ᠵᠤᠭᠠᠴᠠᠯ ᠤᠨ ᠨᠤᠳᠤᠭ
ᠨᠡᠶᠢᠲᠡᠯᠡᠭᠰᠡᠨ ᠴᠠᠭ᠄
2018/12/27
     ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠭᠠᠵᠠᠷ ᠨᠤᠳᠤᠭ ᠦᠷᠭᠡᠨ ᠠᠭᠤᠳᠡᠮ᠂ ᠤᠰᠤ ᠬᠦᠷᠦᠰᠦ ᠦᠩ ᠰᠢᠮᠡᠯᠢᠭ᠂ ᠪᠠᠯᠡᠷ ᠤᠢ᠂ ᠨᠠᠭᠤᠷ ᠪᠦᠷᠢᠳᠦ᠂ ᠦᠨᠳᠦᠰᠦᠳᠡᠨ ᠤ ᠵᠠᠩ ᠠᠭᠠᠯᠢ ᠵᠢᠴᠢ ᠬᠤᠪᠤᠷ ᠴᠤᠬᠠᠭ ᠠᠮᠢᠳᠡᠨ ᠠᠷᠢᠶᠡᠳᠡᠨ᠂ ᠲᠡᠦᠬᠡ ᠶᠢᠨ ᠲᠤᠷᠡᠰᠬᠠᠯᠳᠦ ᠵᠦᠢᠯᠡᠰ᠂ ᠡᠷᠳᠡᠨ ᠤ ᠦᠯᠡᠳᠡᠭᠳᠡᠯ ᠵᠡᠷᠭᠡ ᠠᠯᠢ ᠤᠯᠠᠨ ᠵᠤᠭᠠᠴᠠᠯ ᠤᠨ ᠡᠬᠢ ᠰᠤᠷᠪᠤᠯᠵᠢ ᠲᠠᠢ ᠪᠠᠶᠢᠵᠦ᠂ ︽ᠵᠤᠭᠠᠴᠠᠯ ᠤᠨ ᠨᠤᠳᠤᠭ︾ ᠭᠡᠰᠡᠨ ᠰᠠᠶᠢᠬᠠᠨ ᠠᠯᠳᠡᠷ ᠲᠠᠢ ᠪᠢᠯᠡ ᠃ ᠠᠳᠡᠬᠢ ᠬᠦᠮᠦᠨ ᠠᠷᠠᠳ ᠤᠨ ᠡᠬᠡᠯ ᠪᠤᠷᠤᠭᠵᠢᠭᠤᠨ ᠵᠠᠩ ᠠᠷᠠᠨᠰᠢᠨ᠂ ᠪᠠᠶᠢᠭᠠᠯᠢ ᠶᠢᠨ ᠡᠯᠡᠰᠦᠷᠭᠡᠭ ᠭᠠᠵᠠᠷ ᠤᠨ ᠲᠠᠯ᠎ᠠ ᠨᠤᠳᠤᠭ ᠤᠨ ᠦᠵᠡᠰᠬᠦᠯᠡᠩ ᠭᠤᠶᠤ ᠦᠩᠭᠡ ᠦᠵᠡᠮᠵᠢ ᠪᠠ ᠰᠤᠶᠤᠯ ᠤᠨ ᠠᠭᠤᠯᠬᠤᠨ ᠬᠦᠨ ᠵᠤᠵᠠᠭᠠᠨ ᠪᠦᠬᠦᠢ ᠲᠡᠭᠷᠢ ᠠᠴᠠ ᠰᠤᠶᠤᠷᠬᠠᠭᠰᠠᠨ ᠪᠠᠶᠢᠭᠠᠯᠢ ᠪᠤᠯᠤᠨ ᠬᠦᠮᠦᠨ ᠰᠤᠶᠤᠯ ᠤᠨ ᠡᠬᠢ ᠰᠤᠷᠪᠤᠯᠵᠢ ᠨᠢ ᠵᠤᠭᠠᠴᠠᠯ ᠤᠨ ᠦᠢᠯᠡᠰ ᠢ ᠰᠢᠨ᠎ᠡ ᠪᠠᠷ ᠢᠯᠡᠷᠡᠬᠦᠯᠦᠨ ᠬᠦᠭᠵᠢᠬᠦᠯᠦᠭᠰᠡᠨ ᠪᠠᠶᠢᠨ᠎ᠠ᠃ ᠬᠤᠷᠴᠢᠨ ᠵᠡᠬᠦᠨ ᠭᠠᠷᠤᠨ ᠬᠤᠶᠢᠳᠦ ᠬᠤᠰᠢᠭᠤ ᠮᠤᠩᠭᠤᠯ ᠤᠤᠷ ᠰᠤᠶᠤᠯ᠂ ᠠᠳᠤᠭᠤᠨ ᠰᠤᠶᠤᠯ᠂ ᠡᠯᠡᠰᠦᠨ ᠴᠦᠯ ᠤᠨ ᠲᠡᠯ᠎ᠡ ᠨᠤᠳᠤᠭ ᠤᠨ ᠵᠤᠭᠠᠴᠠᠯ ᠤᠨ ᠦᠢᠯᠡᠰ  ᠢ ᠨᠡᠬᠡᠬᠡᠨ ᠬᠦᠭᠵᠢᠭᠦᠯᠬᠦ ᠵᠡᠷᠭᠡ ᠭᠤᠤᠯᠳᠠᠯᠭᠠᠳᠦ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠵᠦ ᠪᠠᠶᠢᠨ᠎ᠠ᠃ ᠪᠡᠯᠡ ᠨᠡᠶᠢᠯᠡᠬᠦᠯᠬᠦ᠂ ᠬᠠᠮᠳᠤᠷᠡᠨ ᠠᠵᠢᠯᠯᠠᠬᠤ ᠪᠠᠷ ᠲᠠᠮᠵᠢᠨ ᠡᠯᠡᠰᠦᠨ ᠴᠦᠯ᠂ ᠲᠠᠯ᠎ᠠ ᠨᠤᠳᠤᠭ᠂ ᠰᠤᠶᠤᠯ ᠢᠷᠬᠡᠨᠰᠢᠯ ᠵᠡᠷᠭᠡ ᠤᠬᠢ ᠵᠤᠭᠠᠴᠠᠯ ᠤᠨ ᠦᠵᠡᠮᠵᠢ ᠶᠢᠨ ᠤᠷᠤᠨ ᠢ ᠨᠡᠬᠡᠬᠡᠨ ᠬᠦᠭᠵᠢᠬᠦᠯᠪᠡ︔ ᠵᠤᠭᠠᠴᠠᠯ ᠤᠨ ᠲᠦᠷᠦᠯ ᠵᠦᠢᠯ  ᠨᠢ ᠲᠠᠯ᠎ᠠ ᠨᠤᠳᠤᠭ᠂ ᠡᠯᠡᠰᠦᠨ ᠴᠦᠯ᠂ ᠠᠭᠤᠯᠠ ᠤᠷᠭᠢᠯ᠂ ᠤᠢ ᠰᠢᠭᠤᠢ᠂ ᠨᠠᠭᠤᠷ ᠪᠦᠷᠢᠳᠦ᠂ ᠨᠡᠷᠡᠳᠦ ᠦᠵᠡᠮᠵᠢ᠂ ᠮᠤᠩᠭᠤᠯ ᠵᠠᠩ ᠠᠭᠠᠯᠢ᠂ ᠲᠡᠦᠬᠡ ᠰᠤᠶᠤᠯ ᠢ ᠨᠢᠬᠡ ᠴᠤᠭᠴᠠᠵᠢᠭᠤᠯᠵᠦ᠂ ᠡᠳᠡᠬᠡᠳ ᠤᠨᠴᠠᠯᠢᠭ ᠢ ᠪᠦᠷᠢᠯᠳᠦᠬᠦᠯᠦᠨ᠂ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠡ ᠶᠢᠨ ᠤᠷᠤᠨ ᠪᠤᠯᠤᠨ ᠤᠯᠤᠰ ᠤᠨ A ᠲᠡᠰ ᠤᠨ ᠵᠤᠭᠠᠴᠠᠯ  ᠤᠨ ᠦᠵᠡᠮᠵᠢ ᠶᠢᠨ ᠤᠷᠤᠨ ᠪᠤᠯᠬᠤ ᠴᠦᠩᠭᠦᠯ ᠤᠨ ᠭᠤᠤ ᠨᠢ ᠬᠤᠯᠡ ᠤᠶᠢᠷ᠎ᠡ ᠳᠤ ᠠᠯᠳᠡᠷᠰᠢᠵᠦ᠂ ᠡᠳᠡᠭᠡᠳ ᠤᠨᠴᠠᠯᠢᠭᠳᠦ ᠤᠢ ᠰᠢᠭᠤᠢ ᠶᠢᠨ ᠡᠬᠢ ᠰᠤᠷᠪᠤᠯᠵᠢ ᠪᠤᠯᠤᠨ ᠪᠤᠭᠤᠮᠳᠡ ᠶᠢᠨ ᠭᠠᠳᠠᠨᠠᠬᠢ ᠦᠩᠭᠡ ᠦᠵᠡᠮᠵᠢ ᠪᠠᠷ ᠢᠶᠠᠨ ᠤᠯᠤᠰ ᠤᠨ ᠲᠤᠳᠤᠨ᠎ᠠ ᠭᠠᠳᠠᠨ᠎ᠠ ᠶᠢᠨ ᠵᠤᠭᠠᠴᠠᠭᠰᠡᠳ ᠢ ᠲᠡᠳᠡᠵᠦ᠂ ᠲᠦᠮᠡᠨ ᠮᠤ᠋ ᠨᠤᠭᠤ ᠭᠠᠵᠠᠷ ᠤᠨ ᠲᠠᠯ᠎ᠠ ᠨᠤᠳᠤᠭ᠂ ᠱᠤᠩᠬᠤᠷ ᠠᠭᠤᠯᠠ᠂ ᠴᠠᠭᠠᠨ ᠰᠤᠪᠤᠷᠭ᠎ᠠ᠂ ᠤᠳᠠᠨᠳᠡᠯ᠎ᠡ ᠶᠢᠨ ᠪᠠᠳᠤᠴᠠᠭᠠᠨ ᠤ ᠴᠡᠴᠡᠷᠯᠢᠭ ᠬᠢᠬᠡᠳ ᠵᠡᠬᠦᠨ ᠰᠤᠭᠤ ᠶᠢᠨ ᠤᠯᠠᠭᠠᠨ ᠰᠤᠨᠳᠤᠤ ᠵᠡᠷᠭᠡ ᠤᠯᠠᠨ ᠵᠦᠢᠯ ᠤᠨ ᠦᠵᠡᠮᠵᠢ ᠪᠠᠶᠢᠵᠦ᠂ ᠵᠢᠯ ᠳᠤ 100 ᠲᠦᠮᠡ ᠠᠴᠠ ᠲᠡᠭᠡᠭᠰᠢ ᠵᠤᠭᠠᠴᠠᠭᠰᠡᠳ ᠢ ᠬᠦᠯᠢᠶᠡᠨ ᠠᠪᠴᠦ ᠪᠠᠶᠢᠨ᠎ᠠ᠃ ᠱᠤᠩᠬᠤᠷ ᠰᠦᠮ᠎ᠡ ᠶᠢ ᠰᠡᠷᠬᠦᠬᠡᠨ ᠪᠠᠶᠢᠭᠤᠯᠬᠤ ᠪᠠᠷ ᠠᠴᠢᠶᠠᠯᠠᠪᠤᠷᠢ ᠪᠤᠯᠭᠠᠭᠰᠠᠨ ᠱᠠᠰᠢᠨ ᠰᠤᠷᠳᠠᠬᠤᠨ ᠤ ᠵᠤᠭᠠᠴᠠᠯ ᠢ ᠶᠠᠭ ᠰᠠᠶ᠋ᠢᠬᠠᠨ ᠡᠬᠦᠳᠴᠦ᠂ ᠨᠡᠷ᠎ᠡ ᠮᠡᠨᠳᠤᠭᠰᠠᠨ ᠱᠤᠩᠬᠤᠷ ᠠᠭᠤᠯᠠ ᠪᠤᠯᠤᠨ ᠪᠤᠳᠤᠯᠭᠠᠳᠦ ᠴᠢᠨ ᠸᠠᠩ ᠰᠡᠩᠭᠡᠷᠢᠨᠴᠢᠨ ᠸᠠᠩ ᠤᠨ ᠬᠤᠷᠤᠭ᠎ᠠ᠂ ᠮᠤᠷᠢᠨ ᠤᠷᠤᠯᠳᠤᠭᠠᠨ  ᠤ ᠲᠠᠯᠠᠪᠠᠢ᠂ ᠨᠤᠭᠤᠰᠤᠳᠡᠢ ᠲᠠᠯ᠎ᠠ ᠨᠤᠳᠤᠭ ᠵᠢᠴᠢ ᠵᠡᠬᠦᠨ ᠨᠠᠭᠤᠷ ᠤᠨ ᠰᠡᠯᠡᠬᠦᠴᠡᠯ ᠠᠮᠠᠷᠡᠯᠳᠡ ᠶᠢᠨ ᠵᠤᠭᠠᠴᠠᠯ ᠤᠨ ᠦᠵᠡᠮᠵᠢ ᠶᠢᠨ ᠴᠡᠭ ᠵᠡᠷᠭᠡ ᠢᠵᠢ ᠪᠦᠷᠢᠳᠦᠬᠦᠯᠬᠦ ᠢᠨᠵᠧᠨᠧᠷᠢᠩ ᠢ ᠶᠠᠭ ᠰᠠᠶ᠋ᠢᠬᠠᠨ ᠠᠷᠠᠯᠵᠢᠶᠠᠴᠢᠨ ᠤᠷᠢᠵᠦ ᠪᠠᠶᠢᠭᠤᠯᠵᠦ ᠪᠠᠶᠢᠨ᠎ᠠ  ᠃      ᠴᠦᠩᠭᠦᠯ ᠤᠨ ᠭᠤᠤ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠡ ᠶᠢᠨ ᠤᠷᠤᠨ ᠨᠢ ᠨᠢᠬᠡᠨ ᠬᠡᠰᠡᠭ ᠪᠦᠷᠢᠨ ᠬᠠᠳᠠᠭᠠᠯᠠᠭᠳᠡᠵᠦ ᠢᠷᠡᠭᠰᠡᠨ ᠡᠷᠳᠡᠨ ᠤ ᠡᠷᠡᠮᠳᠡᠭ ᠤᠢ ᠶᠢᠨ ᠤᠷᠭᠤᠮᠠᠯ ᠤᠨ ᠬᠦᠢ ᠲᠠᠢ ᠪᠠᠶᠢᠵᠦ᠂ ᠬᠡᠳᠦᠶᠢᠪᠡᠷ ᠡᠯᠡᠰᠦᠨ ᠴᠦᠯ ᠲᠠᠢ ᠬᠦᠪᠡᠭᠡᠳᠡᠵᠦ ᠪᠠᠶᠢᠪᠠᠴᠦ ᠮᠤᠳᠤ ᠤᠷᠭᠤᠮᠠᠯ ᠢᠭ᠌ᠴᠢᠷᠡᠨ ᠵᠢᠭᠳᠡᠷᠡᠵᠦ᠂ ᠡᠪᠡᠰᠦ ᠴᠡᠴᠡᠭ ᠤᠷᠭᠤᠨ᠂ ᠪᠤᠯᠵᠤᠮᠤᠷ ᠰᠢᠪᠠᠭᠤᠳ ᠵᠢᠷᠬᠢᠯᠳᠦᠵᠦ᠂ ᠦᠩᠭᠡ ᠦᠵᠡᠮᠵᠢ ᠨᠢ ᠬᠦᠮᠦᠰ ᠢ ᠪᠠᠶᠠᠰᠬᠠᠨ᠂ ︽ᠡᠯᠡᠰᠦᠨ ᠴᠦᠯ ᠤᠨ ᠵᠢᠶᠠᠩᠨᠠᠨ︾᠂ ︽ᠡᠯᠡᠰᠦᠨ ᠲᠠᠯᠠᠢ ᠶᠢᠨ ᠭᠡᠷᠡᠯᠳᠦ ᠰᠤᠪᠤᠳ︾ ᠪᠤᠯᠤᠨ ︽ᠪᠠᠶᠢᠭᠠᠯᠢ ᠶᠢᠨ ᠬᠡᠭᠡᠷ᠎ᠡ ᠶᠢᠨ ᠠᠮᠢᠳᠡᠨ ᠤᠷᠭᠤᠮᠠᠯ ᠤᠨ ᠭᠧᠨ ᠤ ᠬᠦᠮᠦᠷᠭᠡ︾ ᠵᠡᠷᠭᠡ ᠠᠯᠢ ᠤᠯᠠᠨ ᠰᠠᠶᠢᠬᠠᠨ ᠠᠯᠳᠡᠷ ᠲᠠᠢ ᠪᠢᠯᠡ᠃ 2004 ᠤᠨ ᠳᠤ᠂ ᠤᠯᠤᠰ ᠤᠨ 4A ᠲᠡᠰ ᠤᠨ ᠵᠤᠭᠠᠴᠠᠯ ᠤᠨ ᠦᠵᠡᠮᠵᠢ ᠶᠢᠨ ᠤᠷᠤᠨ ᠢᠶᠠᠷ ᠦᠨᠡᠯᠡᠭᠳᠡᠵᠦ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠵᠤᠭᠠᠴᠠᠯ ᠤᠨ ᠦᠵᠡᠮᠵᠢ ᠶᠢᠨ ᠱᠤᠭᠤᠮ ᠤᠨ ᠨᠢᠬᠡ ᠨᠢ ᠪᠤᠯᠤᠭᠰᠠᠨ ᠪᠠᠶᠢᠨ᠎ᠠ᠃      ᠬᠤᠷᠴᠢᠨ ᠵᠡᠬᠦᠨ ᠭᠠᠷᠤᠨ ᠬᠤᠶᠢᠳᠦ ᠬᠤᠰᠢᠭᠤ ᠵᠤᠭᠠᠴᠠᠯ ᠤᠨ ᠦᠢᠯᠡᠰ ᠢᠶᠠᠷ ᠭᠠᠵᠠᠷ ᠤᠷᠤᠨ ᠤ ᠠᠵᠦ ᠠᠬᠤᠢ ᠶᠢᠨ ᠨᠡᠮᠡᠭᠳᠡᠯ ᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠡᠷ ᠲᠠᠢ ᠲᠤᠯᠭᠠᠭᠤᠷᠢ ᠠᠵᠦ ᠦᠢᠯᠡᠰ ᠢᠶᠠᠨ ᠪᠤᠯᠭᠠᠵᠦ᠂ ︽ᠲᠤᠮᠤ ᠵᠤᠭᠠᠴᠠᠯ︾ ᠤᠨ ᠬᠦᠭᠵᠢᠯᠳᠡ ᠶᠢᠨ ᠦᠵᠡᠯᠳᠡ ᠶᠢ ᠤᠯᠠᠮ ᠴᠢᠨᠠᠭᠰᠢᠳᠡ ᠪᠤᠢ ᠪᠤᠯᠭᠠᠨ᠂ ᠪᠦᠬᠦ ᠬᠤᠰᠢᠭᠤᠨ ᠤ ︽ᠬᠤᠶᠠᠷ ᠭᠤᠤᠯᠳᠤ ᠨᠢᠬᠡ ᠬᠦᠨᠳᠡᠯᠡᠨ︾ ᠵᠤᠭᠠᠴᠠᠯ ᠤᠨ ᠰᠤᠳᠤᠨ ᠱᠤᠭᠤᠮ ᠤᠨ ᠲᠤᠭᠤᠷᠢᠨ ᠳᠤ᠂ ᠪᠦᠬᠦ ᠬᠤᠰᠢᠭᠤᠨ ᠤ ᠵᠤᠭᠠᠴᠠᠯ ᠤᠨ ᠡᠬᠢ ᠰᠤᠷᠪᠤᠯᠵᠢ ᠪᠠᠨ ᠨᠡᠶᠢᠯᠡᠬᠦᠯᠦᠨ᠂ ︽304︾ ᠤᠯᠤᠰ ᠤᠨ ᠵᠠᠰᠠᠮᠠᠯ ᠵᠠᠮ  ᠢᠶᠠᠷ ᠲᠡᠩᠭᠡᠯᠢᠭ ᠪᠤᠯᠭᠠᠵᠦ᠂ ᠬᠤᠳᠡ ᠶᠢᠨ ᠦᠵᠡᠮᠵᠢ᠂ ᠪᠠᠶᠢᠭᠠᠯᠢ ᠶᠢᠨ ᠦᠵᠡᠮᠵᠢ᠂ ᠰᠤᠶᠤᠯ ᠰᠡᠯᠡᠬᠦᠴᠡᠯ᠂ ᠡᠷᠡᠬᠦᠯᠵᠢᠯ ᠨᠡᠭᠠᠳᠤᠮ ᠴᠡᠩᠭᠡᠯ ᠤᠨ ᠵᠤᠭᠠᠴᠠᠯ ᠤᠨ ᠦᠢᠯᠡᠳᠬᠡᠬᠦᠨ ᠤ ᠪᠠᠶᠢᠭᠤᠯᠤᠯᠳᠡ ᠶᠢ ᠠᠬᠢᠭᠤᠯᠵᠦ᠂ ᠠᠵᠦ ᠦᠢᠯᠡᠰ ᠢᠶᠠᠨ ᠪᠤᠵᠠᠭᠠᠶᠢᠷᠠᠭᠤᠯᠤᠨ᠂ ᠬᠡᠯᠬᠢᠶ᠎ᠡ ᠪᠠᠨ ᠤᠷᠳᠤᠳᠬᠠᠵᠦ᠂ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠲᠠᠯ᠎ᠠ ᠨᠤᠳᠤᠭ ᠤᠨ ᠵᠠᠩ ᠠᠭᠠᠯᠢ ᠶᠢᠨ ᠵᠤᠭᠠᠴᠠᠯ ᠤᠨ ᠨᠡᠷ᠎ᠡ ᠲᠡᠮᠳᠡᠭ ᠢ ᠡᠬᠦᠳᠦᠨ᠂ ᠲᠦᠷᠪᠡᠨ ᠵᠦᠭ ᠨᠠᠢᠮᠠᠨ ᠵᠤᠪᠬᠢᠰ ᠤᠨ ᠵᠤᠭᠠᠴᠠᠭᠰᠡᠳ ᠢ ᠲᠡᠳᠡᠵᠦ᠂ ᠲᠠᠯ᠎ᠠ ᠨᠤᠳᠤᠭ ᠤᠨ ᠰᠤᠶᠤᠯ᠂ ᠤᠮᠠᠷᠡᠳᠦ ᠬᠢᠯᠢ ᠶᠢᠨ ᠦᠩᠭᠡ ᠦᠵᠡᠮᠵᠢ ᠶᠢᠨ ᠤᠨᠴᠠᠯᠢᠭ ᠪᠤᠯᠤᠨ ︽ᠢᠳᠡᠬᠦ᠂ ᠬᠤᠨᠤᠬᠤ᠂ ᠠᠶᠠᠯᠠᠬᠤ᠂ ᠵᠤᠭᠠᠴᠠᠬᠤ᠂ ᠬᠤᠳᠡᠯᠳᠤᠨ ᠠᠪᠬᠤ᠂ ᠨᠠᠭᠠᠳᠤᠨ ᠴᠡᠩᠭᠡᠬᠦ︾ ᠶᠢ ᠨᠢᠬᠡ ᠴᠤᠭᠴᠠᠵᠢᠭᠤᠯᠤᠭᠰᠠᠨ ᠠᠮᠢ ᠠᠬᠤᠢ ᠶᠢᠨ ᠵᠤᠭᠠᠴᠠᠯ ᠰᠡᠯᠡᠬᠦᠴᠡᠯ ᠤᠨ ᠨᠡᠷᠡᠳᠦ ᠦᠵᠡᠮᠵᠢ ᠶᠢᠨ ᠤᠷᠤᠨ ᠢ ᠡᠬᠦᠳᠴᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号