ᠠᠩᠭ᠍ᠯᠢ ᠶᠢᠨ ᠣᠺᠰᠹᠣᠷᠳ᠋ ᠶᠡᠭᠡ ᠰᠤᠷᠭᠠᠭᠤᠯᠢ ᠶᠢᠨ ᠵᠣᠷᠵ ᠪᠦᠬᠦ ᠪᠦᠮᠪᠦᠷᠴᠡᠭ ᠤᠨ ᠡᠷᠡᠭᠦᠯ ᠮᠡᠨᠳᠦ ᠶᠢ | ᠰᠤᠳᠤᠯᠬᠤ ᠵᠣᠬᠢᠶᠠᠨ ᠪᠠᠶᠢᠭᠤᠯᠤᠯᠲᠠ ᠶᠢᠨ ᠥᠷᠨᠢᠭᠦᠯᠦᠭᠰᠡᠨ ᠨᠢᠭᠡᠨ ᠤᠳᠠᠭᠠᠨ ᠤ ᠰᠢᠨ᠎ᠡ ᠰᠤᠳᠤᠯᠭᠠᠨ ᠳᠤ | ᠢᠯᠡᠷᠡᠭᠦᠯᠦᠭᠰᠡᠨ ᠢᠶᠠᠷ᠂ ᠡᠷᠡᠭᠲᠡᠢ ᠬᠦᠮᠦᠨ ᠲᠠᠢ ᠬᠠᠷᠢᠴᠠᠭᠤᠯᠪᠠᠯ᠂ ᠲᠠᠮᠠᠬᠢ ᠲᠠᠲᠠᠬᠤ ᠨᠢ ᠡᠮᠡᠭᠲᠡᠶᠢᠴᠦᠳ ᠤᠨ | ᠵᠢᠷᠦᠬᠡᠨ ᠡᠪᠡᠳᠴᠢᠨ ᠳᠤ ᠨᠡᠷᠪᠡᠭᠳᠡᠬᠦ ᠲᠦᠩᠰᠢᠭᠡᠷᠡᠢ ᠶᠢ ᠤᠯᠠᠮ ᠶᠡᠭᠡ ᠪᠣᠯᠭᠠᠨ᠎ᠠ᠃ ᠠᠶᠤᠯ ᠲᠦᠭᠰᠢᠭᠦᠷᠢ ᠶᠢᠨ | ᠬᠦᠴᠦᠨ ᠵᠦᠢᠯ ᠠᠴᠠ ᠡᠷᠡᠭᠲᠡᠢ ᠡᠮᠡᠭᠲᠡᠢ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ | ᠦᠵᠡᠭᠦᠯᠬᠦ ᠨᠦᠯᠦᠭᠡ ᠶᠢᠨ ᠵᠦᠷᠢᠶ᠎ᠡ ᠶᠢ ᠰᠢᠨᠵᠢᠯᠡᠨ ᠰᠤᠳᠤᠯᠬᠤ ᠶᠢᠨ ᠲᠥᠯᠥᠭᠡ᠂ ᠰᠤᠳᠤᠯᠭᠠᠨ ᠤ ᠪᠦᠯᠬᠦᠮ ᠠᠴᠠ | ᠨᠡᠶᠢᠲᠡ 47.2 ᠲᠦᠮᠡᠨ 40 ~ 69 ᠨᠠᠰᠤᠨ ᠤ ᠣᠷᠣᠯᠴᠠᠭᠴᠢ ᠶᠢ ᠡᠯᠰᠡᠵᠦ᠂ 7 ᠵᠢᠯ ᠮᠦᠷᠳᠡᠨ ᠰᠤᠳᠤᠯᠵᠤ᠂ | ᠲᠠᠮᠠᠬᠢ ᠲᠠᠲᠠᠬᠤ᠂ ᠴᠢᠰᠤᠨ ᠳᠠᠷᠤᠯᠲᠠ ᠦᠨᠳᠦᠷ ᠡᠪᠡᠳᠴᠢᠨ ᠪᠠ ᠰᠢᠬᠢᠷ ᠰᠢᠵᠢᠩ ᠡᠪᠡᠳᠴᠢᠨ ᠨᠢ ᠡᠮᠡᠭᠲᠡᠶᠢᠴᠦᠳ | ᠲᠤ ᠠᠪᠴᠢᠷᠠᠬᠤ ᠵᠢᠷᠦᠭᠡᠨ ᠡᠪᠡᠳᠴᠢᠨ ᠤ ᠲᠦᠭᠰᠢᠭᠦᠷᠢ ᠨᠢ ᠡᠷᠡᠭᠲᠡᠶᠢᠴᠦᠳ ᠠᠴᠠ ᠢᠯᠡᠳᠲᠡ ᠶᠡᠭᠡ ᠪᠠᠶᠢᠳᠠᠭ ᠢ | ᠢᠯᠡᠷᠡᠭᠦᠯᠵᠡᠢ᠃ ᠪᠤᠳᠠᠲᠠᠢ ᠪᠠᠷ ᠬᠡᠯᠡᠪᠡᠯ᠂ ᠬᠡᠳᠦᠶᠢᠪᠡᠷ ᠲᠠᠮᠠᠬᠢ ᠲᠠᠲᠠᠬᠤ ᠡᠷᠡᠭᠲᠡᠢ ᠶᠢᠨ ᠡᠪᠡᠳᠴᠢᠨ ᠳᠤ ᠨᠡᠷᠪᠡᠭᠳᠡᠬᠦ | ᠲᠦᠭᠰᠢᠭᠦᠷᠢ ᠨᠢ ᠲᠠᠮᠠᠬᠢ ᠲᠠᠲᠠᠬᠤ ᠦᠭᠡᠢ ᠡᠷᠡᠭᠲᠡᠢ ᠠᠴᠠ ᠬᠤᠶᠠᠷ ᠳᠠᠬᠢᠨ ᠢᠯᠡᠭᠦᠦ ᠪᠠᠶᠢᠬᠤ ᠳᠤ ᠲᠠᠮᠠᠬᠢ | ᠲᠠᠲᠠᠬᠤ ᠡᠮᠡᠭᠲᠡᠢ ᠶᠢᠨ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠲᠠᠮᠠᠬᠢ ᠲᠠᠲᠠᠬᠤ ᠦᠭᠡᠢ | ᠡᠮᠡᠭᠲᠡᠢ ᠶᠢᠨ 3 ᠳᠠᠬᠢᠨ ᠠᠴᠠ ᠳᠡᠭᠡᠭᠰᠢ ᠪᠠᠶᠢᠳᠠᠭ᠃ ᠡᠮᠡᠭᠲᠡᠢ ᠬᠦᠮᠦᠨ ᠴᠢᠰᠤᠨ ᠳᠠᠷᠤᠯᠲᠠ ᠦᠨᠳᠦᠷ ᠠᠴᠠ | ᠪᠣᠯᠵᠤ᠂ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠡᠷᠡᠭᠲᠡᠶᠢᠴᠦᠳ ᠠᠴᠠ 83% ᠪᠠᠷ ᠶᠡᠭᠡ ᠪᠠᠶᠢᠳᠠᠭ︔ | 1ᠬᠡᠯᠪᠡᠷᠢ ᠶᠢᠨ ᠪᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠤ ᠡᠮᠡᠭᠲᠡᠶᠢᠴᠦᠳ ᠤᠨ ᠵᠢᠷᠦᠬᠡᠨ ᠳᠤ | ᠦᠵᠡᠭᠦᠯᠬᠦ ᠨᠦᠯᠦᠭᠡ ᠴᠦ ᠨᠡᠩ ᠶᠡᠭᠡ ᠪᠠᠶᠢᠳᠠᠭ᠃ ᠲᠤᠰ ᠰᠤᠳᠤᠯᠭᠠᠨ ᠤ ᠤᠳᠤᠷᠢᠳᠤᠭᠴᠢ᠂ ᠠᠩᠭ᠍ᠯᠢ ᠶᠢᠨ | ᠣᠺᠰᠹᠣᠷᠳ᠋ ᠶᠡᠭᠡ ᠰᠤᠷᠭᠠᠭᠤᠯᠢ ᠶᠢᠨ ᠵᠣᠷᠵ ᠪᠦᠬᠦ ᠪᠦᠮᠪᠦᠷᠴᠡᠭ ᠤᠨ ᠡᠷᠡᠭᠦᠯ ᠮᠡᠨᠳᠦ ᠶᠢ ᠰᠤᠳᠤᠯᠬᠤ | ᠭᠠᠵᠠᠷ ᠤᠨ ᠲᠠᠬᠤᠯ ᠡᠪᠡᠳᠴᠢᠨ ᠰᠤᠳᠤᠯᠤᠭᠴᠢ ᠢᠯᠢᠽᠪᠧᠽ·ᠮᠢᠯᠧᠲ ᠬᠡᠯᠡᠭᠰᠡᠨ ᠨᠢ᠄ ︽ᠶᠡᠷᠦᠩᠬᠡᠢ ᠳᠤ ᠪᠠᠨ᠂ | ᠵᠢᠷᠦᠬᠡᠨ ᠪᠣᠯᠴᠢᠩ ᠪᠢᠲᠡᠭᠦᠷᠡᠨ ᠦᠬᠦᠵᠢᠬᠦ ᠡᠪᠡᠳᠴᠢᠨ ᠤ ᠪᠠᠶᠢᠳᠠᠯ ᠢᠯᠡᠷᠡᠬᠦ ᠡᠷᠡᠭᠲᠡᠢ ᠡᠪᠡᠳᠴᠢᠲᠡᠨ ᠨᠢ | ᠡᠮᠡᠭᠲᠡᠢ ᠡᠪᠡᠳᠴᠢᠲᠡᠨ ᠠᠴᠠ ᠣᠯᠠᠨ ᠪᠠᠶᠢᠳᠠᠭ᠃ ᠭᠡᠪᠡᠴᠦ᠂ ᠬᠡᠳᠦᠨ ᠭᠤᠣᠯ ᠪᠣᠯᠬᠤ ᠠᠶᠤᠯᠲᠠᠢ | ᠡᠯᠧᠮᠧᠨ᠋ᠲ ᠤᠨ ᠡᠮᠡᠭᠲᠡᠢ ᠬᠦᠮᠦᠨ ᠳᠤ ᠦᠵᠡᠭᠦᠯᠬᠦ ᠨᠦᠯᠦᠭᠡ ᠨᠢ ᠡᠷᠡᠭᠲᠡᠢ ᠬᠦᠮᠦᠨ ᠠᠴᠠ ᠶᠡᠭᠡ ᠶᠤᠮ︾ ᠭᠡᠵᠡᠢ᠃ | ᠰᠤᠳᠤᠯᠭᠠᠨ ᠤ ᠪᠦᠯᠬᠦᠮ ᠵᠢᠭᠠᠵᠤ ᠭᠠᠷᠭᠠᠭᠰᠠᠨ ᠨᠢ᠂ ᠡᠮᠡᠭᠲᠡᠢ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠤ | ᠲᠦᠭᠰᠢᠭᠦᠷᠢ ᠶᠢ ᠰᠢᠭᠰᠢᠨ ᠪᠠᠶᠢᠴᠠᠭᠠᠬᠤ ᠦᠶ᠎ᠡ ᠳᠡᠭᠡᠨ᠂ ᠨᠠᠰᠤ ᠠᠬᠢᠭᠰᠠᠨ᠂ ᠲᠠᠮᠠᠬᠢ ᠲᠠᠲᠠᠭᠰᠠᠨ᠂ ᠰᠢᠬᠢᠷ ᠰᠢᠵᠢᠩ | ᠡᠪᠡᠳᠴᠢᠨ ᠲᠠᠢ ᠪᠤᠶᠤ ᠴᠢᠰᠤᠨ ᠳᠠᠷᠤᠯᠲᠠ ᠦᠨᠳᠦᠷ ᠡᠮᠡᠭᠲᠡᠢ ᠶᠢ ᠣᠨᠴᠠᠭᠠᠶᠢᠯᠠᠨ ᠠᠩᠬᠠᠷᠴᠠᠢ ᠭᠡᠪᠡ᠃ | ᠢᠷᠡᠯᠳᠡ — ᠠᠷᠠᠳ ᠤᠨ ᠰᠦᠯᠵᠢᠶ᠎ᠡ |