ᠮᠠᠨ ᠤ ᠬᠤᠰᠢᠭᠤ ᠰᠠᠭᠤᠷᠢ ᠪᠠᠨ ᠪᠠᠳᠤᠳᠬᠠᠨ ᠨᠡᠷ᠎ᠡ ᠲᠡᠮᠳᠡᠭ ᠢ ᠡᠬᠦᠳᠴᠦ ᠵᠤᠭᠠᠴᠠᠯ ᠤᠨ ᠠᠵᠥ ᠦᠢᠯᠡᠰ  ᠤᠨ ᠬᠦᠭᠵᠢᠯᠳᠡ ᠶᠢ ᠲᠦᠷᠭᠡᠳᠭᠡᠵᠥ ᠪᠠᠶᠢᠭ᠎ᠠ
ᠨᠡᠶᠢᠲᠡᠯᠡᠭᠰᠡᠨ ᠴᠠᠭ᠄
2019/1/10
         ᠮᠠᠨ ᠤ ᠬᠤᠰᠢᠭᠤ ᠰᠠᠭᠤᠷᠢ ᠪᠠᠨ ᠪᠠᠳᠤᠳᠬᠠᠨ ᠨᠡᠷ᠎ᠡ ᠲᠡᠮᠳᠡᠭ ᠢ ᠡᠬᠦᠳᠴᠦ        ᠵᠤᠭᠠᠴᠠᠯ ᠤᠨ ᠠᠵᠥ ᠦᠢᠯᠡᠰ ᠤᠨ ᠬᠦᠭᠵᠢᠯᠳᠡ ᠶᠢ ᠲᠦᠷᠭᠡᠳᠭᠡᠵᠥ ᠪᠠᠶᠢᠭ᠎ᠠ          2018 ᠤᠨ ᠳᠤ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠵᠤᠭᠠᠴᠠᠯ ᠤᠨ ᠰᠠᠭᠤᠷᠢ ᠲᠦᠭᠦᠭᠡᠷᠦᠮᠵᠢ  ᠶᠢᠨ ᠪᠠᠶᠢᠭᠤᠯᠤᠯᠳᠠ ᠶᠢ ᠴᠢᠩᠭᠠᠳᠬᠠᠨ᠂ ᠰᠢᠶᠠᠩ ᠲᠤᠰᠬᠤᠨ ᠤ ᠵᠤᠭᠠᠴᠠᠯ ᠢ ᠬᠦᠭᠵᠢᠬᠦᠯᠵᠥ᠂  ᠵᠤᠭᠠᠴᠠᠯ ᠤᠨ ᠦᠢᠯᠡᠰ ᠤᠨ ᠬᠦᠭᠵᠢᠯᠳᠡ ᠶᠢᠨ ᠰᠢᠨ᠎ᠡ ᠵᠠᠮ ᠢ ᠢᠳᠡᠪᠬᠢᠳᠡᠢ ᠰᠦᠪᠡᠭᠴᠢᠯᠡᠪᠡ᠃  ᠪᠦᠬᠦ ᠵᠢᠯ ᠳᠤ ᠤᠯᠤᠰ   ᠤᠨ ᠲᠤᠳᠤᠨ᠎ᠠ ᠭᠠᠳᠠᠨᠠᠬᠢ ᠵᠤᠭᠠᠴᠠᠬᠴᠢ ᠶᠢ 145 ᠲᠦᠮᠡᠨ ᠬᠦᠮᠦᠨ ᠤᠳᠠᠭ᠎ᠠ ᠬᠦᠯᠢᠶᠡᠨ ᠵᠤᠴᠢᠯᠠᠵᠥ᠂ ᠵᠤᠭᠠᠴᠠᠯ ᠤᠨ ᠶᠡᠷᠦᠩᠬᠡᠢ ᠤᠷᠤᠯᠭ᠎ᠠ ᠶᠢ 12.8 ᠳ᠋ᠦᠩᠰᠢᠭᠤᠷ  ᠲᠦᠭᠦᠷᠢᠭ ᠪᠡᠶᠡᠯᠡᠬᠦᠯᠪᠡ᠃     ᠰᠠᠭᠤᠷᠢ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠦᠵᠡᠮᠵᠢ ᠶᠢᠨ ᠤᠷᠤᠨ ᠢ ᠨᠡᠩ ᠭᠤᠶᠤ ᠪᠤᠯᠭᠠᠪᠠ᠃  ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠤᠷᠤᠨ ᠬᠡᠪᠴᠢᠶᠡᠨ ᠳᠤ ᠠᠯᠳᠠᠷᠳᠠᠢ ᠲᠦᠷᠪᠡᠨ ᠤᠯᠠᠷᠢᠯ ᠵᠤᠭᠠᠴᠠᠬᠤ ᠰᠤᠶᠤᠯ ᠠᠮᠢ ᠠᠬᠤᠢ ᠶᠢᠨ ᠵᠤᠭᠠᠴᠠᠯ ᠤᠨ ᠬᠠᠷᠠᠯᠳᠠᠳᠦ ᠤᠷᠤᠨ ᠢ ᠪᠦᠳᠦᠭᠡᠨ ᠪᠠᠶᠢᠭᠤᠯᠬᠤ ᠬᠠᠷᠠᠯᠳᠠ ᠪᠠᠶᠢᠷᠢ ᠲᠤᠬᠳᠠᠭᠠᠯᠳᠠ ᠪᠠᠷ ︽ᠦᠷᠯᠦᠭ ᠪᠠᠭᠠᠳᠤᠷ ᠤᠨ ᠠᠬᠳᠠ ᠳᠤ ᠮᠤᠷᠳᠠᠭᠰᠠᠨ ᠤᠷᠤᠨ︾ ᠭᠡᠬᠦ ᠤᠷᠤᠨ ᠬᠡᠪᠴᠢᠶᠡᠨ ᠤ ᠨᠡᠶᠢᠳᠡ ᠶᠢᠨ ᠭᠡᠷᠡᠭᠯᠡᠭᠡᠨ ᠤ ᠨᠡᠷ᠎ᠡ ᠲᠡᠮᠳᠡᠭ ᠢ ᠲᠠᠭᠤᠷᠢᠰᠤᠭᠤᠯᠵᠥ᠂ ᠰᠢᠶᠠᠩ  ᠲᠤᠰᠬᠤᠨ ᠤ ᠵᠤᠭᠠᠴᠠᠯ ᠢ  ᠶᠡᠬᠡᠪᠡᠷ ᠬᠦᠭᠵᠢᠬᠦᠯᠪᠡ  ᠃ ︽2018 —2030 ᠪᠦᠬᠦ ᠤᠷᠤᠨ ᠬᠡᠪᠴᠢᠶᠡᠨ ᠤ ᠵᠤᠭᠠᠴᠠᠯ ᠤᠨ ᠬᠦᠭᠵᠢᠯᠳᠡ ᠶᠢᠨ ᠲᠦᠯᠦᠪᠵᠢᠬᠦᠯᠭᠡ︾ ᠶᠢ ᠨᠠᠶᠢᠷᠠᠭᠤᠯᠤᠨ ᠲᠠᠭᠤᠰᠬᠠᠪᠠ᠃  2018 ᠤᠨ ᠳᠤ 5.5 ᠳ᠋ᠦᠩᠰᠢᠭᠤᠷ ᠲᠦᠭᠦᠷᠢᠭ ᠪᠡᠯᠡ ᠤᠷᠤᠭᠤᠯᠵᠥ ᠶᠡᠭᠡ ᠴᠦᠩᠬᠦᠯ ᠤᠨ ᠦᠵᠡᠮᠵᠢ ᠶᠢᠨ ᠤᠷᠤᠨ ᠤ ᠴᠢᠨᠠᠷ ᠲᠡᠰ ᠢ ᠲᠡᠭᠡᠭᠰᠢᠯᠡᠬᠦᠯᠬᠦ᠂ ᠤᠳᠠᠨᠳᠠᠯ᠎ᠠ ᠦᠵᠡᠮᠵᠢ ᠶᠢᠨ ᠤᠷᠤᠨ ᠤ ᠪᠠᠶᠢᠭᠤᠯᠤᠯᠳᠠ᠂ ᠠᠭᠤᠯᠠ ᠭᠤᠤᠯ ᠰᠡᠳᠦᠪᠳᠦ ᠵᠢᠵᠢᠭ ᠪᠠᠯᠭᠠᠰᠤᠨ ᠤ ᠲᠦᠷᠦᠯ ᠵᠦᠢᠯ᠂ ᠵᠤᠭᠠᠴᠠᠯ ᠤᠨ ᠵᠠᠰᠠᠮᠠᠯ ᠵᠠᠮ ᠤᠨ ︽ᠲᠤᠷᠭᠠᠨ ᠵᠠᠮ ᠤᠨ ᠱᠤᠭᠤᠮ︾ ᠵᠢᠴᠢ ᠪᠤᠰᠤᠳ ᠦᠵᠡᠮᠦᠷᠢ ᠶᠢᠨ ᠤᠷᠤᠨ ᠤ ᠪᠠᠶᠢᠭᠤᠯᠤᠯᠳᠠ ᠶᠢᠨ ᠢᠨᠵᠨᠸᠢᠷᠩ ᠤᠨ ᠲᠦᠷᠦᠯ ᠵᠦᠢᠯ ᠢ ᠤᠷᠢᠳ ᠬᠤᠵᠢᠳ ᠭᠡᠷᠡᠭᠵᠢᠬᠦᠯᠵᠥ᠂ ᠵᠤᠭᠠᠴᠠᠯ ᠤᠨ ᠰᠠᠭᠤᠷᠢ ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠪᠡ᠃     ᠤᠬᠠᠭᠤᠯᠭ᠎ᠠ ᠲᠠᠨᠢᠯᠴᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂  ᠦᠵᠡᠮᠵᠢ ᠶᠢᠨ ᠴᠡᠭ ᠢ ᠨᠡᠩ ᠬᠦᠭᠵᠢᠶᠡᠨᠳᠡᠢ ᠪᠤᠯᠭᠠᠪᠠ᠃  2018 ᠤᠨ ᠳᠤ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠤᠷᠢᠳ ᠬᠤᠵᠢᠳ ᠪᠡᠭᠡᠵᠢᠩ᠂ ᠱᠧᠨᠶᠠᠩ ᠵᠡᠷᠭᠡ ᠭᠠᠵᠠᠷ ᠲᠤ ᠵᠤᠭᠠᠴᠠᠯ ᠤᠨ ᠲᠠᠨᠢᠯᠴᠠᠭᠤᠯᠭ᠎ᠠ ᠶᠢᠨ ᠬᠤᠷᠠᠯ ᠡᠷᠬᠢᠯᠡᠵᠥ᠂ ᠵᠤᠭᠠᠴᠠᠯ ᠤᠨ ᠤᠬᠠᠭᠤᠯᠭ᠎ᠠ ᠶᠢᠨ ᠫᠢᠯᠢᠮ ᠦᠢᠯᠡᠳᠴᠦ᠂ ᠬᠤᠳᠠᠯᠳᠤᠭᠠᠴᠢᠳ ᠤᠨ ᠲᠤᠰ ᠬᠤᠰᠢᠭᠤᠨ ᠤ ᠵᠤᠭᠠᠴᠠᠯ ᠤᠨ ᠦᠢᠯᠡᠰ ᠳᠤ ᠪᠡᠯᠡ ᠤᠷᠤᠭᠤᠯᠬᠤ ᠶᠢ ᠲᠠᠳᠠᠪᠠ᠃  ᠪᠦᠬᠦ ᠬᠤᠳᠠ ᠶᠢᠨ ︽ ᠨᠢᠭᠡ ᠪᠦᠰᠡ ᠨᠢᠭᠡ ᠵᠠᠮ᠂ ᠤᠪᠤᠭᠠᠨ ᠲᠡᠭᠡᠷᠡᠬᠢ ᠠᠭᠤᠯᠵᠠᠯᠳᠠ︾ ᠭᠤᠤᠯ ᠰᠡᠳᠦᠪᠳᠦ ᠠᠵᠢᠯᠯᠠᠭ᠎ᠠ  ᠂ ᠦᠪᠦᠷ ᠮᠤᠩᠭᠤᠯ ᠤᠨ ᠴᠡᠴᠡᠭᠳᠦ ᠤᠯᠠᠷᠢᠯ ᠤᠨ ᠤᠳᠠᠨᠳᠠᠯ᠎ᠠ ᠲᠡᠯᠡᠬᠡᠢ ᠶᠢᠨ ᠪᠠᠳᠤᠴᠠᠭᠠᠨ ᠤ ᠨᠠᠶᠢᠷ ᠵᠡᠷᠭᠡ ᠨᠡᠷ᠎ᠡ ᠲᠡᠮᠳᠡᠭᠳᠦ ᠠᠵᠢᠯᠯᠠᠭ᠎ᠠ ᠶᠢ ᠲᠠᠭᠠᠭᠠᠭᠴᠢᠯᠠᠨ ᠡᠷᠬᠢᠯᠡᠵᠥ  ᠂ ᠰᠢᠨᠬᠤᠸᠠ ᠬᠤᠷᠢᠶ᠎ᠠ ᠵᠡᠷᠭᠡ ᠤᠷᠤᠰᠬᠠᠯ ᠵᠠᠭᠤᠴᠢᠯᠠᠭᠤᠷ ᠢᠶᠠᠷ ᠲᠠᠮᠵᠢᠨ ᠤᠬᠠᠭᠤᠯᠭ᠎ᠠ ᠶᠢᠨ ᠬᠦᠴᠦᠴᠡ ᠶᠢ ᠶᠡᠬᠡᠰᠭᠡᠵᠥ ᠂ ᠨᠡᠩ ᠤᠯᠠᠨ ᠵᠤᠭᠠᠴᠠᠬᠴᠢ ᠶᠢ ᠲᠠᠳᠠᠵᠥ᠂ ᠶᠠᠳᠠᠭᠤ ᠶᠢ ᠲᠡᠳᠬᠦᠬᠦ ᠲᠠᠶᠢᠴᠢᠯᠠᠯ ᠤᠨ ᠬᠦᠴᠦᠨ ᠢ ᠤᠯᠠᠮ ᠲᠡᠭᠡᠭᠰᠢᠯᠡᠬᠦᠯᠪᠡ᠃   ᠠᠵᠥ ᠦᠢᠯᠡᠰ ᠢᠶᠠᠷ ᠲᠠᠶᠢᠴᠢᠯᠠᠬᠤ ᠶᠢ ᠴᠢᠩᠭᠠᠳᠬᠠᠨ᠂  ᠤᠯᠠᠨ ᠲᠦᠮᠡᠨ ᠢ ᠪᠠᠶᠠᠵᠢᠨ ᠲᠡᠭᠵᠢᠷᠡᠬᠦᠯᠪᠡ᠃   ᠰᠡᠨᠳᠦᠦ ᠰᠤᠮᠤ ᠶᠢᠨ ᠴᠧᠵᠢᠶᠠ ᠲᠤᠰᠬᠤᠨ ᠬᠠᠮᠳᠤ ᠶᠢᠨ ᠠᠵᠤ ᠠᠬᠤᠢ   ᠶᠢᠨ ᠬᠡᠯᠪᠡᠷᠢ ᠪᠠᠷ ᠰᠤᠭᠤ ᠶᠢᠨ ᠡᠯᠡᠰᠦ  ᠶᠢᠨ ᠵᠤᠭᠠᠴᠠᠯ ᠤᠨ ᠤᠷᠤᠨ ᠢ ᠨᠡᠭᠡᠭᠡᠨ ᠪᠠᠶᠢᠭᠤᠯᠵᠥ᠂ 33  ᠶᠠᠳᠠᠭᠤ ᠡᠷᠦᠬᠡ 117 ᠬᠦᠮᠦᠨ ᠠᠮᠠ ᠶᠢᠨ  ᠬᠦᠮᠦᠨ ᠲᠤᠮᠳᠠᠴᠢ ᠤᠷᠤᠯᠭ᠎ᠠ ᠶᠢ 2000  ᠲᠦᠭᠦᠷᠢᠭ ᠨᠡᠮᠡᠭᠳᠡᠬᠦᠯᠵᠥ᠂  ᠪᠦᠬᠦ ᠬᠤᠳᠠ ᠶᠢᠨ ᠰᠢᠶᠠᠩ ᠲᠤᠰᠬᠤᠨ ᠤ ᠵᠤᠭᠠᠴᠠᠯ ᠤᠨ ᠬᠦᠭᠵᠢᠯᠳᠡ ᠶᠢᠨ ᠲᠠᠭᠤᠷᠢᠶᠠᠯ ᠵᠢᠱᠢᠶ᠎ᠡ ᠱᠠᠩᠨᠠᠯ ᠬᠦᠷᠳᠡᠪᠡ᠃  ᠶᠠᠳᠠᠭᠤ ᠡᠷᠦᠬᠡ ᠶᠢᠨ ᠮᠠᠯᠴᠢᠨ ᠲᠠᠷᠢᠶᠠᠴᠢᠳ ᠤᠨ ᠬᠤᠭᠤᠯᠠᠨ ᠭᠡᠷ ᠡᠵᠩᠨᠡᠬᠦ ᠶᠢ ᠲᠡᠮᠵᠢᠨ ᠵᠤᠷᠬᠵᠢᠭᠤᠯᠵᠥ᠂ ᠪᠦᠬᠦ ᠬᠤᠰᠢᠭᠤᠨ ᠳᠤ ᠮᠠᠯᠴᠢᠨ ᠲᠠᠷᠢᠶᠠᠴᠢᠳ ᠤᠨ ᠬᠤᠭᠤᠯᠠᠨ ᠭᠡᠷ 50 ᠭᠠᠷᠤᠢ ᠡᠷᠦᠬᠡ ᠪᠤᠯᠪᠠ᠃   ᠦᠨᠳᠦᠰᠦᠳᠡᠨ ᠤ ᠭᠠᠷ ᠤᠷᠠᠯᠠᠯ ᠤᠨ ᠦᠢᠯᠡᠳᠬᠦᠨ ᠵᠤᠬᠢᠶᠠᠬᠤ ᠲᠤᠰᠬᠠᠢ ᠬᠤᠷᠰᠢᠶᠠᠵᠢᠯ ᠡᠬᠦᠳᠦᠨ ᠪᠠᠶᠢᠭᠤᠯᠬᠤ ᠶᠢ ᠲᠡᠮᠵᠢᠵᠥ᠂  700 ᠭᠠᠷᠤᠢ ᠨᠡᠷᠡᠰ ᠶᠠᠳᠠᠭᠤ ᠡᠮᠡᠭᠳᠡᠢ ᠭᠡᠷ ᠠᠴᠠ ᠪᠠᠨ ᠭᠠᠷᠬᠤ ᠦᠬᠡᠢ ᠪᠠᠷ ᠤᠷᠤᠯᠭ᠎ᠠ, ᠨᠡᠮᠡᠭᠳᠡᠬᠦ ᠶᠢ ᠪᠡᠶᠡᠯᠡᠬᠦᠯᠦᠭᠰᠡᠨ ᠪᠠᠶᠢᠨ᠎ᠠ  ᠃
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号