ᠠᠩᠬᠠᠳᠤᠭᠠᠷ ᠬᠤᠭᠤᠴᠠᠭᠠᠨ ᠤ ︽ᠤᠯᠠᠭᠠᠨᠮᠦ᠋ᠴᠢᠷ ᠤᠨ ᠬᠦᠭᠵᠢᠯᠲᠡ ᠶᠢᠨ ᠶᠠᠷᠢᠶᠠᠨ ᠤ  ᠲᠠᠪᠴᠠᠩ︾ ᠶᠠᠪᠤᠭᠳᠠᠪᠠ
ᠨᠡᠶᠢᠲᠡᠯᠡᠭᠰᠡᠨ ᠴᠠᠭ᠄
2018/12/27
   11 ᠰᠠᠷ᠎ᠠ ᠶᠢᠨ 27 ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ  ᠲᠢᠩᠬᠢᠮ ᠠᠴᠠ ᠭᠤᠤᠯᠯᠠᠨ  ᠡᠷᠬᠢᠯᠡᠵᠦ᠂  ᠦᠪᠡᠷᠲᠡᠭᠡᠨ  ᠵᠠᠰᠬᠠᠤ  ᠤᠷᠤᠨ ᠤ  ᠤᠷᠠᠯᠢᠭ  ᠰᠤᠳᠤᠯᠤᠯ ᠤᠨ  ᠬᠦᠷᠢᠶᠡᠯᠡᠩ ᠠᠴᠠ  ᠳᠠᠭᠠᠭᠠᠴᠢᠯᠠᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ︽ᠤᠯᠠᠭᠠᠨᠮᠦ᠋ᠴᠢᠷ ᠤᠨ ᠬᠦᠭᠵᠢᠯᠲᠡ ᠶᠢᠨ ᠶᠠᠷᠢᠶᠠᠨ ᠤ ᠲᠠᠪᠴᠠᠩ︾ ᠬᠦᠬᠡᠬᠤᠲᠠ ᠳᠤ ᠶᠠᠪᠤᠭᠳᠠᠪᠠ᠃        ᠲᠤᠰ ᠶᠠᠷᠢᠶᠠᠨ ᠤ ᠲᠠᠪᠴᠠᠩ ᠨᠢ ︽ᠰᠢᠨ᠎ᠡ ᠶᠢ  ᠡᠭᠦᠳᠬᠦ ᠪᠠᠷ  ᠤᠯᠠᠭᠠᠨᠮᠦ᠋ᠴᠢᠷ ᠤᠨ ᠬᠦᠭᠵᠢᠯᠲᠡ ᠶᠢᠨ  ᠬᠦᠳᠡᠯᠭᠡᠭᠦᠷ ᠪᠤᠯᠭᠠᠬᠤ︾  ᠪᠠᠷ ᠭᠤᠤᠯ ᠰᠡᠳᠦᠪ ᠪᠤᠯᠭᠠᠵᠤ᠂ ᠤᠯᠠᠭᠠᠨᠮᠦ᠋ᠴᠢᠷ ᠤᠨ ᠵᠤᠷᠢᠭ  ᠰᠠᠨᠠᠭ᠎ᠠ ᠶᠢ  ᠪᠠᠳᠠᠷᠠᠭᠤᠯᠵᠤ᠂  ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ᠂ ᠤᠷᠤᠨ ᠤ ᠳᠤᠲᠤᠷ᠎ᠠ ᠭᠠᠳᠠᠨᠠᠬᠢ ᠤᠯᠠᠭᠠᠨᠮᠦ᠋ᠴᠢᠷ ᠤᠨ ᠠᠵᠢᠯᠲᠠᠳ᠂ ᠰᠤᠳᠤᠯᠭᠠᠲᠠᠳ ᠲᠤ ᠤᠷᠲᠤ ᠬᠤᠭᠤᠴᠠᠭ᠎ᠠ ᠪᠠᠷ ᠡᠷᠳᠡᠮ ᠰᠢᠨᠵᠢᠯᠡᠭᠡᠨ ᠤ ᠰᠤᠯᠢᠯᠴᠠᠭ᠎ᠠ ᠬᠢᠬᠦ  ᠲᠠᠪᠴᠠᠩ  ᠬᠠᠩᠭᠠᠵᠤ᠂  ᠤᠷᠠᠯᠢᠭ ᠤᠨ  ᠰᠤᠳᠤᠯᠭᠠᠨ ᠤ ᠪᠠᠶᠢᠭᠤᠯᠤᠮᠵᠢ   ᠠᠴᠠ  ᠰᠢᠢᠳᠪᠦᠷᠢᠲᠦ  ᠪᠤᠳᠤᠯᠭ᠎ᠠ ᠶᠢ  ᠬᠡᠷᠡᠭᠵᠢᠭᠦᠯᠦᠨ᠂  ᠠᠷᠠᠳ  ᠲᠦᠮᠡᠨ ᠳᠤ  ᠰᠠᠶᠢᠲᠤᠷ  ᠦᠢᠯᠡᠴᠢᠯᠡᠵᠦ᠂ ᠤᠯᠠᠭᠠᠨᠮᠦ᠋ᠴᠢᠷ   ᠤᠨ  ᠦᠢᠯᠡᠰ ᠤᠨ  ᠬᠦᠭᠵᠢᠯᠲᠡ ᠳᠤ  ᠤᠶᠤᠨ ᠤ  ᠪᠠ  ᠡᠷᠳᠡᠮ  ᠰᠢᠨᠵᠢᠯᠡᠭᠡᠨ ᠤ  ᠳᠡᠮᠵᠢᠯᠭᠡ  ᠬᠠᠩᠭᠠᠵᠤ᠂ ᠤᠯᠠᠭᠠᠨᠮᠦ᠋ᠴᠢᠷ   ᠤᠨ ᠰᠤᠳᠤᠯᠭᠠᠨ ᠪᠤᠯᠤᠨ ᠰᠢᠭᠦᠮᠵᠢᠯᠡᠨ  ᠦᠨᠡᠯᠡᠬᠦ  ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠮᠦ᠋ᠴᠢᠷ ᠤᠨ ᠬᠦᠭᠵᠢᠯᠲᠡ ᠶᠢᠨ ᠵᠢᠮ᠎ᠡ ᠶᠤᠰᠤᠨ ᠤ ᠲᠤᠬᠠᠢ  ᠲᠠᠨᠢᠯᠲᠠ ᠪᠠᠨ  ᠭᠦᠨᠵᠡᠭᠡᠶᠢᠷᠡᠭᠦᠯᠦᠨ᠂  ᠤᠯᠠᠭᠠᠨᠮᠦ᠋ᠴᠢᠷ ᠤᠨ ᠦᠢᠯᠡᠰ ᠤᠨ ᠰᠢᠨ᠎ᠡ ᠶᠢ ᠡᠭᠦᠳᠦᠨ ᠬᠦᠭᠵᠢᠬᠦ ᠶᠢ ᠲᠦᠯᠬᠢᠨ ᠠᠬᠢᠭᠤᠯᠬᠤ ᠶᠢ ᠵᠤᠷᠢᠭᠰᠠᠨ ᠪᠠᠶᠢᠨ᠎ᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂  ᠠᠩᠬᠠᠳᠤᠭᠠᠷ  ᠬᠤᠭᠤᠴᠠᠭᠠᠨ ᠤ  ︽ᠤᠯᠠᠭᠠᠨᠮᠦ᠋ᠴᠢᠷ ᠤᠨ  ᠬᠦᠭᠵᠢᠯᠲᠡ ᠶᠢᠨ ᠶᠠᠷᠢᠶᠠᠨ ᠤ ᠲᠠᠪᠴᠠᠩ︾ ᠳᠤ ᠡᠯᠰᠡᠭᠰᠡᠨ 64 ᠬᠤᠪᠢ ᠰᠢᠯᠢᠳᠡᠭ ᠦᠭᠦᠯᠡᠯ ᠳᠤ ᠱᠠᠩᠨᠠᠯ ᠤᠯᠭᠤᠵᠤ᠂ ᠶᠠᠷᠢᠶᠠᠨ ᠤ ᠲᠠᠪᠴᠠᠩ ᠳᠤ ᠬᠦᠷᠦᠯᠴᠡᠨ ᠢᠷᠡᠭᠰᠡᠨ ᠠᠬᠠᠮᠠᠳ ᠤᠯᠠᠭᠠᠨᠮᠦ᠋ᠴᠢᠷ ᠤᠨ ᠠᠵᠢᠯᠲᠠᠳ ᠤᠨ ᠲᠦᠯᠦᠭᠡᠯᠡᠭᠴᠢ᠂ ᠤᠯᠠᠭᠠᠨᠮᠦ᠋ᠴᠢᠷ ᠤᠨ  ᠰᠢᠨᠵᠢᠯᠡᠭᠡᠨ ᠤ ᠨᠡᠶᠢᠭᠡᠮᠯᠢᠭ ᠤᠨ ᠴᠢᠬᠤᠯᠠ  ᠭᠡᠰᠢᠭᠦᠳ᠂  ᠦᠪᠡᠷᠲᠡᠭᠡᠨ ᠵᠠᠰᠠᠬᠤ ᠤᠷᠤᠨ ᠤ ᠤᠳᠬ᠎ᠠ  ᠤᠷᠠᠯᠢᠭ ᠤᠨ ᠬᠢᠨ ᠤ  ᠬᠤᠯᠪᠤᠭ᠎ᠠ᠂ ᠦᠪᠡᠷᠲᠡᠭᠡᠨ ᠵᠠᠰᠬᠠᠤ ᠤᠷᠤᠨ ᠤ ᠤᠷᠠᠯᠢᠭ ᠰᠤᠳᠤᠯᠤᠯ ᠤᠨ ᠬᠦᠷᠢᠶᠡᠯᠡᠩ ᠪᠤᠯᠤᠨ ᠪᠦᠬᠦ ᠤᠷᠤᠨ ᠤ ᠡᠯ᠎ᠡ  ᠠᠶᠢᠮᠠᠭ  ᠬᠤᠲᠠ ᠶᠢᠨ ᠤᠯᠠᠭᠠᠨᠮᠦ᠋ᠴᠢᠷ ᠤᠨ ᠭᠡᠰᠢᠭᠦᠳ  ᠵᠢᠴᠢ  ᠱᠠᠩᠨᠠᠯ  ᠤᠯᠤᠭᠰᠠᠨ ᠦᠭᠦᠯᠡᠯ ᠤᠨ  ᠵᠤᠬᠢᠶᠠᠭᠴᠢ  ᠨᠠᠷ ᠠᠴᠠ ᠤᠯᠠᠭᠠᠨᠮᠦ᠋ᠴᠢᠷ ᠤᠨ ᠬᠦᠭᠵᠢᠯᠲᠡ ᠶᠢᠨ  ᠲᠤᠬᠠᠢ  ᠰᠢᠨ᠎ᠡ  ᠲᠠᠨᠢᠯᠲᠠ ᠪᠤᠯᠤᠨ ᠰᠤᠳᠤᠯᠭᠠᠨ ᠤ ᠠᠮᠵᠢᠯᠲᠠ ᠪᠦᠲᠦᠬᠡᠯ ᠢᠶᠠᠨ ᠰᠤᠯᠢᠯᠴᠠᠵᠤ᠂ ᠤᠯᠠᠭᠠᠨᠮᠦ᠋ᠴᠢᠷ ᠤᠨ ᠦᠢᠯᠡᠰ ᠢ ᠬᠦᠭᠵᠢᠭᠦᠯᠬᠦ ᠲᠤᠬᠠᠢ ᠰᠠᠨᠠᠯ ᠵᠦᠪᠯᠡᠯᠭᠡ ᠪᠠᠨ ᠳᠡᠪᠰᠢᠭᠦᠯᠦᠭᠰᠡᠨ ᠪᠠᠶᠢᠨ᠎ᠠ᠃                                                      ᠢᠷᠡᠯᠳᠡ —  ᠠᠷᠠᠳ ᠤᠨ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号