11 ᠰᠠᠷ᠎ᠠ ᠶᠢᠨ 8 ᠤ ᠡᠳᠥᠷ᠂ ᠮᠠᠠ ᠤ ᠤᠷᠤᠨ ᠤ ᠤᠯᠠᠭᠠᠨᠮᠦ᠋ᠴᠢᠷ ᠤᠨ ᠴᠢᠳᠠᠪᠥᠷᠢᠳᠡᠨ | ᠪᠤᠯᠪᠠᠰᠤᠷᠠᠭᠤᠯᠬᠤ ᠰᠠᠭᠤᠷᠢᠨ ᠤ ᠫᠠᠶᠢᠰᠠ ᠰᠡᠭᠦᠬᠦ ᠶᠤᠰᠤᠯᠠᠯ ᠲᠥᠩᠯᠢᠶᠤᠤ ᠬᠤᠲᠠ ᠶᠢᠨ ᠬᠤᠷᠴᠢᠨ ᠤᠷᠠᠯᠢᠬ ᠤᠨ | ᠠᠵᠢᠯ ᠮᠡᠷᠭᠡᠵᠢᠯ ᠤᠨ ᠳᠡᠭᠡᠳᠥ ᠰᠤᠷᠭᠠᠭᠤᠯᠢ ᠳᠤ ᠶᠠᠪᠤᠬᠳᠠᠪᠠ᠃ | ᠤᠯᠠᠭᠠᠨᠮᠦ᠋ᠴᠢᠷ ᠤᠨ ᠴᠢᠳᠠᠪᠥᠷᠢᠳᠡᠨ ᠪᠤᠯᠪᠠᠰᠤᠷᠠᠭᠤᠯᠬᠤ ᠰᠠᠭᠤᠷᠢᠨ ᠢ ᠪᠠᠶᠢᠭᠤᠯᠤᠬᠰᠠᠨ ᠶᠠᠪᠤᠳᠠᠯ ᠪᠤᠯ ᠶᠡᠷᠦᠩᠬᠡᠢ | ᠱᠦᠵᠢ ᠰᠢ ᠶᠢᠨ ᠫᠢᠩ ᠤᠨ ᠰᠢᠨ᠎ᠠ ᠴᠠᠬ ᠥᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ | ᠥᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠭᠥᠨᠵᠡᠭᠡᠢ | ᠲᠤᠭᠤᠰᠢᠯᠠᠭᠤᠯᠤᠨ ᠨᠠᠶᠢᠳᠠᠪᠥᠷᠢᠵᠢᠭᠤᠯᠵᠤ᠂ ᠶᠠᠷᠥᠩᠬᠡᠢ ᠱᠥᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠥᠢᠯᠡᠰ ᠤᠨ | ᠬᠥᠭᠵᠢᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠭᠰᠠᠨ | ᠪᠤᠳᠠᠳᠤ ᠢᠯᠡᠷᠡᠯ ᠮᠦᠨ᠂ ᠪᠠᠰᠠ ᠴᠦ ᠮᠠᠨ ᠤ ᠤᠷᠤᠨ ᠤ ᠤᠳᠬ᠎ᠠ ᠤᠷᠠᠯᠢᠬ ᠤᠨ ᠵᠤᠬᠢᠶᠠᠨ ᠪᠥᠲᠥᠭᠡᠯᠳᠡ ᠪᠠ | ᠤᠯᠠᠭᠠᠨᠮᠦ᠋ᠴᠢᠷ ᠤᠨ ᠡᠩᠨᠡᠭᠡ ᠶᠢᠨ ᠬᠥᠭᠵᠢᠯᠲᠠ ᠶᠢᠨ ᠥᠨᠳᠥᠰᠥᠨ ᠱᠠᠭᠠᠷᠳᠠᠯᠭ᠎ᠠ ᠪᠤᠯᠬᠤ ᠶᠤᠮ᠃ ᠡᠨᠡ ᠬᠦ | ᠰᠠᠭᠤᠷᠢᠨ ᠨᠢ ᠴᠢᠳᠠᠪᠥᠷᠢᠳᠠᠨ ᠪᠤᠯᠪᠠᠰᠤᠷᠠᠭᠤᠯᠬᠤ ᠪᠠᠷ ᠳᠠᠮᠵᠢᠨ ᠤᠯᠠᠭᠠᠨᠮᠦ᠋ᠴᠢᠷ ᠤᠨ ᠲᠤᠬᠯᠠᠬᠴᠢᠳ ᠤᠨ ᠮᠡᠳᠡᠯᠭᠡ | ᠮᠡᠳᠡᠴᠡ ᠶᠢ ᠤᠯᠠᠮ ᠨᠢᠭᠡ ᠠᠯᠬᠤᠮ ᠪᠠᠶᠠᠯᠢᠬᠵᠢᠭᠤᠯᠵᠤ᠂ ᠤᠯᠠᠭᠠᠨᠮᠦ᠋ᠴᠢᠷ ᠤᠨ ᠡᠩᠨᠡᠭᠡ ᠶᠢᠨ ᠥᠵᠡᠯ ᠰᠠᠨᠠᠭᠠᠨ ᠤ | ᠪᠠᠶᠢᠭᠤᠯᠤᠯᠲᠠ ᠶᠢ ᠴᠢᠩᠭᠠᠳᠬᠠᠨ᠂ ᠤᠯᠠᠭᠠᠨᠮᠦ᠋ᠴᠢᠷ ᠤᠨ ᠭᠡᠰᠢᠭᠦᠳ ᠤᠨ ᠲᠤᠬᠠᠢᠢᠯᠠᠬᠰᠠᠨ ᠠᠵᠢᠯ ᠤᠨ ᠴᠢᠳᠠᠪᠥᠷᠢ | ᠪᠤᠯᠤᠨ ᠲᠤᠬᠯᠠᠯᠲᠠ ᠶᠢᠨ ᠲᠥᠪᠰᠢᠨ ᠢ ᠳᠡᠭᠡᠭᠰᠢᠯᠡᠭᠦᠯᠵᠤ᠂ ᠰᠢᠨ᠎ᠡ ᠴᠠᠬ ᠥᠶ᠎ᠡ ᠶᠢᠨ ᠤᠯᠠᠭᠠᠨᠮᠦ᠋ᠴᠢᠷ ᠤᠨ | ᠭᠡᠰᠢᠭᠦᠳ ᠤᠨ ᠬᠡᠪ ᠪᠤᠯᠪᠠᠰᠤᠷᠠᠯ᠂ ᠤᠨᠤᠯ ᠤᠨ ᠲᠥᠪᠰᠢᠨ ᠵᠢᠴᠢ ᠥᠢᠯᠡᠴᠢᠯᠡᠬᠦ ᠴᠢᠳᠠᠪᠤᠷᠢ ᠶᠢᠨ | ᠳᠡᠭᠡᠭᠰᠢᠯᠡᠯᠲᠠ ᠶᠢ ᠴᠢᠩᠭᠠᠳᠬᠠᠬᠤ ᠳᠤ ᠠᠬᠢᠭᠤᠯᠬᠤ ᠥᠢᠯᠡᠳᠥᠯ ᠥᠵᠡᠭᠦᠯᠬᠦ ᠪᠤᠯᠤᠨ᠎ᠠ᠃ ᠬᠤᠷᠴᠢᠨ ᠤᠷᠠᠯᠢᠬ ᠤᠨ | ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠪᠤᠯ ᠮᠠᠠ ᠤ ᠤᠷᠤᠨ ᠤ ᠴᠤᠷ ᠤᠨ ᠭᠠᠭᠴᠠ ᠲᠤᠰᠠᠭᠠᠷ | ᠪᠠᠶᠢᠭᠤᠯᠤᠬᠳᠠᠬᠰᠠᠨ ᠤᠷᠠᠯᠢᠬ ᠤᠨ ᠲᠥᠷᠥᠯ ᠤᠨ ᠳᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ | ᠪᠤᠯᠤᠨ᠎ᠠ᠃ 2004 ᠤᠨ ᠳᠤ ᠪᠠᠶᠢᠭᠤᠯᠤᠬᠳᠠᠬᠰᠠᠨ ᠠᠴᠠ ᠨᠠᠭᠠᠰᠢ ᠳᠠᠭᠤᠤ ᠬᠥᠭᠵᠢᠮ᠂ ᠪᠥᠵᠢᠭ ᠵᠡᠷᠭᠡ | ᠥᠪᠡᠷᠳᠡᠭᠡᠨ ᠵᠠᠰᠠᠬᠤ ᠤᠷᠤᠨ ᠤ ᠳᠡᠰ ᠤᠨ 2 ᠲᠥᠷᠥᠯ ᠳᠡᠮᠳᠡᠭᠳᠤ ᠲᠤᠰᠬᠠᠢ ᠮᠡᠷᠭᠡᠵᠢᠯ᠂ ᠥᠪᠡᠷᠳᠡᠭᠡᠨ | ᠵᠠᠰᠠᠬᠤ ᠤᠷᠤᠨ ᠤ ᠭᠤᠤᠯᠳᠠᠯᠭ᠎ᠠ ᠲᠠᠢ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠢ ᠡᠭᠦᠳᠥᠨ ᠪᠠᠶᠢᠭᠤᠯᠬᠤ ᠶᠢᠨ | ᠬᠠᠮᠳᠤ ᠮᠤᠩᠭᠤᠯ ᠥᠨᠳᠥᠰᠥᠲᠠᠨ ᠤ ᠤᠷᠳᠤ ᠶᠢᠨ ᠳᠠᠭᠤᠤ ᠪᠠ ᠪᠤᠭᠤᠨᠢ ᠳᠠᠭᠤᠤ᠂ ᠮᠤᠩᠭᠤᠯ ᠪᠥᠵᠢᠭ᠂ ᠨᠤᠲᠯᠡᠵᠤ | ᠳᠠᠰᠬᠠᠬᠤ᠂ ᠳᠥᠷᠪᠡᠨ ᠤᠳᠠᠰᠤᠳᠤ ᠬᠤᠭᠤᠷ᠂ ᠶᠠᠳᠤᠭ᠎ᠠ᠂ ᠲᠡᠭᠦᠯᠳᠡᠷ ᠬᠤᠭᠤᠷ ᠵᠡᠷᠭᠡ ᠥᠪᠡᠷᠳᠡᠭᠡᠨ ᠵᠠᠰᠠᠬᠤ | ᠤᠷᠤᠨ ᠤ ᠳᠡᠰ ᠤᠨ 6 ᠲᠦᠷᠦᠯ ᠤᠨ ᠰᠢᠯᠢᠳᠡᠭ ᠬᠢᠴᠢᠶᠠᠯ ᠢ ᠲᠤᠬᠢᠷᠠᠭᠤᠯᠵᠥ᠂ ᠪᠠᠭᠰᠢ ᠶᠢᠨ ᠬᠥᠴᠥᠨ ᠢᠶᠠᠷ | ᠳᠡᠭᠦᠯᠳᠡᠷ ᠪᠠᠶᠢᠵᠤ᠂ ᠤᠯᠠᠭᠠᠨᠮᠦ᠋ᠴᠢᠷ ᠤᠨ ᠴᠢᠳᠠᠪᠥᠷᠢᠳᠠᠨ ᠪᠤᠯᠪᠠᠰᠤᠷᠠᠭᠤᠯᠬᠤ ᠵᠢᠭᠠᠨ ᠰᠤᠷᠭᠠᠬᠤ ᠨᠥᠬᠦᠴᠡᠯ ᠪᠠ | ᠪᠠᠭᠰᠢ ᠶᠢᠨ ᠡᠩᠨᠡᠭᠡ ᠶᠢᠨ ᠬᠡᠷᠡᠭᠴᠡᠭᠡ ᠶᠢ ᠬᠠᠩᠭᠠᠵᠤ ᠲᠠᠶᠢᠯᠬᠦ ᠪᠤᠯᠤᠭᠰᠠᠨ ᠪᠠᠶᠢᠨ᠎ᠠ᠃ ᠥᠢᠯᠠᠭᠠᠬᠰᠠᠨ ᠢᠶᠠᠷ᠂ | ᠮᠠᠠ ᠤ ᠤᠷᠤᠨ ᠤ ᠤᠯᠠᠭᠠᠨᠮᠦ᠋ᠴᠢᠷ ᠤᠨ ᠴᠢᠳᠠᠪᠥᠷᠢᠳᠡᠨ ᠪᠤᠯᠪᠠᠰᠤᠷᠠᠭᠤᠯᠬᠤ ᠰᠠᠭᠤᠷᠢᠨ ᠢ ᠲᠤᠰ ᠪᠦᠷᠢ ᠲᠥᠩᠯᠢᠶᠤᠤ᠂ | ᠰᠢᠯᠢ ᠶᠢᠨ ᠭᠤᠤᠯ ᠪᠠ ᠤᠷᠳᠤᠰ ᠵᠡᠷᠭᠡ 3 ᠠᠶᠢᠮᠠᠬ ᠬᠤᠲᠠ ᠳᠤ ᠪᠠᠶᠢᠭᠤᠯᠵᠤ᠂ 3 ᠰᠠᠭᠤᠷᠢᠨ ᠨᠢ | ᠬᠠᠮᠳᠤ ᠪᠠᠷ ᠪᠥᠬᠦ ᠤᠷᠤᠨ ᠤ 75 ᠤᠯᠠᠭᠠᠨᠮᠦ᠋ᠴᠢᠷ ᠤᠨ 3000 ᠭᠠᠷᠤᠢ ᠲᠤᠬᠯᠠᠬᠴᠢ ᠳᠤ ᠰᠢᠯᠢᠳᠡᠭ ᠰᠠᠶᠢᠨ | ᠰᠤᠷᠤᠯᠴᠠᠬᠤ ᠤᠷᠴᠢᠨ ᠲᠤᠭᠤᠷᠢᠨ ᠢ ᠬᠠᠩᠭᠠᠵᠤ᠂ ᠰᠢᠯᠢᠳᠡᠭ ᠰᠠᠶᠢᠨ ᠵᠢᠭᠠᠨ ᠰᠤᠷᠭᠠᠯᠲᠠ ᠶᠢ ᠬᠥᠷᠳᠡᠭᠡᠬᠦ ᠪᠤᠯᠤᠨ᠎ᠠ᠃ | |