᠦᠷᠡᠯ ᠨᠢ ᠲᠦᠷ ᠴᠠᠭ ᠬᠡᠴᠡᠬᠦᠦ ᠬᠦᠴᠢᠷᠳᠡᠭᠰᠡᠨ ᠭᠡᠷ ᠪᠦᠯᠢ᠂ ᠡᠰᠡᠬᠦᠯ᠎ᠡ ᠠᠮᠢᠳᠦᠷᠡᠯ ᠤᠨ ᠴᠢᠬᠤᠯᠡ ᠪᠦᠬᠦᠢ ᠵᠠᠷᠤᠯᠭ᠎ᠠ ᠨᠢ ᠬᠡᠨᠡᠳᠳᠡ ᠨᠡᠮᠡᠭᠳᠡᠭᠰᠡᠨ ᠠᠴᠠ ᠪᠤᠯᠵᠦ ᠦᠨᠳᠦᠰᠦᠨ ᠠᠮᠢᠳᠦᠷᠡᠯ ᠨᠢ ᠲᠦᠷ ᠴᠠᠭ ᠤᠨ ᠴᠢᠨᠡᠷ ᠲᠠᠢ ᠬᠡᠴᠡᠬᠦᠦ ᠬᠦᠴᠢᠷᠳᠡᠭᠰᠡᠨ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠭᠡ᠂ ᠤᠨᠴᠠ ᠬᠦᠴᠢᠷᠳᠡᠯᠳᠡᠢ ᠡᠷᠦᠬᠡ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠵᠡᠷᠭᠡ ᠭᠡᠷ ᠪᠦᠯᠢ ᠳᠤ ᠲᠦᠷ ᠴᠠᠭ ᠤᠨ ᠠᠪᠤᠷᠡᠯᠳᠡ ᠲᠤᠰᠠᠯᠠᠮᠵᠢ ᠦᠵᠡᠬᠦᠯᠵᠦ᠂ ᠠᠪᠤᠷᠡᠨ ᠲᠤᠰᠠᠯᠠᠬᠤ ᠬᠡᠮᠵᠢᠶ᠎ᠡ ᠨᠢ 500 ᠲᠦᠬᠦᠷᠢᠭ ᠠᠴᠠ ᠡᠬᠢᠯᠡᠨ ᠬᠠᠮᠤᠭ ᠠᠷᠪᠢᠨ ᠳᠠᠭᠠᠨ 10000 ᠲᠦᠬᠦᠷᠢᠭ ᠲᠤᠰᠠᠯᠠᠨ᠎ᠠ  ᠃         37. ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠲᠤᠳᠤᠷᠡᠬᠢ ᠬᠦᠳᠡᠭᠡ ᠲᠤᠰᠬᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠶᠢᠨ ᠲᠦᠷᠦ ᠶᠢᠨ ᠪᠤᠳᠤᠯᠭ᠎ᠠ᠃ 2016 ᠤᠨ ᠤ ᠬᠦᠳᠡᠭᠡ ᠲᠤᠰᠬᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠶᠢᠨ ᠪᠡᠷᠢᠮᠵᠢᠶ᠎ᠡ ᠨᠢ 4300 ᠲᠦᠬᠦᠷᠢᠭ ︵ᠬᠦᠮᠦᠨ ᠲᠤᠮᠳᠡᠴᠢ ᠤᠷᠤᠯᠭ᠎ᠠ ᠨᠢ 4300 ᠲᠦᠬᠦᠷᠢᠭ ᠠᠴᠠ ᠪᠠᠭ᠎ᠠ ᠮᠦᠷᠳᠡᠭᠡᠨ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠶᠢᠨ ᠲᠦᠷᠦ ᠶᠢᠨ ᠪᠤᠳᠤᠯᠭ᠎ᠠ ᠳᠤ ᠨᠡᠶᠢᠴᠡᠭᠰᠡᠳ ᠢ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠬᠦᠷᠳᠡᠭᠰᠡᠳ ᠪᠤᠯᠭᠠᠨ᠎ᠠ︶᠂ ᠨᠦᠬᠦᠪᠦᠷᠢ ᠦᠭᠭᠦ ᠪᠠᠷᠢᠮᠵᠢᠶ᠎ᠡ ᠨᠢ A ᠲᠦᠷᠦᠯ ᠨᠢ ᠬᠦᠮᠦᠨ ᠪᠦᠷᠢ ᠵᠢᠯ ᠳᠤ 3200 ᠲᠦᠬᠦᠷᠢᠭ᠂ B ᠲᠦᠷᠦᠯ ᠨᠢ ᠬᠦᠮᠦᠨ ᠪᠦᠷᠢ ᠵᠢᠯ ᠳᠤ 2900 ᠲᠦᠬᠦᠷᠢᠭ᠂ C ᠲᠦᠷᠦᠯ ᠨᠢ ᠬᠦᠮᠦᠨ ᠪᠦᠷᠢ ᠵᠢᠯ ᠳᠤ 2600 ᠲᠦᠬᠦᠷᠢᠭ ᠪᠤᠯᠤᠨ᠎ᠠ᠃ 2017 ᠤᠨ ᠤ ᠬᠦᠳᠡᠭᠡ ᠲᠤᠰᠬᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠶᠢᠨ ᠪᠠᠷᠢᠮᠵᠢᠶ᠎ᠡ ᠨᠢ 4600 ᠲᠦᠬᠦᠷᠢᠭ ︵ᠬᠦᠮᠦᠨ ᠲᠤᠮᠳᠡᠴᠢ ᠤᠷᠤᠯᠭ᠎ᠠ ᠨᠢ 4600 ᠲᠦᠬᠦᠷᠢᠭ  ᠠᠴᠠ ᠪᠠᠭ᠎ᠠ ᠮᠦᠷᠳᠡᠭᠡᠨ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠶᠢᠨ ᠲᠦᠷᠦ ᠶᠢᠨ ᠪᠤᠳᠤᠯᠭ᠎ᠠ ᠳᠤ ᠨᠡᠶᠢᠴᠡᠭᠰᠡᠳ ᠢ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠬᠦᠷᠳᠡᠭᠰᠡᠳ ᠪᠤᠯᠭᠠᠨ᠎ᠠ︶᠂ ᠨᠦᠬᠦᠪᠦᠷᠢ ᠦᠭᠭᠦ ᠪᠠᠷᠢᠮᠵᠢᠶ᠎ᠡ ᠨᠢ᠄ A ᠲᠦᠷᠦᠯ ᠨᠢ ᠬᠦᠮᠦᠨ ᠪᠦᠷᠢ ᠵᠢᠯ ᠳᠤ 3400 ᠲᠦᠬᠦᠷᠢᠭ᠂ B ᠲᠦᠷᠦᠯ ᠨᠢ ᠬᠦᠮᠦᠨ ᠪᠦᠷᠢ ᠵᠢᠯ ᠳᠤ 3100 ᠲᠦᠬᠦᠷᠢᠭ᠂ C ᠲᠦᠷᠦᠯ ᠨᠢ ᠬᠦᠮᠦᠨ ᠪᠦᠷᠢ ᠵᠢᠯ ᠳᠤ 2800 ᠲᠦᠬᠦᠷᠢᠭ ᠪᠤᠯᠤᠨ᠎ᠠ᠃         38. ᠭᠡᠷ ᠪᠦᠯᠢ ᠶᠢᠨ ᠡᠪᠡᠳᠴᠢᠳᠡᠨ ᠤ ᠤᠷᠤ ᠶᠢᠨ ᠲᠦᠷᠢᠮ᠃ ᠡᠪᠳᠴᠢᠯᠡᠨ ᠭᠡᠪᠳᠡᠵᠦ᠂ ᠦᠪᠡᠷ ᠢᠶᠠᠨ ᠶᠠᠪᠤᠵᠦ ᠰᠠᠭᠤᠵᠦ ᠲᠡᠶᠢᠯᠬᠦ ᠦᠭᠡᠢ ᠡᠪᠡᠳᠴᠢᠳᠡᠨ ᠤ ᠡᠷᠡᠬᠦᠯᠵᠢᠯ ᠤᠨ ᠬᠤᠭᠤᠴᠠᠭᠠᠨ ᠤ ᠵᠠᠰᠡᠯᠳᠡ ᠪᠤᠯᠤᠨ ᠬᠤᠶᠢᠰᠢᠳᠡ ᠶᠢᠨ ᠡᠮᠨᠡᠯᠬᠡ ᠶᠢᠨ ᠰᠦᠢᠳᠭᠡᠯ ᠢ ᠮᠡᠳᠡᠬᠦᠯᠦᠨ ᠤᠰᠠᠳᠬᠠᠬᠤ ᠵᠡᠷᠭᠡ ᠠᠰᠠᠭᠤᠳᠡᠯ ᠢ ᠰᠢᠢᠳᠪᠦᠷᠢᠯᠡᠬᠦ ᠪᠠᠷ ᠮᠠᠨ ᠤ ᠬᠤᠰᠢᠭᠤᠨ ᠤ ᠪᠤᠳᠡᠳᠡᠢ ᠶᠢ ᠦᠨᠳᠦᠰᠦᠯᠡᠨ᠂ 2014 ᠤᠨ ᠤ ᠡᠬᠢᠨ ᠳᠤ ︽ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠬᠡ ᠶᠢᠨ ᠭᠡᠷ ᠪᠦᠯᠢ ᠶᠢᠨ ᠡᠪᠡᠳᠴᠢᠳᠡᠨ ᠤ ᠤᠷᠤ ᠶᠢᠨ ᠲᠦᠷᠢᠮ︾ ᠪᠤᠯᠤᠨ  ᠨᠦᠬᠦᠪᠦᠷᠢ ᠦᠭᠭᠦ ᠠᠷᠭ᠎ᠠ ᠲᠤᠭᠳᠠᠭᠠᠨ ᠬᠡᠷᠡᠭᠵᠢᠬᠦᠯᠵᠦ᠂ ︽ᠭᠡᠷ ᠪᠦᠯᠢ ᠶᠢᠨ ᠡᠪᠡᠳᠴᠢᠳᠡᠨ ᠤ ᠤᠷᠤ︾ ᠶᠢᠨ ᠦᠢᠯᠡᠴᠢᠯᠡᠭᠡ ᠶᠢ ᠭᠡᠷᠡᠭᠵᠢᠬᠦᠯᠦᠨ᠂ 10 ~15 ᠡᠳᠦᠷ ᠢᠶᠠᠷ ᠨᠢᠬᠡ ᠡᠮᠴᠢᠯᠡᠭᠡᠨ ᠤ ᠬᠤᠭᠤᠴᠠᠭ᠎ᠠ ᠪᠤᠯᠭᠠᠵᠦ᠂ ᠰᠡᠷ᠎ᠡ ᠪᠦᠷᠢ ᠶᠢᠨ ᠲᠤᠭᠳᠠᠭᠰᠡᠨ ᠰᠦᠢᠳᠭᠡᠯ ᠨᠢ 450 ᠲᠦᠬᠦᠷᠢᠭ ᠪᠤᠯᠤᠨ᠎ᠠ᠃ ᠡᠬᠦᠨ ᠤ ᠲᠤᠳᠤᠷ᠎ᠡ ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠬᠡ ᠶᠢᠨ ᠮᠡᠳᠡᠬᠦᠯᠦᠨ ᠤᠰᠠᠳᠬᠠᠬᠤ ᠨᠢ 350 ᠲᠦᠬᠦᠷᠢᠭ᠂ ᠵᠠᠰᠠᠭ ᠤᠨ ᠤᠷᠳᠤᠨ ᠤ ᠨᠦᠬᠦᠪᠦᠷᠢ 100 ᠲᠦᠬᠦᠷᠢᠭ ᠪᠤᠢ᠂ 350 ᠲᠦᠬᠦᠷᠢᠭ ᠬᠦᠷᠬᠦ ᠦᠭᠡᠢ ᠶᠢ ᠨᠢ ᠪᠤᠳᠡᠳᠡᠢ ᠲᠤᠭ᠎ᠠ ᠪᠠᠷ ᠨᠢ ᠮᠡᠳᠡᠬᠦᠯᠦᠨ ᠤᠰᠠᠳᠬᠠᠨ᠎ᠠ᠃ ᠡᠪᠡᠳᠴᠢᠳᠡᠨ ᠡᠪᠡᠳᠴᠢᠨ ᠢᠶᠠᠷ ᠵᠠᠰᠠᠭᠤᠯᠬᠤ ᠬᠤᠭᠤᠴᠠᠭᠠᠨ ᠳᠤ ᠬᠠᠷᠢᠶᠠᠯᠠᠭᠳᠠᠬᠤ ᠤᠷᠤᠨ ᠤ ᠡᠷᠡᠬᠦᠯ ᠬᠠᠮᠠᠭᠠᠯᠠᠯ ᠤᠨ ᠬᠤᠷᠢᠶ᠎ᠡ ᠨᠢ ᠲᠤᠭᠳᠠᠭᠰᠠᠨ ᠴᠡᠭ᠂ ᠲᠤᠭᠳᠠᠭᠰᠠᠨ ᠴᠠᠭ᠂ ᠲᠤᠭᠳᠠᠭᠰᠠᠨ ᠡᠮᠴᠢ ︽ᠭᠤᠷᠪᠡ ᠶᠢ ᠲᠤᠭᠳᠠᠭᠠᠬᠤ︾ ᠠᠷᠭ᠎ᠠ ᠪᠠᠷ ᠮᠦᠷᠳᠡᠨ ᠡᠮᠴᠢᠯᠡᠵᠦ ᠬᠢᠨᠡᠨ ᠬᠠᠮᠢᠶᠠᠷᠤᠨ᠎ᠠ᠃         39. ᠡᠷᠡᠬᠦᠯ ᠴᠢᠬᠢᠷᠠᠭ ᠤᠨ ᠪᠡᠶ᠎ᠡ ᠶᠢᠨ ᠪᠠᠶᠢᠴᠠᠭᠠᠯᠳᠡ ᠶᠢᠨ ᠲᠦᠷᠦᠯ ᠵᠦᠢᠯ᠃ 2016 ᠤᠨ ᠠᠴᠠ ᠡᠬᠢᠯᠡᠨ ᠵᠢᠯ ᠪᠦᠷᠢ ᠪᠦᠬᠦ ᠬᠤᠰᠢᠭᠤᠨ ᠤ ᠲᠡᠩᠰᠡ ᠡᠪᠬᠡᠮᠡᠯ ᠺᠡᠷᠲ ᠲᠠᠢ ᠶᠠᠳᠠᠭᠤ ᠬᠦᠮᠦᠨ ᠠᠮᠠ ᠳᠤ ᠰᠦᠢᠳᠭᠡᠯ ᠠᠪᠬᠤ ᠦᠭᠡᠢ ᠪᠠᠷ ᠡᠷᠡᠬᠦᠯ ᠴᠢᠬᠢᠷᠠᠭ ᠤᠨ ᠪᠠᠶ᠎ᠡ ᠶᠢᠨ ᠪᠠᠶᠢᠴᠠᠭᠠᠯᠳᠡ ᠬᠢᠵᠦ ᠦᠭᠭᠦᠨ᠎ᠡ᠃         40. ︽ᠤᠷᠢᠳᠡᠪᠡᠷ ᠤᠨᠤᠴᠢᠯᠡᠨ ᠵᠠᠰᠠᠭᠤᠯᠵᠦ ᠲᠠᠷᠠᠭ᠎ᠠ ᠨᠢ ᠰᠦᠢᠳᠭᠡᠯ ᠲᠤᠰᠢᠶᠠᠬᠤ ᠲᠦᠷᠢᠮ︾᠃ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠡᠪᠡᠳᠴᠢᠳᠡᠨ ᠤ ᠡᠮᠨᠡᠯᠬᠡ ᠳᠤ ᠰᠠᠭᠤᠬᠤ ᠰᠦᠢᠳᠭᠡᠯ ᠢᠶᠠᠨ ᠲᠤᠰᠢᠶᠠᠬᠤ ᠳᠤ ᠬᠦᠴᠢᠷᠳᠡᠬᠦ ᠠᠰᠠᠭᠤᠳᠡᠯ ᠢ ᠰᠢᠢᠳᠪᠦᠷᠢᠯᠡᠬᠦ ᠪᠠᠷ ᠮᠠᠨ ᠤ ᠬᠤᠰᠢᠭᠤ 2016 ᠤᠨ ᠳᠤ ᠲᠤᠭᠳᠠᠭᠰᠠᠨ ᠴᠡᠭ ᠤᠨ ᠡᠮᠨᠡᠯᠭᠡ ᠶᠢᠨ ᠬᠤᠷᠢᠶ᠎ᠡ ︵ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠡ︶ ᠳᠤ ︽ᠤᠷᠢᠳᠡᠪᠡᠷ ᠤᠨᠤᠴᠢᠯᠡᠨ ᠵᠠᠰᠠᠵᠦ᠂ ᠲᠠᠷᠠᠭ᠎ᠠ ᠨᠢ ᠰᠦᠢᠳᠭᠡᠯ ᠲᠤᠰᠢᠶᠠᠬᠤ︾ ᠲᠦᠷᠢᠮ ᠢ ᠭᠡᠷᠡᠭᠵᠢᠬᠦᠯᠵᠦ᠂ ᠬᠠᠷᠭᠤᠭᠤᠯᠤᠨ ᠤᠰᠠᠳᠬᠠᠬᠤ ᠦᠶᠡᠰ ᠡᠮᠨᠡᠯᠬᠡ ᠳᠤ ᠰᠠᠭᠤᠵᠦ ᠵᠠᠰᠠᠭᠤᠯᠤᠭᠰᠠᠨ ᠡᠪᠡᠳᠴᠢᠳᠡᠨ ᠤ ᠰᠦᠢᠳᠭᠡᠯ ᠲᠤᠰᠢᠶᠠᠬᠤ ᠡᠬᠢᠯᠡᠯᠳᠡ ᠶᠢᠨ ᠴᠡᠭ ᠢ 50% ᠪᠠᠭᠤᠷᠠᠭᠤᠯᠤᠨ᠂ ᠮᠡᠳᠡᠬᠦᠯᠦᠨ ᠤᠰᠠᠳᠬᠠᠬᠤ ᠬᠠᠷᠢᠴᠠᠯ ᠢ 5% ᠲᠡᠭᠡᠭᠰᠢᠯᠡᠬᠦᠯᠪᠡ᠃ ᠡᠬᠦᠨ ᠤ ᠬᠠᠮᠳᠤ ᠲᠦᠷᠦ ᠶᠢᠨ ᠪᠤᠳᠤᠯᠭ᠎ᠠ ᠲᠤᠭᠳᠠᠭᠠᠯ ᠳᠤ ᠨᠡᠶᠢᠴᠡᠬᠦ ᠲᠡᠩᠰᠡ ᠡᠪᠬᠡᠮᠡᠯ ᠺᠡᠷᠲ  ᠲᠠᠢ ᠶᠠᠳᠠᠭᠤ ᠬᠦᠮᠦᠨ ᠠᠮᠠ ᠶᠢᠨ ᠬᠤᠳᠡ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠭᠰᠠᠨ ᠬᠤᠪᠢ ᠬᠦᠮᠦᠨ ᠤ ᠲᠤᠰᠢᠶᠠᠬᠤ ᠰᠦᠢᠳᠭᠡᠯ ᠤᠨ ᠬᠡᠰᠡᠭ ᠢ ᠬᠤᠰᠢᠭᠤᠨ ᠤ ᠵᠠᠰᠠᠭ ᠤᠨ ᠤᠷᠳᠤᠨ ᠬᠦᠮᠦᠨ ᠪᠦᠷᠢ 50 ᠲᠦᠬᠦᠷᠢᠭ ᠤᠨ ᠪᠠᠷᠢᠮᠵᠢᠶ᠎ᠡ ᠪᠠᠷ ᠨᠦᠬᠦᠪᠦᠷᠢ ᠦᠭᠭᠦᠨ᠎ᠡ᠃         41᠂ ᠬᠤᠳᠡᠯᠳᠤᠭᠠᠨ ᠤ ᠦᠢᠯᠡᠰ ᠤᠨ ᠨᠦᠬᠦᠪᠦᠷᠢ ᠡᠮ ᠡᠮᠨᠡᠯᠬᠡ ᠶᠢᠨ ᠲᠠᠭᠠᠳᠬᠠᠯ᠃ ᠬᠤᠰᠢᠭᠤᠨ ᠤ ᠵᠠᠰᠠᠭ ᠤᠨ ᠤᠷᠳᠤᠨ ᠪᠡᠯᠡ ᠭᠠᠷᠭᠠᠵᠦ᠂ ᠲᠤᠮᠳᠡᠳᠦ ᠤᠯᠤᠰ ᠤᠨ ᠨᠠᠰᠤᠵᠢᠯ ᠤᠨ ᠲᠠᠭᠠᠳᠬᠠᠯ᠂ ᠠᠷᠠᠳ ᠤᠨ ᠲᠠᠭᠠᠳᠬᠠᠯ ᠤᠨ ᠡᠳ᠋ ᠬᠦᠷᠦᠩᠭᠡ ᠶᠢᠨ ᠲᠠᠭᠠᠳᠬᠠᠯ ᠤᠨ ᠺᠤᠮᠫᠠᠨᠢ ᠲᠠᠢ ᠬᠠᠮᠳᠤᠷᠡᠯᠴᠠᠨ᠂ ᠲᠡᠩᠰᠡ ᠡᠪᠬᠡᠮᠡᠯ ᠺᠡᠷᠲ  ᠲᠠᠢ ᠶᠠᠳᠠᠭᠤ ᠡᠷᠦᠬᠡ   ᠶᠢ ᠬᠤᠳᠡᠯᠳᠤᠭᠠᠨ ᠤ ᠦᠢᠯᠡᠰ ᠤᠨ ᠨᠦᠬᠦᠪᠦᠷᠢ ᠲᠠᠭᠠᠳᠬᠠᠯ ᠳᠤ ᠤᠷᠤᠯᠴᠠᠭᠤᠯᠤᠨ᠎ᠠ᠃ ᠡᠨᠡᠬᠦ ᠲᠦᠷᠦ ᠶᠢᠨ ᠪᠤᠳᠤᠯᠭ᠎ᠠ ᠶᠢ 2016 ᠤᠨ ᠤ 10 ᠰᠡᠷ᠎ᠡ ᠳᠤ ᠲᠤᠭᠳᠠᠭᠠᠨ ᠬᠡᠷᠡᠭᠵᠢᠬᠦᠯᠵᠦ᠂ ᠬᠦᠮᠦᠨ ᠪᠦᠷᠢ  ᠶᠢᠨ ᠲᠠᠭᠠᠳᠬᠠᠯ ᠤᠨ ᠰᠦᠢᠳᠭᠡᠯ ᠨᠢ 85 ᠲᠦᠬᠦᠷᠢᠭ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠠᠴᠠ ᠭᠠᠷᠭᠠᠵᠦ᠂ ᠬᠠᠮᠤᠭ ᠦᠨᠳᠦᠷ ᠬᠡᠮᠵᠢᠶ᠎ᠡ ᠨᠢ 40 ᠲᠦᠮᠡᠨ ᠲᠦᠬᠦᠷᠢᠭ ᠬᠦᠷᠪᠡ᠃ ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠬᠡ ᠪᠤᠯᠤᠨ ᠬᠦᠨᠳᠦ ᠡᠪᠡᠳᠴᠢᠳᠡᠨ ᠢ ᠠᠪᠤᠷᠡᠨ ᠲᠤᠰᠠᠯᠠᠬᠤ  ᠰᠦᠢᠳᠭᠡᠯ ᠢ ᠮᠡᠳᠡᠬᠦᠯᠦᠨ ᠤᠰᠠᠳᠬᠠᠭᠰᠠᠨ ᠤ ᠲᠠᠷᠠᠭ᠎ᠠ ᠲᠠᠪᠠᠭᠰᠠᠨ ᠬᠡᠰᠡᠭ ᠲᠤ ᠲᠤᠰ ᠲᠠᠭᠠᠳᠬᠠᠯ ᠢ ᠬᠡᠷᠡᠭᠯᠡᠵᠦ᠂ ᠮᠡᠳᠡᠬᠦᠯᠦᠨ ᠤᠰᠠᠳᠬᠠᠬᠤ ᠬᠠᠷᠢᠴᠠᠯ ᠨᠢ 80% ~ 90% ᠬᠦᠷᠭᠡᠨ᠎ᠡ᠃          42. ᠦᠢᠯᠡᠰ ᠪᠤᠰᠬᠠᠬᠤ ᠪᠠᠳᠤᠯᠠᠭᠠᠳᠦ ᠵᠢᠬᠡᠯᠡᠯᠬᠡ ᠶᠢᠨ ᠲᠦᠷᠦᠯ ᠵᠦᠢᠯ᠃ ᠲᠦᠩᠯᠢᠶᠥᠥ ᠶᠢᠨ ᠪᠠᠩᠭᠢ  ᠶᠢᠨ〔2016〕118 ᠳ᠋ᠤᠭᠠᠷ ᠲᠤᠭᠠᠳᠦ ᠪᠢᠴᠢᠭ ᠮᠠᠲ᠋ᠧᠷᠢᠶᠡᠯ ᠤᠨ ᠵᠤᠷᠢᠭ ᠰᠠᠨᠠᠭ᠎ᠠ ᠶᠢ ᠦᠨᠳᠦᠰᠦᠯᠡᠨ᠂ 2017 ᠤᠨ ᠳᠤ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢ ᠦᠢᠯᠡᠰ ᠪᠤᠰᠬᠠᠬᠤ ᠵᠢᠬᠡᠯᠡᠯᠬᠡ ᠪᠠᠷ ᠲᠡᠮᠵᠢᠬᠦ ᠠᠵᠢᠯ ᠢ ᠵᠢᠩᠭᠢᠨᠢ ᠪᠠᠷ ᠡᠬᠢᠯᠡᠬᠦᠯᠵᠦ᠂ ᠭᠤᠤᠯᠳᠠᠭᠤ ᠨᠦᠬᠦᠴᠠᠯ ᠳᠤ ᠨᠡᠶᠢᠴᠡᠬᠦ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠦᠢᠯᠡᠰ ᠪᠤᠰᠬᠠᠬᠤ ᠳᠤ ᠰᠦᠢᠳᠭᠡᠯ ᠠᠪᠬᠤ ᠦᠭᠡᠢ ᠦᠢᠯᠡᠰ ᠪᠤᠰᠬᠠᠨ ᠨᠡᠪᠴᠢᠬᠦᠯᠬᠦ ᠰᠠᠭᠤᠷᠢᠨ ᠤ ᠪᠠᠶᠢᠷᠢ ᠴᠡᠭ ᠪᠤᠯᠤᠨ ᠬᠦᠦ ᠮᠦᠩᠭᠦ ᠦᠭᠡᠢ ᠵᠢᠵᠢᠭ ᠲᠤᠭᠠᠨ ᠤ ᠪᠠᠳᠤᠯᠠᠭᠠᠳᠦ ᠦᠢᠯᠡᠰ ᠪᠤᠰᠬᠠᠬᠤ ᠵᠢᠬᠡᠯᠡᠯᠬᠡ 5 ᠲᠦᠮᠡᠨ ᠲᠦᠬᠦᠷᠢᠭ ᠦᠭᠴᠦ᠂ ᠪᠤᠳᠡᠳᠡᠢ ᠠᠵᠢᠯ ᠢ ᠬᠤᠰᠢᠭᠤᠨ ᠤ ᠠᠵᠢᠯ ᠤᠯᠭᠤᠬᠤ ᠲᠤᠪᠴᠢᠶ᠎ᠡ ᠵᠤᠬᠢᠶᠠᠨ ᠪᠠᠶᠢᠭᠤᠯᠤᠨ ᠬᠡᠷᠡᠭᠵᠢᠬᠦᠯᠪᠡ᠃          43. ︽ᠭᠡᠷᠡᠯ ᠭᠡᠭᠡ ᠶᠢᠨ ᠠᠵᠢᠯᠯᠠᠭ᠎ᠠ︾᠃ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠡᠨ  ᠤ ᠨᠡᠶᠢᠬᠡᠮᠯᠢᠭ᠂ ᠶᠠᠳᠠᠭᠤ ᠶᠢ ᠲᠡᠳᠬᠦᠬᠦ ᠰᠠᠭᠤᠷᠢ ᠮᠦᠩᠭᠦᠨ ᠤ ᠨᠡᠶᠢᠬᠡᠮᠯᠢᠭ ᠴᠤᠤ ᠵᠢᠦᠢ ᠨᠢᠳᠦᠨ ᠤ ᠡᠮᠨᠡᠯᠬᠡ ᠶᠢᠨ ᠬᠤᠷᠢᠶ᠎ᠡ ᠲᠠᠢ ᠬᠠᠮᠳᠤᠷᠡᠨ ᠦᠷᠨᠢᠬᠦᠯᠦᠭᠰᠡᠨ ᠤᠯᠠᠭᠠᠨ ᠵᠠᠭᠠᠯᠮᠠᠶᠢᠳᠡᠨ ᠤ ︽ᠭᠡᠷᠡᠯ ᠬᠡᠬᠡ ᠶᠢᠨ ᠠᠵᠢᠯᠯᠠᠭ᠎ᠠ︾ ᠨᠢ ᠭᠤᠤᠯᠳᠠᠭᠤ ᠴᠠᠭᠠᠨ ᠬᠠᠷᠠᠩ ᠡᠪᠡᠳᠴᠢᠳᠡᠨ ᠢ ᠵᠠᠰᠠᠵᠦ ᠡᠳᠡᠭᠡᠷᠡᠬᠦᠯᠦᠨ᠂ ᠮᠠᠰᠠ ᠵᠠᠰᠠᠯ ᠤᠨ ᠰᠦᠢᠳᠭᠡᠯ ︵ᠵᠢᠱᠢᠶ᠎ᠡ ᠨᠢᠬᠡᠪᠦᠷᠢ 5000 ᠲᠦᠬᠦᠷᠢᠭ︶ ᠢ ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠡ᠂ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠬᠤᠷᠰᠢᠭᠰᠡᠨ ᠡᠮᠨᠡᠯᠬᠡ ᠶᠢᠨ ᠠᠯᠪᠠᠨ ᠭᠡᠷ ᠪᠤᠯᠤᠨ ᠴᠤᠤ ᠵᠢᠦᠢ ᠨᠢᠳᠦᠨ ᠡᠮᠨᠡᠯᠬᠡ ᠬᠠᠮᠳᠤ ᠪᠠᠷ ᠲᠠᠭᠠᠭᠠᠴᠢᠯᠠᠨ᠂ ᠡᠪᠡᠳᠴᠢᠳᠡᠨ ᠳᠤ ᠰᠦᠢᠳᠭᠡᠯ ᠠᠪᠬᠤ ᠦᠭᠡᠢ ᠪᠠᠷ ᠵᠠᠰᠠᠵᠦ ᠦᠭᠭᠦᠨ᠂ ᠬᠤᠰᠢᠭᠤᠨ ᠤ ᠤᠯᠠᠭᠠᠨ ᠵᠠᠭᠠᠯᠮᠠᠶᠢᠳᠡᠨ ᠤ ᠨᠡᠶᠢᠬᠡᠮᠯᠢᠭ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号