ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2019/12/25
  ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ   ᠡᠳ᠋ ᠤᠨ ᠵᠠᠰᠠᠭ ᠤᠨ ᠲᠤᠪᠴᠢᠶ᠎ᠠ ᠶᠢᠨ ᠪᠢᠴᠢᠭ ᠮᠠᠲ᠋ᠧᠷᠢᠶᠠᠯ                                                   ᠬᠤᠶᠢᠳᠤ ᠬᠤᠰᠢᠭᠤᠨ ᠤ ᠡᠳ᠋ ᠤᠨ ᠵᠠᠰᠠᠭ ﹇2019﹈ 392 ᠳ᠋ᠤᠭᠠᠷ ᠲᠤᠭᠠᠳᠦ       2019 ᠤᠨ ᠤ ᠨᠡᠶᠢᠳᠭᠡᠮᠡᠯ ᠪᠡᠯᠡ ᠮᠦᠩᠭᠦ ᠶᠢ ᠪᠠᠭᠤᠯᠭᠠᠬᠤ ᠲᠤᠬᠠᠢ ᠮᠡᠳᠡᠭᠳᠡᠯ ᠬᠤᠷᠴᠢᠨ ᠵᠡᠬᠦᠨ ᠭᠠᠷᠤᠨ ᠬᠤᠶᠢᠳᠦ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ᠄         ︽2019 ᠤᠨ ᠤ ᠨᠢᠬᠡᠳᠦᠯᠳᠡᠢ ᠲᠦᠯᠦᠪᠯᠡᠵᠦ ᠨᠡᠶᠢᠳᠭᠡᠨ ᠬᠡᠷᠡᠭᠯᠡᠬᠦ ᠡᠳ᠋ ᠤᠨ ᠵᠠᠰᠠᠭ ᠤᠨ ᠮᠠᠯ ᠲᠠᠷᠢᠶᠠᠯᠠᠩ  ᠲᠠᠢ ᠬᠤᠯᠪᠤᠭᠳᠠᠬᠤ ᠪᠡᠯᠡ ᠮᠦᠩᠭᠦ ᠶᠢ ᠪᠠᠭᠤᠯᠭᠠᠨ ᠦᠭᠭᠦ︾ ︵ᠬᠤᠶᠢᠳᠦ ᠬᠤᠰᠢᠭᠤᠨ ᠤ ᠪᠠᠭᠤᠯᠭᠠᠨ ᠦᠭᠭᠦ ᠠᠯᠪᠠᠨ ᠭᠡᠷ ᠤᠨ ᠲᠠᠷᠬᠠᠭᠠᠭᠰᠠᠨ ﹇2017﹈ 110 ᠳ᠋ᠤᠭᠠᠷ ᠲᠤᠭᠠᠳᠦ︶ ᠪᠤᠯᠤᠨ ︽ᠡᠷᠡᠬᠦᠯᠵᠢᠯ ᠢᠶᠠᠷ ᠶᠠᠳᠠᠭᠤ ᠶᠢ ᠲᠡᠳᠬᠦᠬᠦ ᠵᠢᠬᠡᠯᠡᠯᠭᠡ ᠶᠢᠨ ᠲᠡᠮ ᠬᠦᠦ ᠮᠦᠩᠭᠦ ᠶᠢ ᠪᠠᠭᠤᠯᠭᠠᠬᠤ ᠲᠤᠬᠠᠢ ᠮᠡᠳᠡᠭᠳᠡᠯ︾ ︵ᠲᠦᠩᠯᠢᠶᠥᠥ ᠶᠢᠨ ᠡᠳ᠋ ᠤᠨ ᠵᠠᠰᠠᠭ ᠤᠨ ﹇2017﹈ 846 ᠳ᠋ᠤᠭᠠᠷ ᠲᠤᠭᠠᠳᠤ︶ ᠤᠨ ᠪᠢᠴᠢᠭ ᠮᠠᠲ᠋ᠧᠷᠢᠶᠡᠯ ᠤᠨ ᠠᠭᠤᠯᠭ᠎ᠠ ᠶᠢ ᠦᠨᠳᠦᠰᠦᠯᠡᠨ᠂ ᠦᠨᠦ ᠲᠠᠨ ᠤ ᠨᠢᠬᠡᠴᠡ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠳᠤ ᠬᠡᠷᠡᠭᠯᠡᠬᠦᠯᠬᠦ ᠨᠡᠶᠢᠳᠭᠡᠮᠡᠯ ᠪᠡᠯᠡ ᠮᠦᠩᠭᠦ 5 ᠲᠦᠮᠡᠨ ᠲᠦᠬᠦᠷᠢᠭ ᠪᠠᠭᠤᠯᠭᠠᠨ ᠦᠭᠪᠡ᠃ ᠲᠤᠰ ᠪᠡᠯᠡ ᠮᠦᠩᠭᠦ ᠶᠢ 2019 ᠤᠨ ᠤ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠲᠦᠷᠦᠯ ᠢᠯᠭᠠᠯ ᠤᠨ 213 ᠳ᠋ᠤᠭᠠᠷ ᠲᠦᠷᠦᠯ ᠤᠨ 05 ᠵᠤᠷᠪᠤᠰ ᠲᠠᠢ ᠲᠤᠬᠢᠷᠠᠯᠴᠠᠬᠤ ᠵᠦᠢᠯ ᠢᠯᠭᠠᠯ ᠳᠤ ᠤᠷᠤᠭᠤᠯᠪᠠ᠃     2019 ᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠲᠦᠯᠦᠪᠵᠢᠬᠦᠯᠭᠡ ᠪᠤᠯᠤᠨ ᠬᠠᠷᠠᠯᠳᠡ ᠡᠬᠦᠷᠭᠡ ᠶᠢ ᠦᠨᠳᠦᠰᠦᠯᠡᠨ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠵᠤ᠂ ᠨᠢᠬᠡᠳᠦᠯᠳᠡᠢ ᠪᠠᠶᠢᠷᠢᠯᠠᠭᠤᠯᠤᠨ᠂ ᠪᠡᠯᠡ ᠮᠦᠩᠭᠦ ᠶᠢ ᠬᠢᠨᠠᠮᠠᠭᠠᠢ ᠰᠠᠶᠢᠳᠦᠷ ᠲᠦᠷᠢᠮᠵᠢᠬᠦᠯᠦᠨ ᠬᠠᠮᠢᠶᠠᠷᠴᠦ᠂ ᠪᠠᠭᠤᠯᠭᠠᠨ ᠦᠭᠭᠦ ᠠᠬᠢᠴᠠ ᠪᠠᠨ ᠲᠦᠷᠭᠡᠳᠭᠡᠨ᠂ ᠪᠡᠯᠡ ᠮᠦᠩᠭᠦ ᠶᠢ ᠰᠠᠭᠠᠳᠠᠭᠠᠬᠤ᠂ ᠰᠤᠯᠡ ᠲᠠᠯᠪᠢᠬᠤ ᠠᠰᠠᠭᠤᠳᠡᠯ ᠡᠬᠦᠰᠬᠦ ᠶᠢ ᠬᠤᠷᠢᠭᠯᠠᠵᠤ᠂ ᠶᠠᠳᠠᠭᠤ ᠶᠢ ᠲᠡᠳᠬᠦᠬᠦ ᠪᠡᠯᠡ ᠮᠦᠩᠭᠦ ᠶᠢᠨ ᠦᠷ᠎ᠡ ᠠᠰᠢᠭ ᠢ ᠬᠦᠢᠴᠡᠳ ᠪᠠᠳᠠᠷᠠᠭᠤᠯᠬᠤ ᠶᠢ ᠪᠠᠳᠤᠯᠠᠬᠤ ᠪᠤᠯᠪᠠᠤ᠃                                                                2019 ᠤᠨ ᠤ 9 ᠰᠡᠷ᠎ᠡ ᠶᠢᠨ 11 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号