ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠮᠤᠩᠭᠤᠯᠴᠤᠳ ᠤᠨ ᠱᠠᠭ᠎ᠠ ᠨᠠᠭᠠᠳᠤᠮ
ᠨᠡᠶᠢᠲᠡᠯᠡᠭᠰᠡᠨ ᠴᠠᠭ᠄
2018/12/26
     ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠮᠤᠩᠭᠤᠯᠴᠤᠳ ᠤᠨ ᠱᠠᠭ᠎ᠠ ᠨᠠᠭᠠᠳᠤᠮ           ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠮᠤᠩᠭᠤᠯᠴᠤᠳ ᠡᠷᠳᠡ ᠲᠡᠭᠡᠳᠦ ᠠᠴᠠ ᠪᠠᠨ ᠠᠪᠤᠭᠠᠳ ᠠᠵᠢᠯ ᠠᠮᠢᠳᠦᠷᠡᠯ ᠤᠨ ᠵᠠᠪ ᠴᠢᠯᠦᠬᠡ ᠪᠠᠷ ᠢᠶᠠᠨ ᠱᠠᠭ᠎ᠠ ᠨᠠᠭᠠᠳᠤᠨ᠂ ᠶᠠᠳᠠᠷᠠᠭ᠎ᠠ ᠴᠢᠯᠡᠭᠡ ᠪᠠᠨ ᠲᠠᠶᠢᠯᠵᠦ᠂ ᠤᠷᠮ᠎ᠠ ᠰᠡᠳᠬᠢᠯ ᠢᠶᠠᠨ ᠰᠡᠷᠬᠦᠬᠡᠨ᠂ ᠤᠶᠤᠨ ᠰᠠᠨᠠᠭ᠎ᠠ ᠪᠠᠨ ᠪᠠᠶᠠᠰᠬᠠᠳᠠᠭ ᠵᠠᠩᠰᠢᠯ ᠲᠠᠢ ᠪᠢᠯᠡ᠃ ᠡᠬᠦᠨ ᠳᠤ᠂ ᠶᠠᠮᠠᠷᠪᠡ ᠨᠢᠬᠡ ᠵᠦᠢᠯ ᠤᠨ ᠱᠠᠭ᠎ᠠ ᠨᠠᠭᠠᠳᠤᠮ ᠨᠢ ᠬᠡᠰᠡᠨ ᠦᠭᠡᠢ᠂ ᠴᠦᠮ ᠲᠤᠭᠳᠠᠭᠰᠠᠨ ᠶᠤᠰᠤ ᠵᠢᠷᠦᠮ᠂ ᠲᠦᠷᠢᠮ ᠭᠤᠷᠢᠮ᠂ ᠡᠮᠬᠢ ᠲᠠᠷᠠᠭ᠎ᠠ᠂ ᠡᠬᠢᠯᠡᠯᠳᠡ ᠲᠡᠬᠦᠰᠭᠡᠯ ᠲᠠᠢ ᠶᠠᠪᠤᠭᠳᠠᠳᠠᠭ ᠪᠦᠭᠡᠳ ᠨᠠᠭᠠᠳᠤᠮ ᠪᠦᠷᠢ ᠳᠤ ᠲᠤᠰ ᠲᠤᠰ ᠤᠨ ᠬᠢᠨ ᠨᠡᠷᠢᠮ ᠲᠦᠷᠢᠮ᠂ ᠴᠡᠭᠡᠷ ᠶᠤᠰᠤ ᠲᠠᠢ ᠪᠠᠶᠢᠵᠦ᠂ ᠨᠠᠭᠠᠳᠤᠮ ᠳᠤ ᠤᠷᠤᠯᠴᠠᠭᠰᠡᠳ ᠡᠷᠬᠡᠪᠰᠢ ᠴᠢᠩᠭ᠎ᠠ ᠵᠢᠷᠦᠮᠯᠡᠨ᠂ ᠬᠡᠨ ᠴᠦ ᠵᠦᠷᠢᠴᠡᠵᠦ ᠪᠤᠯᠬᠤ ᠦᠭᠡᠢ ᠲᠤᠭᠳᠠᠭᠠᠯ ᠲᠠᠢ᠃ ᠱᠠᠭ᠎ᠠ ᠨᠠᠭᠠᠳᠤᠮ ᠳᠤ ᠬᠡᠳᠦᠢ ᠬᠦᠮᠦᠨ ᠤᠷᠤᠯᠴᠠᠭᠰᠠᠨ ᠴᠦ ᠬᠠᠮᠢᠶ᠎ᠡ ᠦᠭᠡᠢ᠂ ᠡᠷᠬᠡᠪᠰᠢ ᠨᠠᠭᠠᠳᠤᠮ ᠤᠨ ᠲᠦᠷᠢᠮ ᠲᠤᠭᠳᠠᠭᠠᠯ ᠢ ᠲᠠᠭᠠᠵᠦ᠂ ᠡᠪ ᠨᠡᠶᠢᠷᠳᠡᠢ ᠪᠤᠯᠪᠠᠰᠤᠨ ᠶᠤᠰᠤᠷᠬᠠᠭ ᠢ ᠡᠷᠬᠢᠮᠯᠡᠨ᠂ ᠨᠠᠭᠠᠳᠬᠤ ᠶᠠᠪᠤᠴᠠ ᠳᠤ ᠶᠤᠰᠤ ᠪᠤᠰᠤ ᠪᠠᠷ ᠠᠭᠠᠰᠢᠯᠠᠬᠤ᠂ ᠬᠡᠷᠡᠬᠦᠯ ᠮᠠᠷᠭᠤᠭᠠᠨ ᠬᠢᠬᠦ᠂ ᠬᠦᠵᠢᠷᠯᠡᠬᠦ᠂ ᠪᠤᠯᠢᠬᠠᠶᠢᠯᠠᠬᠤ᠂ ᠠᠭᠤᠷᠯᠡᠵᠦ ᠠᠭᠰᠤᠮᠨᠠᠬᠤ ᠵᠡᠷᠭᠡ ᠶᠢ ᠴᠡᠭᠡᠷᠯᠡᠵᠦ᠂ ᠨᠠᠭᠠᠳᠤᠮ ᠳᠤ ᠤᠷᠤᠯᠴᠠᠬᠤ ᠬᠦᠮᠦᠨ ᠪᠤᠯᠭᠠᠨ ᠡᠷᠭᠡ ᠲᠡᠭᠰᠢ᠂ ᠲᠦᠪ ᠭᠤᠤᠯᠴᠢ᠂ ᠡᠪ ᠨᠦᠬᠦᠷᠰᠡᠭ ᠢᠶᠠᠷ ᠬᠠᠷᠢᠯᠴᠠᠨ ᠬᠢᠨᠡᠯᠳᠡ ᠲᠡᠯᠪᠢᠨ ᠨᠠᠭᠠᠳᠬᠤ ᠶᠢ ᠡᠷᠬᠢᠮᠯᠡᠳᠡᠭ ᠵᠠᠩᠰᠢᠯ ᠲᠠᠢ᠃        ᠢᠯᠠᠩᠭᠤᠶ᠎ᠠ ᠬᠡᠦᠬᠡᠳ ᠪᠠᠭᠠᠴᠤᠳ ᠱᠠᠭ᠎ᠠ ᠨᠠᠭᠠᠳᠤᠮ ᠢᠶᠠᠷ ᠲᠡᠮᠵᠢᠨ᠂ ᠤᠢ ᠪᠢᠯᠢᠭ ᠢᠶᠠᠨ ᠨᠡᠬᠡᠬᠡᠭᠳᠡᠬᠦᠯᠦᠨ᠂ ᠪᠤᠳᠤᠯ ᠰᠡᠳᠬᠢᠬᠦᠢ ᠪᠠᠨ ᠬᠤᠷᠴᠡᠯᠡᠵᠦ᠂ ᠤᠶᠤᠨ ᠤᠬᠠᠭᠠᠨ ᠢᠶᠠᠨ ᠨᠡᠮᠡᠭᠳᠡᠬᠦᠯᠬᠦ ᠪᠠᠷ ᠪᠠᠷᠠᠬᠤ ᠦᠭᠡᠢ᠂ ᠱᠠᠭ᠎ᠠ ᠨᠠᠭᠠᠳᠤᠮ ᠠᠴᠠ ᠬᠦᠮᠦᠨ ᠨᠡᠶᠢᠬᠡᠮ ᠢ ᠤᠶᠢᠯᠠᠭᠠᠨ᠂ ᠪᠤᠯᠪᠠᠰᠤᠨ ᠶᠤᠰᠤᠷᠬᠠᠭ ᠵᠠᠩ ᠠᠭᠠᠯᠢ ᠶᠢ ᠰᠤᠷᠴᠦ᠂ ᠡᠶ᠎ᠡ ᠨᠡᠶᠢᠷᠳᠡᠢ ᠬᠠᠷᠢᠯᠴᠠᠨ ᠬᠠᠪᠰᠤᠷᠤᠯᠴᠠᠬᠤ ᠪᠠ ᠬᠠᠮᠵᠢᠯᠴᠠᠨ ᠦᠷᠢᠰᠦᠯᠳᠦᠬᠦ ᠵᠤᠷᠢᠭ ᠰᠠᠨᠠᠭ᠎ᠠ ᠶᠢ ᠪᠤᠢ ᠪᠤᠯᠭᠠᠨ᠂ ᠬᠦᠮᠦᠨ ᠪᠤᠯᠬᠤ ᠶᠢᠨ ᠶᠤᠰᠤ ᠤᠴᠢᠷ ᠢ ᠤᠶᠢᠯᠠᠭᠠᠬᠤ ᠵᠡᠷᠭᠡ ᠳᠤ ᠶᠡᠬᠡᠬᠡᠨ ᠠᠴᠢ ᠲᠤᠰᠠ ᠦᠵᠡᠬᠦᠯᠦᠭᠰᠡᠨ ᠨᠢ ᠲᠠᠮᠵᠢᠭ ᠦᠭᠡᠢ ᠶᠤᠮ᠃     ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠮᠤᠩᠭᠤᠯᠴᠤᠳ ᠤᠨ ᠨᠠᠭᠠᠳᠤᠳᠠᠭ ᠱᠠᠭ᠎ᠠ ᠨᠢ ᠭᠤᠤᠯᠳᠠᠭᠤ ᠬᠤᠨᠢ ᠢᠮᠠᠭᠠᠨ ᠱᠠᠭ᠎ᠠ ᠪᠠᠷ ᠭᠤᠤᠯᠯᠠᠵᠦ᠂ ᠭᠠᠭ᠋ᠠᠢ ᠶᠢᠨ ᠱᠠᠭ᠎ᠠ ᠴᠦ ᠪᠠᠭ᠎ᠠ ᠪᠤᠰᠤ ᠬᠠᠷᠠᠭᠳᠠᠳᠠᠭ᠃ ᠲᠡᠳᠡᠨᠡᠷ ᠡᠳᠦᠷ ᠲᠤᠳᠤᠮ ᠤᠨ ᠠᠮᠢᠳᠦᠷᠡᠯ ᠲᠤᠮᠳᠡ ᠪᠠᠨ ᠬᠤᠨᠢ ᠢᠮᠠᠭᠠᠨ ᠤ ᠱᠠᠭ᠎ᠠ ᠪᠤᠶᠤ ᠭᠠᠭ᠋ᠠᠢ ᠶᠢᠨ ᠱᠠᠭ᠎ᠠ ᠶᠢ ᠦᠯᠵᠡᠢ ᠪᠡᠯᠬᠡ ᠶᠢᠨ ᠪᠡᠯᠭᠡ ᠲᠡᠮᠳᠡᠭ ᠢᠶᠠᠷ ᠦᠵᠡᠵᠦ᠂ ᠮᠢᠬ᠎ᠠ ᠢᠳᠡᠬᠦ ᠳᠡᠭᠡᠨ ᠱᠠᠭ᠎ᠠ ᠶᠢ ᠨᠢ ᠬᠠᠮᠢᠶ᠎ᠠ ᠨᠠᠮᠢᠶ᠎ᠠ ᠦᠭᠡᠢ ᠭᠡᠭᠡᠵᠦ ᠤᠷᠬᠢᠳᠠᠭ ᠦᠭᠡᠢ᠂ ᠬᠠᠷᠢᠨ ᠰᠠᠨᠠᠭᠠᠴᠢᠯᠠᠭ᠎ᠠ ᠲᠠᠢ ᠪᠠᠷ ᠬᠠᠳᠠᠭᠠᠯᠠᠵᠦ ᠴᠤᠭᠯᠠᠭᠤᠯᠤᠨ ᠨᠠᠭᠠᠳᠤᠳᠠᠭ᠃ ᠴᠤᠭᠯᠠᠭᠤᠯᠬᠤ ᠶᠠᠪᠤᠴᠠ ᠳᠠᠭᠠᠨ ᠶᠠᠩᠵᠦ ᠬᠡᠯᠪᠡᠷᠢ ᠨᠢ ᠡᠪᠳᠡᠢ ᠰᠠᠶᠢᠬᠠᠨ ᠢ ᠨᠢ ᠤᠨᠴᠠᠯᠠᠨ ᠰᠤᠩᠭᠤᠵᠦ᠂ ᠱᠦᠷᠬᠦᠬᠡᠵᠦ᠂ ᠨᠡᠩ ᠰᠠᠶᠢᠬᠠᠨ ᠪᠤᠯᠭᠠᠬᠤ ᠶᠢᠨ ᠲᠠᠭᠠᠤ ᠦᠩᠭᠡ ᠪᠤᠳᠤᠭ ᠰᠠᠭᠤᠯᠭᠠᠳᠠᠭ᠃ ᠨᠠᠭᠠᠳᠬᠤ ᠠᠷᠭ᠎ᠠ ᠨᠢ ᠱᠠᠭ᠎ᠠ ᠬᠠᠶᠠᠬᠤ᠂ ᠱᠠᠭ᠎ᠠ ᠨᠢᠰᠠᠯᠬᠤ᠂ ᠱᠠᠭ᠎ᠠ ᠦᠷᠦᠬᠦ᠂ ᠵᠢᠷᠬᠢᠬᠡ ᠨᠠᠭᠠᠳᠬᠤ ᠵᠡᠷᠭᠡ ᠤᠯᠠᠨ ᠲᠦᠷᠦᠯ ᠵᠦᠢᠯ ᠪᠠᠶᠢᠳᠠᠭ ᠪᠦᠬᠡᠳ ᠦᠳᠡᠯᠦᠭᠰᠡᠨ ᠵᠠᠯᠠᠭᠤ ᠬᠡᠦᠬᠡᠳ ᠪᠠᠭᠠᠴᠤᠳ ᠡᠷᠡᠭᠳᠡᠢ ᠡᠮᠡᠭᠳᠡᠢ ᠢᠯᠭᠠᠬᠤ ᠦᠭᠡᠢ ᠬᠦᠮᠦᠨ ᠪᠦᠬᠦᠨ  ᠳᠤ ᠲᠤᠬᠢᠷᠠᠬᠤ ᠨᠠᠭᠠᠳᠤᠮ ᠪᠤᠯᠤᠨ᠎ᠠ᠃     ᠲᠤᠤᠷ᠎ᠡ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠮᠤᠩᠭᠤᠯᠴᠤᠳ ᠤᠨ ᠲᠤᠮᠳᠡ ᠦᠷᠭᠡᠨ ᠢᠶᠠᠷ ᠤᠯᠠᠮᠵᠢᠯᠠᠭᠳᠠᠭᠰᠠᠭᠠᠷ ᠢᠷᠡᠭᠰᠡᠨ ᠬᠡᠳᠦᠨ ᠵᠦᠢᠯ ᠤᠨ ᠱᠠᠭ᠎ᠠ ᠨᠠᠭᠠᠳᠤᠮ ᠠᠴᠠ ᠲᠠᠨᠢᠯᠴᠠᠭᠤᠯᠤᠶ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号