ᠡᠯ᠎ᠡ ᠲᠠᠭᠠᠭᠠᠴᠢᠯᠠᠨ ᠬᠤᠯᠪᠤᠭᠠᠯᠠᠬᠤ ᠤᠳᠤᠷᠢᠳᠤᠯᠭ᠎ᠠ᠂ ᠡᠯ᠎ᠡ ᠭᠠᠵᠠᠷ ᠡᠯ᠎ᠡ ᠰᠠᠯᠭ᠎ᠠ ᠮᠦᠴᠢᠷ ᠤᠨ | ᠬᠠᠷᠢᠭᠤᠴᠠᠯᠭᠠᠳᠡᠨ᠂ ᠡᠯ᠎ᠡ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢ ᠱᠠᠯᠠᠪᠳᠡᠨ ᠪᠠᠶᠢᠴᠠᠭᠠᠬᠤ | ᠲᠤᠭᠤᠶᠢᠯᠠᠩ᠂ ᠡᠯ᠎ᠡ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠪᠤᠯᠤᠨ ᠲᠠᠭᠠᠭᠠᠴᠢᠯᠠᠨ ᠬᠤᠯᠪᠤᠭᠠᠯᠠᠬᠤ ᠺᠠᠳ᠋ᠷ | ᠲᠤ᠄ | 5 ᠰᠡᠷ᠎ᠡ ᠶᠢᠨ 18 ᠤ ᠡᠳᠦᠷ ᠬᠤᠷᠡᠯᠳᠤᠭᠰᠠᠨ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ | ᠰᠢᠪᠳᠤᠯᠤᠯᠳᠡ ᠶᠢ ᠴᠡᠭᠴᠡᠯᠡᠨ ᠦᠬᠡᠷᠡᠴᠢᠯᠡᠵᠦ ᠨᠠᠶᠢᠳᠠᠪᠤᠷᠢᠵᠢᠭᠤᠯᠬᠤ ᠵᠢᠴᠢ ᠠᠵᠢᠯᠯᠠᠬᠤ ᠠᠩᠭᠢ ᠶᠢᠨ ᠪᠤᠯᠪᠠᠰᠤᠷᠡᠯ | ᠤᠨ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠤᠰᠠᠳᠡ᠂ ᠬᠤᠰᠢᠭᠤᠨ ᠤ ᠶᠠᠳᠠᠭᠤ | ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠵᠢᠯᠤᠭᠤᠳᠬᠤ ᠬᠡᠯᠳᠡᠰ ᠲᠤᠤᠷᠡᠬᠢ ᠬᠡᠳᠦᠨ ᠠᠵᠢᠯ ᠤᠨ ᠭᠤᠤᠯᠳᠠᠯᠭ᠎ᠠ | ᠶᠢ ᠡᠮᠬᠢᠯᠡᠨ ᠭᠠᠷᠭᠠᠪᠠ᠂ ᠬᠢᠨᠠᠮᠠᠭᠠᠢ ᠰᠠᠶᠢᠳᠦᠷ ᠨᠠᠶᠢᠳᠠᠪᠤᠷᠢᠵᠢᠭᠤᠯᠬᠤ ᠪᠤᠯᠪᠠᠤ᠃ | 1. ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠰᠠᠭᠤᠳᠡᠯ ᠢ ᠴᠡᠭᠴᠡᠯᠡᠨ ᠦᠬᠡᠷᠡᠴᠢᠯᠡᠬᠦ᠃ | ᠨᠢᠬᠡ ᠳᠤ ᠰᠤᠮᠤ ᠪᠠᠯᠭᠠᠰᠤ ᠲᠠᠯᠠᠪᠠᠢ ᠬᠤᠰᠢᠭᠤᠨ ᠤ ᠲᠠᠷᠤᠮᠠᠯᠯᠠᠨ ᠲᠠᠷᠬᠠᠭᠠᠭᠰᠠᠨ ᠬᠤᠶᠠᠷ ᠲᠦᠰᠦᠪ ᠢ | ᠬᠠᠷᠢᠴᠠᠭᠤᠯᠤᠨ᠂ ᠲᠤᠰ ᠭᠠᠵᠠᠷ ᠤᠨ ᠴᠡᠭᠴᠡᠯᠡᠨ ᠦᠬᠡᠷᠡᠴᠢᠯᠡᠬᠦ ᠲᠦᠰᠦᠪ ᠢᠶᠠᠨ ᠲᠤᠭᠳᠠᠭᠠᠨ᠎ᠠ᠃ ᠬᠤᠶᠠᠷ ᠲᠤ | ᠰᠤᠮᠤ ᠪᠠᠯᠭᠠᠰᠤ ᠲᠠᠯᠠᠪᠠᠢ ᠠᠰᠠᠭᠤᠳᠡᠯ ᠤᠨ ᠨᠠᠷᠢᠨ ᠲᠠᠩᠰᠠ ᠪᠤᠯᠤᠨ ᠴᠡᠭᠴᠡᠯᠡᠨ ᠦᠬᠡᠷᠡᠴᠢᠯᠡᠬᠦ ᠲᠠᠩᠰᠠ ᠬᠠᠷ᠎ᠡ | ᠲᠤᠭᠳᠠᠭᠠᠨ᠎ᠠ᠃ ᠭᠤᠷᠪᠠ ᠳᠤ ᠭᠠᠴᠠᠭ᠎ᠠ ᠲᠤᠰᠬᠤᠨ ᠢ ᠡᠷᠦᠭᠡ ᠲᠠᠷᠠᠭᠠᠯᠠᠨ ᠮᠦᠷᠳᠡᠨ ᠪᠠᠶᠢᠴᠠᠭᠠᠵᠦ᠂ ᠠᠰᠠᠭᠤᠳᠡᠯ | ᠤᠨ ᠨᠠᠷᠢᠨ ᠲᠠᠩᠰᠠ ᠪᠤᠯᠤᠨ ᠴᠡᠭᠴᠡᠯᠡᠨ ᠦᠬᠡᠷᠡᠴᠢᠯᠡᠬᠦ ᠲᠠᠩᠰᠠ ᠬᠠᠷ᠎ᠡ ᠲᠤᠭᠳᠠᠭᠠᠨ᠎ᠠ᠃ ᠲᠦᠷᠪᠡ ᠳᠤ ᠲᠦᠷᠦᠯ | ᠵᠦᠢᠯ ᠲᠠᠷᠠᠭᠠᠯᠠᠨ ᠴᠡᠭᠴᠡᠯᠡᠨ ᠦᠬᠡᠷᠡᠴᠢᠯᠡᠵᠦ ᠰᠢᠢᠳᠪᠦᠷᠢᠯᠡᠨ᠎ᠡ᠃ ᠲᠠᠪᠤ ᠳᠤ ᠠᠯᠢᠪᠠ ᠴᠡᠭᠴᠡᠯᠡᠨ ᠦᠬᠡᠷᠡᠴᠢᠯᠡᠬᠦ | ᠲᠠᠩᠰᠠ ᠡᠪᠬᠡᠮᠡᠯ ᠵᠢᠴᠢ ᠬᠡᠷᠡᠴᠢ ᠮᠠᠲ᠋ᠧᠷᠢᠶᠡᠯ ᠢ ᠡᠮᠬᠢᠳᠭᠡᠨ ᠲᠠᠩᠰᠠᠯᠠᠵᠦ ᠬᠠᠳᠠᠭᠠᠯᠠᠨ᠎ᠠ᠃ | 2. ᠲᠠᠩᠰᠠ ᠡᠪᠬᠡᠮᠡᠯ ᠪᠠᠶᠢᠭᠤᠯᠤᠨ ᠺᠡᠷᠲ ᠬᠢᠵᠦ ︽ᠲᠠᠬᠢᠨ ᠪᠠᠶᠢᠴᠠᠭᠠᠨ᠎ᠠ︾᠃ ᠨᠢᠬᠡ ᠳᠤ ᠭᠠᠴᠠᠭ᠎ᠠ | ᠲᠤᠰᠬᠤᠨ ᠢᠶᠠᠷ ᠨᠢᠬᠡᠴᠢ ᠪᠤᠯᠭᠠᠵᠦ ᠡᠷᠦᠭᠡ ᠪᠠ ᠬᠦᠮᠦᠨ ᠠᠮᠠ ᠲᠠᠷᠠᠭᠠᠯᠠᠨ ᠬᠠᠷᠭᠤᠭᠤᠯᠤᠨ ᠪᠠᠶᠢᠴᠠᠭᠠᠵᠦ᠂ | ᠤᠳᠤᠬᠠᠨ ᠤ ᠰᠠᠭᠤᠵᠦ ᠪᠠᠶᠢᠭ᠎ᠠ ᠰᠢᠷᠦᠢ ᠶᠢᠨ ᠪᠠᠶᠢᠰᠢᠩ ᠲᠠᠢ ᠡᠷᠦᠭᠡ᠂ ᠨᠠᠭᠠᠳᠦ ᠵᠠᠬ᠎ᠠ ᠶᠢᠨ ᠠᠮᠦᠳᠤᠷᠡᠯ ᠤᠨ | ᠪᠠᠳᠤᠯᠠᠭ᠎ᠠ ᠲᠠᠢ ᠡᠷᠦᠭᠡ᠂ ᠵᠡᠮᠳᠡᠭᠴᠦᠳ ᠪᠤᠯᠤᠨ ᠡᠩ ᠤᠨ ᠡᠷᠦᠭᠡ ᠲᠤᠳᠤᠷᠡᠬᠢ ᠵᠠᠪᠰᠡᠷ ᠤᠨ ᠡᠷᠦᠭᠡ ᠶᠢ | ᠭᠤᠤᠯᠳᠠᠯᠭ᠎ᠠ ᠲᠠᠢ ᠮᠦᠷᠳᠡᠨ ᠪᠠᠶᠢᠴᠠᠭᠠᠵᠦ ᠬᠠᠷᠭᠤᠭᠤᠯᠤᠨ᠂ ᠵᠤᠬᠢᠴᠠᠭᠤᠯᠤᠨ ᠤᠷᠤᠭᠤᠯᠤᠭᠰᠠᠨ ᠳᠤᠨᠢ ᠲᠡᠷᠡ ᠲᠠᠷᠤᠢ | ᠢᠯᠭᠠᠬᠤ ᠲᠠᠷᠠᠭᠠᠯᠠᠯ ᠶᠤᠰᠤᠭᠠᠷ ︽ᠲᠠᠩᠰᠠ ᠡᠪᠬᠡᠮᠡᠯ ᠠᠴᠠ ᠠᠰᠳᠠᠭᠠᠨ ᠲᠠᠩᠰᠠ ᠡᠪᠬᠡᠮᠡᠯ ᠪᠠᠶᠢᠭᠤᠯᠤᠨ᠎ᠠ︾᠃ | ᠬᠤᠶᠠᠷ ᠲᠤ ᠶᠠᠳᠠᠭᠤ ᠠᠴᠠ ᠠᠩᠭᠢᠵᠢᠷᠠᠭᠰᠠᠨ ᠡᠷᠦᠭᠡ ᠶᠢ ︽ᠬᠤᠶᠠᠷ ᠲᠤ ᠵᠤᠪᠠᠭ᠋ᠤ ᠦᠭᠡᠢ ᠭᠤᠷᠪᠠᠨ ᠪᠠᠳᠤᠯᠠᠭ᠎ᠠ | ᠲᠠᠢ︾ ᠶᠢᠨ ᠪᠠᠷᠢᠮᠵᠢᠶ᠎ᠠ ᠲᠠᠢ ᠬᠠᠷᠭᠤᠭᠤᠯᠵᠦ ᠪᠠᠶᠢᠴᠠᠭᠠᠨ᠂ ᠶᠠᠳᠠᠭᠤ ᠠᠴᠠ ᠠᠩᠭᠢᠵᠢᠷᠠᠭᠰᠠᠨ ᠨᠢ ᠲᠤᠭᠳᠠᠭᠤᠨ | ᠦᠭᠡᠢ ᠳᠤᠨᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠦᠷᠬᠦᠯᠵᠢᠯᠡᠨ ᠬᠡᠷᠡᠭᠵᠢᠬᠦᠯᠵᠦ᠂ ᠤᠨᠴᠠ ᠵᠠᠷᠢᠮ ᠶᠠᠳᠠᠭᠤ | ᠠᠴᠠ ᠠᠩᠭᠢᠵᠢᠷᠠᠭᠰᠠᠨ ᠨᠢ ᠪᠤᠳᠡᠳᠡᠢ ᠦᠭᠡᠢ ᠡᠷᠦᠭᠡ ᠳᠤ ᠲᠠᠬᠢᠨ ᠶᠠᠳᠠᠭᠤᠷᠠᠭᠰᠠᠨ ᠠᠯᠬᠤᠮ ᠲᠠᠷᠠᠭᠠᠯᠠᠯ ᠶᠤᠰᠤᠭᠠᠷ ︽ | ᠲᠠᠩᠰᠠ ᠡᠪᠬᠡᠮᠡᠯ ᠠᠴᠠ ᠠᠰᠳᠠᠭᠠᠨ ᠲᠠᠩᠰᠠ ᠡᠪᠬᠡᠮᠡᠯ ᠪᠠᠶᠢᠭᠤᠯᠥᠨ᠎ᠠ︾᠃ | 3. ᠲᠠᠩᠰᠠ ᠡᠪᠬᠡᠮᠡᠯ ᠤᠨ ᠵᠦᠬᠡᠯᠡᠨ ᠲᠤᠨᠤᠭ ᠢ ︽ᠭᠤᠷᠪᠡ ᠨᠢᠬᠡᠳᠦᠯᠳᠡᠢ ᠪᠠᠶᠢᠯᠭᠠᠨ᠎ᠠ︾᠃ ᠨᠢᠬᠡ ᠳᠤ | ᠶᠠᠳᠠᠭᠤ ᠡᠷᠦᠭᠡ ᠶᠢᠨ ᠲᠠᠩᠰᠠ ᠡᠪᠬᠡᠮᠡᠯ ᠢ ᠲᠡᠬᠦᠯᠳᠡᠷᠵᠢᠬᠦᠯᠵᠦ᠂ ᠶᠠᠳᠠᠭᠤ ᠡᠷᠦᠭᠡ ᠶᠢᠨ ᠶᠠᠳᠠᠭᠤ ᠶᠢ ᠲᠡᠳᠬᠦᠬᠦ ᠭᠠᠷ | ᠲᠡᠪᠳᠡᠷ᠂ ᠤᠶᠢᠯᠠᠭᠠᠮᠵᠢ ᠶᠢᠨ ᠺᠡᠷᠲ ᠪᠤᠯᠤᠨ ᠪᠤᠳᠡᠳᠡᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠭᠤᠷᠪᠡ ᠶᠢᠨ | ᠠᠭᠤᠯᠭ᠎ᠠ᠂ ᠴᠠᠭ ᠬᠤᠭᠤᠴᠠᠭ᠎ᠠ ᠵᠡᠷᠭᠡ ᠶᠢ ᠨᠢᠬᠡᠳᠦᠯᠳᠡᠢ ᠪᠠᠶᠢᠯᠭᠠᠨ᠎ᠠ᠃ ᠬᠤᠶᠠᠷ ᠲᠤ ᠡᠨᠡᠬᠦ ᠰᠠᠭᠤᠷᠢ ᠲᠡᠭᠡᠷ᠎ᠡ᠂ | ᠶᠠᠳᠠᠭᠤ ᠡᠷᠦᠭᠡ ᠶᠢᠨ ᠰᠤᠷᠠᠭ ᠵᠠᠩᠭᠢ ᠴᠤᠭᠯᠠᠭᠤᠯᠬᠤ ᠬᠦᠰᠦᠨᠦᠭ ᠲᠤᠳᠤᠷᠡᠬᠢ ᠬᠤᠯᠪᠤᠭᠳᠡᠯ ᠪᠦᠬᠦᠢ ᠠᠭᠤᠯᠭ᠎ᠠ ᠶᠢ | ᠬᠠᠷᠭᠤᠭᠤᠯᠵᠦ᠂ ᠲᠤᠰ ᠡᠷᠦᠭᠡ ᠶᠢᠨ ᠦᠨᠳᠦᠰᠦᠨ ᠪᠠᠶᠢᠳᠡᠯ ᠲᠠᠢ ᠨᠢᠬᠡᠳᠦᠯᠳᠡᠢ ᠡᠰᠡᠬᠦ᠂ ᠤᠯᠠᠭᠠᠨ ᠭᠠᠷ ᠲᠡᠪᠳᠡᠷ | ᠪᠤᠯᠤᠨ ᠤᠶᠢᠯᠠᠭᠠᠮᠵᠢ ᠶᠢᠨ ᠺᠡᠷᠲ ᠤᠨ ᠰᠤᠷᠠᠭ ᠵᠠᠩᠭᠢ ᠨᠢᠬᠡᠳᠦᠯᠳᠡᠢ ᠡᠰᠡᠬᠦ ᠶᠢ ᠦᠵᠡᠨ᠎ᠡ᠃ | 4. ᠦᠨᠳᠦᠷ ᠬᠦᠦ ᠲᠠᠢ ᠵᠢᠬᠡᠯᠡᠯᠬᠡ ᠶᠢ ᠰᠢᠢᠳᠪᠦᠷᠢᠯᠡᠨ᠎ᠡ᠃ ᠨᠢᠬᠡ ᠳᠤ ᠰᠠᠭᠤᠷᠢ ᠲᠤᠭ᠎ᠠ ᠶᠢ ᠲᠤᠳᠤᠷᠬᠠᠢ | ᠪᠠᠶᠢᠴᠠᠭᠠᠨ᠎ᠠ᠂ ᠲᠤᠬᠠᠶᠢᠯᠠᠪᠠᠯ ᠶᠠᠳᠠᠭᠤ ᠡᠷᠦᠭᠡ ᠶᠢᠨ ᠠᠷᠠᠳ ᠤᠨ ᠲᠤᠮᠳᠡᠬᠢ ᠵᠢᠬᠡᠯᠡᠯᠬᠡ ᠬᠡᠳᠦᠢ ᠬᠤᠪᠢ ᠪᠠᠶᠢᠬᠤ᠂ | ᠬᠤᠪᠢ ᠪᠦᠷᠢ ᠶᠢᠨ ᠵᠢᠬᠡᠯᠡᠯᠬᠡ ᠶᠢᠨ ᠵᠤᠭᠤᠰ ᠨᠢ ᠬᠡᠳᠦᠢ ᠪᠠᠶᠢᠬᠤ᠂ ᠨᠡᠶᠢᠳᠡ ᠵᠢᠬᠡᠯᠡᠯᠬᠡ ᠶᠢᠨ ᠵᠤᠭᠤᠰ ᠨᠢ ᠬᠡᠳᠦᠢ | ᠪᠠᠶᠢᠬᠤ ᠶᠢ ᠪᠠᠶᠢᠴᠠᠭᠠᠨ᠎ᠠ᠃ ᠬᠤᠶᠠᠷ ᠲᠤ ᠨᠢᠭᠤᠷᠳᠡᠨ ᠤᠴᠠᠷᠡᠵᠦ ᠵᠦᠪᠳᠡᠯᠴᠡᠨ ᠰᠢᠢᠳᠪᠦᠷᠢᠯᠡᠨ᠎ᠡ᠂ ᠲᠤᠬᠠᠶᠢᠯᠠᠪᠠᠯ | ᠠᠪᠴᠠᠭᠠᠨ ᠤ ᠬᠦᠮᠦᠨ ᠲᠠᠢ ᠤᠴᠠᠷᠡᠵᠦ ᠶᠠᠷᠢᠯᠴᠠᠨ᠂ ᠬᠦᠦ ᠮᠦᠩᠭᠦ ᠶᠢ ᠨᠢ ᠬᠡᠯᠳᠦᠷᠢᠬᠦᠯᠬᠦ ᠪᠤᠶᠤ ᠪᠠᠭᠤᠷᠠᠭᠤᠯᠵᠦ ︵ | ᠨᠢᠬᠡ ᠮᠦᠩᠭᠦ ᠠᠴᠠ ᠪᠠᠭ᠎ᠠ ᠪᠠᠶᠢᠯᠭᠠᠨ᠎ᠠ︶᠂ ᠵᠢᠬᠡᠯᠡᠯᠬᠡ ᠶᠢᠨ ᠵᠤᠭᠤᠰ ᠢᠶᠠᠨ ᠪᠤᠴᠠᠭᠠᠬᠤ ᠲᠦᠷᠢᠮᠵᠢᠭᠰᠡᠨ ᠭᠡᠷ᠎ᠡ | ᠲᠤᠭᠳᠠᠵᠦ᠂ ᠵᠢᠬᠡᠯᠡᠯᠬᠡ ᠶᠢᠨ ᠵᠤᠭᠤᠰ ᠢᠶᠠᠨ ᠪᠤᠴᠠᠭᠠᠬᠤ ᠲᠦᠯᠦᠪᠯᠡᠭᠡ ᠲᠤᠭᠳᠠᠭᠠᠨ᠎ᠠ᠃ | 5. ᠬᠤᠶᠠᠳᠤᠭᠠᠷ ᠦᠶ᠎ᠡ ᠶᠢᠨ ᠨᠡᠶᠢᠬᠡᠮ ᠤ᠊ ᠪᠠᠳᠤᠯᠠᠪᠤᠷᠢ ᠶᠢᠨ ᠺᠡᠷᠲ ᠶᠢ ᠨᠢ ᠤᠷᠤᠯᠠᠨ ᠠᠪᠴᠦ ᠦᠭᠭᠦᠨ᠎ᠡ᠃ | ᠬᠤᠶᠠᠳᠤᠭᠠᠷ ᠦᠶ᠎ᠡ ᠶᠢᠨ ᠨᠡᠶᠢᠬᠡᠮ ᠤᠨ ᠪᠠᠳᠤᠯᠠᠪᠤᠷᠢ ᠶᠢᠨ ᠺᠡᠷᠲ ᠪᠤᠯ ᠶᠠᠳᠠᠭᠤ ᠡᠷᠦᠭᠡ ᠶᠢᠨ ᠬᠢᠨ ᠡᠮᠨᠡᠯᠬᠡ ᠳᠤ | ᠰᠠᠭᠤᠵᠦ ᠡᠪᠡᠳᠴᠢᠨ ᠢᠶᠠᠨ ᠵᠠᠰᠠᠭᠤᠯᠬᠤ ᠳᠤ ᠵᠠᠪᠠᠯ ᠬᠡᠷᠡᠭᠯᠡᠬᠦ ᠰᠤᠷᠠᠭ ᠵᠠᠩᠭᠢ ᠮᠥᠨ᠂ ᠲᠤᠰ ᠺᠡᠷᠲ ᠶᠢ | ᠦᠨᠳᠦᠰᠦᠨ ᠱᠠᠳᠤᠨ ᠤ ᠢᠳᠡᠭᠡᠮᠵᠢ ᠶᠢᠨ ᠬᠤᠷᠰᠢᠶ᠎ᠠ ᠪᠠᠷ ᠲᠠᠮᠵᠢᠨ ᠲᠠᠷᠬᠠᠭᠠᠵᠦ᠂ ᠵᠠᠷᠴᠢᠮ ᠲᠡᠭᠡᠷ᠎ᠡ ᠪᠠᠨ ᠵᠠᠪᠠᠯ | ᠲᠤᠰ ᠬᠦᠮᠦᠨ ᠨᠢ ᠪᠡᠶ᠎ᠡ ᠶᠢᠨ ᠦᠨᠡᠮᠯᠡᠯ ᠢᠶᠠᠨ ᠠᠪᠠᠴᠢᠨ᠂ ᠦᠨᠳᠦᠰᠦᠨ ᠱᠠᠳᠤᠨ ᠤ ᠢᠳᠡᠭᠡᠮᠵᠢ ᠶᠢᠨ ᠬᠤᠷᠰᠢᠶ᠎ᠠ | ᠠᠴᠠ ᠠᠪᠤᠨ᠎ᠠ᠃ ᠵᠡᠷᠢᠮ ᠶᠠᠳᠠᠭᠤ ᠡᠷᠦᠬᠡ ᠶᠢᠨ ᠬᠢᠨ ᠡᠪᠡᠳᠴᠢᠨ ᠲᠠᠢ ᠪᠤᠶᠤ ᠵᠡᠮᠳᠡᠭ ᠵᠡᠷᠭᠡ ᠰᠢᠯᠳᠠᠭᠠᠨ ᠠᠴᠠ | ᠪᠤᠯᠵᠦ ᠦᠪᠡᠷᠳᠡᠭᠡᠨ ᠠᠪᠬᠤ ᠪᠠᠷ ᠤᠴᠢᠵᠦ ᠲᠡᠶᠢᠯᠬᠦ ᠦᠭᠡᠢ ᠪᠤᠯ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ | ᠶᠠᠳᠠᠭᠤ ᠡᠷᠦᠭᠡ ᠶᠢᠨ ᠪᠡᠶ᠎ᠡ ᠶᠢᠨ ᠦᠨᠡᠮᠯᠡᠯ ᠪᠤᠯᠤᠨ ᠦᠨᠳᠦᠰᠦᠨ ᠰᠤᠷᠠᠭ ᠵᠠᠩᠭᠢ ᠶᠢ ᠠᠪᠴᠦ᠂ ᠦᠨᠳᠦᠰᠦᠨ | ᠱᠠᠳᠤᠨ ᠤ ᠢᠳᠡᠭᠡᠮᠵᠢ ᠶᠢᠨ ᠬᠤᠷᠰᠢᠶ᠎ᠠ ᠠᠴᠠ ᠶᠠᠳᠠᠭᠤ ᠡᠷᠦᠭᠡ ᠶᠢ ᠤᠷᠤᠯᠡᠨ ᠠᠪᠴᠦ᠂ ᠶᠠᠳᠠᠭᠤ ᠡᠷᠦᠭᠡ ᠳᠤ | ᠭᠠᠷᠳᠠᠭᠤᠯᠤᠭᠠᠷᠡᠢ᠃ | 6. ᠠᠶᠤᠯᠳᠡᠢ ᠭᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠶᠠᠳᠠᠭᠤ ᠡᠷᠦᠭᠡ | ᠶᠢᠨ ᠰᠠᠭᠤᠬᠤ ᠭᠡᠷ ᠤᠨ ᠪᠠᠶᠢᠳᠡᠯ ᠢ ᠡᠷᠦᠭᠡ ᠲᠠᠷᠠᠭᠠᠯᠠᠨ ᠬᠠᠷᠭᠤᠭᠤᠯᠤᠨ᠎ᠠ᠃ ᠨᠢᠬᠡᠨᠳᠡ ᠶᠠᠳᠠᠭᠤ ᠠᠴᠠ | ᠠᠩᠭᠢᠵᠢᠷᠠᠭᠤᠯᠤᠭᠰᠠᠨ ᠡᠷᠦᠭᠡ ᠰᠢᠷᠦᠢ ᠶᠢᠨ ᠪᠠᠶᠢᠰᠢᠩ ᠳᠤ ᠰᠠᠭᠤᠵᠦ ᠪᠠᠶᠢᠬᠤ ᠶᠢ ᠨᠢ ᠰᠠᠶᠢᠳᠦᠷ ᠬᠢᠨᠡᠨ | ᠲᠤᠭᠳᠠᠭᠠᠵᠦ᠂ ᠭᠡᠷ ᠪᠠᠶᠢᠰᠢᠩ ᠨᠢ ᠦᠨᠡᠨᠬᠦ ᠬᠠᠭᠤᠴᠢᠷᠡᠵᠦ ᠠᠶᠤᠯᠳᠡᠢ ᠪᠤᠯᠵᠦ᠂ ᠰᠠᠭᠤᠬᠤ ᠭᠡᠷ ᠨᠢ ᠪᠠᠳᠤᠯᠠᠭ᠎ᠠ | ᠦᠭᠡᠢ ᠪᠠᠶᠢᠬᠤ ᠡᠷᠦᠭᠡ ᠳᠤ ᠲᠠᠩᠰᠠ ᠡᠪᠬᠡᠮᠡᠯ ᠠᠴᠠ ᠨᠢ ᠠᠰᠳᠠᠭᠠᠨ ᠲᠠᠩᠰᠠ ᠡᠪᠬᠡᠮᠡᠯ ᠪᠠᠶᠢᠭᠤᠯᠵᠦ᠂ ᠲᠠᠬᠢᠨ | ᠶᠠᠳᠠᠭᠤ ᠡᠷᠦᠭᠡ ᠳᠤ ᠤᠷᠤᠭᠤᠯᠤᠨ᠂ ᠰᠠᠭᠤᠬᠤ ᠭᠡᠷ ᠨᠢ ᠠᠶᠤᠯᠬᠦᠢ ᠶᠢ ᠨᠢ ᠬᠢᠨᠡᠨ ᠲᠤᠭᠳᠠᠭᠠᠭᠰᠠᠨ ᠮᠡᠳᠡᠬᠦᠯᠦᠯᠳᠡ | ᠬᠢᠵᠦ ᠦᠭᠭᠦᠨ᠎ᠡ︔ ᠶᠠᠳᠠᠭᠤ ᠠᠴᠠ ᠠᠩᠭᠢᠵᠢᠷᠠᠭᠠᠳᠦᠢ ᠡᠷᠦᠭᠡ ᠠᠶᠤᠯᠳᠡᠢ ᠰᠢᠷᠦᠢ ᠶᠢᠨ ᠪᠠᠶᠢᠰᠢᠩ ᠳᠤ ᠰᠠᠭᠤᠵᠦ | ᠪᠠᠶᠢᠬᠤ ᠶᠢ ᠨᠢ ᠲᠠᠷᠤᠢ ᠲᠤᠨᠢ ᠦᠬᠡᠷᠡᠴᠢᠯᠡᠨ ᠰᠠᠶᠢᠵᠢᠷᠠᠭᠤᠯᠬᠤ ᠲᠦᠯᠦᠪᠯᠡᠭᠡ ᠲᠤᠭᠳᠠᠭᠠᠨ ᠦᠭᠴᠦ᠂ ᠵᠢᠯ ᠲᠤᠳᠤᠷ᠎ᠡ | ᠦᠬᠡᠷᠡᠴᠢᠯᠡᠨ ᠰᠠᠶᠢᠵᠢᠷᠠᠭᠤᠯᠵᠦ ᠦᠭᠭᠦᠨ᠎ᠡ᠃ ᠡᠩ ᠤᠨ ᠡᠷᠦᠭᠡ᠂ ᠤᠨᠴᠠᠭᠠᠶᠢᠯᠠᠨ ᠵᠠᠪᠰᠡᠷ ᠤᠨ ᠡᠷᠦᠭᠡ ᠰᠢᠷᠦᠢ ᠶᠢᠨ | ᠪᠡᠶᠢᠰᠢᠩ ᠳᠤ ᠰᠠᠭᠤᠵᠦ ᠪᠠᠶᠢᠬᠤ ᠶᠢ ᠨᠢ ᠭᠡᠷ ᠤᠨ ᠪᠠᠶᠢᠳᠡᠯ ᠢ ᠨᠢ ᠪᠦᠬᠦ ᠲᠠᠯ᠎ᠠ ᠪᠠᠷ ᠤᠶᠢᠯᠠᠭᠠᠨ᠂ ᠭᠠᠴᠠᠭ᠎ᠠ | ᠲᠤᠰᠬᠤᠨ ᠤ ︽ᠨᠠᠮ ᠤᠨ ᠡᠬᠦᠷ ᠵᠦᠪᠯᠡᠯ︾ ᠤᠨ ᠤᠳᠤᠷᠢᠳᠬᠤ ᠪᠠᠭ ᠪᠤᠯᠤᠨ ᠲᠤᠰᠬᠤᠨ ᠳᠤ ᠰᠠᠭᠤᠭ᠎ᠠ ᠠᠵᠢᠯᠯᠠᠬᠤ | ᠠᠩᠭᠢ ᠮᠠᠭᠠᠳᠯᠠᠨ ᠲᠤᠭᠳᠠᠭᠠᠵᠦ᠂ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠡ ᠶᠢᠨ ᠲᠤᠪᠴᠢᠶ᠎ᠡ ᠪᠦᠬᠦ | ᠬᠤᠰᠢᠭᠤᠨ ᠤ ᠰᠠᠭᠤᠷᠢ ᠲᠤᠭ᠎ᠠ ᠶᠢ ᠲᠦᠷᠭᠡᠨ ᠪᠠᠶᠢᠴᠠᠭᠠᠵᠦ ᠲᠤᠳᠤᠯᠠᠨ᠂ ᠦᠬᠡᠷᠡᠴᠢᠯᠠᠨ ᠰᠠᠶᠢᠵᠢᠷᠠᠭᠤᠯᠬᠤ ᠲᠦᠰᠦᠪ | ᠲᠤᠭᠳᠠᠭᠠᠵᠦ᠂ ᠲᠦᠷᠦᠯ ᠵᠦᠢᠯ ᠢ ᠲᠦᠷᠭᠡᠨ ᠬᠡᠷᠡᠭᠵᠢᠬᠦᠯᠦᠨ᠂ ᠦᠬᠡᠷᠡᠴᠢᠯᠡᠨ ᠰᠠᠶᠢᠵᠢᠷᠠᠭᠤᠯᠬᠤ ᠡᠬᠦᠷᠭᠡ ᠶᠢ | ᠲᠤᠭᠳᠠᠭᠰᠠᠨ ᠴᠠᠭ ᠲᠤ ᠶᠠᠰᠤ ᠴᠢᠨᠡᠷ ᠰᠠᠶᠢᠳᠡᠢ ᠪᠡᠶᠡᠯᠡᠬᠦᠯᠬᠦ ᠶᠢ ᠪᠠᠳᠤᠯᠠᠨ᠎ᠠ᠃ | 7. ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ ᠮᠦᠩᠭᠦ ᠶᠢ ᠲᠦᠷᠭᠡᠨ ᠨᠠᠶᠢᠳᠠᠪᠤᠷᠢᠵᠢᠭᠤᠯᠤᠨ᠎ᠠ᠃ | ᠪᠠᠯᠭᠠᠰᠤ᠂ ᠲᠤᠰᠬᠤᠨ ᠳᠤ ᠨᠢᠬᠡᠨᠳᠡ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠤᠨ ᠪᠡᠯᠡ ᠮᠦᠩᠭᠦ ᠶᠢ | ᠭᠤᠶᠤᠴᠢᠯᠠᠭᠰᠠᠨ ᠲᠦᠯᠦᠪᠯᠡᠭᠡ ᠶᠤᠰᠤᠭᠠᠷ ᠲᠦᠷᠭᠡᠨ ᠬᠡᠷᠡᠭᠯᠡᠵᠦ᠂ ᠨᠢᠬᠡᠨᠳᠡ ᠬᠡᠷᠡᠭᠯᠡᠭᠰᠡᠨ ᠪᠡᠯᠡ ᠮᠦᠩᠭᠦ ᠶᠢᠨ ᠬᠤᠷᠡᠯ | ᠤᠨ ᠲᠡᠮᠳᠡᠭᠯᠡᠯ ᠵᠡᠷᠭᠡ ᠬᠤᠯᠪᠤᠭᠳᠡᠯ ᠪᠦᠬᠦᠢ ᠤᠤᠯ ᠮᠠᠲ᠋ᠧᠷᠢᠶᠡᠯ ᠢ ᠰᠠᠶᠢᠳᠦᠷ ᠬᠠᠷᠭᠤᠭᠤᠯᠵᠦ᠂ ᠲᠤᠰᠬᠤᠨ ᠪᠠᠯᠭᠠᠰᠤ | ᠬᠤᠶᠠᠷ ᠱᠠᠳᠤᠨ ᠤ ᠠᠯᠪᠠᠨ ᠵᠠᠷ ᠨᠡᠳᠡᠯᠡᠬᠦ ᠠᠵᠢᠯ ᠢ ᠰᠠᠶᠢᠳᠦᠷ ᠬᠢᠨ᠎ᠠ᠃ | 8. ᠬᠦᠷᠢᠶ᠎ᠡ ᠬᠠᠰᠢᠶᠠᠨ ᠤ ᠠᠵᠦ ᠠᠬᠤᠢ ᠶᠢ ᠰᠠᠶᠢᠳᠦᠷ ᠠᠳᠬᠤᠨ᠎ᠠ᠃ ᠶᠠᠳᠠᠭᠤ ᠡᠷᠦᠭᠡ ᠶᠢᠨ ᠬᠦᠷᠢᠶ᠎ᠡ | ᠬᠠᠰᠢᠶ᠎ᠠ ᠶᠢ ᠪᠦᠬᠦᠨ ᠢ ᠲᠠᠷᠢᠭᠤᠯᠤᠨ᠎ᠠ᠂ ᠠᠳᠡᠷ ᠬᠠᠶᠠᠵᠦ ᠪᠤᠯᠬᠤ ᠦᠭᠡᠢ᠃ ᠨᠢᠬᠡ ᠳᠤ ᠢᠳᠡᠰᠢᠨ ᠨᠤᠭᠤᠭ᠎ᠠ ᠭᠤᠸ᠎ᠠ | ᠵᠢᠮᠢᠰ ᠲᠠᠷᠢᠭᠤᠯᠤᠨ᠎ᠠ᠂ ᠬᠤᠶᠠᠷ ᠲᠤ ᠤᠨᠴᠠᠯᠢᠭᠳᠦ ᠠᠵᠦ ᠠᠬᠤᠢ ᠶᠢᠨ ᠲᠠᠷᠢᠮᠠᠯ ᠪᠤᠯᠤᠨ ᠵᠢᠮᠢᠰ ᠤᠨ ᠮᠤᠳᠤ | ᠲᠠᠷᠢᠭᠤᠯᠤᠨ᠎ᠠ᠂ ᠭᠤᠷᠪᠠ ᠳᠤ ᠬᠦᠷᠢᠶ᠎ᠡ ᠬᠠᠰᠢᠶ᠎ᠠ ᠨᠢ ᠶᠡᠭᠡ ᠶᠠᠳᠠᠭᠤ ᠡᠷᠦᠭᠡ ᠶᠢᠨ ᠬᠢᠨ ᠢ ᠲᠤᠰᠤᠯᠢᠭ ᠨᠠᠷᠠᠨ ᠬᠤᠸᠠᠷ | ᠂ ᠪᠤᠭᠤᠳᠡᠢ ᠵᠡᠷᠭᠡ ᠲᠠᠷᠢᠮᠠᠯ ᠲᠠᠷᠢᠭᠤᠯᠤᠨ᠎ᠠ᠃ | 9. ᠨᠡᠶᠢᠳᠡᠨ ᠬᠠᠮᠢᠶᠠᠷᠤᠭᠤᠯᠵᠦ ᠦᠬᠡᠷ ᠲᠡᠵᠢᠬᠡᠯᠬᠡᠬᠦ ᠶᠢ ᠲᠦᠷᠢᠮᠵᠢᠬᠦᠯᠦᠨ᠎ᠡ᠃ ᠨᠡᠶᠢᠳᠡᠨ ᠬᠠᠮᠢᠶᠠᠷᠤᠭᠤᠯᠬᠤ | ᠵᠦᠪᠳᠡᠯᠴᠡᠭᠡᠷ ᠢ ᠡᠷᠦᠭᠡ ᠳᠤ ᠨᠠᠶᠢᠳᠠᠪᠤᠷᠢᠵᠢᠭᠤᠯᠤᠭᠰᠠᠨ ᠡᠰᠡᠬᠦ᠂ ᠶᠠᠳᠠᠭᠤ ᠡᠷᠦᠭᠡ ᠮᠡᠳᠡᠵᠦ ᠵᠦᠪᠰᠢᠶᠡᠷᠡᠭᠰᠡᠨ ᠡᠰᠡᠬᠦ | ᠂ ᠵᠦᠪᠳᠡᠯᠴᠡᠭᠡᠷ ᠤᠨ ᠪᠢᠴᠢᠭ ᠢ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠲᠠᠷᠬᠠᠭᠠᠭᠰᠠᠨ ᠵᠠᠭᠪᠤᠷ | ᠶᠤᠰᠤᠭᠠᠷ ᠲᠦᠷᠢᠮᠵᠢᠬᠦᠯᠦᠭᠰᠡᠨ ᠡᠰᠡᠬᠦ ᠶᠢ ᠬᠠᠷᠭᠤᠭᠤᠯᠵᠦ᠂ ᠲᠦᠷᠦᠯ ᠵᠦᠢᠯ ᠲᠠᠷᠠᠭᠠᠯᠠᠨ ᠬᠠᠷᠢᠴᠠᠭᠤᠯᠤᠨ | ᠬᠠᠷᠭᠤᠭᠤᠯᠵᠦ᠂ ᠲᠦᠷᠢᠮᠵᠢᠬᠦᠯᠦᠨ᠎ᠡ᠃ | 10. ᠲᠤᠰᠬᠤᠨ ᠤ ᠱᠠᠳᠤᠨ ᠤ ᠭᠡᠷᠡᠯᠯᠢᠭ ᠸᠤᠯᠲ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ᠃ ᠮᠠᠨ ᠤ | ᠬᠤᠰᠢᠭᠤ 68 ᠭᠤᠤᠯᠳᠠᠯᠭ᠎ᠠ ᠲᠠᠢ ᠲᠤᠰᠬᠤᠨ ︵ᠭᠤᠷᠪᠡ ᠶᠢ ᠲᠤᠰᠬᠤᠨ ᠡᠷᠦᠭᠡ ᠳᠤ ᠨᠠᠶᠢᠳᠠᠪᠤᠷᠢᠵᠢᠭᠤᠯᠬᠤ | ᠲᠦᠷᠦᠯ ᠵᠦᠢᠯ ᠤᠨ ᠲᠤᠰᠬᠤᠨ︶ ᠳᠤ ᠲᠤᠰᠬᠤᠨ ᠤ ᠱᠠᠳᠤᠨ ᠤ ᠭᠡᠷᠡᠯᠯᠢᠭ ᠸᠤᠯᠲ ᠤᠨ ᠴᠠᠬᠢᠯᠭᠠᠨ ᠦᠷᠳᠡᠭᠡ | ᠪᠠᠶᠢᠭᠤᠯᠤᠨ᠎ᠠ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠪᠠᠯᠭᠠᠰᠤ ᠲᠤᠰᠬᠤᠨ ᠲᠠᠢ ᠬᠠᠮᠵᠢᠯᠴᠠᠨ᠂ ᠭᠠᠵᠠᠷ | ᠰᠤᠩᠭᠤᠬᠤ᠂ ᠡᠮᠦᠨᠡᠬᠢ ᠬᠤᠭᠤᠴᠠᠭᠠᠨ ᠤ ᠲᠦᠯᠦᠪᠵᠢᠬᠦᠯᠬᠡ ᠬᠢᠬᠦ ᠵᠡᠷᠭᠡ ᠠᠵᠢᠯ ᠢ ᠰᠠᠶᠢᠳᠦᠷ ᠬᠢᠨ᠎ᠡ᠃ | 11. ᠠᠶᠤᠯᠬᠦᠢ ᠤᠰᠤ ᠤᠮᠳᠡ ᠶᠢᠨ ᠠᠰᠠᠭᠤᠳᠡᠯ ᠢ ᠬᠦᠴᠦᠯᠡᠨ ᠰᠢᠢᠳᠪᠦᠷᠢᠯᠡᠨ᠎ᠡ᠃ ᠶᠠᠳᠠᠭᠤ ᠡᠷᠦᠭᠡ ᠶᠢᠨ | ᠤᠰᠤ ᠤᠮᠳᠡ ᠶᠢᠨ ᠠᠰᠠᠭᠤᠳᠡᠯ ᠢ ᠡᠷᠦᠭᠡ ᠲᠠᠷᠠᠭᠠᠯᠠᠨ ᠬᠠᠷᠭᠤᠭᠤᠯᠵᠦ᠂ ᠰᠤᠮᠤ ᠪᠠᠯᠭᠠᠰᠤ ᠪᠤᠯᠤᠨ ᠤᠰᠤᠨ ᠤ | ᠶᠠᠪᠤᠳᠡᠯ ᠤᠨ ᠲᠤᠪᠴᠢᠶ᠎ᠡ ᠶᠢ ᠵᠤᠬᠢᠴᠠᠭᠤᠯᠤᠨ ᠨᠢᠬᠡᠳ ᠨᠢᠬᠡ ᠪᠠᠷ ᠰᠢᠢᠳᠪᠦᠷᠢᠯᠡᠨ᠎ᠡ᠃ ᠨᠢᠬᠡ ᠳᠤ ᠲᠦᠪᠯᠡᠷᠡᠬᠦᠯᠦᠨ | ᠤᠰᠤ ᠬᠠᠩᠭᠠᠵᠦ ᠪᠠᠶᠢᠭ᠎ᠠ ᠡᠷᠦᠭᠡ ᠶᠢᠨ ᠤᠰᠤᠨ ᠤ ᠬᠠᠩᠭᠠᠯᠳᠠ ᠶᠢ ᠪᠠᠳᠤᠯᠠᠵᠦ᠂ ᠡᠪᠳᠡᠷᠡᠭᠰᠡᠨ ᠢ ᠨᠢ ᠴᠠᠭ ᠲᠤᠬᠠᠢ | ᠲᠤᠨᠢ ᠰᠡᠯᠪᠢᠨ ᠵᠠᠰᠠᠵᠦ ᠦᠭᠭᠦᠨ᠎ᠡ ᠂ ᠬᠤᠶᠠᠷ ᠲᠤ ᠰᠠᠯᠤᠩᠭᠢ ᠪᠤᠳᠠᠷᠬᠠᠢ ᠤᠰᠤ ᠬᠠᠩᠭᠠᠵᠦ ᠪᠠᠶᠢᠭ᠎ᠠ ᠡᠷᠦᠭᠡ ᠶᠢᠨ | ᠤᠰᠤᠨ ᠤ ᠴᠢᠨᠡᠷ ᠢ ᠰᠢᠯᠭᠠᠨ ᠪᠠᠶᠢᠴᠠᠭᠠᠭᠰᠠᠨ ᠮᠡᠳᠡᠬᠦᠯᠦᠯᠳᠡ ᠲᠠᠢ ᠪᠠᠶᠢᠯᠭᠠᠨ᠎ᠠ᠃ | 12. ᠬᠤᠷᠰᠢᠭᠰᠠᠨ ᠡᠮᠨᠡᠯᠬᠡ ᠶᠢᠨ ᠲᠠᠭᠠᠳᠬᠠᠯ ᠤᠨ ᠰᠦᠢᠳᠭᠡᠯ ᠲᠤᠰᠢᠶᠠᠬᠤ ᠶᠢ ᠵᠠᠪᠠᠯ ᠪᠠᠳᠤᠯᠠᠨ᠎ᠠ᠃ | ᠶᠠᠳᠠᠭᠤ ᠡᠷᠦᠭᠡ ᠶᠢᠨ ᠬᠤᠷᠰᠢᠭᠰᠠᠨ ᠡᠮᠨᠡᠯᠬᠡ ᠶᠢᠨ ᠲᠠᠭᠠᠳᠬᠠᠯ ᠤᠨ ᠰᠦᠢᠳᠭᠡᠯ ᠲᠤᠰᠢᠶᠠᠭᠰᠠᠨ ᠪᠠᠶᠢᠳᠠᠯ ᠢ ᠡᠷᠦᠭᠡ | ᠲᠠᠷᠠᠭᠠᠯᠠᠨ ᠪᠠᠶᠢᠴᠠᠭᠠᠵᠦ ᠬᠠᠷᠭᠤᠭᠤᠯᠤᠨ᠂ ᠨᠢᠬᠡ ᠬᠦᠮᠦᠨ ᠢ ᠴᠦ ᠭᠤᠭᠤᠵᠢᠭᠳᠠᠭᠤᠯᠬᠤ ᠦᠭᠡᠢ ᠪᠠᠶᠢᠬᠤ ᠶᠢ | ᠪᠠᠳᠤᠯᠠᠨ᠎ᠠ᠃ ᠮᠠᠨ ᠤ ᠬᠤᠰᠢᠭᠤᠨ ᠤ ᠬᠤᠷᠰᠢᠭᠰᠠᠨ ᠡᠮ ᠡᠮᠨᠡᠯᠬᠡ ᠶᠢᠨ ᠲᠦᠷᠦ ᠶᠢᠨ ᠪᠤᠳᠤᠯᠭ᠎ᠠ ᠨᠢ ᠬᠦᠮᠦᠨ ᠪᠦᠷᠢ | ᠵᠢᠯ ᠳᠤ 180 ᠲᠦᠬᠦᠷᠢᠭ ᠲᠤᠰᠢᠶᠠᠨ᠎ᠠ᠂ ᠬᠤᠰᠢᠭᠤᠨ ᠤ ᠵᠠᠰᠠᠭ ᠤᠨ ᠤᠷᠳᠤᠨ ᠲᠠᠩᠰᠠ ᠡᠪᠬᠡᠮᠡᠯ ᠺᠡᠷᠲ ᠲᠠᠢ | ᠶᠠᠳᠠᠭᠤ ᠡᠷᠦᠭᠡ ᠳᠤ ᠬᠦᠮᠦᠨ ᠪᠦᠷᠢ 50 ᠲᠦᠬᠦᠷᠢᠭ ᠨᠦᠬᠦᠪᠦᠷᠢ ᠦᠭᠭᠦᠨ᠎ᠡ᠃ ᠲᠦᠷᠪᠡ ᠶᠢ ᠬᠢᠵᠦ ᠬᠦᠢᠴᠡᠳᠭᠡᠨ᠎ᠡ | ︵ᠰᠠᠭᠤᠷᠢ ᠲᠤᠭ᠎ᠠ ᠶᠢ ᠡᠵᠡᠮᠰᠢᠨ᠎ᠡ᠂ ᠰᠦᠢᠳᠭᠡᠯ ᠲᠤᠰᠢᠶᠠᠬᠤ ᠶᠢ ᠬᠠᠷᠭᠤᠭᠤᠯᠤᠨ᠎ᠠ᠂ ᠲᠦᠷᠦ ᠶᠢᠨ ᠪᠤᠳᠤᠯᠭ᠎ᠠ ᠶᠢ | ᠤᠬᠠᠭᠤᠯᠤᠨ᠎ᠠ᠂ ᠨᠦᠬᠦᠪᠦᠷᠢ ᠶᠢ ᠪᠤᠳᠡᠳᠡᠢ ᠲᠠᠷᠬᠠᠭᠠᠨ᠎ᠠ︶᠃ | 13. ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠮᠢᠶᠠᠷᠤᠯᠳᠡ᠃ ᠨᠢᠬᠡ ᠳᠤ ᠲᠤᠭᠳᠠᠭᠰᠠᠨ | ᠠᠵᠢᠯᠳᠡᠨ ᠲᠠᠢ ᠪᠠᠶᠢᠯᠭᠠᠵᠦ᠂ ᠶᠡᠷᠦ ᠳᠡᠭᠡᠨ 5 ᠬᠦᠮᠦᠨ ᠠᠴᠠ ᠪᠠᠭ᠎ᠠ ᠪᠠᠶᠢᠯᠭᠠᠬᠤ ᠦᠭᠡᠢ᠂ ᠠᠩᠭᠢ ᠶᠢᠨ ᠲᠠᠷᠤᠭ᠎ᠠ | ᠶᠢᠨ ᠲᠤᠰᠢᠶᠠᠯ ᠢ ᠲᠦᠷᠦᠬᠦᠦ ᠱᠦᠵᠢ ᠬᠠᠪᠰᠤᠷᠭᠠᠨ ᠬᠠᠷᠢᠭᠤᠴᠠᠨ᠎ᠠ᠃ ᠬᠤᠶᠠᠷ ᠲᠤ ᠲᠤᠭᠳᠠᠭᠰᠠᠨ ᠬᠤᠨᠤᠬᠤ ᠭᠠᠵᠠᠷ | ᠲᠠᠢ ᠪᠠᠶᠢᠯᠭᠠᠨ᠎ᠠ᠂ ᠲᠤᠰᠬᠤᠨ ᠳᠤᠨᠢ ᠲᠤᠰᠬᠤᠨ ᠤ ᠭᠠᠵᠠᠷ ᠪᠤᠶᠤ ᠲᠠᠷᠢᠶᠠᠴᠢᠳ ᠤᠨ ᠭᠡᠷ ᠢ ᠵᠢᠬᠡᠯᠡᠨ ᠬᠡᠷᠡᠭᠯᠡᠬᠦ ᠪᠠ | ᠲᠦᠷᠢᠶᠡᠰᠦᠯᠡᠨ ᠬᠡᠷᠡᠭᠯᠡᠵᠦ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠫᠡᠶᠢᠰᠡ ᠡᠯᠬᠦᠨ᠎ᠡ᠃ ᠭᠤᠷᠪᠡ ᠳᠤ | ᠠᠮᠢᠳᠤᠷᠡᠯ ᠤᠨ ᠨᠦᠬᠦᠴᠡᠯ ᠪᠦᠷᠢᠳᠦᠬᠦᠯᠦᠨ᠎ᠡ᠂ ᠲᠤᠭᠤᠭ᠎ᠠ ᠰᠢᠨᠠᠭ᠎ᠠ ᠠᠶᠠᠭ᠎ᠠ ᠫᠧᠩᠰᠠ᠂ ᠠᠮᠤ ᠲᠤᠰᠤ ᠲᠠᠪᠤᠰᠤ | ᠰᠢᠳᠠᠭᠠᠯᠭ᠎ᠠ ᠵᠡᠷᠭᠡ ᠠᠮᠢᠳᠦᠷᠡᠯ ᠤᠨ ᠬᠡᠷᠡᠭᠰᠡᠯ ᠪᠦᠷᠢᠨ ᠪᠠᠶᠢᠯᠭᠠᠵᠦ᠂ ᠠᠵᠢᠯᠯᠠᠬᠤ ᠠᠩᠭᠢ ᠶᠢᠨ ᠬᠡᠰᠢᠬᠦᠳ ᠢ | ᠲᠤᠮᠢᠯᠠᠭᠰᠠᠨ ᠨᠢᠬᠡᠴᠡ ᠨᠢ ᠬᠠᠷᠢᠭᠤᠴᠠᠨ᠂ ᠦᠨᠳᠦᠰᠦᠨ ᠱᠠᠳᠤᠨ ᠤ ᠲᠠᠷᠤᠭᠠᠰᠦ ᠶᠢ ᠨᠡᠮᠡᠭᠳᠡᠬᠦᠯᠵᠦ ᠪᠤᠯᠬᠤ ᠦᠭᠡᠢ᠃ | ᠲᠦᠷᠪᠡ ᠳᠤ ᠠᠵᠢᠯ ᠤᠨ ᠲᠦᠷᠢᠮ ᠲᠤᠭᠳᠠᠭᠠᠵᠦ᠂ ᠠᠵᠢᠯ ᠤᠨ ᠬᠤᠪᠢᠶᠠᠷᠢ᠂ ᠠᠵᠢᠯ ᠳᠤ ᠭᠠᠷᠬᠤ ᠲᠡᠮᠳᠡᠭᠯᠡᠯ᠂ | ᠡᠳᠦᠷ ᠤᠨ ᠲᠡᠮᠳᠡᠭᠯᠡᠯ᠂ ᠮᠡᠳᠡᠬᠦᠯᠦᠯᠳᠡ᠂ ᠬᠤᠷᠡᠯ᠂ ᠰᠤᠷᠤᠯᠴᠠᠯᠭ᠎ᠠ ᠵᠡᠷᠭᠡ ᠨᠢ ᠴᠦᠮ ᠲᠦᠷᠢᠮ ᠲᠠᠢ ᠪᠠᠶᠢᠯᠭᠠᠨ᠎ᠠ᠃ | ᠲᠠᠪᠤ ᠳᠤ ᠠᠵᠢᠯ ᠤᠨ ᠠᠷᠭ᠎ᠠ ᠮᠠᠶ᠋ᠢᠭ ᠲᠠᠢ ᠪᠠᠶᠢᠯᠭᠠᠨ᠎ᠠ᠄ ᠪᠠᠶᠢᠴᠠᠭᠠᠨ ᠰᠤᠳᠤᠯᠬᠤ᠂ ᠲᠤᠭᠤᠷᠢᠨ ᠰᠤᠷᠪᠤᠯᠵᠢᠯᠠᠬᠤ᠂ | ᠬᠤᠷᠡᠯ ᠬᠢᠬᠦ᠂ ᠰᠡᠳᠬᠢᠯ ᠢᠶᠠᠨ ᠶᠠᠷᠢᠯᠴᠠᠬᠤ᠂ ᠭᠤᠶᠤᠴᠢᠯᠠᠬᠤ᠂ ᠬᠠᠷᠢᠭᠤ ᠮᠡᠳᠡᠬᠦᠯᠬᠦ᠂ ᠤᠬᠠᠭᠤᠯᠬᠤ᠂ ᠳ᠋ᠦᠩᠨᠡᠬᠦ | ᠵᠡᠷᠭᠡ ᠠᠷᠭ᠎ᠠ ᠮᠠᠶ᠋ᠢᠭ ᠲᠠᠢ᠃ | 14. ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ | ᠴᠢᠩᠭᠠᠳᠬᠠᠵᠦ᠂ ᠤᠶᠤᠨ ᠤ ᠪᠤᠯᠪᠠᠰᠤᠨ ᠤ ᠪᠠᠶᠢᠭᠤᠯᠤᠯᠳᠡ ᠶᠢ ᠴᠢᠨᠠᠭᠰᠢᠳᠠ ᠴᠢᠩᠭᠠᠳᠬᠠᠨ᠎ᠠ᠃ ᠭᠠᠳᠠᠨ᠎ᠠ ᠠᠴᠠ ᠨᠢ | ᠬᠠᠪᠰᠤᠷᠤᠨ ᠲᠡᠬᠦᠬᠦ ᠶᠢ ᠴᠢᠬᠤᠴᠢᠯᠠᠵᠦ ᠪᠠᠶᠢᠭᠰᠠᠨ ᠠᠴᠠ ᠪᠠᠨ ᠭᠠᠳᠠᠨ᠎ᠠ ᠠᠴᠠ ᠨᠢ ᠬᠠᠪᠰᠤᠷᠤᠨ ᠲᠡᠳᠬᠦᠬᠦ ᠪᠠ | ᠲᠤᠳᠤᠭᠠᠳᠦ ᠬᠦᠳᠡᠯᠬᠡᠬᠦ ᠬᠦᠴᠦᠨ ᠢ ᠨᠢ ᠬᠦᠭᠵᠢᠬᠡᠬᠦ ᠶᠢ ᠵᠡᠷᠭᠡᠪᠡᠷ ᠴᠢᠬᠤᠯᠠᠴᠢᠯᠠᠬᠤ ᠪᠤᠯᠭᠠᠨ ᠬᠤᠪᠢᠷᠠᠭᠤᠯᠵᠦ᠂ | ᠪᠤᠳᠡᠰ ᠪᠠ ᠤᠶᠤᠨ ᠰᠠᠨᠠᠭᠠᠨ ᠤ ᠲᠠᠯ᠎ᠠ ᠪᠠᠷ ᠬᠤᠤᠰ ᠶᠠᠳᠠᠭᠤ ᠠᠴᠠ ᠨᠢ ᠠᠩᠭᠢᠵᠢᠷᠠᠭᠤᠯᠬᠤ ᠪᠠᠷ ᠴᠢᠷᠮᠡᠶᠢᠨ᠎ᠡ᠃ | ᠬᠠᠶᠢᠷ᠎ᠡ ᠶᠢᠨ ᠴᠢᠯᠦᠬᠡᠳᠦ ᠲᠡᠯᠬᠡᠬᠦᠷ ᠤᠨ ᠡᠵᠡᠩᠨᠡᠯᠳᠡ ᠬᠠᠮᠢᠶᠠᠷᠤᠯᠳᠡ ᠶᠢ ᠴᠢᠨᠠᠭᠰᠢᠳᠠ ᠲᠦᠷᠢᠮᠵᠢᠬᠦᠯᠵᠦ᠂ | ᠵᠤᠬᠢᠰᠳᠡᠢ ᠬᠠᠰᠤᠵᠦ ᠨᠡᠶᠢᠯᠡᠬᠦᠯᠦᠨ᠂ ᠬᠠᠶᠢᠷ᠎ᠡ ᠶᠢᠨ ᠴᠢᠯᠦᠬᠡᠳᠦ ᠲᠡᠯᠬᠡᠬᠦᠷ ᠤᠨ ᠵᠤᠷᠢᠭᠵᠢᠭᠤᠯᠬᠤ ᠦᠢᠯᠡᠳᠦᠯ ᠢ | ᠦᠷᠬᠦᠯᠵᠢᠯᠡᠨ ᠪᠠᠳᠠᠷᠠᠭᠤᠯᠤᠨ᠎ᠠ᠃ | 15. ᠠᠵᠦ ᠦᠢᠯᠡᠰ ᠤᠨ ᠬᠦᠭᠵᠢᠯᠳᠡ ᠶᠢ ᠤᠳᠠᠭᠠᠨ ᠲᠠᠭᠠᠭᠠᠮᠠᠭᠠᠢ ᠪᠠᠶᠢᠯᠭᠠᠨ᠎ᠠ᠃ ᠪᠡᠯᠡ ᠮᠦᠩᠭᠦ ᠶᠢᠨ | ᠬᠢᠨᠡᠨ ᠬᠠᠮᠢᠶᠠᠷᠤᠯᠳᠡ ᠶᠢ ᠴᠢᠨᠠᠭᠰᠢᠳᠠ ᠴᠢᠩᠭᠠᠳᠬᠠᠵᠦ᠂ ᠶᠠᠳᠠᠭᠤ ᠡᠷᠦᠭᠡ ᠶᠢᠨ ᠪᠡᠯᠡ ᠮᠦᠩᠭᠦ ᠶᠢ ᠦᠢᠯᠡᠳᠪᠦᠷᠢᠯᠡᠯ | ᠢ ᠬᠦᠭᠵᠢᠬᠦᠯᠬᠦ ᠲᠡᠭᠡᠷ᠎ᠡ ᠬᠡᠷᠡᠭᠯᠡᠬᠦᠯᠬᠦ ᠶᠢ ᠪᠠᠳᠤᠯᠠᠨ᠎ᠠ᠃ ᠪᠡᠯᠡ ᠮᠦᠩᠭᠦ ᠶᠢ ᠬᠤᠪᠢ ᠤᠷᠤᠭᠤᠯᠬᠤ ᠮᠦᠩᠭᠦ | ᠬᠤᠪᠢᠷᠠᠭᠤᠯᠵᠦ᠂ ᠡᠳ᠋ ᠬᠦᠷᠦᠩᠭᠡ ᠬᠤᠪᠢᠷᠠᠭᠤᠯᠵᠦ᠂ ᠰᠠᠭᠤᠷᠢ ᠮᠦᠩᠭᠦ ᠬᠤᠪᠢᠷᠠᠭᠤᠯᠵᠦ᠂ ᠶᠠᠳᠠᠭᠤ ᠡᠷᠦᠭᠡ ᠠᠵᠦ | ᠦᠢᠯᠡᠰ ᠲᠠᠢ᠂ ᠤᠳᠠᠭᠠᠨ ᠲᠠᠭᠠᠭᠠᠮᠠᠭᠠᠢ ᠬᠦᠭᠵᠢᠯᠳᠡ ᠲᠠᠢ᠂ ᠶᠠᠳᠠᠭᠤ ᠠᠴᠠ ᠪᠠᠨ ᠠᠩᠭᠢᠵᠢᠷᠡᠵᠦ ᠲᠡᠶᠢᠯᠬᠦ᠂ | ᠪᠠᠶᠠᠵᠢᠵᠦ ᠲᠡᠶᠢᠯᠬᠦ ᠶᠢ ᠪᠡᠶᠡᠯᠡᠬᠦᠯᠦᠨ᠎ᠡ᠃ | 16. ᠪᠤᠯᠪᠠᠰᠤᠷᠡᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠰᠤᠮᠤ ᠪᠠᠯᠭᠠᠰᠤ ᠪᠠ ᠭᠠᠴᠠᠭ᠎ᠠ ᠲᠤᠰᠬᠤᠨ ᠢᠶᠠᠷ | ᠨᠢᠬᠡᠴᠢ ᠪᠤᠯᠭᠠᠵᠦ᠂ ᠠᠯᠢᠪᠠ ᠶᠠᠳᠠᠭᠤ ᠡᠷᠦᠭᠡ᠂ ᠡᠩ ᠤᠨ ᠡᠷᠦᠭᠡ ᠳᠤ ᠪᠤᠯᠪᠠᠰᠤᠷᠡᠯ ᠬᠦᠷᠳᠡᠭᠡᠨ᠎ᠡ᠃ ᠶᠠᠳᠠᠭᠤ | ᠡᠷᠦᠭᠡ ᠶᠢᠨ ᠲᠦᠷᠦ ᠶᠢᠨ ᠪᠤᠳᠤᠯᠭ᠎ᠠ ᠶᠢ ᠤᠶᠢᠯᠠᠭᠠᠬᠤ ᠨᠤᠷᠮ᠎ᠡ ᠶᠢ ᠲᠡᠭᠡᠭᠰᠢᠯᠡᠬᠦᠯᠦᠨ᠎ᠡ᠃ ᠲᠦᠷᠦ ᠶᠢᠨ ᠪᠤᠳᠤᠯᠭ᠎ᠠ | ᠶᠢ ᠡᠷᠦᠬᠡ ᠪᠠ ᠬᠦᠮᠦᠨ ᠳᠤ ᠨᠠᠶᠢᠳᠠᠪᠤᠷᠢᠵᠢᠭᠤᠯᠤᠨ᠂ ᠶᠠᠳᠠᠭᠤ ᠡᠷᠦᠭᠡ ᠳᠤ ᠨᠢᠬᠡᠨᠳᠡ ᠬᠦᠷᠳᠡᠭᠡᠭᠰᠡᠨ ᠲᠦᠷᠦ ᠶᠢᠨ | ᠪᠤᠳᠤᠯᠭ᠎ᠠ ᠶᠢ ᠤᠶᠢᠯᠠᠭᠠᠭᠤᠯᠤᠨ᠂ ᠨᠢᠬᠡᠨᠳᠡ ᠬᠦᠷᠳᠡᠭᠡᠭᠰᠡᠨ ᠠᠷᠭ᠎ᠠ ᠬᠡᠮᠵᠢᠶ᠎ᠡ ᠶᠢ ᠲᠤᠳᠤᠷᠬᠠᠢ ᠲᠠᠶᠢᠯᠪᠤᠷᠢᠯᠡᠵᠦ | ᠦᠭᠭᠦᠨ᠎ᠡ᠃ | 17. ᠰᠤᠷᠠᠭ ᠵᠠᠩᠭᠢ ᠶᠢᠨ ᠲᠠᠪᠴᠠᠩ ᠤᠨ ᠪᠠᠶᠢᠭᠤᠯᠤᠯᠳᠡ ᠶᠢ ᠲᠦᠷᠢᠮᠵᠢᠬᠦᠯᠦᠨ᠎ᠡ᠃ ᠰᠤᠷᠠᠭ ᠵᠠᠩᠭᠢ ᠶᠢ | ᠲᠡᠬᠦᠯᠳᠡᠷᠵᠢᠬᠦᠯᠵᠦ᠂ ᠰᠤᠷᠠᠭ ᠵᠠᠩᠭᠢ ᠶᠢ ᠨᠠᠷᠢᠨ ᠲᠤᠳᠤᠷᠬᠠᠢ ᠵᠦᠪ ᠤᠨᠤᠪᠴᠢᠳᠡᠢ ᠪᠠᠶᠢᠯᠭᠠᠬᠤ ᠤᠷᠢᠳᠡᠯ ᠲᠤᠤᠷ᠎ᠡ᠂ | ᠲᠤᠭ᠎ᠠ ᠪᠠᠷᠢᠮᠳᠡ ᠶᠢᠨ ᠲᠠᠪᠴᠠᠩ ᠤᠨ ᠡᠷᠬᠢᠯᠳᠡ ᠬᠠᠮᠢᠶᠠᠷᠤᠯᠳᠡ ᠶᠢ ᠴᠢᠨᠠᠭᠰᠢᠳᠡ ᠴᠢᠩᠭᠠᠳᠬᠠᠨ᠂ ᠲᠤᠰᠬᠤᠨ ᠳᠤ | ᠰᠠᠭᠤᠭ᠎ᠠ ᠺᠠᠳ᠋ᠷ᠂ ᠲᠠᠭᠠᠭᠠᠴᠢᠯᠠᠨ ᠬᠤᠯᠪᠤᠭᠠᠯᠠᠬᠤ ᠺᠠᠳ᠋ᠷ᠂ ᠲᠤᠰᠬᠤᠨ ᠤ ᠺᠠᠳ᠋ᠷ ᠨᠢᠬᠡᠪᠦᠷᠢ ᠳ᠋ᠠᠶᠢᠲ᠋ᠡ ᠬᠦᠮᠦᠷᠭᠡ ᠶᠢᠨ | ᠲᠠᠪᠴᠠᠩ ᠢᠶᠠᠷ ᠲᠠᠮᠵᠢᠨ ᠨᠡᠷ᠎ᠡ ᠪᠠᠨ ᠪᠦᠷᠢᠳᠭᠡᠯᠬᠡᠵᠦ᠂ ᠬᠠᠪᠰᠤᠷᠤᠨ ᠲᠡᠳᠬᠦᠭᠰᠡᠨ ᠰᠤᠷᠠᠭ ᠵᠠᠩᠭᠢ ᠪᠠᠨ ᠲᠡᠭᠡᠭᠰᠢ | ᠲᠠᠮᠵᠢᠭᠤᠯᠤᠨ᠂ ᠲᠠᠭᠠᠭᠠᠴᠢᠯᠠᠨ ᠬᠤᠯᠪᠤᠭᠠᠯᠠᠬᠤ ᠺᠠᠳ᠋ᠷ᠂ ᠲᠤᠰᠬᠤᠨ ᠳᠤ ᠰᠠᠭᠤᠭ᠎ᠠ ᠺᠠᠳ᠋ᠷ ᠠᠷᠠᠳ ᠤᠨ ᠪᠠᠶᠢᠳᠡᠯ ᠤᠨ | ᠡᠳᠦᠷ ᠤᠨ ᠲᠡᠮᠳᠡᠭᠯᠡᠯ ᠢ ᠨᠠᠷᠢᠨ ᠲᠡᠮᠳᠡᠭᠯᠡᠨ᠎ᠠ᠃ | | | | | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠵᠢᠯᠤᠭᠤᠳᠬᠤ ᠬᠡᠯᠳᠡᠰ | | 2018 ᠤᠨ ᠤ 5 ᠰᠡᠷ᠎ᠡ | ᠶᠢᠨ 20 ᠤ ᠡᠳᠦᠷ | |