ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠶᠠᠳᠠᠭᠤ ᠶᠢ ᠲᠡᠳᠬᠦᠬᠦ ᠠᠷᠭ᠎ᠠ ᠬᠡᠮᠵᠢᠶᠡᠨ ᠤ ᠲᠤᠳᠤᠷᠬᠠᠢ ᠬᠠᠭᠤᠳᠠᠰᠤ ︵72 ᠲᠦᠷ᠊
ᠨᠡᠶᠢᠲᠡᠯᠡᠭᠰᠡᠨ ᠴᠠᠭ᠄
2018/12/24
  ᠶᠠᠳᠠᠭᠤ ᠡᠷᠦᠬᠡ ᠶᠢᠨ ᠭᠡᠷ ᠤᠨ ᠪᠠᠶᠢᠳᠡᠯ᠂ ᠬᠦᠭᠵᠢᠯᠳᠡ ᠶᠢᠨ ᠬᠦᠰᠡᠯ ᠱᠠᠭᠠᠷᠳᠠᠯᠭ᠎ᠠ ᠵᠡᠷᠭᠡ ᠪᠤᠳᠡᠳᠡᠢ ᠪᠠᠶᠢᠳᠡᠯ ᠢ ᠦᠨᠳᠦᠰᠦᠯᠡᠨ᠂ ᠬᠤᠯᠪᠤᠭᠳᠡᠯ ᠪᠦᠬᠦᠢ ᠲᠦᠷᠦ ᠶᠢᠨ ᠪᠤᠳᠤᠯᠭ᠎ᠠ ᠪᠠ ᠲᠤᠰ ᠪᠡᠶ᠎ᠡ ᠶᠢᠨ ᠨᠦᠬᠦᠴᠡᠯ ᠲᠠᠢ ᠲᠤᠬᠢᠷᠠᠬᠤ  ᠳᠤᠨᠢ  ᠲᠤᠤᠷᠡᠬᠢ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠤᠨ᠎ᠠ  ᠄       ᠨᠢᠬᠡ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ       ︵ᠨᠢᠬᠡ︶ ᠲᠡᠵᠢᠬᠡᠪᠦᠷᠢ ᠶᠢᠨ ᠦᠢᠯᠡᠰ      1. ᠶᠠᠳᠠᠭᠤ ᠡᠷᠦᠬᠡ ᠶᠢᠨ ᠬᠦᠰᠡᠯ ᠱᠠᠭᠠᠷᠳᠠᠯᠭ᠎ᠠ ᠪᠤᠯᠤᠨ ᠨᠦᠬᠦᠴᠡᠯ ᠢ ᠦᠨᠳᠦᠰᠦᠯᠡᠨ᠂ ᠲᠡᠵᠢᠬᠡᠪᠦᠷᠢ ᠶᠢᠨ ᠦᠢᠯᠡᠰ ᠤᠨ ᠲᠦᠷᠦᠯ ᠵᠦᠢᠯ ᠢ ᠰᠠᠶᠢᠳᠦᠷ ᠲᠤᠭᠳᠠᠭᠠᠵᠦ᠂ ᠲᠠᠷᠢᠶᠠᠯᠠᠩ ᠤᠨ ᠪᠠᠩᠭᠢ ᠶᠢᠨ ︽ᠮᠦᠩᠭᠦᠨ ᠬᠦᠢᠯᠬᠡᠬᠡᠨ  ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ︾ ᠢᠨᠵᠧᠨᠧᠷᠢᠩ ᠤᠨ ᠵᠢᠬᠡᠯᠡᠯᠬᠡ ︵5 ᠲᠦᠮᠡᠨ ᠲᠦᠬᠦᠷᠢᠭ︶ ᠂  ᠢᠳᠡᠭᠡᠮᠵᠢ ᠶᠢᠨ ᠬᠤᠷᠰᠢᠶᠡᠨ ᠤ ᠶᠠᠳᠠᠭᠤ ᠶᠢ ᠲᠡᠳᠬᠦᠬᠦ ᠵᠢᠬᠡᠯᠡᠯᠬᠡ ︵5 ᠲᠦᠮᠡᠨ ᠲᠦᠬᠦᠷᠢᠭ︶᠂ ᠵᠦᠩ ᠾᠧ ᠬᠦᠳᠡᠭᠡ ᠲᠤᠰᠬᠤᠨ ᠤ ᠢᠳᠡᠭᠡᠮᠵᠢ ᠶᠢᠨ ᠵᠢᠵᠢᠭ ᠲᠤᠭᠠᠨ ᠤ ᠵᠢᠬᠡᠯᠡᠯᠬᠡ ︵0.8 ~ 1.2 ᠲᠦᠮᠡᠨ ᠲᠦᠬᠦᠷᠢᠭ︶  ᠶᠢ ᠲᠡᠮᠡᠴᠡᠨ ᠤᠯᠵᠦ᠂ ᠮᠠᠯ ᠵᠢᠬᠦᠷᠳᠡᠨ ︵ᠤᠯᠠᠭᠠᠨ ᠦᠬᠡᠷ᠂ ᠠᠯᠠᠰᠢᠨ ᠬᠤᠨᠢ᠂ ᠠᠯᠠᠰᠢᠨ ᠭᠠᠭ᠋ᠠᠢ᠂ ᠲᠠᠬᠢᠶ᠎ᠠ᠂ ᠨᠤᠭᠤᠰᠦ᠂ ᠭᠠᠯᠠᠭᠤ︶ ᠬᠤᠳᠡᠯᠳᠤᠨ ᠠᠪᠤᠨ᠎ᠠ᠃ ︵ᠬᠠᠷᠢᠭᠤᠴᠠᠯᠭᠠᠳᠦ ᠨᠢᠬᠡᠴᠢ᠄ ᠶᠠᠳᠠᠭᠤ ᠶᠢ ᠲᠡᠳᠬᠦᠬᠦ ᠠᠯᠪᠠᠨ ᠭᠡᠷ᠂ ᠮᠠᠯ ᠲᠡᠷᠢᠶᠡᠯᠡᠩ ᠤᠨ ᠲᠤᠪᠴᠢᠶ᠎ᠡ᠂ ᠲᠡᠷᠢᠶᠡᠯᠡᠩ ᠤᠨ ᠪᠠᠩᠭᠢ᠂ ᠢᠳᠡᠭᠡᠮᠵᠢ ᠶᠢᠨ ᠬᠤᠯᠪᠤᠭᠠᠳᠦ ᠬᠤᠷᠰᠢᠶ᠎ᠠ᠂ ᠵᠦᠩ ᠾᠧ ᠬᠦᠳᠡᠭᠡ ᠲᠤᠰᠬᠤᠨ ᠤ ᠢᠳᠡᠭᠡᠮᠵᠢ ᠶᠢᠨ ᠵᠢᠵᠢᠭ ᠲᠤᠭᠠᠨ ᠤ ᠵᠢᠬᠡᠯᠡᠯᠬᠡ ᠶᠢᠨ ᠺᠤᠮᠫᠠᠨᠢ᠂ ᠬᠠᠷᠢᠭᠤᠴᠠᠯᠭᠠᠳᠡᠨ᠄ ᠪᠤᠤ ᠶᠦᠩ ᠵᠢᠶᠦ᠋ᠨ᠂ ᠰᠧᠪᠡᠭ᠂ ᠪᠤᠤ ᠢ ᠮᠢᠨ᠂ ᠦ᠋ ᠰᠢᠶᠥᠥ ᠾᠦᠢ᠂ ᠰᠦᠨ ᠢᠦᠢ ᠧ︶      2. ᠶᠠᠳᠠᠭᠤ ᠶᠢ ᠲᠡᠳᠬᠦᠬᠦ ᠠᠯᠪᠠᠨ ᠭᠡᠷ ᠤᠨ ︽ᠭᠤᠷᠪᠡ ᠶᠢ ᠲᠤᠰᠬᠤᠨ ᠡᠷᠦᠬᠡ ᠳᠤ ᠨᠠᠶᠢᠳᠠᠪᠤᠷᠢᠵᠢᠭᠤᠯᠬᠤ︾ ᠲᠦᠷᠦᠯ ᠵᠦᠢᠯ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ︽ᠬᠦᠳᠡᠯᠮᠦᠷᠢ ᠪᠠᠷ ᠲᠡᠳᠬᠦᠮᠵᠢ ᠶᠢ ᠤᠷᠤᠯᠠᠭᠤᠯᠬᠤ ᠲᠦᠷᠦᠯ ᠵᠦᠢᠯ᠂ ᠮᠠᠯ ᠲᠡᠷᠢᠶᠡᠯᠡᠩ ᠤᠨ ᠲᠤᠪᠴᠢᠶᠡᠨ ᠤ ᠮᠠᠯᠵᠢᠬᠤ ᠪᠠᠨ ᠵᠤᠭᠰᠤᠨ ᠡᠪᠡᠰᠦ ᠲᠠᠷᠢᠬᠤ ᠲᠦᠷᠦᠯ ᠵᠦᠢᠯ᠂ ᠡᠳ᠋ ᠤᠨ ᠵᠠᠰᠠᠭ ᠤᠨ ᠲᠤᠪᠴᠢᠶᠡᠨ ᠤ ᠤᠳᠤᠬᠢᠴᠢ ᠮᠠᠯ ᠲᠡᠷᠢᠶᠡᠯᠡᠩ ᠤᠨ ᠲᠦᠷᠦᠯ ᠵᠦᠢᠯ ᠶᠢᠨ ᠵᠤᠬᠢᠴᠠᠭᠤᠯᠬᠤ ᠪᠠᠷ ᠲᠠᠮᠵᠢᠨ᠂ ᠬᠠᠰᠢᠶ᠎ᠠ ᠰᠡᠷᠡᠪᠴᠢ᠂ ᠵᠤᠭᠤᠷᠢ᠂ ᠲᠠᠬᠢᠶᠠᠨ ᠡᠬᠦᠷ ᠵᠡᠷᠭᠡ ᠰᠠᠭᠤᠷᠢ ᠲᠦᠬᠦᠬᠡᠷᠦᠮᠵᠢ ᠪᠠᠶᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠶᠠᠳᠠᠭᠤ ᠶᠢ ᠲᠡᠳᠬᠦᠬᠦ ᠠᠯᠪᠠᠨ ᠭᠡᠷ᠂ ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠡ᠂ ᠮᠠᠯ ᠲᠡᠷᠢᠶᠡᠯᠡᠩ ᠤᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ᠂ ᠬᠠᠷᠢᠭᠤᠴᠠᠯᠭᠠᠳᠡᠨ᠄ ᠪᠤᠤ ᠶᠦᠩ ᠵᠦᠨ᠂ ᠸᠧᠨ ᠵᠢᠶᠠᠨ ᠰᠢᠨ᠂ ᠵᠠᠩ ᡁᠢ ᠫᠢᠩ᠂ ᠦ᠋ ᠰᠢ ᠬᠠᠢ︶       3. ᠮᠠᠯ ᠲᠡᠷᠢᠶᠡᠯᠡᠩ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠡᠬᠦᠯᠳᠡᠷ ᠰᠠᠶᠢᠵᠢᠷᠠᠭᠤᠯᠬᠤ ᠠᠵᠢᠯ ᠢ ᠰᠠᠶᠢᠳᠦᠷ ᠬᠢᠵᠦ᠂ ᠲᠡᠩᠰᠡ ᠡᠪᠬᠡᠮᠡᠯ ᠺᠠᠷᠲ ᠲᠠᠢ ᠶᠠᠳᠠᠭᠤ ᠡᠷᠦᠬᠡ ᠲᠤᠳᠤᠷᠡᠬᠢ ᠦᠬᠡᠷ ᠲᠡᠵᠢᠬᠡᠬᠦ ᠡᠷᠦᠬᠡ  ᠳᠤ ᠰᠠᠶᠢᠨ ᠡᠬᠦᠯᠳᠡᠷ ᠤᠨ ᠢᠴᠡᠬᠡᠯ ᠦᠷ᠎ᠡ ᠰᠦᠢᠳᠭᠡᠯ ᠠᠪᠬᠤ ᠦᠭᠡᠢ ᠪᠠᠷ ᠬᠠᠩᠭᠠᠵᠦ᠂ ᠠᠯᠠᠰᠢᠨ ᠤ ᠰᠠᠭᠤᠷᠢ ᠡᠭᠡ ᠮᠠᠯ ᠤᠨ ᠨᠦᠬᠦᠪᠦᠷᠢ ᠶᠢ ᠲᠤᠯᠤᠭᠠᠢ ᠪᠦᠷᠢ ᠳᠤ 20 ᠲᠦᠬᠦᠷᠢᠭ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠮᠠᠯ ᠲᠡᠷᠢᠶᠡᠯᠡᠩ ᠤᠨ ᠲᠤᠪᠴᠢᠶ᠎ᠡ᠂ ᠬᠠᠷᠢᠭᠤᠴᠠᠯᠭᠠᠳᠡᠨ᠄ ᠰᠧᠪᠡᠭ︶      4. ᠮᠠᠯ ᠲᠡᠷᠢᠶᠡᠯᠡᠩ ᠤᠨ ᠲᠤᠪᠴᠢᠶ᠎ᠡ ᠪᠤᠯᠤᠨ ᠪᠠᠯᠭᠠᠰᠤᠨ ᠤ ᠵᠠᠰᠠᠭ ᠤᠨ ᠤᠷᠳᠤᠨ ᠢ ᠵᠤᠬᠢᠴᠠᠭᠤᠯᠬᠤ ᠪᠠᠷ ᠲᠠᠮᠵᠢᠨ᠂ ᠲᠡᠵᠢᠬᠡᠪᠦᠷᠢ ᠶᠢᠨ ᠦᠢᠯᠡᠰ ᠤᠨ ᠮᠡᠷᠬᠡᠵᠢᠯ ᠤᠨ ᠪᠤᠯᠪᠠᠰᠤᠷᠡᠯ ᠬᠢᠭᠡᠳ ᠠᠵᠢᠯ ᠮᠡᠷᠬᠡᠵᠢᠯ ᠲᠠᠢ ᠲᠡᠷᠢᠶᠡᠴᠢᠨ ᠮᠠᠯᠴᠢᠳ ᠢ ᠬᠦᠮᠦᠵᠢᠬᠦᠯᠵᠦ  ᠬᠡᠷᠡᠴᠢᠯᠡᠬᠦ ᠠᠵᠢᠯ ᠢ ᠰᠠᠶᠢᠳᠦᠷ ᠠᠳᠬᠤᠨ᠂ ᠦᠨᠢᠶ᠎ᠡ ᠲᠤᠭᠤᠯ ᠢ ᠰᠠᠯᠭᠠᠨ ᠲᠡᠵᠢᠬᠡᠬᠦ᠂ ᠰᠢᠭᠤᠳ ᠪᠤᠷᠳᠤᠬᠤ᠂ ᠬᠢᠵᠢᠭ ᠰᠡᠷᠬᠡᠶᠢᠯᠡᠵᠦ ᠡᠬᠦᠯᠳᠡᠷ ᠰᠠᠶᠢᠵᠢᠷᠠᠭᠤᠯᠬᠤ᠂ ᠡᠪᠡᠰᠦ ᠪᠤᠷᠳᠤᠭ᠎ᠠ ᠪᠡᠯᠡᠳᠭᠡᠬᠦ ᠵᠡᠷᠭᠡ ᠲᠡᠷᠢᠬᠦᠨ ᠤ ᠬᠡᠷᠡᠭᠯᠡᠭᠡᠨ ᠤ ᠮᠡᠷᠬᠡᠵᠢᠯ ᠢ ᠲᠡᠯᠭᠡᠷᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠮᠠᠯ ᠲᠡᠷᠢᠶᠡᠯᠡᠩ ᠤᠨ ᠲᠤᠪᠴᠢᠶ᠎ᠡ᠂ ᠬᠠᠷᠢᠭᠤᠴᠠᠯᠭᠠᠳᠡᠨ᠄ ᠴᠢ ᠶᠠ ᠳ᠋ᠦᠩ︶       5. ᠶᠠᠳᠠᠭᠤ ᠡᠷᠦᠬᠡ ᠶᠢ ᠬᠠᠪᠰᠤᠷᠤᠨ ᠲᠡᠵᠢᠬᠡᠪᠦᠷᠢ ᠶᠢᠨ ᠦᠢᠯᠡᠰ ᠤᠨ ᠬᠤᠷᠰᠢᠶᠡᠵᠢᠯ ᠪᠠᠶᠢᠭᠤᠯᠬᠤ ᠪᠤᠶᠤ ᠬᠤᠷᠰᠢᠶᠠᠵᠢᠯ ᠳᠤ ᠤᠷᠤᠯᠴᠠᠭᠤᠯᠵᠦ᠂ ᠡᠳ᠋ ᠤᠨ ᠵᠠᠰᠠᠭ ᠤᠨ ᠲᠤᠪᠴᠢᠶ᠎ᠡ᠂ ᠨᠡᠬᠡᠬᠡᠯᠳᠡ ᠶᠢᠨ ᠠᠯᠪᠠᠨ ᠭᠡᠷ᠂ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠬᠤᠷᠰᠢᠶᠠᠵᠢᠯ ᠢ ᠬᠦᠭᠵᠢᠬᠦᠯᠬᠦ ᠲᠤᠬᠠᠢ ᠲᠦᠷᠦᠯ ᠵᠦᠢᠯ ᠢ ᠲᠡᠮᠡᠴᠡᠨ ᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠬᠠᠩᠭᠠᠨ ᠪᠤᠷᠤᠯᠠᠭᠤᠯᠬᠤ ᠬᠤᠷᠰᠢᠶ᠎ᠡ᠂ ᠡᠳ᠋ ᠤᠨ ᠵᠠᠰᠠᠭ ᠤᠨ ᠲᠤᠪᠴᠢᠶ᠎ᠡ᠂ ᠨᠡᠬᠡᠬᠡᠯᠳᠡ  ᠶᠢᠨ ᠠᠯᠪᠠᠨ ᠭᠡᠷ᠂ ᠬᠠᠷᠢᠭᠤᠴᠠᠯᠭᠠᠳᠡᠨ᠄ ᠴᠢ ᠳ᠋ᠢᠶᠠᠨ ᠦ᠋᠂ ᠦ᠋ ᠰᠢ ᠬᠠᠢ᠂ ᠤᠯᠠᠭᠠᠨᠪᠠᠭᠠᠨ᠎ᠠ︶        6. ᠸᠧᠢ ᠡᠯ ᠲᠠᠷᠢᠶᠡᠯᠡᠩ᠂ ᠶᠢᠨ ᠯᠢᠩ ᠲᠡᠬᠢᠶ᠎ᠡ ᠲᠡᠵᠢᠬᠡᠬᠦ ᠬᠤᠷᠰᠢᠶᠡᠵᠢᠯ ᠵᠡᠷᠭᠡ ᠠᠯᠠᠰᠢᠨ ᠵᠢᠬᠦᠷᠳᠡᠨ ᠲᠡᠵᠢᠬᠡᠵᠦ ᠦᠷᠡᠵᠢᠬᠦᠯᠬᠦ ᠡᠵᠡᠩᠨᠡᠯᠳᠡ ᠶᠢᠨ ᠭᠤᠤᠯ ᠴᠤᠭᠴᠠ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠡᠷᠦᠬᠡ  ᠳᠤ ᠲᠠᠬᠢᠶᠠᠨ ᠴᠤᠷᠪᠠᠭ᠎ᠠ᠂ ᠨᠤᠭᠤᠰᠤᠨ ᠴᠤᠷᠪᠠᠭ᠎ᠠ ᠬᠠᠩᠭᠠᠵᠦ᠂ ᠪᠤᠴᠠᠭᠠᠨ ᠠᠪᠬᠤ ᠵᠠᠬᠢᠶᠠᠯᠠᠭ᠎ᠠ ᠶᠢᠨ ᠭᠡᠷ᠎ᠡ ᠲᠤᠭᠳᠠᠭᠠᠨ᠎ᠠ᠃ ︵ᠬᠠᠷᠢᠭᠤᠴᠠᠯᠭᠠᠳᠦ ᠨᠢᠬᠡᠴᠢ᠄ ᠮᠠᠯ ᠲᠡᠷᠢᠶᠡᠯᠡᠩ ᠤᠨ ᠲᠤᠪᠴᠢᠶ᠎ᠡ᠂ ᠬᠠᠷᠢᠭᠤᠴᠠᠯᠭᠠᠳᠡᠨ᠄ ᠵᠠᠩ ᡁᠢ ᠫᠢᠩ︶        7. ᠲᠡᠵᠢᠬᠡᠪᠦᠷᠢ ᠶᠢᠨ ᠲᠤᠮᠤ ᠡᠷᠦᠬᠡ᠂ ᠲᠡᠵᠢᠬᠡᠪᠦᠷᠢ ᠶᠢᠨ ᠵᠢᠵᠢᠭ ᠲᠤᠭᠤᠷᠢᠭ᠂ ᠲᠡᠵᠢᠬᠡᠪᠦᠷᠢ ᠶᠢᠨ ᠲᠠᠯᠠᠪᠠᠢ ᠪᠤᠶᠤ ᠲᠡᠵᠢᠬᠡᠪᠦᠷᠢ ᠶᠢᠨ ᠲᠤᠯᠤᠭᠠᠶᠢᠯᠠᠭᠴᠢ ᠠᠵᠦ ᠠᠬᠤᠶᠢᠯᠠᠯ ᠢ ᠵᠤᠬᠢᠴᠠᠭᠤᠯᠬᠤ ᠪᠠᠷ ᠲᠠᠮᠵᠢᠨ᠂ ︽ᠠᠵᠦ ᠠᠬᠤᠶᠢᠯᠠᠯ ︵ᠬᠤᠷᠰᠢᠶᠠᠵᠢᠯ︶ + ᠶᠠᠳᠠᠭᠤ ᠡᠷᠦᠬᠡ + ᠮᠦᠩᠭᠦᠨ ᠬᠦᠢᠯᠬᠡᠬᠡᠨ︾ ᠤ ᠬᠡᠪ ᠵᠠᠭᠪᠤᠷ ᠢ ᠲᠡᠯᠬᠡᠷᠡᠬᠦᠯᠵᠦ ᠂ ᠨᠡᠶᠢᠳᠡᠨ ᠬᠠᠮᠢᠶᠠᠷᠤᠭᠤᠯᠵᠦ ᠲᠡᠵᠢᠬᠡᠯᠬᠡᠬᠦ ᠶᠢ ᠬᠡᠷᠡᠭᠵᠢᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠮᠠᠯ ᠲᠠᠷᠢᠶᠡᠯᠡᠩ  ᠤᠨ ᠲᠤᠪᠴᠢᠶ᠎ᠡ᠂ ᠶᠠᠳᠠᠭᠤ ᠶᠢ ᠲᠡᠳᠬᠦᠬᠦ ᠠᠯᠪᠠᠨ ᠭᠡᠷ᠂ ᠬᠠᠷᠢᠭᠤᠴᠠᠯᠭᠠᠳᠡᠨ᠄ ᠰᠧᠪᠡᠭ᠂ ᠪᠤᠤ ᠶᠦᠩ ᠵᠢᠶᠦ᠋ᠨ︶        ︵ᠬᠤᠶᠠᠷ︶ ᠲᠠᠷᠢᠮᠡᠯ ᠤᠨ ᠦᠢᠯᠡᠰ      8. ᠶᠠᠳᠠᠭᠤ ᠡᠷᠦᠬᠡ ᠶᠢᠨ ᠬᠦᠰᠡᠯ ᠱᠠᠭᠠᠷᠳᠠᠯᠭ᠎ᠠ ᠪᠤᠯᠤᠨ ᠨᠦᠬᠦᠴᠡᠯ ᠢ ᠦᠨᠳᠦᠰᠦᠯᠡᠨ᠂ ᠲᠡᠷᠢᠮᠡᠯ ᠤᠨ ᠦᠢᠯᠡᠰ ᠤᠨ ᠲᠦᠷᠦᠯ ᠵᠦᠢᠯ ᠢ ᠰᠠᠶᠢᠳᠦᠷ ᠲᠤᠭᠳᠠᠭᠠᠵᠦ᠂ ᠲᠠᠷᠢᠶᠠᠯᠠᠩ ᠤᠨ ᠪᠠᠩᠭᠢ ᠶᠢᠨ ︽ᠮᠦᠩᠭᠦᠨ ᠬᠦᠢᠯᠬᠡᠬᠡᠨ  ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ︾ ᠢᠨᠵᠧᠨᠧᠷᠢᠩ ᠤᠨ ᠵᠢᠬᠡᠯᠡᠯᠬᠡ ︵5 ᠲᠦᠮᠡᠨ ᠲᠦᠬᠦᠷᠢᠭ︶ ᠂  ᠢᠳᠡᠭᠡᠮᠵᠢ ᠶᠢᠨ ᠬᠤᠷᠰᠢᠶᠡᠨ ᠤ ᠶᠠᠳᠠᠭᠤ ᠶᠢ ᠲᠡᠳᠬᠦᠬᠦ ᠵᠢᠬᠡᠯᠡᠯᠬᠡ ︵5 ᠲᠦᠮᠡᠨ ᠲᠦᠬᠦᠷᠢᠭ︶᠂ ᠵᠦᠩ ᠾᠧ ᠬᠦᠳᠡᠭᠡ ᠲᠤᠰᠬᠤᠨ ᠤ ᠢᠳᠡᠭᠡᠮᠵᠢ ᠶᠢᠨ ᠵᠢᠵᠢᠭ ᠲᠤᠭᠠᠨ ᠤ ᠵᠢᠬᠡᠯᠡᠯᠬᠡ ︵0.8 ~ 1.2 ᠲᠦᠮᠡᠨ ᠲᠦᠬᠦᠷᠢᠭ︶  ᠶᠢ ᠲᠡᠮᠡᠴᠡᠨ ᠤᠯᠵᠦ᠂  ᠰᠢᠯᠢᠳᠡᠭ ᠴᠢᠨᠡᠷ ᠲᠠᠢ ᠡᠷᠳᠡᠨᠢ ᠰᠢᠰᠢ᠂ ᠬᠦᠭᠡ ᠲᠠᠷᠤᠰᠢ᠂ ᠤᠰᠤᠨ ᠲᠤᠳᠤᠷᠭ᠎ᠠ᠂ ᠯᠤᠬᠠᠱᠧᠩ᠂ ᠬᠤᠯᠢᠮᠠᠭ ᠠᠮᠤ ᠪᠤᠷᠴᠠᠭ᠂ ᠢᠳᠡᠰᠢᠨ ᠨᠤᠭᠤᠭ᠎ᠠ ᠪᠤᠶᠤ ᠵᠢᠮᠢᠰ ᠤᠨ ᠮᠤᠳᠤ ᠵᠡᠷᠭᠡ ᠶᠢ ᠲᠠᠷᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠶᠠᠳᠠᠭᠤ ᠶᠢ ᠲᠡᠳᠬᠦᠬᠦ ᠠᠯᠪᠠᠨ ᠭᠡᠷ᠂ ᠮᠠᠯ ᠲᠡᠷᠢᠶᠡᠯᠡᠩ ᠤᠨ ᠲᠤᠪᠴᠢᠶ᠎ᠡ᠂ ᠲᠡᠷᠢᠶᠡᠯᠡᠩ ᠤᠨ ᠪᠠᠩᠭᠢ᠂ ᠢᠳᠡᠭᠡᠮᠵᠢ ᠶᠢᠨ ᠬᠤᠯᠪᠤᠭᠠᠳᠦ ᠬᠤᠷᠰᠢᠶ᠎ᠠ᠂ ᠵᠦᠩ ᠾᠧ ᠬᠦᠳᠡᠭᠡ ᠲᠤᠰᠬᠤᠨ ᠤ ᠢᠳᠡᠭᠡᠮᠵᠢ ᠶᠢᠨ ᠵᠢᠵᠢᠭ ᠲᠤᠭᠠᠨ ᠤ ᠵᠢᠬᠡᠯᠡᠯᠬᠡ ᠶᠢᠨ ᠺᠤᠮᠫᠠᠨᠢ᠂ ᠬᠠᠷᠢᠭᠤᠴᠠᠯᠭᠠᠳᠡᠨ᠄ ᠪᠤᠤ ᠶᠦᠩ ᠵᠢᠶᠦ᠋ᠨ᠂ ᠱᠤ᠋ ᠢᠦᠢ ᠰᠢᠨ᠂ ᠪᠤᠤ ᠢ ᠮᠢᠨ᠂ ᠦ᠋ ᠰᠢᠶᠥᠥ ᠾᠦᠢ᠂ ᠰᠦᠨ ᠢᠦᠢ ᠧ︶      9. ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠡ ᠶᠢᠨ ︽ᠠᠮᠤ ᠪᠤᠳᠠᠭᠠᠨ ᠤ ᠤᠨᠡᠯᠳᠡ ᠶᠢ ᠨᠡᠮᠡᠭᠳᠡᠬᠦᠯᠬᠦ ᠪᠠᠷᠢᠯᠭ᠎ᠠ︾ ᠶᠢᠨ ᠲᠦᠷᠦᠯ ᠵᠦᠢᠯ᠂ ᠨᠡᠬᠡᠬᠡᠯᠳᠡ ᠶᠢᠨ ᠠᠯᠪᠠᠨ ᠭᠡᠷ ᠤᠨ ᠦᠨᠳᠦᠷ ᠪᠠᠷᠢᠮᠵᠢᠶ᠎ᠡ ᠲᠠᠢ ᠲᠠᠷᠢᠶᠡᠨ ᠤ ᠪᠠᠶᠢᠭᠤᠯᠤᠯᠳᠡ ᠶᠢᠨ ᠲᠦᠷᠦᠯ ᠵᠦᠢᠯ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠡ ᠶᠢᠨ ᠦᠨᠳᠦᠷ ᠪᠠᠷᠢᠮᠵᠢᠶ᠎ᠡ ᠲᠠᠢ ᠦᠨᠳᠦᠰᠦᠨ ᠲᠠᠷᠢᠶᠡᠨ ᠤ ᠪᠠᠶᠢᠭᠤᠯᠤᠯᠳᠡ ᠶᠢᠨ ᠲᠦᠷᠦᠯ ᠵᠦᠢᠯ ᠵᠴᠢ ᠡᠳ᠋ ᠤᠨ ᠵᠠᠰᠠᠭ᠂ ᠮᠠᠯ ᠲᠡᠷᠢᠶᠡᠯᠡᠩ᠂ ᠤᠰᠤᠨ ᠤ ᠶᠠᠪᠤᠳᠡᠯ᠂ ᠤᠢ ᠰᠢᠭᠤᠢ ᠵᠡᠷᠭᠡ ᠰᠠᠯᠠᠭ᠎ᠠ ᠮᠦᠴᠢᠷ ᠤᠨ ᠲᠠᠷᠢᠶᠡᠨ ᠤ ᠪᠠᠶᠢᠭᠤᠯᠤᠯᠳᠡ ᠶᠢᠨ ᠲᠦᠷᠦᠯ ᠵᠦᠢᠯ ᠢ ᠵᠤᠬᠢᠴᠠᠭᠤᠯᠬᠤ ᠪᠠᠷ ᠲᠠᠮᠵᠢᠨ᠂ ᠲᠡᠷᠢᠶᠡᠨ ᠤ ᠤᠰᠤᠨ ᠠᠰᠢᠭᠯᠠᠯᠳᠡ ᠶᠢᠨ ᠰᠠᠭᠤᠷᠢ ᠲᠦᠬᠦᠬᠡᠷᠦᠮᠵᠢ ︵ᠬᠤᠭᠤᠯᠠᠢ ᠪᠠᠷ ᠤᠰᠤᠯᠠᠬᠤ᠂ ᠲᠤᠰᠤᠯᠭᠠᠨ ᠤᠰᠤᠯᠠᠬᠤ᠂ ᠰᠦᠷᠴᠢᠨ ᠤᠰᠤᠯᠠᠬᠤ᠂ ᠭᠤᠤ ᠰᠤᠪᠠᠭ ᠢ ᠴᠡᠪᠡᠷᠯᠡᠬᠦ ᠪᠠ ᠵᠠᠰᠠᠬᠤ᠂ ᠲᠡᠷᠢᠶᠡᠨ ᠤ ᠬᠠᠯᠬᠠᠪᠴᠢ ᠤᠢ᠂ ᠲᠠᠷᠢᠶᠡᠨ ᠤ ᠬᠤᠭᠤᠷᠤᠨᠳᠤᠬᠢ ᠵᠠᠮ᠂ ᠲᠤᠳᠤᠷᠭᠠᠨ ᠲᠠᠷᠢᠶᠡᠨ ᠤ ᠮᠠᠰᠢᠨ ᠬᠤᠳᠳᠤᠭ ᠢ ᠴᠠᠬᠢᠯᠭᠠᠨ ᠬᠤᠳᠳᠤᠭ ᠪᠤᠯᠭᠠᠬᠤ ᠵᠡᠷᠭᠡ︶ ᠶᠢ ᠲᠡᠳᠬᠦᠨ ᠪᠠᠶᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠡ᠂ ᠨᠡᠬᠡᠬᠡᠯᠳᠡ ᠶᠢᠨ ᠠᠯᠪᠠᠨ ᠭᠡᠷ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠡ᠂ ᠮᠠᠯ ᠲᠡᠷᠢᠶᠡᠯᠡᠩ ᠤᠨ ᠲᠤᠪᠴᠢᠶ᠎ᠡ᠂ ᠤᠰᠤᠨ ᠤ ᠶᠠᠪᠤᠳᠡᠯ ᠤᠨ ᠲᠤᠪᠴᠢᠶ᠎ᠡ᠂ ᠤᠢ ᠰᠢᠭᠤᠢ ᠶᠢᠨ ᠲᠤᠪᠴᠢᠶ᠎ᠡ᠂ ᠬᠠᠷᠢᠭᠤᠴᠠᠯᠭᠠᠳᠡᠨ᠄ ᠸᠧᠨ ᠵᠢᠶᠠᠨ ᠰᠢᠨ᠂ ᠤᠯᠠᠭᠠᠨᠪᠠᠭᠠᠨ᠎ᠠ᠂ ᠢᠦᠢ ᠲᠤᠤ᠂ ᠱᠤ᠋ ᠢᠦᠢ ᠰᠢᠨ᠂ ᠲᠤᠭᠳᠠᠨᠪᠠᠶᠠᠷ᠂ ᠴᠧᠨ ᠾᠦᠢ︶       10.ᠮᠠᠯ ᠲᠡᠷᠢᠶᠡᠯᠡᠩ ᠤᠨ ᠲᠤᠪᠴᠢᠶ᠎ᠡ᠂ ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠡ᠂ ᠤᠯᠤᠰ  ᠤᠨ ᠭᠠᠵᠠᠷ ᠰᠢᠷᠦᠢ ᠶᠢᠨ ᠲᠤᠪᠴᠢᠶ᠎ᠡ᠂ ᠨᠡᠬᠡᠬᠡᠯᠳᠡ ᠶᠢᠨ ᠠᠯᠪᠠᠨ ᠭᠡᠷ ᠵᠡᠷᠭᠡ ᠲᠡᠷᠢᠶᠡᠯᠡᠩ ᠲᠠᠢ ᠬᠤᠯᠪᠤᠭᠳᠠᠬᠤ ᠰᠠᠯᠠᠭ᠎ᠠ ᠮᠦᠴᠢᠷ ᠪᠤᠯᠤᠨ ᠰᠤᠮᠤ ᠪᠠᠯᠭᠠᠰᠤ ᠶᠢᠨ ᠵᠠᠰᠠᠭ ᠤᠨ ᠤᠷᠳᠤᠨ ᠢ ᠵᠤᠬᠢᠴᠠᠭᠤᠯᠬᠤ ᠪᠠᠷ ᠲᠠᠮᠵᠢᠨ᠂ ᠲᠡᠷᠢᠬᠦᠨ  ᠤ ᠲᠠᠷᠢᠵᠦ ᠤᠷᠭᠤᠭᠤᠯᠬᠤ ᠮᠡᠷᠬᠡᠵᠢᠯ ᠤᠨ ᠪᠤᠯᠪᠠᠰᠤᠷᠡᠯ ᠵᠢᠴᠢ ᠠᠵᠢᠯ ᠮᠡᠷᠭᠡᠵᠢᠯ ᠲᠠᠢ ᠲᠡᠷᠢᠶᠡᠴᠢᠨ ᠮᠠᠯᠴᠢᠳ ᠢ ᠬᠦᠮᠦᠵᠢᠬᠦᠯᠵᠦ ᠲᠤᠭᠳᠠᠭᠠᠬᠤ ᠠᠵᠢᠯ ᠢ ᠰᠠᠶᠢᠳᠦᠷ ᠠᠳᠬᠤᠵᠦ᠂ ᠰᠦᠯᠢᠶᠥᠥ ᠪᠦᠷᠬᠦᠪᠴᠢ ᠦᠭᠡᠢ ᠪᠠᠷ ᠬᠦᠶᠦᠬᠡᠨ ᠪᠤᠯᠠᠵᠦ ᠲᠤᠰᠤᠯᠭᠠᠨ ᠤᠰᠤᠯᠠᠬᠤ ᠮᠡᠷᠬᠡᠵᠢᠯ ᠢ ᠲᠡᠯᠬᠡᠷᠡᠬᠦᠯᠦᠨ᠂ ᠲᠤᠰᠤᠯᠭᠠᠨ ᠤᠰᠤᠯᠠᠬᠤ ᠪᠦᠰᠡ ᠵᠡᠷᠭᠡ ᠲᠦᠬᠦᠬᠡᠷᠦᠮᠵᠢ ᠶᠢ ᠬᠠᠪᠰᠤᠷᠤᠨ ᠤᠯᠵᠦ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠮᠠᠯ ᠲᠡᠷᠢᠶᠡᠯᠡᠩ ᠤᠨ ᠲᠤᠪᠴᠢᠶ᠎ᠡ᠂ ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠡ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠡ᠂ ᠨᠡᠬᠡᠬᠡᠯᠳᠡ ᠶᠢᠨ ᠠᠯᠪᠠᠨ ᠭᠡᠷ᠂  ᠬᠠᠷᠢᠭᠤᠴᠠᠯᠭᠠᠳᠡᠨ᠄ ᠱᠤ᠋ ᠢᠦᠢ ᠰᠢᠨ᠂ ᠸᠧᠨ ᠵᠢᠶᠠᠨ ᠰᠢᠨ᠂ ᠢᠦᠢ ᠲᠤᠤ᠂ ᠤᠯᠠᠭᠠᠨᠪᠠᠭᠠᠨ᠎ᠠ  ︶     11. ᠶᠠᠳᠠᠭᠤ ᠡᠷᠦᠬᠡ ᠶᠢ ᠬᠠᠪᠰᠤᠷᠤᠨ ᠲᠡᠷᠢᠮᠡᠯ ᠤᠨ ᠦᠢᠯᠡᠰ ᠤᠨ ᠬᠤᠷᠰᠢᠶᠡᠵᠢᠯ ᠪᠠᠶᠢᠭᠤᠯᠬᠤ ᠪᠤᠶᠤ ᠬᠤᠷᠰᠢᠶᠠᠵᠢᠯ ᠳᠤ ᠤᠷᠤᠯᠴᠠᠭᠤᠯᠵᠦ᠂ ᠡᠳ᠋ ᠤᠨ ᠵᠠᠰᠠᠭ ᠤᠨ ᠲᠤᠪᠴᠢᠶ᠎ᠡ᠂ ᠨᠡᠬᠡᠬᠡᠯᠳᠡ ᠶᠢᠨ ᠠᠯᠪᠠᠨ ᠭᠡᠷ᠂ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠬᠤᠷᠰᠢᠶᠠᠵᠢᠯ ᠢ ᠬᠦᠭᠵᠢᠬᠦᠯᠬᠦ ᠲᠤᠬᠠᠢ ᠲᠦᠷᠦᠯ ᠵᠦᠢᠯ ᠪᠤᠯᠤᠨ ᠲᠡᠷᠢᠶᠡᠯᠡᠩ ᠤᠨ ᠮᠠᠰᠢᠨ ᠪᠠᠭᠠᠵᠢ ᠶᠢ ᠲᠡᠮᠡᠴᠡᠨ ᠤᠯᠵᠦ᠂ ᠦᠷ᠎ᠡ ᠠᠰᠢᠭ ᠢ ᠨᠢ ᠲᠡᠭᠡᠭᠰᠢᠯᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠬᠠᠩᠭᠠᠨ ᠪᠤᠷᠤᠯᠠᠭᠤᠯᠬᠤ ᠬᠤᠷᠰᠢᠶ᠎ᠡ᠂ ᠡᠳ᠋ ᠤᠨ ᠵᠠᠰᠠᠭ ᠤᠨ ᠲᠤᠪᠴᠢᠶ᠎ᠡ᠂ ᠨᠡᠬᠡᠬᠡᠯᠳᠡ ᠶᠢᠨ ᠠᠯᠪᠠᠨ ᠭᠡᠷ᠂ ᠬᠠᠷᠢᠭᠤᠴᠠᠯᠭᠠᠳᠡᠨ᠄ ᠴᠢ ᠳ᠋ᠢᠶᠠᠨ ᠦ᠋᠂ ᠦ᠋ ᠰᠢ ᠬᠠᠢ᠂  ᠴᠠᠢ ᠭᠥᠸᠧ ᠬᠠᠢ︶       ᠶᠠᠳᠠᠭᠤ ᠡᠷᠦᠬᠡ ᠶᠢ ᠬᠠᠪᠰᠤᠷᠤᠨ ᠭᠠᠵᠠᠷ ᠰᠢᠷᠦᠢ ᠶᠢ ᠡᠷᠬᠢᠯᠳᠦᠬᠦᠯᠬᠦ ᠪᠤᠶᠤ ᠭᠠᠵᠠᠷ ᠰᠢᠷᠦᠢ ᠪᠠᠨ ᠨᠡᠶᠢᠳᠡᠨ ᠬᠠᠮᠢᠶᠠᠷᠤᠭᠤᠯᠵᠦ ᠲᠡᠷᠢᠭᠤᠯᠤᠨ ᠤᠷᠤᠯᠭ᠎ᠠ   ᠶᠢ ᠨᠢ ᠨᠡᠮᠡᠭᠳᠡᠬᠦᠯᠬᠦ ᠠᠵᠢᠯ ᠢ ᠰᠠᠶᠢᠳᠦᠷ ᠬᠢᠨ᠎ᠡ᠃ ︵ᠬᠠᠷᠢᠭᠤᠴᠠᠯᠭᠠᠳᠦ ᠨᠢᠬᠡᠴᠢ᠄ ᠮᠠᠯ ᠲᠡᠷᠢᠶᠡᠯᠡᠩ ᠤᠨ ᠲᠤᠪᠴᠢᠶ᠎ᠡ᠂ ᠬᠠᠷᠢᠭᠤᠴᠠᠯᠭᠠᠳᠡᠨ᠄ ᠲᠠᠨ᠎ᠠ︶       13. ᠵᠢᠶᠠ ᠾᠧ ᠮᠠᠯ ᠲᠠᠷᠢᠶᠡᠯᠡᠩ ᠤᠨ ᠬᠢᠵᠠᠭᠠᠷᠳᠦ ᠺᠤᠮᠠᠨᠢ ᠵᠡᠷᠭᠡ ᠲᠦᠬᠦᠬᠡᠷᠦᠮᠵᠢᠳᠦ ᠲᠠᠷᠢᠶᠡᠯᠡᠩ ᠠᠵᠦ ᠠᠬᠤᠶᠢᠯᠠᠯ ᠢ ᠵᠤᠬᠢᠴᠠᠭᠤᠯᠬᠤ ᠪᠠᠷ ᠲᠠᠮᠵᠢᠨ᠂ ᠬᠦᠷᠢᠶ᠎ᠡ ᠬᠠᠰᠢᠶᠠᠨ ᠤ ᠠᠵᠦ ᠠᠬᠤᠢ ᠶᠢ ᠶᠡᠭᠡ ᠪᠠᠷ ᠬᠦᠭᠵᠢᠬᠦᠯᠵᠦ᠂ ᠺᠤᠮᠫᠠᠨᠢ ᠠᠴᠠ ᠴᠢᠬᠢ ᠪᠤᠯᠤᠨ ᠮᠡᠷᠬᠡᠵᠢᠯ ᠬᠠᠩᠭᠠᠵᠦ᠂ ᠪᠤᠴᠠᠭᠠᠨ ᠠᠪᠬᠤ ᠬᠡᠷ᠎ᠡ ᠲᠤᠭᠳᠠᠨ᠎ᠠ᠃ ︵ᠬᠠᠷᠢᠭᠤᠴᠠᠯᠭᠠᠳᠦ ᠨᠢᠬᠡᠴᠢ᠄ ᠶᠠᠳᠠᠭᠤ ᠶᠢ ᠲᠡᠳᠬᠦᠬᠦ ᠠᠯᠪᠠᠨ ᠭᠡᠷ᠂ ᠮᠠᠯ ᠲᠡᠷᠢᠶᠡᠯᠡᠩ ᠤᠨ ᠲᠤᠪᠴᠢᠶ᠎ᠡ᠂ ᠬᠠᠷᠢᠭᠤᠴᠠᠯᠭᠠᠳᠡᠨ᠄ ᠪᠤᠤ ᠶᠦᠩ ᠵᠢᠶᠦ᠋ᠨ᠂ ᠱᠤ᠋ ᠢᠦᠢ ᠰᠢᠨ︶       ︵ᠭᠤᠷᠪᠡ︶ ᠦᠢᠯᠡᠴᠢᠯᠡᠭᠡᠨ ᠤ ᠦᠢᠯᠡᠰ       14 . ᠴᠦᠩᠭᠦᠯ ᠤᠨ ᠭᠤᠤ᠂ ᠤᠳᠡᠨᠳᠡᠯ᠎ᠡ᠂ ᠯᠢᠩᠬᠤᠸᠠᠳᠦ᠂ ᠬᠤᠶᠢᠳᠦ ᠭᠠᠨᠵᠤᠭ᠎ᠠ ᠶᠢᠨ ᠦᠪᠡᠷ ᠤᠨ ᠲᠡᠷᠭᠡ ᠪᠠᠷ ᠵᠤᠭᠠᠴᠠᠬᠤ ᠵᠤᠰᠠᠯᠩ᠂ ᠶᠢᠰᠦ ᠶᠢᠰᠦ ᠨᠤᠮᠧᠷᠳᠦ ᠡᠳ᠋ᠯᠡᠩ᠂ ᠠᠭᠤᠯᠠ ᠨᠤᠭᠤ ᠭᠠᠵᠠᠷ ᠤᠨ ᠲᠠᠯ᠎ᠠ ᠨᠤᠳᠤᠭ ᠵᠡᠷᠭᠡ ᠵᠤᠭᠠᠴᠠᠯ ᠤᠨ ᠡᠬᠢ ᠰᠤᠷᠪᠤᠯᠵᠢ ᠳᠤ ᠲᠦᠰᠢᠭᠯᠡᠨ᠂ ᠶᠠᠳᠠᠭᠤ ᠡᠷᠦᠬᠡ ᠶᠢ ᠬᠠᠪᠰᠤᠷᠤᠨ ᠲᠡᠷᠢᠶᠡᠴᠢᠨ ᠡᠷᠦᠬᠡ  ᠶᠢᠨ ᠪᠠᠶᠠᠰᠤᠯ᠂ ᠮᠠᠯᠴᠢᠨ ᠠᠶᠢᠯ ᠤᠨ ᠪᠠᠶᠠᠰᠦᠯ᠂ ᠲᠡᠬᠦᠬᠦ ᠬᠦᠷᠢᠶᠡᠯᠡᠩ᠂ ᠬᠦᠬᠢᠳᠡᠬᠦ ᠬᠦᠷᠢᠶᠡᠯᠡᠩ ᠵᠡᠷᠭᠡ ᠵᠤᠭᠠᠴᠠᠯ  ᠤᠨ ᠲᠦᠷᠦᠯ ᠵᠦᠢᠯ ᠢ ᠬᠦᠭᠵᠢᠬᠦᠯᠵᠦ᠂ ᠬᠤᠯᠪᠤᠭᠳᠡᠯ ᠪᠦᠬᠦᠢ ᠰᠤᠷᠠᠭ ᠵᠠᠩᠭᠢ ᠶᠢ ᠵᠤᠭᠠᠴᠠᠯ ᠤᠨ ᠰᠦᠯᠵᠢᠶ᠎ᠡ ᠳᠤ ᠤᠷᠤᠭᠤᠯᠤᠨ ᠤᠬᠠᠭᠤᠯᠵᠦ ᠲᠡᠯᠬᠡᠷᠡᠬᠦᠯᠦᠨ᠂ ᠠᠵᠢᠯ ᠲᠦᠷᠦᠯ ᠤᠨ ᠲᠤᠭᠳᠠᠮᠠᠯ ᠬᠦᠯᠢᠶᠡᠨ ᠠᠪᠴᠦ ᠵᠤᠴᠢᠯᠠᠬᠤ ᠤᠷᠤᠨ ᠲᠠᠯᠠᠪᠤᠷ ᠲᠤ ᠤᠷᠢᠳᠡᠪᠡᠷ ᠤᠷᠤᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠵᠤᠭᠠᠴᠠᠯ ᠤᠨ ᠲᠤᠪᠴᠢᠶ᠎ᠡ᠂ ᠬᠠᠷᠢᠭᠤᠴᠠᠯᠭᠠᠳᠡᠨ᠄ ᠴᠧᠨ ᠬᠠᠢ ᠪᠢᠨ︶        15. ᠵᠤᠭᠠᠴᠠᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠦᠨᠳᠦᠷ ᠪᠠᠷᠢᠮᠵᠢᠶ᠎ᠡ ᠲᠠᠢ ᠬᠦᠳᠡᠭᠡ ᠲᠤᠰᠬᠤᠨ ᠤ ᠵᠤᠭᠠᠴᠠᠯ ᠤᠨ ᠡᠷᠦᠬᠡ ᠳᠤ ᠵᠤᠭᠠᠴᠠᠯ ᠤᠨ ᠦᠢᠯᠡᠰ ᠢ ᠬᠦᠭᠵᠢᠬᠦᠯᠬᠦ ᠰᠠᠭᠤᠷᠢ ᠮᠦᠨ ᠭᠭᠦ ᠲᠡᠮᠡᠴᠡᠨ ᠤᠯᠵᠦ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠵᠤᠭᠠᠴᠠᠯ ᠤᠨ ᠲᠤᠪᠴᠢᠶ᠎ᠡ᠂ ᠬᠠᠷᠢᠭᠤᠴᠠᠯᠭᠠᠳᠡᠨ᠄ ᠴᠧᠨ ᠬᠠᠢ ᠪᠢᠨ︶      16. ᠵᠤᠭᠠᠴᠠᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂  ᠠᠷᠢᠬᠢᠨ ᠪᠠᠭᠤᠳᠡᠯ᠂ ᠢᠳᠡᠭᠡᠨ ᠤᠮᠳᠠᠭᠠᠨ᠂ ᠶᠤᠰᠤᠯᠠᠯ᠂ ᠨᠡᠶᠢᠳᠡᠯᠢᠭ ᠬᠡᠯᠡ ᠵᠡᠷᠭᠡ ᠵᠤᠭᠠᠴᠠᠯ ᠤᠨ ᠲᠤᠬᠠᠶᠢᠯᠠᠭᠰᠠᠨ ᠠᠵᠢᠯ ᠤᠨ ᠠᠵᠢᠯ ᠤᠯᠭᠤᠬᠤ ᠪᠤᠯᠪᠠᠰᠤᠷᠡᠯ ᠬᠠᠩᠭᠠᠵᠦ᠂ ᠲᠠᠨᠢᠯᠴᠠᠭᠤᠯᠤᠨ ᠠᠵᠢᠯ ᠤᠯᠭᠤᠨ᠎ᠠ᠃ ︵ᠬᠠᠷᠢᠭᠤᠴᠠᠯᠭᠠᠳᠦ ᠨᠢᠬᠡᠴᠢ᠄ ᠵᠤᠭᠠᠴᠠᠯ ᠤᠨ ᠲᠤᠪᠴᠢᠶ᠎ᠡ᠂ ᠬᠠᠷᠢᠭᠤᠴᠠᠯᠭᠠᠳᠡᠨ᠄ ᠴᠧᠨ ᠬᠠᠢ ᠪᠢᠨ︶       17. ᠡᠯᠧᠺᠲᠷᠦᠨ ᠬᠤᠳᠡᠯᠳᠤᠭᠠᠨ ᠤ ᠠᠵᠦ ᠠᠬᠤᠶᠢᠯᠠᠯ ᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠡᠷᠦᠬᠡ ᠶᠢ ᠬᠠᠪᠰᠤᠷᠤᠨ ᠡᠯᠧᠺᠲᠷᠦᠨ ᠬᠤᠳᠡᠯᠳᠤᠭᠠᠨ ᠦᠢᠯᠡᠰ ᠢ ᠬᠦᠭᠵᠢᠬᠦᠯᠵᠦ᠂ ᠲᠤᠤᠷ ᠰᠦᠯᠵᠢᠶ᠎ᠡ ᠪᠠᠷ ᠮᠠᠯ ᠲᠠᠷᠢᠶᠡᠯᠡᠩ ᠤᠨ ᠦᠢᠯᠡᠳᠭᠡᠬᠦᠨ ᠪᠤᠷᠤᠯᠠᠭᠤᠯᠬᠤ ᠪᠠᠷ ᠲᠠᠮᠵᠢᠨ ᠤᠷᠤᠯᠭ᠎ᠠ ᠶᠢ ᠨᠢ ᠨᠡᠮᠡᠭᠳᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄  ᠬᠤᠳᠡᠯᠳᠤᠭᠠᠨ ᠤ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄ ᠬᠠᠢ ᠢᠦᠢ ᠹᠠᠩ       18. ᠭᠡᠷᠡᠯᠯᠢᠭ ᠸᠤᠯᠲ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠲᠡᠮᠡᠴᠡᠨ ᠤᠯᠬᠤ ᠪᠠᠷ ᠲᠠᠮᠵᠢᠨ᠂ ᠲᠦᠪᠯᠡᠷᠡᠬᠦᠯᠬᠦ ᠪᠠ ᠲᠠᠷᠬᠠᠭᠠᠬᠤ ᠬᠡᠯᠪᠡᠷᠢ ᠪᠠᠷ ᠭᠡᠷᠡᠯᠯᠢᠭ ᠸᠤᠯᠲ ᠪᠠᠷ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡ ᠪᠠᠶᠢᠭᠤᠯᠵᠦ᠂ ᠬᠦᠳᠡᠯᠮᠦᠷᠢᠯᠡᠬᠦ ᠴᠢᠳᠡᠪᠦᠷᠢ ᠦᠭᠡᠢ ᠶᠠᠳᠠᠭᠤ ᠡᠷᠦᠬᠡ ᠪᠤᠯᠤᠨ ᠵᠡᠮᠳᠡᠭ ᠶᠠᠳᠠᠭᠤ ᠡᠷᠦᠬᠡ ᠪᠦᠷᠢ ᠳᠤ ᠵᠢᠯ  ᠳᠤ 3000 ᠲᠦᠬᠦᠷᠢᠭ ᠨᠦᠬᠦᠪᠦᠷᠢ ᠦᠭᠴᠦ᠂ 20 ᠵᠢᠯ ᠦᠷᠬᠦᠯᠵᠢᠯᠡᠨ ᠲᠡᠳᠬᠦᠨ᠎ᠡ᠃ ︵ᠬᠠᠷᠢᠭᠤᠴᠠᠯᠭᠠᠳᠦ ᠨᠢᠬᠡᠴᠢ᠄ ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠡ᠂ ᠶᠠᠳᠠᠭᠤ ᠶᠢ ᠲᠡᠳᠬᠦᠬᠦ ᠲᠤᠪᠴᠢᠶ᠎ᠡ᠂ ᠬᠠᠷᠢᠭᠤᠴᠠᠯᠭᠠᠳᠡᠨ᠄ ᠴᠢᠨ ᠵᠤᠷᠢᠭᠳᠦ᠂ ᠪᠤᠤ ᠶᠦᠩ ᠵᠢᠶᠦ᠋ᠨ︶       19. ᠬᠠᠩᠭᠠᠨ ᠪᠤᠷᠤᠯᠠᠭᠤᠯᠬᠤ ᠬᠤᠷᠰᠢᠶ᠎ᠠ᠂ ᠬᠤᠳᠡᠯᠳᠤᠭᠠᠨ ᠤ ᠶᠠᠪᠤᠳᠡᠯ ᠤᠨ ᠲᠤᠪᠴᠢᠶ᠎ᠡ᠂ ᠮᠠᠯ ᠲᠠᠷᠢᠶᠡᠯᠡᠩ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠡᠷᠦᠬᠡ ᠶᠢ ᠬᠠᠪᠰᠤᠷᠤᠨ ᠪᠠᠷᠠᠭᠠᠨ ᠤ ᠬᠦᠢᠯᠬᠡᠬᠡᠨ ᠬᠤᠤᠰᠯᠠᠭᠤᠯᠵᠦ ᠬᠦᠷᠭᠡᠬᠦ᠂ ᠲᠡᠷᠢᠮᠡᠯ ᠤᠨ ᠵᠦᠢᠯ ᠢ ᠲᠤᠰᠬᠠᠢ ᠬᠠᠳᠤᠵᠦ ᠬᠤᠷᠢᠶᠠᠬᠤ᠂ ᠵᠢᠵᠢᠭ ᠢᠳᠡᠭᠡᠨ ᠪᠤᠯᠤᠨ ᠬᠤᠯᠢᠮᠠᠭ ᠠᠮᠤ ᠪᠤᠷᠴᠠᠭ ᠪᠤᠯᠪᠠᠰᠤᠷᠠᠭᠤᠯᠬᠤ ᠵᠡᠷᠭᠡ ᠠᠵᠢᠯ ᠲᠦᠷᠦᠯ ᠢ ᠬᠦᠭᠵᠢᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠬᠠᠩᠭᠠᠨ ᠪᠤᠷᠤᠯᠠᠭᠤᠯᠬᠤ ᠬᠤᠷᠰᠢᠶ᠎ᠠ᠂ ᠬᠤᠳᠡᠯᠳᠤᠭᠠᠨ ᠤ ᠶᠠᠪᠤᠳᠡᠯ ᠤᠨ ᠲᠤᠪᠴᠢᠶ᠎ᠡ᠂ ᠮᠠᠯ ᠲᠡᠷᠢᠶᠡᠯᠡᠩ ᠤᠨ ᠲᠤᠪᠴᠢᠶ᠎ᠡ᠂ ᠬᠠᠷᠢᠭᠤᠴᠠᠯᠭᠠᠳᠡᠨ᠄  ᠴᠢ ᠳ᠋ᠢᠶᠠᠨ ᠦ᠋᠂ ᠵᠠᠩ ᠶᠢᠨ ᠶᠠᠨ᠂ ᠵᠧᠩ ᠭᠥᠸᠧ ᠵᠦᠩ      20. ᠰᠤᠶᠤᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠡᠮᠵᠢᠨ᠂ ᠤᠷᠡᠨ ᠰᠠᠶᠢᠬᠠᠨ ᠤ ᠤᠨᠴᠠ ᠮᠡᠷᠬᠡᠵᠢᠯ  ᠲᠠᠢ ᠶᠠᠳᠠᠭᠤ ᠲᠡᠷᠢᠶᠡᠴᠢᠨ ᠮᠠᠯᠴᠢᠳ ᠲᠤ ᠲᠤᠰᠬᠠᠢ ᠮᠡᠷᠬᠡᠵᠢᠯ ᠤᠨ ᠪᠤᠯᠪᠠᠰᠤᠷᠡᠯ ᠬᠦᠷᠳᠡᠭᠡᠵᠦ᠂ ᠵᠤᠭᠠᠴᠠᠯ ᠤᠨ ᠦᠵᠡᠮᠵᠢ ᠶᠢᠨ ᠴᠡᠭ᠂ ᠤᠷᠤᠭ ᠬᠤᠷᠢᠮ ᠤᠨ ᠶᠤᠰᠤᠯᠠᠯ ᠤᠨ ᠺᠤᠮᠫᠠᠨᠢ ᠵᠡᠷᠭᠡ ᠳᠤ ᠲᠠᠨᠢᠯᠴᠠᠭᠤᠯᠤᠨ ᠠᠵᠢᠯᠯᠠᠭᠤᠯᠵᠦ᠂ ᠤᠷᠤᠯᠭ᠎ᠠ ᠶᠢ ᠨᠢ ᠨᠡᠮᠡᠭᠳᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠰᠤᠶᠤᠯ   ᠤᠨ ᠲᠤᠪᠴᠢᠶ᠎ᠡ᠂ ᠬᠠᠷᠢᠭᠤᠴᠠᠯᠭᠠᠳᠡᠨ᠄  ᠯᠢᠦ ᠬᠦᠢ ᠹᠠᠩ︶        ︵ᠲᠦᠷᠪᠡ︶ ᠬᠦᠳᠡᠯᠮᠦᠷᠢ ᠬᠦᠴᠦ ᠶᠢ ᠭᠠᠳᠠᠭᠰᠢ ᠭᠠᠷᠭᠠᠬᠤ      21. ᠠᠵᠢᠯ ᠤᠯᠭᠤᠬᠤ ᠲᠤᠪᠴᠢᠶ᠎ᠡ᠂ ᠮᠠᠯ ᠲᠠᠷᠢᠶᠠᠯᠠᠩ ᠤᠨ ᠲᠤᠪᠴᠢᠶ᠎ᠡ᠂ ᠠᠵᠢᠯ ᠮᠡᠷᠬᠡᠵᠢᠯ ᠤᠨ ᠲᠤᠮᠳᠡᠳᠦ ᠰᠤᠷᠭᠠᠭᠤᠯᠢ᠂ ᠪᠤᠯᠪᠠᠰᠤᠷᠡᠯ ᠤᠨ ᠵᠠᠭᠤᠴᠢ ᠪᠤᠯᠤᠨ ᠰᠤᠮᠤ ᠪᠠᠯᠭᠠᠰᠤ ᠶᠢᠨ ᠵᠠᠰᠠᠭ ᠤᠨ ᠤᠷᠳᠤᠨ ᠢ ᠵᠤᠬᠢᠴᠠᠭᠤᠯᠬᠤ  ᠪᠠᠷ ᠲᠠᠮᠵᠢᠨ᠂ ᠠᠵᠢᠯ ᠤᠯᠭᠤᠬᠤ ᠮᠡᠷᠬᠡᠵᠢᠯ ᠴᠢᠳᠡᠪᠦᠷᠢ ᠶᠢᠨ ᠪᠤᠯᠪᠠᠰᠤᠷᠡᠯ ᠢ ᠴᠢᠩᠭᠠᠳᠬᠠᠵᠦ᠂ ᠶᠠᠳᠠᠭᠤ ᠡᠷᠦᠬᠡ ᠢ ᠠᠵᠢᠯ ᠤᠯᠬᠤ ᠮᠡᠷᠬᠡᠵᠢᠯ ᠴᠢᠳᠡᠪᠦᠷᠢ ᠶᠢ ᠲᠡᠭᠡᠭᠰᠢᠯᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠠᠵᠢᠯ ᠤᠯᠭᠤᠬᠤ ᠲᠤᠪᠴᠢᠶ᠎ᠡ᠂ ᠮᠠᠯ ᠲᠡᠷᠢᠶᠡᠯᠡᠩ ᠤᠨ ᠲᠤᠪᠴᠢᠶ᠎ᠡ᠂ ᠠᠵᠢᠯ ᠮᠡᠷᠬᠡᠵᠢᠯ ᠤᠨ ᠲᠤᠮᠳᠡᠳᠦ ᠰᠤᠷᠭᠠᠭᠤᠯᠢ᠂ ᠬᠠᠷᠢᠭᠤᠴᠠᠯᠭᠠᠳᠡᠨ᠄ ᠸᠠᠩ ᠬᠤᠤ᠂ ᠴᠢ ᠶᠠ ᠳ᠋ᠦᠩ᠂ ᠪᠤᠤ ᠸᠧᠨ ᠱᠠᠨ︶      22. ᠠᠵᠢᠯ ᠤᠯᠭᠤᠬᠤ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠦᠢᠯᠡᠰ ᠪᠦᠳᠦᠭᠡᠬᠦ ᠴᠢᠳᠡᠪᠦᠷᠢ  ᠲᠠᠢ ᠶᠠᠳᠠᠭᠤ ᠭᠡᠷ ᠪᠦᠯᠢ ᠶᠢᠨ ᠲᠡᠭᠡᠳᠦ ᠰᠤᠷᠭᠠᠭᠤᠯᠢ ᠲᠡᠬᠦᠰᠦᠭᠰᠡᠨ ᠤᠶᠤᠳᠡᠨ ᠤ ᠦᠢᠯᠡᠰ ᠪᠦᠳᠦᠭᠡᠬᠦ ᠶᠢ ᠲᠡᠮᠵᠢᠵᠦ ᠂ ᠦᠢᠯᠡᠰ ᠪᠦᠳᠦᠭᠡᠵᠦ ᠨᠡᠪᠴᠢᠬᠦᠯᠬᠦ ᠰᠠᠭᠤᠷᠢᠨ ᠤ ᠤᠷᠤᠨ ᠪᠠᠶᠢᠷᠢ ᠪᠤᠯᠤᠨ ᠬᠦᠦ ᠮᠦᠩᠭᠦ ᠦᠭᠡᠢ ᠵᠢᠵᠢᠭ ᠲᠤᠭᠠᠨ  ᠤ ᠪᠠᠳᠤᠯᠠᠭᠠᠳᠦ ᠦᠢᠯᠡᠰ ᠪᠦᠳᠦᠭᠡᠬᠦ ᠵᠢᠬᠡᠯᠡᠯᠬᠡ ᠶᠢ 5 ᠲᠦᠮᠡᠨ ᠲᠦᠬᠦᠷᠢᠭ ᠤᠯᠵᠦ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠠᠵᠢᠯ ᠤᠯᠭᠤᠬᠤ ᠲᠤᠪᠴᠢᠶ᠎ᠡ᠂ ᠬᠠᠷᠢᠭᠤᠴᠠᠯᠭᠠᠳᠡᠨ᠄  ᠸᠠᠩ ᠬᠤᠤ︶     23. ᠡᠯ᠎ᠡ ᠲᠠᠯ᠎ᠠ ᠶᠢᠨ ᠬᠠᠷᠢᠴᠠᠭ᠎ᠠ ᠪᠠᠷ ᠲᠠᠮᠵᠢᠨ᠂ ᠭᠠᠳᠠᠭᠰᠢ ᠭᠠᠷᠴᠦ ᠬᠦᠯᠦᠰᠦᠨ ᠠᠵᠢᠯ ᠬᠢᠬᠦ ᠤ ᠨᠦᠬᠦᠴᠠᠯ ᠲᠠᠢ ᠭᠡᠷ ᠪᠦᠯᠢ ᠳᠤ ᠭᠡᠷ ᠤᠨ ᠶᠠᠪᠤᠳᠡᠯ ᠤᠨ ᠦᠢᠯᠡᠴᠢᠯᠡᠭᠡ᠂ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠡᠯᠳᠤᠭᠠᠨ ᠤ ᠡᠷᠦᠬᠡ᠂ ᠨᠡᠶᠢᠳᠡ ᠶᠢᠨ ᠠᠰᠡᠷᠡᠮᠵᠢ ᠶᠢᠨ ᠴᠢᠨᠡᠷ ᠲᠠᠢ ᠠᠵᠢᠯ ᠤᠨ ᠪᠠᠶᠢᠷᠢ᠂ ᠤᠢ ᠬᠠᠮᠠᠭᠠᠯᠠᠭᠴᠢ ᠵᠡᠷᠭᠡ ᠲᠦᠷ ᠴᠠᠭ ᠤᠨ ᠪᠤᠶᠤ ᠲᠤᠭᠳᠠᠭᠤᠨ ᠠᠵᠢᠯ ᠤᠨ ᠪᠠᠶᠢᠷᠢ ᠵᠤᠬᠢᠴᠠᠭᠤᠯᠵᠦ᠂ ᠴᠠᠯᠢᠩ ᠤᠨ ᠴᠢᠨᠡᠷ  ᠲᠠᠢ ᠤᠷᠤᠯᠭ᠎ᠠ ᠶᠢ ᠨᠢ ᠨᠡᠮᠡᠭᠳᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠮᠠᠯ ᠲᠡᠷᠢᠶᠡᠯᠡᠩ ᠤᠨ ᠲᠤᠪᠴᠢᠶ᠎ᠡ᠂ ᠠᠵᠦ ᠠᠬᠤᠢ ᠰᠤᠷᠠᠭ ᠵᠠᠩᠭᠢ ᠶᠢᠨ ᠲᠤᠪᠴᠢᠶ᠎ᠡ᠂ ᠠᠵᠢᠯ ᠤᠯᠭᠤᠬᠤ ᠲᠤᠪᠴᠢᠶ᠎ᠡ᠂ ᠤᠢ ᠰᠢᠭᠤᠢ ᠶᠢᠨ ᠲᠤᠪᠴᠢᠶ᠎ᠡ᠂ ᠬᠦᠳᠡᠯᠮᠦᠷᠢ ᠠᠵᠢᠯᠳᠡᠨ ᠤ ᠲᠤᠪᠴᠢᠶ᠎ᠡ᠂  ᠬᠠᠷᠢᠭᠤᠴᠠᠯᠭᠠᠳᠡᠨ᠄  ᠴᠢ ᠶᠠ ᠳ᠋ᠦᠩ᠂ ᠵᠤ᠋ ᠯᠢ ᠬᠤᠸᠠ᠂ ᠸᠠᠩ ᠬᠤᠤ᠂ ᠡᠷᠳᠡᠨᠢ᠂ ᠳ᠋ᠢᠩ ᠮᠢᠩ ᠢᠦ︶       ᠬᠤᠶᠠᠷ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ      24. ᠶᠠᠳᠠᠭᠤ ᠶᠢ ᠲᠡᠳᠬᠦᠬᠦ ᠠᠯᠪᠠᠨ ᠭᠡᠷ ᠤᠨ ︽ᠠᠴᠢ ᠲᠤᠰᠠ ᠶᠢᠨ ᠲᠦᠯᠦᠪᠯᠡᠭᠡ︾ ᠬᠡᠷᠡᠭᠵᠢᠬᠦᠯᠬᠦ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠦᠨᠳᠦᠷ ᠵᠡᠷᠭᠡ ᠶᠢᠨ ᠠᠵᠢᠯ ᠮᠡᠷᠬᠡᠵᠢᠯ ᠤᠨ ᠤᠰᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠭᠴᠢ ᠨᠢᠬᠡᠪᠦᠷᠢ ᠳᠤ ᠵᠢᠯ ᠳᠤ 1500 ᠲᠦᠬᠦᠷᠢᠭ ᠨᠦᠬᠦᠪᠦᠷᠢ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠶᠠᠳᠠᠭᠤ ᠶᠢ ᠲᠡᠳᠬᠦᠬᠦ ᠠᠯᠪᠠᠨ ᠭᠡᠷ᠂ ᠬᠠᠷᠢᠭᠤᠴᠠᠯᠭᠠᠳᠡᠨ ᠄ ᠯᠢᠦ ᠰᠢᠦ ᠯᠢ︶      25. ᠠᠷᠠᠳ ᠤᠨ ᠶᠠᠪᠤᠳᠡᠯ ᠤᠨ ᠲᠤᠪᠴᠢᠶ᠎ᠡ᠂ ᠰᠤᠷᠭᠠᠨ ᠬᠦᠮᠦᠵᠢᠯ ᠤᠨ ᠲᠤᠪᠴᠢᠶ᠎ᠡ ᠶᠢ ᠵᠤᠬᠢᠴᠠᠭᠤᠯᠬᠤ  ᠪᠠᠷ ᠲᠠᠮᠵᠢᠨ᠂ ᠰᠤᠷᠭᠠᠭᠤᠯᠢ ᠳᠤ ᠡᠯᠰᠡᠭᠳᠡᠬᠦ ᠦᠶ᠎ᠡ ᠳᠤ ᠨᠠᠭᠠᠳᠤ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠭᠡᠷ ᠪᠦᠯᠢ ᠶᠢᠨ ᠦᠷ᠎ᠡ ᠬᠡᠦᠬᠡᠳ ᠪᠤᠯᠬᠤ ᠪᠦᠬᠡᠳ ᠤᠯᠤᠰ ᠤᠨ ᠨᠢᠬᠡᠳᠦᠯᠳᠡᠢ ᠡᠯᠰᠡᠬᠦ ᠰᠤᠷᠤᠭᠴᠢ ᠳᠤ ᠬᠠᠷᠢᠶᠠᠯᠠᠭᠳᠠᠬᠤ ᠤᠶᠤᠳᠡᠳ ᠲᠤ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ ᠳᠤ ᠡᠯᠰᠡᠭᠳᠡᠭᠰᠡᠳ ᠲᠤ ᠨᠢᠬᠡᠯᠡ ᠤᠳᠠᠭᠠᠨ ᠤ ᠴᠢᠨᠡᠷ  ᠲᠠᠢ ᠨᠦᠬᠦᠪᠦᠷᠢ 4 ᠲᠦᠮᠡᠨ ᠲᠦᠬᠦᠷᠢᠭ ᠦᠭᠴᠦ᠂ ᠲᠤᠰᠬᠠᠢ ᠮᠡᠷᠬᠡᠵᠢᠯ ᠤᠨ ᠠᠩᠭᠢ ᠳᠤ ᠡᠯᠰᠡᠭᠳᠡᠭᠰᠡᠳ ᠲᠤ ᠨᠢᠬᠡᠯᠡ ᠤᠳᠠᠭᠠᠨ ᠤ ᠴᠢᠨᠡᠷ ᠲᠠᠢ ᠨᠦᠬᠦᠪᠦᠷᠢ 3 ᠲᠦᠮᠡᠨ ᠲᠦᠬᠦᠷᠢᠭ ᠬᠦᠭᠬᠦᠨ᠎ᠡ︔ ᠨᠠᠭᠠᠳᠦ ᠵᠠᠬ᠎ᠠ ᠶᠢᠨ ᠠᠮᠢᠳᠦᠷᠡᠯ  ᠤᠨ ᠪᠠᠳᠤᠯᠠᠪᠤᠷᠢ ᠦᠭᠡᠢ ᠲᠡᠩᠰᠡ ᠡᠪᠬᠡᠮᠡᠯ ᠺᠡᠷᠲ ᠲᠠᠢ ᠶᠠᠳᠠᠭᠤ  ᠭᠡᠷ ᠪᠦᠯᠢ ᠶᠢᠨ ᠦᠷ᠎ᠡ ᠬᠡᠦᠬᠡᠳ ᠶᠡᠭᠡ ᠰᠤᠷᠭᠠᠭᠤᠯᠢ ᠳᠤ ᠤᠷᠤᠪᠠᠯ ᠵᠢᠯ ᠳᠤ 1 ᠲᠦᠮᠡᠨ ᠲᠦᠬᠦᠷᠢᠭ ᠨᠦᠬᠦᠪᠦᠷᠢ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠠᠷᠠᠳ ᠤᠨ ᠶᠠᠪᠤᠳᠡᠯ ᠤᠨ ᠲᠤᠪᠴᠢᠶ᠎ᠡ᠂ ᠰᠤᠷᠭᠠᠨ ᠬᠦᠮᠦᠵᠢᠯ ᠤᠨ ᠲᠤᠪᠴᠢᠶ᠎ᠡ᠂ ᠬᠠᠷᠢᠭᠤᠴᠠᠯᠭᠠᠳᠡᠨ᠄ ᠸᠠᠩ ᠰᠢᠨ᠂ ᠬᠤ᠋ ᠰᠢᠶᠥᠥ ᠭᠤᠸᠠᠩ︶       26. ᠰᠤᠷᠭᠠᠨ ᠬᠦᠮᠦᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ  ᠲᠠᠢ ᠶᠠᠳᠠᠭᠤ ᠭᠡᠷ ᠪᠦᠯᠢ ᠶᠢᠨ ᠦᠷ᠎ᠡ ᠬᠡᠦᠬᠡᠳ ᠤᠨ ᠡᠩ ᠤᠨ ᠦᠨᠳᠦᠷ ᠲᠤᠮᠳᠡᠳᠦ ᠰᠤᠷᠭᠠᠭᠤᠯᠢ ᠳᠤ ᠪᠢᠴᠢᠭ ᠦᠵᠡᠵᠦ  ᠪᠠᠶᠢᠭ᠎ᠠ ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠨᠦᠬᠦᠪᠦᠷᠢ ᠦᠭᠴᠦ᠂ ᠬᠦᠮᠦᠨ ᠪᠦᠷᠢ ᠳᠤ ᠵᠢᠯ ᠳᠤ 2000 ᠲᠦᠬᠦᠷᠢᠭ ᠦᠭᠭᠦᠨ᠎ᠡ︔ ᠲᠡᠩᠰᠡ ᠡᠪᠬᠡᠮᠡᠯ ᠺᠡᠷᠲ ᠲᠠᠢ ᠶᠠᠳᠠᠭᠤ ᠭᠡᠷ ᠪᠦᠯᠢ  ᠶᠢᠨ ᠪᠠᠭ᠎ᠠ ᠰᠤᠷᠭᠠᠭᠤᠯᠢ᠂ ᠠᠩᠬ᠎ᠠ ᠲᠤᠮᠳᠡᠳᠦ ᠰᠤᠷᠭᠠᠭᠤᠯᠢ᠂ ᠦᠨᠳᠦᠷ ᠲᠤᠮᠳᠡᠳᠦ ᠰᠤᠷᠭᠠᠭᠤᠯᠢ᠂ ᠠᠵᠢᠯ ᠮᠡᠷᠬᠡᠵᠢᠯ  ᠤᠨ ᠲᠤᠮᠳᠡᠳᠦ ᠰᠤᠷᠭᠠᠭᠤᠯᠢ ᠳᠤ ᠰᠤᠷᠤᠩᠴᠠᠵᠦ ᠪᠠᠶᠢᠭ᠎ᠠ ᠰᠤᠷᠤᠭᠴᠢᠳ ᠲᠤ ᠲᠤᠰ ᠱᠠᠳᠤᠨ ᠤ ᠪᠢᠴᠢᠭ ᠦᠵᠡᠬᠦᠯᠬᠦ ᠨᠦᠬᠦᠪᠦᠷᠢ ᠦᠭᠭᠦᠨ᠎ᠡ᠂ ᠨᠦᠬᠦᠪᠦᠷᠢ ᠶᠢᠨ ᠪᠠᠷᠢᠮᠵᠢᠶ᠎ᠡ ᠨᠢ᠄ ᠪᠠᠭ᠎ᠠ ᠰᠤᠷᠭᠠᠭᠤᠯᠢ ᠶᠢᠨ ᠰᠤᠷᠤᠭᠴᠢ ᠨᠢᠬᠡᠪᠦᠷᠢ ᠵᠢᠯ ᠳᠤ 1800 ᠲᠦᠬᠦᠷᠢᠭ᠂ ᠠᠩᠬ᠎ᠠ ᠲᠤᠮᠳᠡᠳᠦ ᠶᠢᠨ ᠰᠤᠷᠤᠭᠴᠢ ᠨᠢᠬᠡᠪᠦᠷᠢ ᠵᠢᠯ ᠳᠤ 2000 ᠲᠦᠬᠦᠷᠢᠭ᠂ ᠦᠨᠳᠦᠷ ᠲᠤᠮᠳᠡᠳᠦ᠂ ᠠᠵᠢᠯ ᠮᠡᠷᠬᠡᠵᠢᠯ ᠤᠨ ᠲᠤᠮᠳᠡᠳᠦ ᠰᠤᠷᠭᠠᠭᠤᠯᠢ ᠶᠢᠨ ᠰᠤᠷᠤᠭᠴᠢ ᠨᠢᠬᠡᠪᠦᠷᠢ ᠳᠤ ᠵᠢᠯ ᠳᠤ 2400 ᠲᠦᠬᠦᠷᠢᠭ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠰᠤᠷᠭᠠᠨ ᠬᠦᠮᠦᠵᠢᠯ ᠤᠨ ᠲᠤᠪᠴᠢᠶ᠎ᠡ᠂ ᠬᠠᠷᠢᠭᠤᠴᠠᠯᠭᠠᠳᠡᠨ ᠄ ᠬᠤ᠋ ᠰᠢᠶᠥᠥ ᠭᠤᠸᠠᠩ︶      27. ᠰᠤᠷᠭᠠᠨ ᠬᠦᠮᠦᠵᠢᠯ ᠤᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ   ᠶᠢ ᠵᠤᠬᠢᠴᠠᠭᠤᠯᠬᠤ ᠪᠠᠷ ᠲᠠᠮᠵᠢᠨ᠂ ᠪᠠᠶᠢᠷᠢᠨ ᠳᠤ ᠰᠠᠭᠤᠬᠤ ᠰᠤᠷᠤᠭᠴᠢ ᠶᠢᠨ ᠬᠤᠨᠤᠭ ᠤᠨ ᠨᠦᠬᠦᠪᠦᠷᠢ ᠶᠢ ᠨᠠᠶᠢᠳᠠᠪᠤᠷᠢᠵᠢᠭᠤᠯᠵᠦ᠂ ᠮᠤᠩᠭᠤᠯ  ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠭᠴᠢ ᠨᠢᠬᠡᠪᠦᠷᠢ ᠳᠤ ᠬᠤᠭᠤᠴᠠᠭ᠎ᠠ ᠪᠦᠷᠢ 675 ᠲᠦᠬᠦᠷᠢᠭ᠂ ᠬᠢᠳᠡᠳ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠭᠴᠢ ᠨᠢᠬᠡᠪᠦᠷᠢ ᠳᠤ ᠬᠤᠭᠤᠴᠠᠭ᠎ᠠ ᠪᠦᠷᠢ 500 ᠲᠦᠬᠦᠷᠢᠭ ᠦᠭᠭᠦᠨ᠎ᠡ︔ ᠮᠤᠩᠭᠤᠯ ᠢᠶᠠᠷ ᠬᠢᠴᠢᠶᠡᠯᠯᠡᠬᠦ  ᠠᠩᠬ᠎ᠠ ᠲᠤᠮᠳᠡᠳᠦ ᠶᠢᠨ ᠰᠤᠷᠤᠭᠴᠢ ᠨᠢᠬᠡᠪᠦᠷᠢ ᠳᠤ ᠬᠤᠭᠤᠴᠠᠭ᠎ᠠ ᠪᠦᠷᠢ 810 ᠲᠦᠬᠦᠷᠢᠭ᠂ ᠬᠢᠳᠡᠳ ᠢᠶᠠᠷ ᠬᠢᠴᠢᠶᠡᠯᠯᠡᠬᠦ ᠠᠩᠬ᠎ᠠ ᠲᠤᠮᠳᠡᠳᠦ ᠶᠢᠨ ᠰᠤᠷᠤᠭᠴᠢ ᠨᠢᠬᠡᠪᠦᠷᠢ  ᠳᠤ ᠬᠤᠭᠤᠴᠠᠭ᠎ᠠ ᠪᠦᠷᠢ 625 ᠲᠦᠬᠦᠷᠢᠭ ᠦᠭᠭᠦᠨ᠎ᠡ︔ ᠮᠤᠩᠭᠤᠯ ᠢᠶᠠᠷ ᠬᠢᠴᠢᠶᠡᠯᠯᠡᠬᠦ ᠡᠩ ᠤᠨ ᠦᠨᠳᠦᠷ ᠲᠤᠮᠳᠡᠳᠦ ᠶᠢᠨ ᠰᠤᠷᠤᠭᠴᠢ ᠨᠢᠬᠡᠪᠦᠷᠢ ᠳᠤ ᠬᠤᠭᠤᠴᠠᠭ᠎ᠠ ᠪᠦᠷᠢ 945 ᠲᠦᠬᠦᠷᠢᠭ ᠦᠭᠭᠦᠨ᠎ᠡ︔︵ᠬᠠᠷᠢᠭᠤᠴᠠᠯᠭᠠᠳᠦ ᠨᠢᠬᠡᠴᠢ᠄ ᠰᠤᠷᠭᠠᠨ ᠬᠦᠮᠦᠵᠢᠯ ᠤᠨ ᠲᠤᠪᠴᠢᠶ᠎ᠡ᠂ ᠬᠠᠷᠢᠭᠤᠴᠠᠯᠭᠠᠳᠡᠨ᠄ ᠬᠤ᠋ ᠰᠢᠶᠥᠥ ᠭᠤᠸᠠᠩ       28. ᠶᠠᠳᠠᠭᠤ ᠶᠢ ᠲᠡᠳᠬᠦᠨ ᠰᠤᠷᠤᠯᠭ᠎ᠠ ᠶᠢ ᠲᠡᠮᠵᠢᠬᠦ  ᠰᠠᠭᠤᠷᠢ ᠮᠦᠩᠭᠦᠨ ᠤ ᠨᠡᠶᠢᠬᠡᠮᠯᠢᠭ ᠢ ᠵᠤᠬᠢᠴᠠᠭᠤᠯᠬᠤ ᠪᠠᠷ ᠲᠠᠮᠵᠢᠨ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠤᠨᠴᠠ ᠬᠦᠴᠢᠷᠳᠡᠯ ᠲᠠᠢ ᠭᠡᠷ ᠪᠦᠯᠢ ᠶᠢᠨ ᠦᠷ᠎ᠡ ᠬᠡᠦᠬᠡᠳ ᠲᠤ ᠬᠦᠮᠦᠨ ᠪᠦᠷᠢ ᠬᠤᠭᠤᠴᠠᠭ᠎ᠠ ᠪᠦᠷᠢ 200 ᠲᠦᠬᠦᠷᠢᠭ᠂ ᠦᠨᠦᠴᠢᠨ ᠬᠡᠦᠬᠡᠳ ᠲᠤ ᠬᠦᠮᠦᠨ ᠪᠦᠷᠢ ᠬᠤᠭᠤᠴᠠᠭ᠎ᠠ ᠪᠦᠷᠢ 400 ᠲᠦᠬᠦᠷᠢᠭ ᠨᠦᠬᠦᠪᠦᠷᠢ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠬᠤᠰᠢᠭᠤᠨ ᠤ ᠶᠠᠳᠠᠭᠤ ᠶᠢ ᠲᠡᠳᠬᠦᠨ ᠰᠤᠷᠤᠯᠭ᠎ᠠ ᠶᠢ ᠲᠡᠮᠵᠢᠬᠦ ᠰᠠᠭᠤᠷᠢ ᠮᠦᠩᠭᠦᠨ ᠤ ᠨᠡᠶᠢᠬᠡᠮᠯᠢᠭ᠂ ᠬᠠᠷᠢᠭᠤᠴᠠᠯᠭᠠᠳᠡᠨ᠄ ᠦ᠋ ᠴᠢᠦᠸᠠᠨ ᠰᠢ︶        30. ᠰᠤᠷᠭᠠᠨ ᠬᠦᠮᠦᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠤᠶᠤᠳᠡᠨ ᠪᠢᠴᠢᠭ ᠦᠵᠡᠵᠦ ᠪᠠᠶᠢᠭ᠎ᠠ ᠬᠤᠭᠤᠴᠠᠭᠠᠨ ᠳᠠᠭᠠᠨ ᠤᠯᠤᠰ ᠤᠨ ᠨᠡᠬᠡᠬᠡᠯᠳᠡ ᠶᠢᠨ ᠪᠠᠩᠭᠢ ᠶᠢᠨ ︽ᠤᠶᠤᠳᠡᠳ ᠤᠨ ᠢᠷᠡᠯᠳᠡ ᠶᠢᠨ ᠭᠠᠵᠠᠷ ᠤᠨ ᠢᠳᠡᠭᠡᠮᠵᠢ ᠶᠢᠨ ᠰᠤᠷᠤᠯᠭ᠎ᠠ ᠲᠡᠳᠬᠦᠬᠦ ᠵᠢᠬᠡᠯᠡᠯᠬᠡ︾ ᠶᠢᠨ ᠲᠦᠷᠦᠯ ᠵᠦᠢᠯ ᠢᠶᠠᠷ ᠲᠠᠮᠵᠢᠨ ᠂ ᠬᠦᠮᠦᠨ  ᠪᠦᠷᠢ ᠵᠢᠯ ᠳᠤ ᠬᠠᠮᠤᠭ ᠦᠨᠳᠦᠷ ᠲᠡᠭᠡᠨ 8000 ᠲᠦᠬᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠬᠡᠯᠡᠯᠬᠡ ᠭᠤᠶᠤᠴᠢᠯᠠᠵᠦ ᠪᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠰᠤᠷᠭᠠᠨ ᠬᠦᠮᠦᠵᠢᠯ ᠤᠨ ᠲᠤᠪᠴᠢᠶ᠎ᠡ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠤᠮᠤ ᠪᠠᠯᠭᠠᠰᠤ ᠲᠠᠯᠠᠪᠠᠢ᠂ ᠬᠠᠷᠢᠭᠤᠴᠠᠯᠭᠠᠳᠡᠨ᠄ ᠬᠤ᠋ ᠰᠢᠶᠥᠥ ᠭᠤᠸᠠᠩ᠂ ᠭᠤᠤ ᠰᠢᠦ ᠵᠧᠨ᠂ ᠡᠯ᠎ᠡ ᠰᠤᠮᠤ ᠪᠠᠯᠭᠠᠰᠤ ᠲᠠᠯᠠᠪᠠᠢ ᠶᠢᠨ ᠬᠠᠷᠢᠭᠤᠴᠠᠯᠭᠠᠳᠡᠨ︶      31. ᠰᠤᠷᠭᠠᠨ ᠬᠦᠮᠦᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠮᠠᠨ ᠤ ᠬᠤᠰᠢᠭᠤᠨ ᠳᠤ ᠪᠠᠭ᠎ᠠ ᠰᠤᠷᠭᠠᠭᠤᠯᠢ᠂ ᠠᠩᠬ᠎ᠠ ᠲᠤᠮᠳᠡᠳᠦ᠂ ᠦᠨᠳᠦᠷ ᠲᠤᠮᠳᠡᠳᠦ ᠰᠤᠷᠭᠠᠭᠤᠯᠢ ᠳᠤ ᠪᠢᠴᠢᠭ ᠦᠵᠡᠵᠦ ᠪᠠᠶᠢᠭ᠎ᠠ ᠬᠤᠳᠡ ᠬᠦᠳᠡᠭᠡᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠭᠡᠷ ᠪᠦᠯᠢ᠂ ᠤᠨ ᠬᠦᠴᠢᠷᠳᠡᠯᠳᠡᠢ ᠭᠡᠷ ᠪᠦᠯᠢ ᠶᠢᠨ ᠦᠷ᠎ᠡ ᠬᠡᠦᠬᠡᠳ ᠤᠨ ᠬᠤᠭᠤᠯᠠᠨ ᠰᠦᠢᠳᠭᠡᠯ ᠢ ᠬᠡᠯᠳᠦᠷᠢᠬᠦᠯᠦᠨ᠎ᠡ︔ ᠰᠤᠷᠬᠤ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠬᠦᠷᠳᠡᠵᠦ ᠪᠠᠶᠢᠭ᠎ᠠ ᠶᠠᠳᠠᠭᠤ ᠰᠤᠷᠤᠭᠴᠢᠳ ᠤᠨ ᠠᠰᠡᠷᠡᠨ ᠬᠦᠮᠦᠵᠢᠬᠦᠯᠬᠦ ᠰᠦᠢᠳᠭᠡᠯ ᠢ ᠬᠠᠰᠤᠵᠦ ᠬᠡᠯᠳᠦᠷᠢᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠰᠤᠷᠭᠠᠨ ᠬᠦᠮᠦᠵᠢᠯ ᠤᠨ ᠲᠤᠪᠴᠢᠶ᠎ᠡ᠂ ᠬᠠᠷᠢᠭᠤᠴᠠᠯᠭᠠᠳᠡᠨ᠄ ᠬᠤ᠋ ᠰᠢᠶᠥᠥ ᠭᠤᠸᠠᠩ︶       ᠭᠤᠷᠪᠡ᠂ ᠭᠠᠵᠠᠷ ᠰᠤᠯᠢᠵᠦ ᠨᠡᠬᠦᠯᠬᠡᠬᠦ      32. ᠶᠠᠳᠠᠭᠤ ᠶᠢ ᠲᠡᠳᠬᠦᠬᠦ ᠠᠯᠪᠠᠨ ᠭᠡᠷ ᠢ ᠵᠤᠬᠢᠴᠠᠭᠤᠯᠬᠤ ᠪᠠᠷ ᠲᠠᠮᠵᠢᠨ᠂ ᠨᠦᠬᠦᠴᠡᠯ ᠳᠤ ᠲᠤᠬᠢᠷᠠᠬᠤ ᠶᠠᠳᠠᠭᠤ ᠭᠡᠷ ᠪᠦᠯᠢ ᠳᠤ ᠭᠠᠵᠠᠷ ᠰᠤᠯᠢᠵᠦ ᠶᠠᠳᠠᠭᠤ ᠶᠢ ᠲᠡᠳᠬᠦᠨ ᠨᠡᠬᠦᠯᠬᠡᠬᠦ ᠲᠦᠷᠦ ᠶᠢᠨ ᠪᠤᠳᠤᠯᠭ᠎ᠠ ᠶᠢ ᠨᠠᠶᠢᠳᠡᠪᠤᠷᠢᠵᠢᠭᠤᠯᠵᠦ᠂ ᠰᠠᠭᠤᠬᠤ ᠭᠡᠷ ᠪᠤᠯᠤᠨ ᠠᠵᠦ ᠦᠢᠯᠡᠰ ᠤᠨ ᠬᠦᠭᠵᠢᠯᠳᠡ ᠶᠢ ᠨᠢ ᠰᠢᠢᠳᠪᠦᠷᠢᠯᠡᠨ᠂ ᠤᠷᠤᠯᠭ᠎ᠠ ᠶᠢᠨ ᠨᠡᠮᠡᠭᠳᠡᠯᠳᠡ ᠶᠢ ᠨᠢ ᠠᠬᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄  ᠶᠠᠳᠠᠭᠤ ᠶᠢ ᠲᠡᠳᠬᠦᠬᠦ ᠲᠤᠪᠴᠢᠶ᠎ᠡ᠂ ᠬᠠᠷᠢᠭᠤᠴᠠᠯᠭᠠᠳᠡᠨ᠄  ᠯᠢᠦ ᠰᠢᠦ ᠯᠢ︶      ᠲᠦᠷᠪᠡ᠂  ᠠᠮᠢ ᠠᠬᠤᠢ ᠶᠢᠨ ᠨᠦᠬᠦᠪᠦᠷᠢ     33. ᠤᠢ ᠰᠢᠭᠤᠢ ᠶᠢᠨ ᠲᠤᠪᠴᠢᠶ᠎ᠡ᠂ ᠤᠯᠤᠰ ᠤᠨ ᠭᠠᠵᠠᠷ ᠰᠢᠷᠦᠢ ᠶᠢᠨ ᠲᠤᠪᠴᠢᠶ᠎ᠡ ᠶᠢ ᠵᠤᠬᠢᠴᠠᠭᠤᠯᠵᠦ᠂ ᠲᠠᠷᠢᠶᠠᠨ ᠭᠠᠵᠠᠷ ᠲᠤ ᠮᠤᠳᠤ ᠲᠠᠷᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠰᠢᠨ᠎ᠡ ᠨᠢᠬᠡ ᠡᠬᠡᠯᠵᠢ  ᠶᠢᠨ ᠨᠦᠬᠦᠪᠦᠷᠢ ᠶᠢ ᠮᠤ᠋ ᠪᠦᠷᠢ ᠳᠤ 1500 ᠲᠦᠬᠦᠷᠢᠭ ᠦᠭᠭᠦᠨ᠎ᠡ᠂ ᠡᠬᠦᠨ ᠤ ᠲᠤᠳᠤᠷ᠎ᠡ᠂ ᠤᠶᠢᠵᠢᠭᠤᠯᠬᠤ ᠨᠦᠬᠦᠪᠦᠷᠢ ᠮᠤ᠋ ᠪᠦᠷᠢ 300 ᠲᠦᠬᠦᠷᠢᠭ᠂ ᠪᠡᠯᠡᠨ ᠵᠤᠭᠤᠰ ᠤᠨ ᠨᠦᠬᠦᠪᠦᠷᠢ ᠮᠤ᠋ ᠪᠦᠷᠢ 1200 ᠲᠦᠬᠦᠷᠢᠭ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠤᠢ ᠰᠢᠭᠤᠢ ᠶᠢᠨ ᠲᠤᠪᠴᠢᠶ᠎ᠡ᠂ ᠤᠯᠤᠰ ᠤᠨ ᠭᠠᠵᠷ ᠰᠢᠷᠦᠢ ᠶᠢᠨ ᠲᠤᠪᠴᠢᠶ᠎ᠡ᠂ ᠬᠠᠷᠢᠭᠤᠴᠠᠯᠭᠠᠳᠡᠨ᠄  ᠴᠧᠨ ᠾᠦᠢ᠂ ᠵᠧᠩ ᠯᠢᠶᠠᠩ ᠼᠠᠢ︶       34. ᠤᠢ ᠰᠢᠭᠤᠢ ᠶᠢᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠤᠯᠤᠰ ᠤᠨ ᠭᠤᠤᠯᠳᠠᠯᠭᠠᠳᠦ ᠠᠰᠡᠷᠡᠮᠵᠢ ᠶᠢᠨ ᠤᠢ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠨᠡᠶᠢᠳᠡ ᠪᠠ ᠬᠤᠪᠢ ᠬᠦᠮᠦᠨ ᠤ ᠤᠯᠤᠰ ᠤᠨ ᠲᠡᠰ ᠤᠨ ᠠᠰᠡᠷᠡᠮᠵᠢ ᠶᠢᠨ ᠤᠢ ᠶᠢᠨ ᠬᠠᠮᠢᠶᠠᠷᠤᠯᠳᠡ ᠬᠠᠮᠠᠭᠠᠯᠠᠯᠳᠡ ᠶᠢᠨ ᠨᠦᠬᠦᠪᠦᠷᠢ ᠶᠢᠨ ᠵᠠᠷᠤᠯᠭ᠎ᠠ ᠶᠢᠨ ᠪᠠᠷᠢᠮᠵᠢᠶ᠎ᠡ ᠨᠢ ᠵᠢᠯ ᠳᠤ ᠮᠤ᠋ ᠪᠦᠷᠢ 14.75 ᠲᠦᠬᠦᠷᠢᠭ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄ ᠤᠢ ᠰᠢᠭᠤᠢ ᠶᠢᠨ ᠲᠤᠪᠴᠢᠶ᠎ᠡ᠂ ᠬᠠᠷᠢᠭᠤᠴᠠᠯᠭᠠᠳᠡᠨ᠄ ᠡᠷᠳᠡᠨᠢ︶       35. ᠮᠠᠯ ᠲᠠᠷᠢᠶᠡᠯᠡᠩ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠡ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ ᠮᠮᠠᠯᠵᠢᠬᠤ ᠶᠢ ᠴᠠᠭᠠᠵᠠᠯᠠᠬᠤ ᠨᠦᠬᠦᠪᠦᠷᠢ ᠮᠤ᠋ ᠪᠦᠷᠢ 3.66 ᠲᠦᠬᠦᠷᠢᠭ ᠦᠭᠭᠦᠨ᠎ᠡ᠃︵ᠬᠠᠷᠢᠭᠤᠴᠠᠯᠭᠠᠳᠦ ᠨᠢᠬᠡᠴᠢ᠄ ᠮᠠᠯ ᠲᠠᠷᠢᠶᠠᠯᠠᠩ ᠤᠨ ᠲᠤᠪᠴᠢᠶ᠎ᠡ᠂ ᠬᠠᠷᠢᠭᠤᠴᠠᠯᠭᠠᠳᠡᠨ᠄ ᠭᠥᠸᠧ ᠯᠢ ᠭᠤᠸᠠᠩ︶       36. ᠤᠢ ᠰᠢᠭᠤᠢ ᠶᠢᠨ ᠲᠤᠪᠴᠢᠶ᠎ᠡ ᠶᠢ ᠨᠠᠶᠢᠳᠠᠪᠤᠷᠢᠵᠢᠭᠤᠯᠬᠤ ᠪᠠᠷ ᠲᠠᠮᠵᠢᠨ᠂ ᠶᠠᠳᠠᠭᠤ ᠬᠦᠴᠢᠷᠳᠡᠯᠳᠡᠢ ᠲᠠᠷᠢᠶᠠᠴᠢᠨ ᠮᠠᠯᠴᠢᠳ ᠲᠤ ᠨᠡᠶᠢᠳᠡ ᠶᠢᠨ ᠠᠰᠡᠷᠡᠮᠵᠢ ᠶᠢᠨ ᠤᠢ ᠶᠢᠨ ᠬᠠᠮᠠᠭᠠᠯᠠᠭᠴᠢ ᠶᠢᠨ ᠠᠵᠢᠯ ᠤᠨ ᠪᠠᠶᠢᠷᠢ ᠬᠠᠩᠭᠠᠵᠦ᠂ ᠬᠦᠮᠦᠨ ᠪᠦᠷᠢ ᠵᠢᠯ ᠳᠤ 1 ᠲᠦᠮᠡᠨ ᠲᠦᠬᠦᠷᠢᠭ ᠴᠠᠯᠢᠩ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠤᠢ ᠰᠢᠭᠤᠢ ᠶᠢᠨ ᠲᠤᠪᠴᠢᠶ᠎ᠡ᠂ ᠬᠠᠷᠢᠭᠤᠴᠠᠯᠭᠠᠳᠡᠨ᠄ ᠡᠷᠳᠡᠨᠢ︶      37. ᠤᠢ ᠰᠢᠭᠤᠢ ᠶᠢᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠤᠢ ᠰᠢᠭᠤᠢ ᠶᠢᠨ ᠴᠢᠬᠢ ᠪᠤᠶᠢᠵᠢᠭᠤᠯᠵᠦ ᠪᠠᠶᠢᠭ᠎ᠠ ᠶᠠᠳᠠᠭᠤ ᠡᠷᠦᠬᠡ ᠶᠢᠨ ᠴᠢᠬᠢ ᠮᠤᠳᠤ ᠬᠤᠳᠡᠯᠳᠤᠬᠤ ᠠᠰᠠᠭᠤᠳᠡᠯ ᠢ ᠤᠷᠢᠳᠡᠪᠡᠷ ᠰᠢᠢᠳᠪᠦᠷᠢᠯᠡᠨ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠤᠢ ᠰᠢᠭᠤᠢ ᠶᠢᠨ ᠲᠤᠪᠴᠢᠶ᠎ᠡ᠂ ᠬᠠᠷᠢᠭᠤᠴᠠᠯᠭᠠᠳᠡᠨ ᠄ ᠴᠧᠨ ᠾᠦᠢ︶      38. ᠤᠢ ᠰᠢᠭᠤᠢ ᠶᠢᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠡᠷᠦᠬᠡ ᠶᠢᠨ ᠤᠢ ᠮᠤᠳᠤ ᠤᠭᠳᠤᠯᠬᠤ ᠭᠤᠶᠤᠴᠢᠯᠠᠭ᠎ᠠ ᠶᠢ ᠤᠷᠢᠳᠡᠪᠡᠷ ᠰᠢᠢᠳᠪᠦᠷᠢᠯᠡᠵᠦ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠤᠢ ᠰᠢᠭᠤᠢ ᠶᠢᠨ ᠲᠤᠪᠴᠢᠶ᠎ᠡ᠂ ᠬᠠᠷᠢᠭᠤᠴᠠᠯᠭᠠᠳᠡᠨ᠄  ᠵᠠᠩ ᠬᠤᠩ ᠶᠧ︶       ᠲᠠᠪᠤ᠂ ᠡᠷᠡᠬᠦᠯ ᠬᠠᠮᠠᠭᠠᠯᠠᠯ ᠡᠮ ᠡᠮᠨᠡᠯᠬᠡ ᠪᠠᠷ ᠶᠠᠳᠠᠭᠤ ᠶᠢ ᠲᠡᠳᠬᠦᠬᠦ       39. ᠡᠮ ᠡᠮᠨᠡᠯᠬᠡ ᠶᠢᠨ ᠲᠠᠭᠠᠳᠬᠠᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠤᠳᠡ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠨᠦᠬᠦᠴᠡᠯ ᠳᠤ ᠲᠤᠬᠢᠷᠠᠬᠤ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ  ᠶᠢᠨ ᠬᠦᠮᠦᠨ ᠠᠮᠠ ᠶᠢᠨ ᠡᠮᠨᠡᠯᠬᠡ ᠳᠤ ᠰᠠᠭᠤᠬᠤ ᠰᠦᠢᠳᠭᠡᠯ ᠲᠤᠰᠢᠶᠠᠬᠤ ᠬᠠᠮᠤᠭ ᠪᠠᠭ᠎ᠠ ᠬᠡᠮᠵᠢᠶ᠎ᠡ ᠶᠢ 50% ᠪᠠᠭᠤᠷᠠᠭᠤᠯᠵᠦ᠂ ᠮᠡᠳᠡᠬᠦᠯᠦᠨ ᠤᠰᠠᠳᠬᠠᠬᠤ ᠬᠠᠷᠢᠴᠠᠯ ᠢ 5% ᠲᠡᠭᠡᠭᠰᠢᠯᠡᠬᠦᠯᠦᠨ᠂ ᠨᠢᠬᠡ ᠵᠢᠯ ᠬᠤᠨᠶ᠋ᠷ ᠤᠠᠳᠠᠭ᠎ᠠ  ᠠᠴᠠ ᠲᠡᠭᠡᠭᠰᠢ ᠡᠮᠨᠡᠯᠬᠡ ᠳᠤ ᠰᠠᠭᠤᠭᠰᠠᠳ ᠤᠨ ᠰᠦᠢᠳᠭᠡᠯ ᠲᠤᠰᠢᠶᠠᠬᠤ ᠪᠠᠷᠢᠮᠵᠢᠶ᠎ᠡ ᠶᠢ ᠦᠬᠡᠶᠢᠰᠭᠡᠨ᠎ᠡ︔ ᠬᠦᠨᠳᠦ ᠡᠪᠡᠳᠴᠢᠨ ᠤ ᠲᠠᠭᠠᠳᠬᠠᠯ ᠤᠨ ᠡᠮᠨᠡᠯᠬᠡ ᠶᠢᠨ ᠰᠦᠢᠳᠭᠡᠯ ᠢ ᠮᠡᠳᠡᠬᠦᠯᠦᠨ ᠤᠰᠠᠳᠬᠠᠬᠤ ᠦᠶ᠎ᠡ ᠳᠤ᠂ ᠡᠮᠨᠡᠯᠬᠡ ᠶᠢᠨ ᠰᠦᠢᠳᠭᠡᠯ ᠨᠢ ᠬᠡᠳᠦᠢ ᠦᠨᠳᠦᠷ ᠪᠤᠯ ᠮᠡᠳᠡᠬᠦᠯᠦᠨ ᠤᠰᠠᠳᠬᠠᠬᠤ ᠬᠠᠷᠢᠴᠠᠯ ᠨᠢ ᠲᠡᠳᠦᠢ ᠦᠨᠳᠦᠷ ᠪᠠᠶᠢᠯᠭᠠᠨ᠎ᠠ᠃ ︵ᠬᠠᠷᠢᠭᠤᠴᠠᠯᠭᠠᠳᠦ ᠨᠢᠬᠡᠴᠢ᠄  ᠬᠦᠳᠡᠯᠮᠦᠷᠢ ᠠᠵᠢᠯᠳᠡᠨ ᠤ ᠲᠤᠪᠴᠢᠶ᠎ᠡ᠂ ᠬᠠᠷᠢᠭᠤᠴᠠᠯᠭᠠᠳᠡᠨ᠄ ᠳ᠋ᠤᠸᠠᠨ ᠴᠧᠩ ᠱᠤᠸᠠᠩ︶      40. ᠲᠡᠩᠰᠡ ᠡᠪᠬᠡᠮᠡᠯ ᠺᠡᠷᠲ ᠲᠠᠢ ᠶᠠᠳᠠᠭᠤ ᠬᠦᠮᠦᠨ ᠠᠮᠠ ᠤᠨᠴᠠᠭᠠᠢ ᠤᠳᠠᠭᠠᠨ ᠴᠢᠨᠡᠷ ᠲᠠᠢ ᠡᠪᠡᠳᠴᠢᠨ  ᠢᠶᠠᠷ ᠬᠤᠰᠢᠭᠤᠨ ᠤ ᠲᠤᠳᠤᠭᠠᠳᠦ ᠶᠢᠨ ᠡᠮᠨᠡᠯᠬᠡ ᠶᠢᠨ ᠪᠠᠶᠢᠭᠤᠯᠤᠮᠵᠢ ᠶᠢᠨ ᠡᠬᠦᠳᠡᠨ ᠡᠮᠨᠡᠯᠬᠡ ᠳᠤ ᠵᠠᠰᠠᠭᠤᠯᠤᠭᠰᠠᠨ ᠢ  ᠨᠢ ᠮᠡᠳᠡᠬᠦᠯᠦᠨ ᠤᠰᠠᠳᠬᠠᠬᠤ ᠬᠠᠷᠢᠴᠠᠯ ᠢ ᠨᠢ 10% ︵10% ᠶᠢ ᠲᠠᠪᠠᠭᠤᠯᠬᠤ ᠦᠭᠡᠢ︶ ᠲᠡᠭᠡᠭᠰᠢᠯᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄  ᠬᠦᠳᠡᠯᠮᠦᠷᠢ ᠠᠵᠢᠯᠳᠡᠨ ᠤ ᠲᠤᠪᠴᠢᠶ᠎ᠡ᠂ ᠬᠠᠷᠢᠭᠤᠴᠠᠯᠭᠠᠳᠡᠨ᠄ ᠳ᠋ᠤᠸᠠᠨ ᠴᠧᠩ ᠱᠤᠸᠠᠩ︶      41. ᠬᠦᠳᠡᠯᠮᠦᠷᠢ ᠠᠵᠢᠯᠳᠡᠨ ᠤ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ 2017 ᠤᠨ ᠤ ᠲᠦᠷᠦ ᠶᠢᠨ ᠪᠤᠳᠤᠯᠭ᠎ᠠ ᠶᠢᠨ ᠲᠤᠭᠳᠠᠭᠠᠯ ᠳᠤ ᠨᠡᠶᠢᠴᠡᠬᠦ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠬᠦᠮᠦᠨ ᠠᠮᠠ ᠬᠤᠳᠡ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ  ᠳᠤ ᠤᠷᠤᠯᠴᠠᠭᠠᠳ ᠬᠤᠪᠢ ᠬᠦᠮᠦᠨ ᠤ ᠲᠤᠰᠢᠶᠠᠬᠤ ᠴᠢᠬᠤᠯᠡ ᠲᠠᠢ ᠰᠦᠢᠳᠭᠡᠯ ᠢ ᠬᠤᠰᠢᠭᠤᠨ ᠤ ᠵᠠᠰᠠᠭ ᠤᠨ ᠤᠷᠳᠤᠨ ᠬᠦᠮᠦᠨ ᠪᠦᠷᠢ 50 ᠲᠦᠬᠦᠷᠢᠭ ᠤᠨ ᠪᠠᠷᠢᠮᠵᠢᠶ᠎ᠡ ᠪᠠᠷ ᠨᠦᠬᠦᠪᠦᠷᠢ ᠦᠭᠴᠦ᠂ ᠡᠳ᠋ ᠤᠨ ᠵᠠᠰᠠᠭ ᠤᠨ ᠰᠠᠯᠠᠭ᠎ᠠ ᠮᠦᠴᠢᠷ ︽ᠬᠠᠮ ᠺᠡᠷᠲ︾ ᠪᠠᠷ ᠲᠠᠮᠵᠢᠨ ᠲᠠᠷᠬᠠᠭᠠᠨ᠎ᠠ᠃ ︵ᠬᠠᠷᠢᠭᠤᠴᠠᠯᠭᠠᠳᠦ ᠨᠢᠬᠡᠴᠢ᠄  ᠬᠦᠳᠡᠯᠮᠦᠷᠢ ᠠᠵᠢᠯᠳᠡᠨ ᠤ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ᠂ ᠬᠠᠷᠢᠭᠤᠴᠠᠯᠭᠠᠳᠡᠨ᠄ ᠳ᠋ᠤᠸᠠᠨ ᠴᠧᠩ ᠱᠤᠸᠠᠩ᠂ ᠵᠢᠢ ᠸᠧᠨ ᠬᠤᠸᠠ︶       42. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠦᠳᠡᠭᠡ ᠲᠤᠰᠬᠤᠨ ᠮᠠᠯᠵᠢᠬᠤ ᠤᠷᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ  ᠪᠠᠳᠤᠯᠠᠪᠤᠷᠢ ᠲᠠᠢ᠂ ᠤᠨᠴᠠ ᠬᠦᠴᠢᠷ ᠲᠠᠢ ᠬᠦᠮᠦᠰ ᠤᠨ ᠬᠦᠷᠢᠶ᠎ᠡ ᠬᠡᠪᠴᠢᠶᠡᠨ ᠳᠤ ᠤᠷᠤᠭᠤᠯᠤᠭᠰᠠᠨ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠡᠪᠡᠳᠴᠢᠳᠡᠨ ᠲᠤᠭᠳᠠᠭᠰᠠᠨ ᠡᠮᠨᠡᠯᠬᠡ ᠶᠢᠨ ᠪᠠᠶᠢᠭᠤᠯᠤᠮᠵᠢ ᠳᠤ ᠡᠮᠨᠡᠯᠬᠡ ᠳᠤ ᠰᠠᠭᠤᠵᠦ ᠡᠮᠨᠡᠬᠦᠯᠦᠭᠰᠡᠨ ᠤ ᠲᠠᠷᠠᠭ᠎ᠠ᠂ ᠬᠤᠳᠡ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ᠂ ᠬᠦᠨᠳᠦ ᠡᠪᠡᠳᠴᠢᠳᠡᠨ ᠤ ᠲᠠᠭᠠᠳᠬᠠᠯ᠂ ᠠᠷᠠᠳ ᠤᠨ ᠶᠠᠪᠤᠳᠡᠯ ᠤᠨ ᠬᠤᠳᠡᠯᠳᠤᠭᠠᠨ ᠤ ᠡᠮ ᠡᠮᠨᠡᠯᠬᠡ ᠶᠢᠨ ᠲᠠᠭᠠᠳᠬᠠᠯ ᠢᠶᠠᠷ ᠮᠡᠳᠡᠬᠦᠯᠦᠨ ᠤᠰᠠᠳᠬᠠᠭᠰᠠᠨ ᠤ ᠰᠡᠬᠦᠯᠡᠷ ᠲᠦᠷᠦ ᠶᠢᠨ ᠪᠳᠤᠯᠭ᠎ᠠ ᠶᠢᠨ ᠬᠦᠷᠢᠶ᠎ᠡ ᠬᠡᠪᠴᠢᠶ᠎ᠡ ᠲᠤᠳᠤᠷᠡᠬᠢ ᠬᠤᠪᠢ ᠬᠦᠮᠦᠨ ᠦᠪᠡᠷ ᠢᠶᠠᠨ ᠭᠠᠷᠭᠠᠬᠤ ᠰᠦᠢᠳᠭᠡᠯ ᠢ 70% ᠠᠴᠠ ᠪᠠᠭ᠎ᠠ ᠪᠠᠶᠢᠯᠭᠠᠬᠤ ᠦᠭᠡᠢ᠂ 90% ᠠᠴᠠ ᠲᠠᠪᠠᠭᠤᠯᠬᠤ ᠦᠭᠡᠢ ᠬᠠᠷᠢᠴᠠᠯ ᠢᠶᠠᠷ ᠡᠮ ᠡᠮᠨᠡᠯᠬᠡ ᠶᠢᠨ ᠲᠤᠰᠠᠯᠠᠮᠵᠢ ᠦᠵᠡᠬᠦᠯᠦᠨ᠎ᠡ᠃ ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ ᠂ ᠬᠠᠷᠢᠭᠤᠴᠠᠯᠭᠠᠳᠡᠨ᠄  ᠸᠠᠩ ᠰᠢᠨ︶      43. ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠦᠳᠡᠭᠡ ᠲᠤᠰᠬᠤᠨ ᠮᠠᠯᠵᠢᠬᠤ ᠤᠷᠤᠨ ᠤ ᠭᠠᠭᠴᠠ ᠬᠡᠦᠬᠡᠳ ᠤᠨ ᠰᠢᠷᠬᠠᠳᠦᠯ ᠵᠡᠮᠳᠡᠭ ᠤᠨ ᠨᠦᠬᠦᠪᠦᠷᠢ ᠶᠢᠨ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠨᠢᠬᠡᠯᠡ ᠤᠳᠠᠭᠠᠨ ᠤ ᠨᠦᠬᠦᠪᠦᠷᠢ ᠶᠢ ᠲᠤᠬᠠᠢ ᠶᠢᠨ ᠵᠢᠯ ᠤᠨ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠲᠤᠮᠳᠡᠴᠢ ᠴᠡᠪᠡᠷ ᠤᠷᠤᠯᠭ᠎ᠠ ᠶᠢᠨ 2 ᠢᠶᠠᠷ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠬᠠᠷᠢᠭᠤᠴᠠᠯᠭᠠᠳᠡᠨ᠄  ᠶᠠᠩ ᠵᠢᠶᠦ᠋ᠨ︶     45. ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ︽ᠭᠡᠷ ᠪᠦᠯᠢ ᠶᠢᠨ ᠡᠪᠡᠳᠴᠢᠳᠡᠨ ᠤ ᠤᠷᠤ︾ ᠶᠢᠨ ᠦᠢᠯᠡᠴᠢᠯᠡᠭᠡ ᠶᠢ ᠠᠬᠢᠭᠤᠯᠵᠦ᠂ ᠡᠮᠨᠡᠯᠬᠡ ᠳᠤ ᠰᠠᠭᠤᠬᠤ ᠬᠡᠷᠡᠴᠢ  ᠲᠠᠢ᠂ ᠠᠮᠢᠨ ᠳᠠᠭᠠᠨ ᠵᠦᠪ ᠦᠭᠡᠢ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠬᠤᠷᠰᠢᠭᠰᠠᠨ ᠡᠮᠨᠡᠯᠬᠡ ᠳᠤ ᠤᠷᠤᠯᠴᠠᠭᠰᠠᠨ ᠡᠪᠡᠳᠴᠢᠳᠡᠨ ᠳᠤ ᠶᠠᠳᠠᠭᠤ ᠡᠷᠦᠬᠡ ᠶᠢᠨ ︽ᠭᠡᠷ ᠪᠦᠯᠢ ᠶᠢᠨ ᠡᠪᠡᠳᠴᠢᠳᠡᠨ ᠤ ᠤᠷᠤ︾ ᠭᠠᠷᠭᠠᠨ ᠦᠭᠴᠦ᠂ 10 —15 ᠡᠳᠦᠷ ᠢᠶᠠᠷ ᠨᠢᠬᠡ ᠡᠮᠴᠢᠯᠡᠬᠡᠨ ᠤ ᠬᠤᠭᠤᠴᠠᠭ᠎ᠠ ᠪᠤᠯᠵᠠᠦ᠂ ᠰᠡᠷ᠎ᠡ ᠪᠦᠷᠢ ᠶᠢᠨ ᠲᠤᠭᠳᠠᠮᠠᠯ ᠵᠠᠷᠤᠳᠡᠯ ᠢ 450 ᠲᠦᠬᠦᠷᠢᠭ ᠲᠤᠭᠳᠠᠭᠠᠨ᠎ᠠ᠂ ᠡᠬᠦᠨ ᠤ ᠲᠤᠳᠤᠷ᠎ᠡ᠂ ᠬᠤᠷᠰᠢᠭᠰᠡᠨ ᠡᠮᠨᠡᠯᠬᠡ ᠠᠴᠠ ᠮᠡᠳᠡᠬᠦᠯᠦᠨ ᠤᠰᠠᠳᠬᠠᠬᠤ ᠨᠢ 350 ᠲᠦᠬᠦᠷᠢᠭ᠂ ᠬᠤᠰᠢᠭᠤᠨ ᠤ ᠡᠳ᠋ ᠤᠨ ᠵᠠᠰᠠᠭ ᠠᠴᠠ ᠡᠪᠡᠳᠴᠢᠳᠡᠨ ᠤ ᠦᠪᠡᠷ ᠢᠶᠠᠨ ᠲᠤᠰᠢᠶᠠᠬᠤ 100 ᠲᠦᠬᠦᠷᠢᠭ ᠢ ᠨᠦᠬᠦᠪᠦᠷᠢᠯᠡᠨ ᠦᠭᠴᠦ᠂ ᠪᠠᠶᠢᠭᠠᠴᠠᠬᠤ ᠰᠦᠢᠳᠭᠡᠯ᠂ ᠤᠨᠤᠴᠢᠯᠡᠨ ᠵᠠᠰᠠᠬᠤ ᠰᠦᠢᠳᠭᠡᠯ ᠢ ᠬᠡᠯᠳᠦᠷᠢᠬᠦᠯᠦᠨ᠎ᠡ᠃ ᠡᠪᠡᠳᠴᠢᠳᠡᠨ ᠡᠪᠡᠳᠴᠢᠨ ᠢᠶᠠᠨ ᠵᠠᠰᠠᠭᠤᠯᠬᠤ ᠬᠤᠭᠤᠴᠠᠭᠠᠨ ᠳᠤ ᠬᠠᠷᠢᠶ᠎ᠠ ᠲᠤᠭᠤᠷᠢᠭ ᠤᠨ ᠡᠷᠡᠬᠦᠯ ᠬᠠᠮᠠᠭᠠᠯᠠᠯ ᠤᠨ ᠬᠤᠷᠢᠶ᠎ᠡ ᠨᠢ ᠲᠤᠭᠳᠠᠭᠰᠠᠨ ᠴᠡᠭ᠂ ᠲᠤᠭᠳᠠᠭᠰᠠᠨ ᠴᠠᠭ᠂ ᠲᠤᠭᠳᠠᠭᠰᠠᠨ ᠡᠮᠴᠢ ︽ᠭᠤᠷᠪᠡ ᠶᠢ ᠲᠤᠭᠳᠠᠭᠠᠬᠤ︾ ᠠᠷᠭ᠎ᠠ ᠬᠡᠯᠪᠡᠷᠢ ᠪᠠᠷ ᠭᠠᠷᠠᠭ ᠪᠦᠷᠢ ᠡᠪᠡᠳᠴᠢᠳᠡᠨ ᠳᠤ ᠠᠳᠠᠭ ᠲᠠᠭᠠᠨ ᠨᠢᠬᠡ ᠤᠳᠠᠭ᠎ᠠ ᠤᠨᠤᠴᠢᠯᠡᠨ ᠵᠠᠰᠠᠵᠦ᠂ ᠬᠦᠳᠡᠭᠡ ᠲᠤᠰᠬᠤᠨ ᠤ ᠡᠮᠴᠢ ᠪᠠᠰᠠ ᠴᠠᠭ ᠲᠤᠬᠠᠢ ᠳᠤᠨᠢ ᠲᠠᠭᠠᠯᠳᠤᠨ ᠤᠨᠤᠴᠢᠯᠠᠨ ᠵᠠᠰᠠᠵᠦ ᠬᠢᠨᠡᠨ ᠬᠠᠮᠠᠭᠠᠯᠠᠨ᠎ᠠ᠃ ︵ᠬᠠᠷᠢᠭᠤᠴᠠᠯᠭᠠᠳᠦ ᠨᠢᠬᠡᠴᠢ᠄  ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠬᠦᠳᠡᠯᠮᠦᠷᠢ ᠠᠵᠢᠯᠳᠡᠨ ᠤ ᠲᠤᠪᠴᠢᠶ᠎ᠡ᠂ ᠬᠠᠷᠢᠭᠤᠴᠠᠯᠭᠠᠳᠡᠨ᠄ ᠳ᠋ᠤᠸᠠᠨ ᠴᠧᠩ ᠱᠤᠸᠠᠩ᠂ ᠰᠦᠨ ᠳ᠋ᠠ ᠯᠢ︶      45. ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂  ᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ︽ᠭᠤᠷᠪᠡᠨ ᠨᠢᠬᠡ ᠪᠦᠯᠦᠭ︾ ᠤᠨ ᠢᠨᠵᠧᠨᠧᠷᠢᠩ ᠢ ᠬᠡᠷᠡᠭᠵᠢᠬᠦᠯᠦᠨ᠎ᠡ ᠂ ᠲᠤᠬᠠᠶᠢᠯᠠᠪᠠᠯ᠂ ᠨᠢᠬᠡ ᠪᠦᠯᠦᠭ ᠬᠦᠨᠳᠦ ᠡᠪᠡᠳᠴᠢᠳᠡᠨ ᠢ ᠲᠦᠪᠯᠡᠷᠡᠬᠦᠯᠦᠨ ᠵᠠᠰᠠᠵᠦ᠂ ᠨᠢᠬᠡ ᠪᠦᠯᠦᠭ ᠤᠳᠠᠭᠠᠨ ᠴᠢᠨᠡᠷ ᠲᠠᠢ ᠡᠪᠡᠳᠴᠢᠳᠡᠨ ᠢ ᠭᠡᠷ᠎ᠡ ᠲᠤᠭᠳᠡᠨ ᠦᠢᠯᠡᠴᠢᠯᠡᠨ ᠬᠠᠮᠢᠶᠠᠷᠴᠦ᠂ ᠨᠢᠬᠡ ᠪᠦᠯᠦᠭ ᠬᠦᠨᠳᠦ ᠡᠪᠡᠳᠴᠢᠳᠡᠨ ᠢ ᠰᠡᠬᠦᠯ ᠬᠤᠷᠢᠶᠠᠨ ᠪᠠᠳᠤᠯᠠᠨ᠎ᠠ᠃  ︵ᠬᠠᠷᠢᠭᠤᠴᠠᠯᠭᠠᠳᠦ ᠨᠢᠬᠡᠴᠢ᠄  ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ  ᠤᠨ ᠲᠤᠪᠴᠢᠶ᠎ᠡ  ᠂ ᠬᠠᠷᠢᠭᠤᠴᠠᠯᠭᠠᠳᠡᠨ᠄ ᠰᠦᠨ ᠳ᠋ᠠ ᠯᠢ︶      46. ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠤᠳᠡᠯᠳᠤᠭᠠᠨ ᠤ ᠲᠠᠭᠠᠳᠬᠠᠯ ᠤᠨ ᠺᠤᠮᠫᠠᠨᠢ ᠲᠠᠢ ᠬᠠᠮᠳᠤᠷᠡᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢ ᠵᠤᠭᠤᠰ ᠢᠶᠠᠷ ᠲᠤᠰᠠᠯᠠᠨ ᠬᠤᠳᠡᠯᠳᠤᠭᠠᠨ ᠤ ᠨᠦᠬᠦᠪᠦᠷᠢ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠭᠤᠯᠤᠨ᠎ᠠ᠃ ᠬᠦᠨᠳᠦ ᠡᠪᠡᠳᠴᠢᠨ ᠤ ᠡᠮᠨᠡᠯᠬᠡ ᠶᠢᠨ ᠲᠠᠭᠠᠳᠬᠠᠯ᠂  ᠬᠤᠷᠰᠢᠭᠰᠡᠨ ᠡᠮᠨᠡᠯᠬᠡ ᠶᠢᠨ ᠨᠦᠬᠦᠪᠦᠷᠢ ᠲᠠᠭᠠᠳᠬᠠᠯ ᠪᠤᠯᠤᠨ ᠬᠦᠮᠦᠨ ᠤ ᠪᠡᠶ᠎ᠡ ᠶᠢᠨ ᠬᠡᠨᠡᠳᠳᠡ ᠶᠢᠨ ᠬᠡᠮᠳᠦᠯ ᠤᠨ ᠲᠠᠭᠠᠳᠬᠠᠯ ᠢ ᠪᠠᠭᠳᠠᠭᠠᠨ᠎ᠠ᠂ ᠲᠠᠭᠠᠳᠬᠠᠯ ᠤᠨ ᠰᠦᠢᠳᠭᠡᠯ ᠢ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠪᠠᠷ ᠨᠦᠬᠦᠪᠦᠷᠢᠯᠡᠵᠦ᠂ ᠡᠷᠦᠬᠡ  ᠪᠦᠷᠢ 85 ᠲᠦᠬᠦᠷᠢᠭ ᠨᠦᠬᠦᠪᠦᠷᠢᠯᠡᠨ᠎ᠡ᠂ ᠬᠤᠳᠡ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ ᠮᠡᠳᠡᠬᠦᠯᠦᠨ ᠤᠰᠠᠳᠬᠠᠬᠤ ᠳᠤ ᠬᠦᠷᠦᠯᠴᠡᠬᠦ ᠦᠭᠡᠢ ᠬᠡᠰᠡᠭ ᠢ ᠨᠦᠬᠦᠪᠦᠷᠢᠯᠡᠨ᠎ᠡ᠃ ︵ᠬᠠᠷᠢᠭᠤᠴᠠᠯᠭᠠᠳᠦ ᠨᠢᠬᠡᠴᠢ᠄ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ   ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄ ᠰᠦᠨ ᠳ᠋ᠠ ᠯᠢ᠂ ᠵᠠᠩ ᠴᠠᠩ ᠮᠢᠩ᠂ ᠸᠠᠩ ᠰᠢᠨ︶     47.ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂  ᠲᠡᠩᠰᠡ ᠡᠪᠬᠡᠮᠡᠯ ᠺᠡᠷᠲ ᠲᠠᠢ ᠶᠠᠳᠠᠭᠤ ᠬᠦᠮᠦᠨ ᠠᠮᠠ ᠳᠤ ᠡᠪᠡᠳᠴᠢᠨ ᠦᠵᠡᠬᠦᠯᠬᠦ ᠰᠠᠭᠠᠳ ᠦᠭᠡᠢ ᠵᠡᠮ ᠭᠠᠷᠭᠠᠨ ᠦᠭᠴᠦ᠂ ᠶᠠᠳᠠᠭᠤ ᠬᠦᠮᠦᠨ ᠠᠮᠠ ᠬᠤᠰᠢᠭᠤᠨ ᠤ ᠲᠤᠳᠤᠭᠠᠳᠦ ᠶᠢᠨ ᠠᠯᠪᠠᠨ ᠤ ᠡᠮᠨᠡᠯᠬᠡ ᠶᠢᠨ ᠬᠤᠷᠢᠶ᠎ᠡ ᠳᠤ ᠡᠮᠨᠡᠯᠬᠡ ᠳᠤ ᠰᠠᠭᠤᠵᠦ ᠡᠪᠡᠳᠴᠢᠨ ᠢᠶᠠᠨ ᠵᠠᠰᠠᠭᠤᠯᠪᠠᠯ᠂ ᠤᠷᠢᠳᠡᠪᠡᠷ ᠵᠠᠰᠠᠭᠤᠯᠵᠦ᠂ ᠰᠡᠬᠦᠯᠡᠷ ᠨᠢ ᠰᠦᠢᠳᠭᠡᠯ ᠲᠤᠰᠢᠶᠠᠬᠤ ︽ᠨᠢᠬᠡ ᠦᠷᠳᠡᠭᠡ ᠮᠠᠶ᠋ᠢᠭ︾ ᠤᠨ ᠳ᠋ᠦᠩᠨᠡᠨ ᠪᠤᠳᠤ ᠬᠤ᠋ ᠦᠢᠯᠡᠴᠢᠯᠡᠭᠡ ᠬᠦᠷᠳᠡᠭᠡᠨ᠎ᠡ᠃ ︵ᠬᠠᠷᠢᠭᠤᠴᠠᠯᠭᠠᠳᠦ ᠨᠢᠬᠡᠴᠢ᠄ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠬᠠᠷᠢᠭᠤᠴᠠᠯᠭᠠᠳᠡᠨ᠄ ᠰᠦᠨ ᠳ᠋ᠠ ᠯᠢ︶     48. ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ ᠬᠦᠮᠦᠨ ᠠᠮᠠ ᠳᠤ ᠰᠠᠭᠤᠭ᠎ᠠ ᠰᠤᠮᠤ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠡ ᠨᠢ ᠰᠦᠢᠳᠭᠡᠯ ᠠᠪᠬᠤ ᠦᠭᠡᠢ ᠪᠠᠷ ᠪᠡᠶ᠎ᠡ ᠶᠢᠨ ᠪᠠᠶᠢᠴᠠᠭᠠᠯᠳᠡ ᠬᠢᠵᠦ ᠦᠭᠴᠦ᠂ ᠡᠷᠡᠬᠦᠯ ᠴᠢᠬᠢᠷᠠᠭ ᠤᠨ ᠲᠡᠩᠰᠡ ᠡᠪᠬᠡᠮᠡᠯ ᠵᠤᠬᠢᠶᠠᠵᠦ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠡ᠂ ᠬᠠᠷᠢᠭᠤᠴᠠᠯᠭᠠᠳᠡᠨ᠄ ᠰᠦᠨ ᠳ᠋ᠠ ᠯᠢ︶        ᠵᠢᠷᠭᠤᠭ᠎ᠠ᠂ ᠨᠡᠶᠢᠬᠡᠮ ᠤᠨ ᠪᠠᠳᠤᠯᠠᠪᠤᠷᠢ ᠪᠠᠷ ᠰᠡᠬᠦᠯ ᠬᠤᠷᠢᠶᠠᠬᠤ      49. ᠨᠡᠶᠢᠬᠡᠮ ᠤᠨ ᠲᠠᠭᠠᠳᠬᠠᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠡᠷᠦᠬᠡ ᠶᠢ ᠬᠠᠪᠰᠤᠷᠤᠨ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠨᠡᠶᠢᠬᠡᠮ ᠤᠨ ᠨᠠᠰᠤᠵᠢᠯ ᠤᠨ ᠲᠠᠭᠠᠳᠬᠠᠯ ᠳᠤ ᠤᠷᠤᠯᠴᠠᠭᠤᠯᠵᠦ᠂ 100 ᠲᠦᠬᠦᠷᠢᠭ —3000 ᠲᠦᠬᠦᠷᠢᠭ ᠬᠦᠷᠳᠡᠯᠡᠬᠢ ᠰᠦᠢᠳᠭᠡᠯ ᠲᠤᠰᠢᠶᠠᠬᠤ 13 ᠲᠡᠰ ᠲᠠᠪᠬᠤᠷᠭ᠎ᠠ ᠪᠠᠷ ᠵᠤᠬᠢᠰᠳᠡᠢ ᠨᠦᠬᠦᠪᠦᠷᠢ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠨᠡᠶᠢᠬᠡᠮ ᠤᠨ ᠲᠠᠭᠠᠳᠬᠠᠯ   ᠤᠨ ᠲᠤᠪᠴᠢᠶ᠎ᠡ᠂ ᠬᠠᠷᠢᠭᠤᠴᠠᠯᠭᠠᠳᠡᠨ᠄ ᠬᠦᠩ ᠵᠧᠨ ᠴᠤᠤ︶      50. ᠨᠡᠶᠢᠬᠡᠮ ᠤᠨ ᠲᠠᠭᠠᠳᠬᠠᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠲᠤᠳᠤᠷᠡᠬᠢ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠲᠠᠪᠤᠨ ᠪᠠᠳᠤᠯᠠᠭᠠᠳᠦ ᠡᠷᠦᠬᠡ᠂ ᠬᠦᠨᠳᠦ ᠵᠡᠮᠳᠡᠭ ᠬᠦᠮᠦᠨ᠂ ᠲᠦᠯᠦᠪᠯᠡᠭᠡᠳᠦ ᠦᠷᠡᠵᠢᠯ ᠤᠨ ᠤᠨᠴᠠᠭᠠᠢ ᠭᠡᠷ ᠪᠦᠯᠢ ᠶᠢᠨ ᠪᠦᠷᠢᠯᠳᠦᠬᠦᠨ᠂ ᠬᠤᠳᠡ ᠬᠦᠳᠡᠭᠡᠨ ᠤ ᠰᠠᠭᠤᠭᠠᠯᠢ ᠠᠷᠠᠳ ᠤᠨ ᠨᠠᠰᠦᠵᠢᠯ ᠤᠨ ᠲᠠᠭᠠᠳᠬᠠᠯ ᠲᠤᠰᠢᠶᠠᠬᠤ ᠲᠦᠷᠦ ᠶᠢᠨ ᠪᠤᠳᠤᠯᠭ᠎ᠠ ᠲᠠᠢ ᠨᠡᠶᠢᠴᠡᠬᠦ ︵16 ᠪᠦᠬᠦᠯᠢ ᠨᠠᠰᠤᠨ ᠠᠴᠠ ᠶᠡᠭᠡ᠂ ᠰᠤᠷᠤᠭᠴᠢ ᠶᠢ ᠪᠠᠭᠳᠠᠭᠠᠬᠤ ᠦᠭᠡᠢ︶ ᠳᠤᠨᠢ᠂ ᠤᠷᠤᠨ ᠨᠤᠳᠤᠭ ᠤᠨ ᠵᠠᠰᠠᠭ ᠤᠨ ᠤᠷᠳᠤᠨ ᠠᠴᠠ 100 ᠲᠦᠬᠦᠷᠢᠭ ᠰᠦᠢᠳᠭᠡᠯ ᠲᠤᠰᠢᠶᠠᠬᠤ ᠪᠠᠷᠢᠵᠢᠶ᠎ᠡ ᠪᠠᠷ ᠲᠡᠬᠦᠨ ᠤ ᠨᠠᠰᠦᠵᠢᠯ ᠤᠨ ᠲᠠᠭᠠᠳᠬᠠᠯ ᠤᠨ ᠰᠦᠢᠳᠭᠡᠯ ︵ᠲᠠᠭᠠᠳᠬᠠᠯ ᠳᠤ ᠤᠷᠤᠯᠴᠠᠭᠰᠠᠨ ᠡᠳᠡᠭᠡᠳ ᠬᠡᠷᠡᠴᠢᠯᠡᠬᠦ ᠮᠠᠲ᠋ᠧᠷᠢᠶᠡᠯ ᠬᠠᠩᠭᠠᠵᠦ᠂ ᠭᠠᠴᠠᠭ᠎ᠠ ᠲᠤᠰᠬᠤᠨ ᠨᠢ ᠬᠤᠷᠢᠶᠠᠨ ᠡᠮᠬᠢᠳᠭᠡᠭᠰᠡᠨ ᠤ ᠰᠡᠬᠦᠯᠡᠷ ᠰᠤᠮᠤ ᠪᠠᠯᠭᠠᠰᠤ ᠶᠢᠨ ᠬᠦᠳᠡᠯᠮᠦᠷᠢ ᠶᠢᠨ ᠪᠠᠳᠤᠯᠠᠪᠤᠷᠢ ᠶᠢᠨ ᠰᠠᠯᠪᠤᠷᠢ ᠨᠢ ᠬᠤᠰᠢᠭᠤᠨ ᠤ ᠨᠡᠶᠢᠬᠡᠮ ᠤᠨ ᠲᠠᠭᠠᠳᠬᠠᠯ ᠤᠨ ᠲᠤᠪᠴᠢᠶ᠎ᠡ ᠳᠤ ᠨᠢᠬᠡᠳᠦᠯᠳᠡᠢ ᠮᠡᠳᠡᠬᠦᠯᠵᠦ ᠬᠦᠢᠴᠡᠳᠭᠡᠨ᠎ᠡ  ︶ ᠢ ᠤᠷᠤᠯᠠᠨ ᠲᠤᠰᠢᠶᠠᠵᠦ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄ ᠰᠦᠨ ᠹᠦ᠋ ᠠᠨ︶       51. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠦᠳᠡᠭᠡ ᠲᠤᠰᠬᠤᠨ ᠮᠠᠯᠵᠢᠬᠤ ᠤᠷᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪ ᠤᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤ‌‍ᠷᠢᠵᠢᠭᠤᠯᠵᠦ᠂ ᠬᠦᠳᠡᠯᠮᠦᠷᠢᠯᠡᠬᠦ ᠴᠢᠳᠡᠪᠦᠷᠢ ᠪᠠᠨ ᠪᠦᠷᠢᠮᠦᠰᠦᠨ ᠠᠯᠳᠠᠭᠰᠠᠨ ᠪᠤᠶᠤ ᠵᠤᠬᠢᠬᠤ ᠬᠡᠮᠵᠢᠶ᠎ᠡ ᠪᠠᠷ ᠠᠯᠳᠠᠭᠰᠠᠨ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢ ᠬᠦᠳᠡᠭᠡ ᠲᠤᠰᠬᠤᠨ ᠤ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠶᠢᠨ ᠬᠦᠷᠢᠶ᠎ᠡ ᠬᠡᠪᠴᠢᠶ᠎ᠡ ᠳᠤ ᠤᠷᠤᠭᠤᠯᠵᠦ᠂ ᠪᠠᠳᠤᠯᠠᠬᠤ ᠴᠢᠬᠤᠯᠡ ᠲᠠᠢ ᠶᠢ ᠪᠦᠬᠦᠨ ᠢ ᠪᠠᠳᠤᠯᠠᠨ᠎ᠠ᠂ ᠨᠦᠬᠦᠪᠦᠷᠢ ᠦᠭᠭᠦ ᠪᠠᠷᠢᠮᠵᠢᠶ᠎ᠡ ᠨᠢ᠄ A ᠲᠦᠷᠦᠯ ᠤᠨ ᠬᠦᠮᠦᠨ ᠪᠦᠷᠢ ᠵᠢᠯ ᠳᠤ 3400 ᠲᠦᠬᠦᠷᠢᠭ᠂ B ᠲᠦᠷᠦᠯ ᠤᠨ ᠬᠦᠮᠦᠨ ᠪᠦᠷᠢ ᠵᠢᠯ ᠳᠤ 3100 ᠲᠦᠬᠦᠷᠢᠭ᠂ C ᠲᠦᠷᠦᠯ ᠤᠨ ᠬᠦᠮᠦᠨ ᠪᠦᠷᠢ ᠵᠢᠯ ᠳᠤ 2800 ᠲᠦᠬᠦᠷᠢᠭ ᠨᠦᠬᠦᠪᠦᠷᠢᠯᠡᠨ᠎ᠡ᠃  ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄  ᠸᠠᠩ ᠰᠢᠨ︶       52.. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠲᠦᠷᠢᠮ ᠢ ᠨᠠᠶᠢᠳᠠᠪᠤᠷᠢᠵᠢᠭᠤᠯᠤᠨ᠎ᠡ᠃ ᠠᠮᠢᠳᠦᠷᠡᠯ ᠨᠢ ᠬᠦᠴᠢᠷᠳᠡᠢ ᠵᠡᠮᠳᠡᠭ ᠬᠦᠮᠦᠨ ᠪᠦᠷᠢ ᠳᠤ ᠵᠢᠯ ᠳᠤ 960 ᠲᠦᠬᠦᠷᠢᠭ ᠤᠨ ᠠᠮᠢᠳᠦᠷᠡᠯ ᠤᠨ ᠨᠦᠬᠦᠪᠦᠷᠢ ᠦᠭᠭᠦᠨ᠎ᠡ᠂ ᠬᠦᠨᠳᠦ ᠵᠡᠮᠳᠡᠭ ᠬᠦᠮᠦᠨ ︵1᠂ 2 ᠲᠡᠰ︶ ᠪᠦᠷᠢ ᠳᠤ ᠵᠢᠯ ᠳᠤ ᠬᠤᠶᠠᠷ ᠵᠦᠢᠯ ᠤᠨ ᠨᠦᠬᠦᠪᠦᠷᠢ 1920 ᠲᠦᠬᠦᠷᠢᠭ ᠦᠭᠭᠦᠨ᠎ᠡ᠃  ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄ ᠰᠦᠨ ᠹᠦ᠋ ᠠᠨ︶       53. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠦᠳᠡᠭᠡ ᠲᠤᠰᠬᠤᠨ ᠤ ᠲᠠᠪᠤᠨ ᠪᠠᠳᠤᠯᠠᠭᠠᠳᠦ ᠡᠷᠦᠬᠡ ᠶᠢ ᠠᠰᠡᠷᠡᠨ ᠲᠡᠵᠢᠬᠡᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ 2017 ᠤ ᠨᠦᠬᠦᠪᠦᠷᠢ ᠶᠢᠨ ᠪᠠᠷᠢᠮᠵᠢᠶ᠎ᠡ ᠨᠢ᠄ ᠲᠦᠪᠯᠡᠷᠡᠬᠦᠯᠦᠨ ᠠᠰᠡᠷᠡᠨ ᠲᠡᠵᠢᠬᠡᠬᠦ ᠨᠦᠬᠦᠪᠦᠷᠢ ᠬᠦᠮᠦᠨ ᠪᠦᠷᠢ ᠵᠢᠯ ᠳᠤ 9000 ᠲᠦᠬᠦᠷᠢᠭ︔ ᠲᠠᠷᠬᠠᠢ ᠪᠤᠳᠡᠷᠬᠠᠢ ᠠᠰᠡᠷᠡᠨ ᠲᠡᠵᠢᠬᠡᠬᠦ ᠨᠦᠬᠦᠪᠦᠷᠢ ᠬᠦᠮᠦᠨ ᠪᠦᠷᠢ ᠵᠢᠯ ᠳᠤ 6200 ᠲᠦᠬᠦᠷᠢᠭ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ  ᠤᠨ ᠲᠤᠪᠴᠢᠶ᠎ᠡ᠂ ᠬᠠᠷᠢᠭᠤᠴᠠᠯᠭᠠᠳᠡᠨ᠄  ᠸᠠᠩ ᠰᠢᠨ︶       54.ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ 80 ᠨᠠᠰᠤ ᠶᠢ ᠲᠠᠪᠠᠭᠰᠠᠨ ᠨᠠᠰᠤᠳᠡᠳ ᠤᠨ ᠨᠠᠰᠤᠨ ᠬᠤᠳᠤᠭ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ 80 — 99 ᠪᠦᠬᠦᠯᠢ ᠨᠠᠰᠤᠳᠡᠢ ᠨᠠᠰᠤᠳᠡᠨ ᠨᠢᠬᠡᠪᠦᠷᠢ ᠳᠤ ᠰᠡᠷ᠎ᠡ ᠪᠦᠷᠢ 100 ᠲᠦᠬᠦᠷᠢᠭ ᠤᠨ ᠨᠠᠰᠤᠨ ᠬᠤᠳᠤᠭ  ᠤᠨ ᠨᠦᠬᠦᠪᠦᠷᠢ ᠦᠭᠴᠦ᠂ 100 ᠪᠦᠬᠦᠯᠢ ᠨᠠᠰᠤ ︵100 ᠶᠢ ᠪᠠᠭᠳᠠᠭᠠᠨ᠎ᠠ︶   ᠶᠢ ᠲᠠᠪᠠᠭᠰᠠᠨ ᠨᠠᠰᠤᠳᠡᠨ ᠨᠢᠬᠡᠪᠦᠷᠢ ᠳᠤ ᠰᠡᠷ᠎ᠡ ᠪᠦᠷᠢ 600 ᠲᠦᠬᠦᠷᠢᠭ ᠤᠨ ᠨᠦᠬᠦᠪᠦᠷᠢ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄ ᠰᠦᠨ ᠹᠦ᠋ ᠠᠨ︶        55.ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ 60 ᠨᠠᠰᠤ ᠶᠢ ᠲᠠᠪᠠᠭᠰᠠᠨ ᠬᠦᠳᠡᠭᠡ ᠲᠤᠰᠬᠤᠨ ᠳᠤ ᠨᠤᠳᠤᠭ ᠲᠠᠢ ᠴᠡᠷᠢᠭ ᠠᠴᠠ ᠬᠠᠯᠠᠭᠳᠠᠭᠰᠡᠳ ᠤᠨ ᠨᠦᠬᠦᠪᠦᠷᠢ ᠶᠢᠨ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠨᠢᠬᠡ ᠵᠢᠯ ᠠᠯᠪᠠᠨ ᠵᠢᠷᠦᠮ ᠤᠨ ᠴᠡᠷᠢᠭ ᠤᠨ ᠠᠯᠪᠠ ᠬᠠᠭᠠᠭᠰᠠᠳ ᠲᠤ ᠰᠡᠷ᠎ᠡ ᠳᠤ 25 ᠲᠦᠬᠦᠷᠢᠭ ᠤᠨ ᠨᠦᠬᠦᠪᠦᠷᠢ ᠦᠭᠭᠦᠨ᠎ᠡ︔ ᠲᠠᠶᠢᠨ ᠪᠠᠶᠢᠯᠳᠤᠭᠠᠨ᠂ ᠠᠯᠪᠠᠨ ᠤᠴᠢᠷ ᠪᠠ ᠡᠪᠡᠳᠴᠢᠨ  ᠠᠴᠠ ᠪᠤᠯᠵᠦ ᠵᠡᠮᠳᠡᠭᠷᠡᠭᠰᠡᠨ ᠵᠡᠮᠭᠳᠡᠭ ᠴᠡᠷᠢᠭ ᠲᠤ ᠠᠮᠢᠳᠦᠷᠡᠯ ᠤᠨ ᠪᠠᠳᠤᠯᠠᠪᠤᠷᠢ ᠶᠢᠨ ᠴᠢᠨᠡᠷ ᠲᠠᠢ ᠵᠡᠮᠳᠡᠭ ᠤᠨ ᠠᠰᠡᠷᠡᠮᠵᠢ ᠶᠢᠨ ᠵᠤᠭᠤᠰ ᠦᠭᠭᠦᠨ᠎ᠡ᠃  ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄ ᠪᠠᠳᠠᠷᠠᠩᠭᠤᠢ︶     56. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ  ᠲᠠᠢ ᠶᠠᠳᠠᠭᠤ ᠨᠠᠰᠤᠳᠡᠨ ᠰᠠᠭᠤᠬᠤ ᠭᠡᠷ ᠦᠭᠡᠢ ᠪᠤᠯ ᠬᠦᠳᠡᠭᠡ ᠲᠤᠰᠬᠤᠨ ᠮᠠᠯᠵᠢᠬᠤ ᠤᠷᠤᠨ ᠤ ᠬᠠᠪᠰᠤᠷᠤᠯᠴᠠᠨ ᠨᠠᠰᠤᠳᠡᠨ ᠢ ᠠᠰᠡᠷᠠᠬᠤ ᠵᠢᠷᠭᠠᠯ ᠤᠨ ᠬᠦᠷᠢᠶᠡᠯᠡᠩ ᠳᠤ ᠤᠷᠢᠳᠡᠪᠡᠷ ᠤᠷᠤᠭᠤᠯᠤᠨ᠎ᠠ᠃ ︵ᠬᠠᠷᠢᠭᠤᠴᠠᠯᠭᠠᠳᠦ ᠨᠢᠬᠡᠴᠢ᠄  ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄  ᠰᠦᠨ ᠹᠦ᠋ ᠠᠨ︶      57. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠦᠷᠦ ᠶᠢᠨ ᠪᠤᠳᠤᠯᠭ᠎ᠠ  ᠶᠢᠨ ᠴᠢᠨᠡᠷ ᠲᠠᠢ ᠬᠡᠷ ᠪᠦᠯᠢ ᠶᠢᠨ ᠡᠳ᠋ ᠬᠤᠭᠰᠢᠯ ᠤᠨ ᠲᠠᠭᠠᠳᠬᠠᠯ ᠤᠨ ᠨᠦᠬᠦᠪᠦᠷᠢ ᠶᠢ ᠨᠠᠶᠢᠳᠠᠪᠤᠷᠢᠵᠢᠭᠤᠯᠵᠦ᠂ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠲᠠᠪᠤᠨ ᠪᠠᠳᠤᠯᠠᠭᠠᠳᠦ ᠡᠷᠦᠬᠡ᠂ ᠭᠤᠷᠪᠡ ᠦᠭᠡᠢ ᠪᠠ ᠦᠨᠦᠴᠢᠨ ᠬᠡᠦᠬᠡᠳ ᠵᠡᠷᠭᠡ ᠲᠦᠷᠪᠡᠨ ᠲᠦᠷᠦᠯ ᠤᠨ ᠲᠤᠷᠤᠢ ᠪᠠᠭᠤᠷᠡᠢ ᠪᠦᠯᠦᠭᠯᠡᠯ ᠳᠤ ᠴᠢᠭᠯᠡᠬᠦᠯᠦᠨ᠂ ᠠᠷᠠᠳ  ᠤᠨ ᠶᠠᠪᠤᠳᠡᠯ ᠤᠨ ᠰᠠᠯᠠᠭ᠎ᠠ ᠮᠦᠴᠢᠷ ᠲᠠᠭᠠᠳᠬᠠᠯ ᠤᠨ ᠰᠦᠢᠳᠭᠡᠯ ᠢ ᠬᠠᠷᠢᠭᠤᠴᠠᠨ᠂ ᠲᠠᠭᠠᠳᠬᠠᠯ ᠤᠨ ᠰᠦᠢᠳᠭᠡᠯ ᠢ  ᠨᠢ ᠬᠤᠳᠡᠯᠳᠤᠭᠠᠨ ᠤ ᠲᠠᠭᠠᠳᠬᠠᠯ ᠤᠨ ᠺᠤᠮᠫᠠᠨᠢ ᠳᠤ ᠰᠢᠭᠤᠳ ᠦᠭᠴᠦ ᠲᠠᠭᠠᠳᠬᠠᠯ ᠳᠤ ᠤᠷᠤᠯᠴᠠᠭᠤᠯᠦᠨ᠂ ᠪᠠᠳᠤᠯᠠᠭᠳᠠᠬᠤ ᠡᠳᠡᠭᠡᠳ ᠤᠨ ᠭᠡᠷ ᠪᠦᠯᠢ ᠶᠢᠨ ᠰᠠᠭᠤᠬᠤ ᠭᠡᠷ ᠵᠡᠷᠭᠡ ᠡᠳ᠋ ᠬᠤᠭᠰᠢᠯ ᠢ ᠲᠠᠭᠠᠳᠬᠠᠯ ᠳᠤ ᠤᠷᠤᠯᠴᠠᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄  ᠸᠠᠩ ᠰᠢᠨ︶      58. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠭᠠᠢ ᠭᠠᠮᠰᠢᠭ ᠠᠴᠠ ᠠᠪᠤᠷᠡᠨ ᠲᠤᠰᠠᠯᠠᠬᠤ ᠠᠵᠢᠯ ᠢ ᠰᠠᠶᠢᠳᠦᠷ ᠬᠢᠨ᠎ᠡ᠃ ᠪᠠᠶᠢᠭᠠᠯᠢ ᠶᠢᠨ ᠭᠠᠢ ᠭᠠᠮᠰᠢᠭ ᠠᠴᠠ ᠪᠤᠯᠵᠦ ᠡᠳ᠋ ᠬᠤᠭᠰᠢᠯ ᠨᠢ ᠬᠤᠬᠢᠷᠡᠯ ᠭᠠᠷᠤᠭᠰᠠᠨ ᠲᠠᠷᠢᠶᠠᠴᠢᠨ ᠮᠠᠯᠴᠢᠳ ᠲᠤ ᠭᠠᠮᠰᠢᠭ ᠠᠴᠠ ᠠᠪᠤᠷᠠᠬᠤ ᠪᠡᠯᠡ ᠮᠦᠩᠭᠦ ᠤᠯᠵᠦ ᠦᠭᠭᠦᠨ᠂ ᠲᠠᠷᠢᠶᠡᠴᠢᠨ ᠮᠠᠯᠴᠢᠳ ᠤᠨ ᠦᠢᠯᠡᠳᠪᠦᠷᠢᠯᠡᠯ ᠠᠮᠢᠳᠦᠷᠡᠯ ᠢ ᠬᠠᠮᠤᠭ ᠶᠡᠭᠡ ᠬᠡᠮᠵᠢᠶ᠎ᠡ ᠪᠠᠷ ᠪᠠᠳᠤᠯᠠᠵᠦ᠂ ᠭᠠᠮᠰᠢᠭ ᠠᠴᠠ ᠪᠤᠯᠵᠦ ᠲᠠᠬᠢᠨ ᠶᠠᠳᠠᠭᠤᠷᠠᠬᠤ ᠶᠢ ᠰᠡᠷᠬᠡᠶᠢᠯᠡᠨ᠎ᠡ᠃ ︵ᠬᠠᠷᠢᠭᠤᠴᠠᠯᠭᠠᠳᠦ ᠨᠢᠬᠡᠴᠢ᠄ ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄  ᠸᠠᠩ ᠰᠢᠨ︶       59. ᠠᠷᠠᠳ ᠤᠨ ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠲᠦᠷ ᠴᠠᠭ ᠠᠪᠤᠷᠡᠨ ᠲᠤᠰᠠᠯᠠᠬᠤ ᠪᠠ ᠲᠡᠨᠦᠬᠦᠴᠢᠯᠡᠨ ᠭᠤᠶᠢᠷᠠᠨᠴᠢᠯᠠᠵᠦ ᠪᠠᠶᠢᠭ᠎ᠠ ᠬᠦᠮᠦᠰ ᠢ ᠲᠦᠪᠬᠢᠨᠡᠬᠦᠯᠬᠦ ᠠᠵᠢᠯ ᠢ ᠰᠠᠶᠢᠳᠦᠷ ᠬᠢᠨ᠎ᠡ᠃ ᠭᠠᠯ ᠭᠠᠮᠰᠢᠭ᠂ ᠲᠡᠷᠭᠡᠨ ᠠᠳᠡᠯ ᠵᠡᠷᠭᠡ ᠬᠡᠨᠡᠳᠳᠡ ᠶᠢᠨ ᠬᠡᠷᠡᠭ᠂ ᠭᠡᠨᠡᠳᠳᠡ ᠤᠯᠤᠭᠰᠠᠨ ᠬᠦᠨᠳᠦ ᠡᠪᠡᠳᠴᠢᠨ ᠵᠡᠷᠭᠡ  ᠠᠴᠠ ᠪᠤᠯᠵᠦ ᠦᠨᠳᠦᠰᠦᠨ ᠠᠮᠢᠳᠦᠷᠡᠯ ᠨᠢ ᠲᠦᠷ ᠴᠠᠭ ᠬᠡᠴᠡᠬᠦ ᠬᠦᠴᠢᠷᠳᠡᠵᠦ ᠪᠠᠶᠢᠭ᠎ᠠ ᠭᠡᠷ ᠪᠦᠯᠢ᠂ ᠡᠰᠡᠬᠦᠯ᠎ᠡ ᠠᠮᠢᠳᠦᠷᠡᠯ ᠤᠨ ᠴᠢᠬᠤᠯᠡ ᠵᠠᠷᠤᠯᠭ᠎ᠠ ᠨᠢ ᠬᠡᠨᠡᠳᠳᠡ ᠨᠡᠮᠡᠭᠳᠡᠭᠰᠡᠨ ᠠᠴᠠ ᠦᠨᠳᠦᠰᠦᠨ ᠠᠮᠢᠳᠦᠷᠡᠯ ᠨᠢ ᠲᠦᠷ ᠴᠠᠭ ᠤᠨ ᠴᠢᠨᠡᠷ ᠲᠠᠢ ᠬᠡᠴᠡᠬᠦᠦ ᠬᠦᠴᠢᠷᠳᠡᠭᠰᠡᠨ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠤᠨ ᠬᠦᠴᠢᠷᠳᠡᠯᠳᠡᠢ ᠠᠰᠡᠷᠡᠨ ᠲᠡᠵᠢᠬᠡᠯᠬᠡᠭᠰᠡᠳ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ᠂ ᠤᠷᠤᠯᠭ᠎ᠠ ᠪᠠᠭ᠎ᠠ ᠭᠡᠷ ᠪᠦᠯᠢ ᠳᠤ ᠲᠦᠷ ᠴᠠᠭ ᠤᠨ ᠠᠪᠤᠷᠡᠨ ᠲᠤᠰᠠᠯᠠᠮᠵᠢ ᠬᠦᠷᠳᠡᠭᠡᠵᠦ᠂ ᠲᠤᠰᠠᠯᠠᠮᠵᠢ ᠶᠢᠨ ᠵᠤᠭᠤᠰ ᠨᠢ 500 ᠲᠦᠬᠦᠷᠢᠭ  ᠠᠴᠠ ᠡᠬᠢᠯᠡᠨ᠂ 1 ᠲᠦᠮᠡᠨ ᠲᠦᠬᠦᠷᠢᠭ ᠢᠶᠠᠷ ᠬᠢᠵᠠᠭᠠᠷᠯᠠᠨ᠎ᠠ᠃ ᠲᠡᠨᠦᠬᠦᠴᠢᠯᠡᠨ ᠭᠤᠶᠢᠷᠠᠨᠴᠢᠯᠠᠵᠦ ᠪᠠᠶᠢᠭ᠎ᠠ ᠬᠦᠮᠦᠰ  ᠲᠤ ᠢᠳᠡᠵᠦ ᠬᠤᠨᠤᠬᠤ ᠪᠠ ᠭᠡᠷ ᠲᠡᠭᠡᠨ ᠬᠠᠷᠢᠬᠤ ᠲᠡᠷᠭᠡᠨ ᠰᠦᠢᠳᠭᠡᠯ ᠵᠡᠷᠭᠡ ᠲᠤᠰᠠᠯᠠᠮᠵᠢ ᠬᠦᠷᠳᠡᠭᠡᠨ᠎ᠡ᠃ ︵ᠬᠠᠷᠢᠭᠤᠴᠠᠯᠭᠠᠳᠦ ᠨᠢᠬᠡᠴᠢ᠄ ᠠᠷᠠᠳ ᠤᠨ ᠶᠠᠪᠤᠳᠡᠯ ᠤᠨ ᠲᠤᠪᠴᠢᠶ᠎ᠡ᠂ ᠬᠠᠷᠢᠭᠤᠴᠠᠯᠭᠠᠳᠡᠨ᠄  ᠸᠠᠩ ᠰᠢᠨ︶        ᠲᠤᠯᠤᠭ᠎ᠠ᠂ ᠲᠠᠷᠢᠶᠡᠴᠢᠨ ᠮᠠᠯᠴᠢᠳ ᠢ ᠬᠠᠷᠠᠭᠠᠯᠵᠠᠬᠤ ᠪᠤᠰᠤᠳ ᠲᠦᠷᠦ ᠶᠢᠨ ᠪᠤᠳᠤᠯᠭ᠎ᠠ       60. ᠮᠠᠯ ᠲᠠᠷᠢᠶᠠᠯᠠᠩ ᠤᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠡᠷᠳᠡᠨᠢ ᠰᠢ ᠲᠠᠷᠢᠭᠴᠢᠳ ᠲᠤ ᠨᠦᠬᠦᠪᠦᠷᠢ ᠦᠭᠭᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄  ᠮᠠᠯ ᠲᠠᠷᠢᠶᠠᠯᠠᠩ ᠤᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ᠂ ᠬᠠᠷᠢᠭᠤᠴᠠᠯᠭᠠᠳᠡᠨ᠄  ᠲᠠᠨ᠎ᠠ᠂ ᠵᠢᠢ ᠸᠧᠨ ᠬᠤᠸᠠ︶    61. ᠮᠠᠯ ᠲᠠᠷᠢᠶᠠᠯᠠᠩ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂  ᠲᠠᠷᠢᠶᠠᠯᠠᠩ ᠤᠨ ᠮᠠᠰᠢᠨ ᠤ ᠨᠦᠬᠦᠪᠦᠷᠢ ᠦᠭᠭᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃︵ᠬᠠᠷᠢᠭᠤᠴᠠᠯᠭᠠᠳᠦ ᠨᠢᠬᠡᠴᠢ᠄  ᠮᠠᠯ ᠲᠠᠷᠢᠶᠠᠯᠠᠩ ᠤᠨ ᠲᠤᠪᠴᠢᠶ᠎ᠡ᠂ ᠬᠠᠷᠢᠭᠤᠴᠠᠯᠭᠠᠳᠡᠨ᠄  ᠵᠧᠩ ᠭᠥᠸᠧ ᠵᠦᠩ︶       62. ᠠᠵᠦ ᠠᠬᠤᠢ ᠶᠢᠨ ᠰᠤᠷᠠᠭ ᠵᠠᠩᠭᠢ ᠶᠢᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠡᠪᠦᠯ ᠤᠨ ᠤᠯᠡᠷᠢᠯ ᠤᠨ ᠲᠤᠯᠠᠭᠠᠯᠠᠬᠤ  ᠨᠡᠬᠦᠷᠡᠰᠦᠨ ᠤ ᠨᠦᠬᠦᠪᠦᠷᠢ ᠦᠭᠭᠦ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠠᠵᠦ ᠠᠬᠤᠢ ᠰᠤᠷᠠᠭ ᠵᠠᠩᠭᠢ ᠶᠢᠨ ᠲᠤᠪᠴᠢᠶ᠎ᠡ᠂ ᠡᠳ᠋ ᠤᠨ ᠵᠠᠰᠠᠭ ᠤᠨ ᠲᠤᠪᠴᠢᠶ᠎ᠡ᠂ ᠬᠠᠷᠢᠭᠤᠴᠠᠯᠭᠠᠳᠡᠨ᠄  ᠶᠢᠨ ᠽᠧ ᠫᠧᠩ᠂ ᠵᠢᠢ ᠸᠧᠨ ᠬᠤᠸᠠ︶      63. ᠮᠠᠯ ᠲᠠᠷᠢᠶᠡᠯᠡᠩ ᠤᠨ ᠲᠤᠪᠴᠢᠶ᠎ᠡ᠂ ᠠᠨ ᠬᠤᠸ᠎ᠠ ᠲᠠᠭᠠᠳᠬᠠᠯ᠂ ᠳ᠋ᠠ ᠳ᠋ᠢ ᠲᠠᠭᠠᠳᠬᠠᠯ ᠢ ᠵᠤᠬᠢᠴᠠᠭᠤᠯᠬᠤ ᠪᠠᠷ ᠲᠠᠮᠵᠢᠨ᠂ ᠨᠡᠶᠢᠳᠡ ᠶᠢᠨ ᠠᠰᠡᠷᠡᠮᠵᠢ ᠶᠢᠨ ᠤᠢ ᠶᠢᠨ ᠲᠠᠭᠠᠳᠬᠠᠯ᠂ ᠰᠠᠭᠤᠷᠢ ᠡᠬᠡ ᠮᠠᠯ ᠤᠨ ᠲᠠᠭᠠᠳᠬᠠᠯ ᠪᠤᠯᠤᠨ ᠲᠡᠷᠢᠮᠡᠯ ᠤᠨ ᠦᠢᠯᠡᠰ ᠤᠨ ᠲᠠᠭᠠᠳᠬᠠᠯ ︵ᠡᠷᠳᠡᠨᠢ ᠰᠢᠰᠢ᠂ ᠤᠰᠤᠨ ᠲᠤᠳᠤᠷᠭ᠎ᠠ︶ ᠤᠨ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠮᠡᠯ ᠤᠨ ᠦᠢᠯᠡᠰ ᠤᠨ ᠲᠠᠭᠠᠳᠬᠠᠯ᠄ ᠤᠰᠤᠯᠠᠬᠤ ᠡᠷᠳᠡᠨᠢ ᠰᠢᠰᠢ ᠂ ᠤᠰᠤᠨ ᠲᠤᠳᠤᠷᠭ᠎ᠠ᠄ ᠮᠤ᠋ ᠪᠦᠷᠢ 500 ᠲᠦᠬᠦᠷᠢᠭ᠂ ᠰᠦᠢᠳᠭᠡᠯ ᠤᠨ ᠨᠤᠷᠮ᠎ᠡ 6%᠂ ᠲᠡᠷᠢᠶᠡᠴᠢᠳ ᠦᠪᠡᠷ  ᠢᠶᠠᠨ ᠮᠤ᠋ ᠪᠦᠷᠢ 4.5 ᠲᠦᠬᠦᠷᠢᠭ ᠲᠤᠰᠢᠶᠠᠨ᠎ᠠ︔ ᠬᠠᠭᠤᠷᠡᠢ ᠲᠠᠷᠢᠶᠠᠨ ᠤ ᠡᠷᠳᠡᠨᠢ ᠰᠢᠰᠢ᠄ ᠮᠤ᠋ ᠪᠦᠷᠢ 300 ᠲᠦᠬᠦᠷᠢᠭ᠂ ᠰᠦᠢᠳᠭᠡᠯ ᠤᠨ ᠨᠤᠷᠮ᠎ᠡ 8%᠂ ᠲᠡᠷᠢᠶᠡᠴᠢᠳ ᠦᠪᠡᠷ ᠢᠶᠠᠨ ᠮᠤ᠋ ᠪᠦᠷᠢ 3.6 ᠲᠦᠬᠦᠷᠢᠭ ᠲᠤᠰᠢᠶᠠᠨ᠎ᠠ︔ ᠦᠨᠢᠶ᠎ᠡ᠄ ᠦᠨᠢᠶ᠎ᠡ ᠪᠦᠷᠢ 6000 ᠲᠦᠬᠦᠷᠢᠭ᠂ ᠰᠦᠢᠳᠭᠡᠯ ᠤᠨ ᠨᠤᠷᠮ᠎ᠡ 5%᠂ ᠲᠡᠷᠢᠶᠡᠴᠢᠳ ᠦᠪᠡᠷ ᠢᠶᠠᠨ  ᠦᠨᠢᠶ᠎ᠡ ᠪᠦᠷᠢ ᠳᠤ 60 ᠲᠦᠬᠦᠷᠢᠭ ᠲᠤᠰᠢᠶᠠᠨ᠎ᠠ ︵ᠲᠡᠩᠰᠡ ᠡᠪᠬᠡᠮᠡᠯ ᠲᠠᠢ ᠶᠠᠳᠠᠭᠤ ᠡᠷᠦᠬᠡ ᠶᠢᠨ ᠦᠪᠡᠷ ᠢᠶᠠᠨ ᠲᠤᠰᠢᠶᠠᠬᠤ ᠬᠡᠰᠡᠭ ᠢ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠠᠴᠠ ᠭᠠᠷᠭᠠᠵᠦ ᠦᠭᠭᠦᠨ᠎ᠡ︶᠃ ︵ᠬᠠᠷᠢᠭᠤᠴᠠᠯᠭᠠᠳᠦ ᠨᠢᠬᠡᠴᠢ᠄  ᠤᠢ ᠰᠢᠭᠤᠢ ᠶᠢᠨ ᠲᠤᠪᠴᠢᠶ᠎ᠡ᠂ ᠮᠠᠯ ᠲᠠᠷᠢᠶᠠᠯᠠᠩ ᠤᠨ ᠲᠤᠪᠴᠢᠶ᠎ᠡ᠂ ᠬᠠᠷᠢᠭᠤᠴᠠᠯᠭᠠᠳᠡᠨ᠄ ᠡᠷᠳᠡᠨᠢ᠂ ᠲᠠᠨ᠎ᠠ︶     64. ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠡ ᠶᠢᠨ ᠲᠤᠪᠴᠢᠶ᠎ᠡ ᠶᠢ ᠵᠤᠬᠢᠴᠠᠭᠤᠯᠬᠤ ᠪᠠᠷ ᠲᠠᠮᠵᠢᠨ᠂ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠡᠢ ᠭᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠡᠪ ᠤᠨ ᠨᠦᠬᠦᠪᠦᠷᠢ ᠶᠢᠨ ᠰᠠᠭᠤᠷᠢ ᠲᠡᠭᠡᠷ᠎ᠡ᠂ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠲᠠᠪᠤᠨ ᠪᠠᠳᠤᠯᠠᠭᠠᠳᠦ ᠡᠷᠦᠬᠡ ᠪᠤᠯᠤᠨ ᠶᠠᠳᠠᠭᠤ ᠵᠡᠮᠳᠡᠭᠴᠦᠳ ᠤᠨ ᠡᠷᠦᠬᠡ ᠪᠦᠷᠢ ᠳᠤ 1000 ᠲᠦᠬᠦᠷᠢᠭ ᠨᠦᠬᠦᠪᠦᠷᠢ ᠦᠭᠭᠦᠨ᠎ᠡ︔ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ  ᠶᠢᠨ ᠠᠶᠤᠯᠳᠡᠢ ᠭᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠶᠢ ᠬᠡᠮᠵᠢᠨ ᠵᠢᠷᠦᠵᠦ ᠲᠦᠯᠦᠪᠯᠡᠬᠦ ᠰᠦᠢᠳᠭᠡᠯ 3500 ᠲᠦᠬᠦᠷᠢᠭ ᠢ ᠬᠡᠯᠳᠦᠷᠢᠬᠦᠯᠦᠨ᠎ᠡ᠃︵ᠬᠠᠷᠢᠭᠤᠴᠠᠯᠭᠠᠳᠦ ᠨᠢᠬᠡᠴᠢ᠄  ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠡ ᠶᠢᠨ ᠲᠤᠪᠴᠢᠶ᠎ᠡ᠂ ᠬᠠᠷᠢᠭᠤᠴᠠᠯᠭᠠᠳᠡᠨ᠄  ᠪᠤᠤ ᠭᠠᠩ︶     65. ᠴᠠᠬᠢᠯᠭᠠᠨ ᠬᠠᠩᠭᠠᠬᠤ ᠺᠤᠮᠫᠠᠨᠢ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠲᠤᠳᠤᠷᠡᠬᠢ ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠲᠠᠪᠤᠨ ᠪᠠᠳᠤᠯᠠᠭᠠᠳᠦ ᠡᠷᠦᠬᠡ ᠳᠤ 180 ᠭᠷᠡᠳᠦ᠋ᠰ ᠴᠠᠬᠢᠯᠭᠠᠨ ᠬᠡᠷᠡᠭᠯᠡᠬᠦᠯᠬᠦ ᠲᠦᠷᠦ ᠶᠢᠨ ᠪᠤᠳᠤᠯᠭ᠎ᠠ ᠶᠢ ᠠᠨᠢᠳᠠᠪᠤᠷᠢᠵᠢᠭᠤᠯᠤᠨ᠎ᠠ᠂ ᠪᠠᠷᠢᠮᠵᠢᠶ᠎ᠡ ᠨᠢ ᠡᠷᠦᠬᠡ ᠪᠦᠷᠢ ᠳᠤ ᠰᠦᠢᠳᠭᠡᠯ ᠠᠪᠬᠤ ᠦᠭᠡᠢ ᠪᠠᠷ ᠰᠡᠷ᠎ᠡ ᠳᠤ 15 ᠭᠡᠷᠡᠳᠦ᠋ᠰ ᠴᠠᠬᠢᠯᠭᠠᠨ ᠬᠠᠩᠭᠠᠵᠦ᠂ ᠴᠠᠬᠢᠯᠭᠠᠨ ᠤ ᠦᠨ᠎ᠡ ᠶᠢ ᠭᠷᠡᠳᠦ᠋ᠰ ᠪᠦᠷᠢ 0.485 ᠪᠠᠷ ᠪᠤᠳᠤᠨ᠂ ᠵᠢᠯ ᠳᠤ 87.3 ᠲᠦᠬᠦᠷᠢᠭ ᠰᠦᠢᠳᠭᠡᠯ ᠬᠡᠯᠳᠦᠷᠢᠬᠦᠯᠦᠨ᠎ᠡ᠃ ︵ᠬᠠᠮᠢᠶ᠎ᠠ ᠪᠦᠬᠦᠢ ᠬᠡᠷᠡᠴᠢ ᠪᠠᠨ ᠠᠪᠴᠦ ᠲᠤᠬᠠᠢ ᠶᠢᠨ ᠭᠠᠵᠠᠷ ᠤᠨ ᠡᠵᠡᠩᠨᠡᠯᠳᠡ  ᠶᠢᠨ ᠭᠠᠵᠠᠷ ᠬᠦᠷᠴᠦ ᠭᠠᠷ ᠬᠦᠢᠴᠡᠳᠭᠡᠯ ᠬᠢᠨ᠎ᠡ︶ ︵ᠬᠠᠷᠢᠭᠤᠴᠠᠯᠭᠠᠳᠦ ᠨᠢᠬᠡᠴᠢ᠄ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ᠂ ᠬᠠᠷᠢᠭᠤᠴᠠᠯᠭᠠᠳᠡᠨ᠄  ᠪᠠᠢ ᠴᠦᠨ ᠯᠦᠩ︶        ᠨᠠᠢᠮᠡ᠂ ᠨᠡᠶᠢᠬᠡᠮ ᠢᠶᠠᠷ ᠶᠠᠳᠠᠭᠤ ᠶᠢ ᠲᠡᠳᠬᠦᠬᠦ      66.  ᠬᠤᠰᠢᠭᠤᠨ ᠤ ᠨᠠᠮ ᠤᠨ ᠬᠤᠷᠢᠶᠡᠨ ᠤ ᠵᠤᠬᠢᠶᠠᠨ ᠪᠠᠶᠢᠭᠤᠯᠬᠤ ᠬᠡᠯᠳᠡᠰ ᠶᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠳᠤ 10 ᠵᠢᠯ ᠲᠠᠷᠠᠭᠠᠯᠠᠨ ᠭᠠᠴᠠᠭ ᠲᠤᠰᠬᠤᠨ ᠤ ︽ᠡᠬᠦᠷ ᠵᠦᠪᠯᠡᠯ︾ ᠳᠤ ᠵᠢᠩᠭᠢᠨᠢ ᠲᠤᠰᠢᠶᠠᠯ ᠬᠠᠷᠢᠭᠤᠴᠠᠵᠦ᠂ ᠬᠡᠪ ᠤᠨ ᠶᠤᠰᠤᠭᠠᠷ ᠲᠤᠰᠢᠶᠠᠯ ᠠᠴᠠ ᠪᠠᠨ ᠰᠠᠯᠤᠭᠠᠳ ᠲᠤᠰᠢᠶᠠᠯ ᠠᠴᠠ ᠪᠠᠨ ᠰᠠᠯᠬᠤ ᠠᠮᠢᠳᠦᠷᠡᠯ ᠤᠨ ᠨᠦᠬᠦᠪᠦᠷᠢ ᠡᠳ᠋ᠯᠡᠵᠦ ᠦᠭᠡᠢ ᠨᠠᠮ ᠤᠨ ᠬᠡᠰᠢᠬᠦᠨ ᠳᠤ ᠬᠦᠮᠦᠨ ᠪᠦᠷᠢ ᠵᠢᠯ ᠳᠤ ᠬᠦᠴᠢᠷᠳᠡᠯᠳᠡᠢ ᠨᠠᠮ ᠤᠨ ᠬᠡᠰᠢᠬᠦᠨ ᠪᠤᠯᠤᠨ ᠠᠬᠠᠮᠠᠳ ᠨᠠᠮ ᠤᠨ ᠬᠡᠰᠢᠬᠦᠨ ᠢ ᠬᠠᠪᠰᠤᠷᠤᠨ ᠲᠡᠳᠬᠦᠬᠦ ᠨᠦᠬᠦᠪᠦᠷᠢ 1000 —2000 ᠲᠦᠬᠦᠷᠢᠭ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠵᠤᠬᠢᠶᠠᠨ ᠪᠠᠶᠢᠭᠤᠯᠬᠤ ᠬᠡᠯᠳᠡᠰ᠂ ᠬᠠᠷᠢᠭᠤᠴᠠᠯᠭᠠᠳᠡᠨ᠄   ᠯᠢᠦ ᠴᠦᠨ ᠷᠦᠩ︶       67. ᠬᠤᠰᠢᠭᠤᠨ ᠤ ᠨᠠᠮ ᠤᠨ ᠬᠤᠷᠢᠶᠡᠨ ᠤ ᠵᠤᠬᠢᠶᠠᠨ ᠪᠠᠶᠢᠭᠤᠯᠬᠤ ᠬᠡᠯᠳᠡᠰ ᠢ ᠵᠤᠬᠢᠴᠠᠭᠤᠯᠬᠤ ᠪᠠᠷ ᠲᠠᠮᠵᠢᠨ᠂ ᠲᠡᠩᠰᠡ ᠡᠪᠬᠡᠮᠡᠯ ᠺᠡᠷᠲ ᠲᠠᠢ ᠶᠠᠳᠠᠭᠤ ᠡᠷᠦᠬᠡ ᠶᠢᠨ 60 ᠪᠦᠬᠦᠯᠢ ᠨᠠᠰ᠊ ᠪᠠ 60 ᠪᠦᠬᠦᠯᠢ ᠨᠠᠰᠤ ᠶᠢ ᠲᠠᠪᠠᠭᠰᠠᠨ ᠡᠷᠡᠭᠳᠡᠢ ᠨᠠᠮ ᠤᠨ ᠬᠡᠰᠢᠬᠦᠨ᠂ 55 ᠪᠦᠬᠦᠯᠢ ᠨᠠᠰᠤ ᠪᠠ 55 ᠪᠦᠬᠦᠯᠢ ᠨᠠᠰᠤ ᠶᠢ ᠲᠠᠪᠠᠭᠰᠠᠨ ᠡᠮᠡᠭᠳᠡᠢ ᠨᠠᠮ ᠤᠨ ᠬᠡᠰᠢᠬᠦᠨ ᠳᠤ ᠬᠦᠮᠦᠨ ᠪᠦᠷᠢ ᠵᠢᠯ ᠳᠤ ᠬᠦᠴᠢᠷᠳᠡᠯᠳᠡᠢ ᠨᠠᠮ ᠤᠨ ᠬᠡᠰᠢᠬᠦᠨ ᠪᠠ ᠠᠬᠠᠮᠠᠳ ᠨᠡᠮ ᠤᠨ ᠬᠡᠰᠢᠬᠦᠨ ᠢ ᠬᠠᠪᠰᠤᠷᠤᠨ ᠲᠡᠳᠬᠦᠬᠦ ᠨᠦᠬᠦᠪᠦᠷᠢ 500 —1000 ᠲᠦᠬᠦᠷᠢᠭ ᠦᠭᠭᠦᠨ᠎ᠡ᠃ ︵ᠬᠠᠷᠢᠭᠤᠴᠠᠯᠭᠠᠳᠦ ᠨᠢᠬᠡᠴᠢ᠄  ᠵᠤᠬᠢᠶᠠᠨ ᠪᠠᠶᠢᠭᠤᠯᠬᠤ ᠬᠡᠯᠳᠡᠰ᠂ ᠬᠠᠷᠢᠭᠤᠴᠠᠯᠭᠠᠳᠡᠨ᠄   ᠯᠢᠦ ᠴᠦᠨ ᠷᠦᠩ︶      68. ᠡᠪᠯᠡᠯ ᠤᠨ ᠬᠤᠷᠢᠶ᠎ᠡ᠂ ᠡᠮᠡᠭᠳᠡᠦᠴᠦᠳ ᠤᠨ ᠬᠤᠯᠪᠤᠭ᠎ᠠ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠵᠠᠯᠠᠭᠤ ᠲᠡᠷᠢᠶᠡᠴᠢᠨ ᠮᠠᠯᠴᠢᠳ᠂ ᠶᠠᠳᠠᠭᠤ ᠡᠮᠡᠭᠳᠡᠶᠢᠴᠦᠳ ᠲᠤ ᠭᠡᠷ ᠤᠨ ᠶᠠᠪᠤᠳᠡᠯ ᠤᠨ ᠦᠢᠯᠡᠴᠢᠯᠡᠭᠡ᠂ ᠡᠬᠡ ᠨᠢᠯᠬ᠎ᠠ  ᠶᠢ ᠠᠰᠡᠷᠠᠬᠤ᠂ ᠡᠯᠧᠺᠲᠷᠦᠨ ᠬᠤᠳᠠᠯᠳᠤᠭ᠎ᠠ᠂ ᠨᠠᠰᠤᠳᠡᠨ ᠢ ᠪᠠᠷᠠᠭᠠᠳᠡᠨ ᠰᠤᠪᠢᠯᠠᠬᠤ᠂ ᠴᠠᠬᠢᠯᠭᠠᠨ ᠤ ᠠᠵᠢᠯᠴᠢᠨ ᠵᠡᠷᠭᠡ ᠲᠤᠰᠬᠠᠢ ᠮᠡᠷᠬᠡᠵᠢᠯ ᠤᠨ ᠪᠤᠯᠪᠠᠰᠤᠷᠡᠯ ᠬᠦᠷᠳᠡᠭᠡᠵᠦ᠂ ᠬᠢᠷᠢ ᠲᠡᠩᠴᠡᠭᠰᠡᠨ ᠤ ᠲᠠᠷᠠᠭ᠎ᠠ ᠠᠵᠢᠯ ᠮᠡᠷᠬᠡᠵᠢᠯ ᠤᠨ ᠦᠨᠡᠮᠯᠡᠯ ᠤᠯᠭᠤᠨ᠂ ᠠᠵᠢᠯ ᠤᠨ ᠪᠠᠶᠢᠷᠢ ᠲᠠᠨᠢᠯᠴᠠᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠡᠪᠯᠡᠯ ᠤᠨ ᠬᠤᠷᠢᠶ᠎ᠡ ᠂ ᠡᠮᠡᠭᠳᠡᠦᠴᠦᠳ ᠤᠨ ᠬᠤᠯᠪᠤᠭ᠎ᠠ᠂ ᠬᠠᠷᠢᠭᠤᠴᠠᠯᠭᠠᠳᠡᠨ᠄  ᠤᠶᠤᠨ᠎ᠠ᠂ ᠵᠠᠩ ᠬᠤᠸᠠ ᠨᠠᠨ︶      69. ᠤᠯᠠᠭᠠᠨ ᠵᠠᠭᠠᠯᠮᠠᠶᠢᠳᠡᠨ ᠤ ᠨᠡᠶᠢᠬᠡᠮᠯᠢᠭ ᠢ ᠵᠤᠬᠢᠴᠠᠭᠤᠯᠬᠤ ᠪᠠᠷ ᠲᠠᠮᠵᠢᠨ᠂ ︽ᠲᠦᠬᠡᠮᠡᠯ ᠬᠠᠶᠢᠷ᠎ᠡ ᠶᠢᠨ ᠨᠢᠬᠡ ᠡᠳᠦᠷ ᠤᠨ ᠤᠷᠤᠯᠭ᠎ᠠ ᠪᠠᠨ ᠬᠠᠨᠳᠢᠪᠯᠠᠬᠤ᠂   ᠡᠮᠴᠢᠯᠡᠭᠡ᠂ ᠬᠦᠴᠢᠷᠳᠡᠯᠳᠡᠢ ᠤᠯᠠᠨ ᠲᠦᠮᠡᠨ ᠢ ᠲᠤᠰᠠᠯᠠᠬᠤ᠂ ᠬᠦᠨᠳᠦ ᠬᠡᠴᠡᠬᠦᠦ ᠪᠠᠶᠢᠭᠠᠯᠢ ᠶᠢᠨ ᠭᠠᠢ ᠭᠠᠮᠰᠢᠭ ᠪᠠ ᠭᠡᠨᠡᠳᠳᠡ ᠶᠢᠨ ᠤᠯᠡᠨ ᠨᠡᠶᠢᠳᠡ ᠶᠢᠨ ᠬᠡᠷᠡᠭ︾ ᠵᠡᠷᠭᠡ ᠠᠪᠤᠷᠡᠨ ᠲᠤᠰᠠᠯᠠᠬᠤ ᠠᠵᠢᠯᠯᠠᠭ᠎ᠠ ᠦᠷᠨᠢᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠤᠯᠠᠭᠠᠨ ᠵᠠᠭᠠᠯᠮᠠᠶᠢᠳᠡᠨ ᠤ ᠨᠡᠶᠢᠬᠡᠮᠯᠢᠭ᠂ ᠬᠠᠷᠢᠭᠤᠴᠠᠯᠭᠠᠳᠡᠨ᠄ ᠯᠢᠦ ᠨᠠᠢ ᠱᠤᠸᠠᠩ︶       70. ᠤᠯᠠᠭᠠᠨ ᠵᠠᠭᠠᠯᠮᠠᠶᠢᠳᠡᠨ ᠤ ᠨᠡᠶᠢᠬᠡᠮᠯᠢᠭ ᠢ ᠵᠤᠬᠢᠴᠠᠭᠤᠯᠬᠤ ᠪᠠᠷ ᠲᠠᠮᠵᠢᠨ᠂  ᠨᠠᠭᠠᠳᠦ ᠵᠠᠬ᠎ᠠ ᠶᠢᠨ ᠠᠮᠢᠳᠦᠷᠡᠯ ᠤᠨ ᠪᠠᠳᠤᠯᠠᠪᠤᠷᠢ ᠲᠠᠢ ᠡᠷᠦᠬᠡ᠂ ᠦᠨᠦᠴᠢᠨ ᠬᠡᠦᠬᠡᠳ᠂ ᠵᠡᠮᠳᠡᠭ ᠬᠦᠴᠢᠷᠳᠡᠯᠳᠡᠢ ᠭᠡᠷ ᠪᠦᠯᠢ ᠶᠢᠨ ᠡᠮᠨᠡᠯᠬᠡ ᠳᠤ ᠰᠠᠭᠤᠬᠤ ᠡᠪᠡᠳᠴᠢᠳᠡᠨ ᠤ ᠡᠮᠨᠡᠯᠬᠡ ᠶᠢᠨ ᠰᠦᠢᠳᠭᠡᠯ ᠢ ᠬᠠᠷᠭᠤᠭᠤᠯᠤᠨ ᠤᠰᠠᠳᠬᠠᠬᠤ ᠠᠵᠢᠯ ᠦᠷᠨᠢᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠤᠯᠠᠭᠠᠨ ᠵᠠᠭᠠᠯᠮᠠᠶᠢᠳᠡᠨ ᠤ ᠨᠡᠶᠢᠬᠡᠮᠯᠢᠭ᠂ ᠬᠠᠷᠢᠭᠤᠴᠠᠯᠭᠠᠳᠡᠨ᠄ ᠯᠢᠦ ᠨᠠᠢ ᠱᠤᠸᠠᠩ︶        71. ᠨᠡᠶᠢᠬᠡᠮ ᠤᠨ ᠶᠠᠳᠠᠭᠤ ᠶᠢ ᠲᠡᠳᠬᠦᠬᠦ ᠶᠢ ᠠᠬᠢᠭᠤᠯᠬᠤ ᠨᠡᠶᠢᠬᠡᠮᠯᠢᠭ᠂ ᠤᠯᠠᠭᠠᠨ ᠵᠠᠭᠠᠯᠮᠠᠶᠢᠳᠡᠨ ᠤ ᠨᠡᠶᠢᠬᠡᠮᠯᠢᠭ᠂ ᠵᠡᠮᠳᠡᠭᠴᠦᠳ ᠤᠨ ᠬᠤᠯᠪᠤᠭ᠎ᠠ᠂ ᠡᠮᠡᠭᠳᠡᠶᠢᠴᠦᠳ ᠤᠨ ᠬᠤᠯᠪᠤᠭ᠎ᠠ᠂ ᠡᠪᠯᠡᠯ ᠤᠨ ᠬᠤᠷᠢᠶ᠎ᠡ᠂ ᠦᠢᠯᠡᠳᠪᠦᠷᠢ ᠬᠤᠳᠡᠯᠳᠤᠭᠠᠨ ᠤ ᠬᠤᠯᠪᠤᠭ᠎ᠠ ᠵᠡᠷᠭᠡ ᠵᠤᠬᠢᠶᠠᠨ ᠪᠠᠶᠢᠭᠤᠯᠤᠯᠳᠡ ᠶᠢ ᠵᠤᠬᠢᠴᠠᠭᠤᠯᠬᠤ ᠪᠠᠷ ᠲᠠᠮᠵᠢᠨ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠲᠤᠮᠳᠡᠬᠢ ᠲᠤᠰ ᠲᠤᠰ ᠤᠨ ᠦᠢᠯᠡᠳᠦᠯ ᠢ ᠨᠢ ᠪᠠᠳᠠᠷᠠᠭᠤᠯᠤᠨ᠎ᠠ᠃ ︵ᠬᠠᠷᠢᠭᠤᠴᠠᠯᠭᠠᠳᠦ ᠨᠢᠬᠡᠴᠢ᠄ ᠨᠡᠶᠢᠬᠡᠮ ᠤᠨ ᠶᠠᠳᠠᠭᠤ ᠶᠢ ᠲᠡᠳᠬᠦᠬᠦ ᠶᠢ ᠠᠬᠢᠭᠤᠯᠬᠤ ᠨᠡᠶᠢᠬᠡᠮᠯᠢᠭ᠂ ᠤᠯᠠᠭᠠᠨ ᠵᠠᠭᠠᠯᠮᠠᠶᠢᠳᠡᠨ ᠤ ᠨᠡᠶᠢᠬᠡᠮᠯᠢᠭ᠂ ᠵᠡᠮᠳᠡᠭᠴᠦᠳ ᠤᠨ ᠬᠤᠯᠪᠤᠭ᠎ᠠ᠂ ᠡᠮᠡᠭᠳᠡᠶᠢᠴᠦᠳ ᠤᠨ ᠬᠤᠯᠪᠤᠭ᠎ᠠ᠂ ᠡᠪᠯᠡᠯ ᠤᠨ ᠬᠤᠷᠢᠶ᠎ᠡ᠂ ᠦᠢᠯᠡᠳᠪᠦᠷᠢ ᠬᠤᠳᠡᠯᠳᠤᠭᠠᠨ ᠤ ᠬᠤᠯᠪᠤᠭ᠋ ᠎ᠠ᠂ ᠬᠠᠷᠢᠭᠤᠴᠠᠯᠭᠠᠳᠡᠨ᠄  ᠯᠢᠦ ᠵᠢᠩ ᠹᠦ᠋᠂ ᠯᠢᠦ ᠨᠠᠢ ᠱᠤᠸᠠᠩ᠂ ᠸᠠᠩ ᠰᠢ ᠶᠢᠩ᠂ ᠤᠶᠤᠨ᠎ᠠ᠂ ᠵᠠᠩ ᠬᠤᠸᠠ ᠨᠠᠨ᠂ ᠼᠠᠢ ᠭᠤᠸᠠᠩ ᠢ︶        72. ᠡᠯ᠎ᠡ ᠲᠦᠷᠦᠯ ᠤᠨ ᠠᠵᠦ ᠠᠬᠤᠶᠢᠯᠠᠯ ᠵᠢᠴᠢ ᠨᠡᠶᠢᠬᠡᠮ ᠤᠨ ᠡᠯ᠎ᠡ ᠡᠳᠡᠭᠡᠳ ᠤᠨ ᠬᠠᠶᠢᠷ᠎ᠡ ᠢ ᠰᠡᠳᠬᠢᠯᠳᠦ ᠬᠦᠮᠦᠰ ᠢ ᠵᠤᠬᠢᠴᠠᠭᠤᠯᠬᠤ ᠪᠠᠷ ᠲᠠᠮᠵᠢᠨ᠂ ᠢᠳᠡᠪᠬᠢᠳᠡᠢ ᠲᠤᠰᠠᠯᠠᠨ ᠲᠡᠮᠵᠢᠬᠦᠯᠦᠨ᠎ᠡ᠃ ︵ᠬᠠᠷᠢᠭᠤᠴᠠᠯᠭᠠᠳᠦ ᠨᠢᠬᠡᠴᠢ᠄ ᠨᠡᠶᠢᠬᠡᠮ ᠤᠨ ᠶᠠᠳᠠᠭᠤ ᠶᠢ ᠲᠡᠳᠬᠦᠬᠦ ᠶᠢ ᠠᠬᠢᠭᠤᠯᠬᠤ ᠨᠡᠶᠢᠬᠡᠮᠯᠢᠭ᠂  ᠠᠵᠦ ᠠᠬᠤᠢ ᠰᠤᠷᠠᠭ ᠵᠠᠩᠭᠢ ᠶᠢᠨ ᠲᠤᠪᠴᠢᠶ᠎ᠡ᠂ ᠦᠢᠯᠡᠳᠪᠦᠷᠢ ᠬᠤᠳᠡᠯᠳᠤᠭᠠᠨ ᠤ ᠬᠤᠯᠪᠤᠭ᠎ᠠ᠂ ᠬᠠᠷᠢᠭᠤᠴᠠᠯᠭᠠᠳᠡᠨ᠄ ᠯᠢᠦ ᠵᠢᠩ ᠹᠦ᠋᠂ ᠵᠤ᠋ ᠯᠢ ᠬᠤᠸᠠ᠂ ᠼᠠᠢ ᠭᠤᠸᠠᠩ ᠢ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号