ᠮᠠᠨ ᠤ ᠬᠤᠰᠢᠭᠤ 16074 ᠶᠠᠳᠠᠭᠤ ᠬᠦᠮᠦᠨ ᠠᠮᠠ ᠳᠤ ᠲᠤᠤᠷ᠎ᠠ ᠪᠠᠳᠤᠯᠠᠭ᠎ᠠ ᠶᠢᠨ ᠮᠦᠩᠬᠦ ᠤᠯᠭᠤᠵᠥ ᠪᠠᠶᠢᠨ᠎ᠠ
ᠨᠡᠶᠢᠲᠡᠯᠡᠭᠰᠡᠨ ᠴᠠᠭ᠄
2019/12/26
             ᠮᠠᠨ ᠤ ᠬᠤᠰᠢᠭᠤ 16074 ᠶᠠᠳᠠᠭᠤ ᠬᠦᠮᠦᠨ ᠠᠮᠠ ᠳᠤ              ᠲᠤᠤᠷ᠎ᠠ ᠪᠠᠳᠤᠯᠠᠭ᠎ᠠ ᠶᠢᠨ ᠮᠦᠩᠬᠦ ᠤᠯᠭᠤᠵᠥ ᠪᠠᠶᠢᠨ᠎ᠠ                   ᠵᠢᠯ ᠤᠨ ᠡᠬᠢᠨ ᠠᠴᠠ ᠨᠠᠰᠢ᠂  ᠮᠠᠨ ᠤ ᠬᠤᠰᠢᠭᠤ ᠬᠦᠳᠡᠭᠡ ᠲᠤᠰᠬᠤᠨ ᠮᠠᠯᠵᠢᠬᠤ ᠤᠷᠤᠨ ᠤ ᠲᠤᠤᠷ᠎ᠠ ᠪᠠᠳᠤᠯᠠᠭ᠎ᠠ ᠶᠢ ᠲᠤᠰᠬᠠᠢ ᠴᠡᠭᠴᠡᠯᠡᠵᠥ ᠵᠠᠰᠠᠬᠤ ᠠᠵᠢᠯ ᠢ ᠬᠦᠨᠵᠡᠭᠡᠶᠢᠷᠡᠬᠦᠯᠬᠦ ᠪᠠᠷ ᠰᠢᠪᠳᠤᠯᠤᠯᠳᠠ ᠪᠤᠯᠭᠠᠨ᠂  ᠪᠠᠶᠢᠴᠭᠠᠨ ᠰᠤᠳᠤᠯᠤᠯᠳᠠ ᠶᠢᠨ ᠪᠤᠭᠤᠮᠳᠠ᠂  ᠬᠢᠨᠠᠨ ᠰᠢᠯᠭᠠᠬᠤ ᠪᠤᠭᠤᠮᠳᠠ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠤᠭᠤᠮᠳᠠ ᠶᠢ ᠴᠢᠩᠭ᠎ᠠ ᠠᠳᠬᠤᠨ᠂  ᠬᠤᠳᠠ ᠬᠦᠳᠡᠭᠡᠨ ᠤ ᠲᠤᠤᠷ᠎ᠠ ᠪᠠᠳᠤᠯᠠᠭ᠎ᠠ ᠶᠢᠨ ᠲᠦᠷᠢᠮᠵᠢᠭᠰᠡᠨ ᠬᠠᠮᠢᠶᠠᠷᠤᠯᠳᠠ ᠶᠢ ᠪᠦᠬᠦ ᠲᠠᠯ᠎ᠠ ᠪᠠᠷ ᠠᠬᠢᠭᠤᠯᠵᠥ᠂ ᠪᠠᠳᠤᠯᠠᠭ᠎ᠠ ᠳᠤ ᠤᠷᠤᠭᠤᠯᠵᠥ ᠪᠤᠯᠬᠤ ᠶᠢ ᠨᠢ ᠪᠦᠬᠦᠨ ᠢ ᠤᠷᠤᠭᠤᠯᠵᠥ᠂  ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠢ ᠤᠯᠠᠨ ᠲᠦᠮᠡᠨ ᠳᠤ ᠪᠦᠷ ᠤᠯᠤᠰ ᠤᠨ ᠲᠤᠤᠷ᠎ᠠ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯᠠᠯ ᠡᠳ᠋ᠯᠡᠬᠦᠯᠪᠡ᠃       ᠮᠠᠨ ᠤ ᠬᠤᠰᠢᠭᠤ ᠡᠷᠬᠢᠨ ᠦᠵᠡᠬᠦ᠂  ᠲᠤᠮᠤ ᠪᠠᠶᠢᠴᠭᠠᠯᠳᠠ ᠵᠡᠷᠭᠡ ᠲᠤᠰᠠᠬᠠᠢ ᠲᠦᠷᠦᠯ ᠤᠨ ᠠᠵᠢᠯᠯᠠᠭ᠎ᠠ ᠦᠷᠨᠢᠬᠦᠯᠬᠦ ᠪᠠᠷ ᠲᠡᠮᠵᠢᠨ  ᠬᠦᠳᠡᠭᠡ ᠲᠤᠰᠬᠤᠨ ᠮᠠᠯᠵᠢᠬᠤ ᠤᠷᠤᠨ ᠢᠶᠠᠷ ᠭᠤᠤᠯᠳᠠᠭᠤᠯᠵᠥ᠂  ᠬᠤᠳᠠ ᠬᠦᠳᠡᠭᠡᠨ ᠤ ᠶᠠᠳᠠᠭᠤ ᠬᠦᠴᠢᠷᠳᠡᠢ ᠨᠠᠰᠤᠳᠠᠨ᠂  ᠵᠡᠮᠳᠡᠭ ᠬᠦᠮᠦᠨ᠂ ᠬᠡᠦᠬᠡᠳ ᠵᠢᠴᠢ ᠶᠠᠳᠠᠭᠤ ᠠᠴᠠ ᠪᠠᠨ ᠠᠩᠵᠢᠷᠠᠭ᠎ᠠ ᠦᠬᠡᠢ ᠭᠡᠷ ᠪᠦᠯᠢ ᠶᠢ ᠪᠦᠬᠦ ᠲᠠᠯ᠎ᠠ ᠪᠠᠷ ᠮᠦᠷᠳᠡᠨ ᠪᠠᠶᠢᠴᠭᠠᠵᠥ᠂  ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠡᠷᠦᠬᠡ  ᠶᠢ ᠰᠠᠭᠤᠷᠢ ᠪᠠᠳᠤᠯᠠᠭ᠎ᠠ ᠢᠶᠠᠷ ᠠᠪᠤᠷᠠᠨ ᠲᠤᠰᠯᠠᠬᠠᠤ ᠶᠢ ᠪᠠᠳᠤᠯᠠᠪᠠ᠃   ᠤᠳᠤ ᠪᠤᠯᠳᠠᠯ᠎ᠠ᠂  ᠪᠦᠬᠦ ᠬᠤᠰᠢᠭᠤᠨ ᠤ ᠬᠤᠳᠠ ᠬᠦᠳᠡᠭᠡᠨ ᠤ ᠲᠤᠤᠷ᠎ᠠ ᠪᠠᠳᠤᠯᠭᠠᠳᠤ ᠬᠦᠮᠦᠨ 16074 ᠪᠠᠶᠢᠵᠥ᠂ ᠡᠬᠦᠨ ᠳᠤ ᠬᠤᠳᠠ ᠪᠠᠯᠭᠠᠰᠤᠨ ᠳᠤ 2747 ᠬᠦᠮᠦᠨ᠂  ᠬᠦᠳᠡᠭᠡ ᠲᠤᠰᠬᠤᠨ ᠳᠤ 13327 ᠬᠦᠮᠦᠨ ᠪᠤᠢ᠃  ᠲᠤᠤᠷ᠎ᠠ ᠪᠠᠳᠤᠯᠠᠭ᠎ᠠ ᠶᠢᠨ ᠮᠦᠩᠬᠦ ᠶᠢ 6119 ᠲᠦᠮᠡᠨ ᠲᠦᠭᠦᠷᠢᠭ ᠲᠠᠷᠬᠠᠭᠠᠵᠥ᠂ ᠡᠬᠦᠨ ᠳᠤ ᠬᠤᠳᠠ ᠪᠠᠯᠭᠠᠰᠤᠨ ᠤ ᠲᠤᠤᠷ᠎ᠠ ᠪᠠᠳᠤᠯᠠᠭ᠎ᠠ ᠶᠢᠨ ᠮᠦᠩᠬᠦ  ᠶᠢ 1795 ᠲᠦᠮᠡᠨ ᠲᠦᠭᠦᠷᠢᠭ᠂  ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢᠨ ᠮᠦᠩᠬᠦ ᠶᠢ 4324 ᠲᠦᠮᠡᠨ ᠲᠦᠭᠦᠷᠢᠭ ᠲᠠᠷᠬᠠᠭᠠᠪᠠ᠃                            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号