ᠪᠠᠭᠰᠢ ᠬᠦᠮᠦᠨ ᠤ ᠬᠢᠴᠢᠶᠡᠯ ᠵᠢᠭᠠᠬᠤ | ᠤᠷ᠎ᠡ ᠴᠢᠳᠠᠪᠤᠷᠢ ᠶᠢᠨ ᠳᠤᠬᠠᠢ ᠦᠭᠦᠯᠡᠬᠦ ᠨᠢ | | ᠰᠤᠷᠭᠠᠭᠤᠯᠢ ᠶᠢᠨ ᠵᠢᠭᠠᠨ ᠰᠤᠷᠭᠠᠯᠲᠠ ᠪᠤᠯ ᠳᠤᠰᠬᠠᠢ ᠮᠡᠷᠭᠡᠵᠢᠯ ᠪᠦᠬᠦᠢ ᠬᠢᠴᠢᠶᠡᠯ ᠤᠨ ᠪᠠᠭᠰᠢ ᠪᠠᠷ | ᠤᠳᠤᠷᠢᠳᠤᠭᠠᠴᠢ ᠪᠤᠯᠭᠠᠭᠰᠠᠨ ᠰᠤᠷᠤᠭᠴᠢ ᠪᠠᠷ ᠰᠤᠷᠬᠤ ᠶᠢᠨ ᠭᠤᠤᠯ ᠪᠡᠶ᠎ᠡ ᠪᠤᠯᠭᠠᠭᠰᠠᠨ ᠰᠤᠷᠭᠠᠭᠤᠯᠢ ᠶᠢᠨ | ᠬᠦᠷᠢᠶᠡᠨ ᠤ ᠳᠤᠰᠬᠠᠢ ᠨᠢᠭᠡᠨ ᠭᠠᠵᠠᠷ ᠲᠤ ᠶᠠᠪᠤᠭᠳᠠᠳᠠᠭ ᠨᠢᠭᠡᠨ ᠤᠨᠴᠠᠭᠠᠢ ᠠᠵᠢᠯᠯᠠᠭ᠎ᠠ ᠪᠤᠯᠤᠨ᠎ᠠ᠃ ᠠᠳᠡ | ᠬᠡᠯᠡᠵᠦ ᠪᠠᠶᠢᠭ᠎ᠠ ᠰᠤᠷᠭᠠᠭᠤᠯᠢ ᠶᠢᠨ ᠭᠦᠷᠢᠶᠡᠨ ᠤ ᠳᠤᠰᠬᠠᠢ ᠨᠢᠭᠡᠨ ᠭᠠᠵᠠᠷ ᠭᠡᠳᠡᠭ ᠨᠢ ᠬᠢᠴᠢᠶᠡᠯ ᠤᠨ ᠭᠡᠷ᠂ | ᠲᠤᠷᠰᠢᠯᠲᠠ ᠶᠢᠨ ᠳᠠᠰᠤᠭ᠂ ᠤᠩᠰᠢᠯᠭ᠎ᠠ ᠶᠢᠨ ᠦᠷᠦᠭᠡ᠂ ᠦᠵᠡᠭᠦᠯᠭᠡ ᠶᠢᠨ ᠭᠡᠷ᠂ ᠬᠦᠳᠡᠯᠭᠡᠭᠡᠨ ᠤ ᠲᠠᠯᠠᠪᠤᠷ ᠵᠡᠷᠭᠡ | ᠶᠢ ᠵᠢᠭᠠᠵᠦ ᠪᠠᠶᠢᠭ᠎ᠠ ᠶᠤᠮ᠂ ᠳᠡᠭᠡᠪᠡᠯ ᠤᠨᠴᠠᠭᠠᠢ ᠠᠵᠢᠯᠯᠠᠭ᠎ᠠ ᠬᠡᠳᠡᠭ ᠨᠢ ᠳᠠᠷᠤᠢ ᠳᠤᠭᠲᠠᠭᠰᠠᠨ ᠬᠠᠷᠠᠯᠲᠠ ᠵᠤᠷᠢᠯᠭ᠎ᠠ | ᠲᠠᠢ ᠪᠠᠷ ᠬᠢᠴᠢᠶᠡᠯ ᠤᠨ ᠪᠠᠭᠰᠢ ᠶᠢᠨ ᠵᠢᠯᠤᠭᠤᠳᠤᠯᠭ᠎ᠠ ᠬᠠᠪᠰᠤᠷᠤᠯᠭ᠎ᠠ ᠪᠠ ᠴᠢᠩᠭ᠎ᠠ ᠨᠢᠬᠳᠠ ᠵᠤᠬᠢᠶᠠᠨ | ᠪᠠᠶᠢᠭᠤᠯᠤᠯᠳᠠ ᠶᠢᠨ ᠳᠤᠤᠷ᠎ᠠ ᠰᠤᠷᠤᠭᠴᠢ ᠪᠡᠶ᠎ᠡ ᠪᠠᠨ ᠳᠠᠭᠠᠭᠠᠵᠦ ᠠᠩᠬᠠᠷᠤᠯ ᠢᠶᠠᠨ ᠲᠦᠪᠯᠡᠷᠡᠭᠦᠯᠦᠨ ᠤᠶᠤᠨ ᠲᠠᠷᠢᠬᠢ | ᠪᠠᠨ ᠬᠦᠳᠡᠯᠭᠡᠨ ᠰᠤᠨᠤᠰᠴᠦ ᠤᠶᠢᠯᠭᠠᠨ᠂ ᠣᠩᠰᠢᠵᠦ ᠰᠤᠨᠢᠷᠬᠠᠨ᠂ ᠶᠠᠷᠢᠵᠦ ᠢᠯᠡᠳᠭᠡᠨ᠂ ᠪᠢᠴᠢᠵᠦ ᠨᠠᠶᠢᠷᠠᠭᠤᠯᠤᠨ᠂ | ᠭᠠᠷ ᠬᠦᠳᠡᠯᠭᠡᠨ ᠤᠷᠤᠯᠳᠤᠵᠦ ᠵᠤᠬᠢᠶᠠᠵᠦ ᠪᠦᠲᠦᠭᠡᠬᠦ ᠪᠠᠷ ᠳᠠᠮᠵᠢᠨ᠂ ᠰᠤᠶᠤᠯ ᠮᠡᠳᠡᠯᠭᠡ ᠪᠠ ᠮᠡᠷᠭᠡᠵᠢᠯ ᠴᠢᠳᠠᠪᠤᠷᠢ | ᠶᠢ ᠰᠤᠷᠴᠦ ᠡᠵᠡᠮᠰᠢᠬᠦ ᠰᠤᠷᠭᠠᠭᠤᠯᠢ ᠶᠢᠨ ᠬᠦᠷᠢᠶᠡᠨ ᠤ ᠤᠨᠴᠠᠭᠠᠢ ᠠᠵᠢᠯᠯᠠᠭ᠎ᠠ ᠪᠤᠯᠤᠨ᠎ᠠ᠃ ᠡᠨᠡᠬᠦ ᠳᠤᠰᠬᠠᠢ ᠭᠠᠵᠠᠷ | ᠲᠤ ᠤᠨᠴᠠᠭᠠᠢ ᠠᠵᠢᠯᠯᠠᠭ᠎ᠠ ᠶᠢ ᠵᠤᠬᠢᠶᠠᠨ ᠪᠠᠶᠢᠭᠤᠯᠵᠦ ᠬᠦᠢᠴᠡᠳᠭᠡᠳᠡᠭ ᠪᠠᠭᠰᠢ ᠨᠠᠷ ᠵᠠᠪᠠᠯ ᠬᠢᠴᠢᠶᠡᠯ ᠵᠢᠭᠠᠬᠤ ᠤᠷ᠎ᠠ | ᠴᠢᠳᠠᠪᠤᠷᠢ ᠲᠠᠢ ᠪᠠᠶᠢᠬᠤ ᠬᠡᠷᠡᠭᠲᠠᠢ ᠶᠤᠮ᠃ ᠳᠤᠤᠷ᠎ᠠ ᠪᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠬᠢᠴᠢᠶᠡᠯ ᠵᠢᠭᠠᠬᠤ ᠤᠷ᠎ᠡ ᠴᠢᠳᠠᠪᠤᠷᠢ ᠶᠢᠨ ᠳᠤᠬᠠᠢ ᠳᠤᠪᠴᠢ ᠦᠬᠦᠯᠡᠵᠦ ᠪᠠᠭᠰᠢ ᠨᠠᠷ ᠤᠨ ᠯᠠᠪᠯᠠᠬᠤ ᠵᠦᠢᠯ ᠪᠤᠯᠭᠠᠶ᠎ᠠ᠃ | | 1. ᠳᠣᠮᠳᠠᠳᠣ ᠪᠠᠭ᠎ᠠ ᠰᠤᠷᠭᠠᠭᠤᠯᠢ ᠶᠢᠨ ᠪᠠᠭᠰᠢ ᠪᠤᠯᠤᠭᠰᠠᠳ ᠶᠠᠭᠤᠨ ᠤ ᠡᠮᠦᠨ᠎ᠡ ᠵᠢᠭᠠᠬᠤ ᠭᠡᠵᠦ ᠪᠠᠶᠢᠭ᠎ᠠ | ᠮᠠᠲ᠋ᠧᠷᠢᠶᠠᠯ ᠳᠠᠭᠠᠨ ᠬᠦᠨ ᠨᠡᠪᠲᠡᠷᠡᠵᠦ᠂ ᠲᠡᠭᠦᠨ ᠤ ᠳᠤᠲᠤᠭᠠᠲᠦ ᠳᠤ ᠠᠭᠤᠯᠤᠭᠳᠠᠵᠦ ᠪᠠᠶᠢᠭ᠎ᠠ ᠨᠠᠷᠢᠨ ᠵᠦᠢᠯ ᠤᠳ | ᠢ ᠵᠠᠳᠠᠯᠤᠨ ᠲᠤᠶᠠᠴᠢᠵᠦ᠂ ᠦᠪᠡᠷ ᠤᠨ ᠢᠶᠠᠨ ᠰᠠᠶᠢᠨ ᠮᠡᠳᠡᠵᠦ ᠬᠢᠵᠦ ᠴᠢᠳᠠᠳᠠᠭ ᠶᠠᠭᠤᠮ᠎ᠠ ᠪᠠᠨ ᠪᠤᠯᠭᠠᠨ ᠠᠪᠬᠤ | ᠬᠡᠷᠡᠭᠲᠠᠢ ᠪᠦᠭᠡᠳ ᠰᠤᠷᠤᠭᠴᠢ ᠳᠤ ᠵᠢᠭᠠᠬᠤ ᠳᠤ ᠪᠦᠷᠢᠨ ᠪᠠᠲᠤᠯᠠᠭ᠎ᠠ ᠲᠠᠢ ᠪᠠᠶᠢᠬᠤ ᠬᠡᠷᠡᠭᠲᠠᠢ᠃ ᠡᠭᠦᠨ ᠤ ᠳᠠᠭᠠᠤ | ᠳᠤ ᠦᠪᠡᠷ ᠤᠨ ᠵᠢᠭᠠᠵᠦ ᠪᠠᠶᠢᠭ᠎ᠠ ᠬᠢᠴᠢᠶᠡᠯ ᠲᠦᠷᠦᠯ ᠤᠨ ᠢᠶᠠᠨ ᠬᠢᠴᠢᠶᠡᠯ ᠤᠨ ᠪᠠᠷᠢᠮᠵᠢᠶ᠎ᠠ ᠳᠤ ᠪᠠᠨ ᠰᠠᠶᠢᠨ | ᠨᠡᠪᠲᠡᠷᠡᠭᠰᠡᠨ ᠪᠠᠶᠢᠬᠤ ᠬᠡᠷᠡᠭᠲᠠᠢ᠃ ᠡᠨᠡ ᠪᠤᠯ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠤᠯᠤᠭᠰᠠᠳ ᠤᠨ ᠪᠡᠶ᠎ᠡ | ᠳᠡᠭᠡᠷ᠎ᠡ ᠪᠠᠶᠢᠬᠤ ᠬᠠᠮᠤᠭ ᠦᠨᠳᠦᠰᠦᠨ ᠨᠦᠭᠦᠴᠡᠯ ᠮᠦᠨ᠃ ᠠᠷᠠᠳ ᠤᠨ ᠦᠭᠡᠨ ᠳᠤ ︽ᠦᠪᠡᠷ ᠢᠶᠠᠨ ᠮᠡᠳᠡᠬᠦ | ᠦᠭᠡᠢ ᠪᠠᠷ ᠬᠦᠮᠦᠨ ᠳᠤ ᠶᠠᠭᠠᠬᠢᠵᠦ ᠵᠢᠭᠠᠬᠤ ᠪᠤᠢ︖︾ ᠬᠡᠳᠡᠭ ᠪᠠ ︽ᠨᠢᠭᠡ ᠬᠦᠮᠦᠨ ᠬᠡᠷᠪᠡ ᠪᠤᠰᠣᠳ ᠲᠤ ᠨᠢᠭᠡ | ᠰᠢᠨᠠᠭ᠎ᠠ ᠤᠰᠤ ᠦᠭᠬᠦ ᠭᠡᠪᠡᠯ ᠦᠪᠡᠷᠲᠡᠭᠡᠨ ᠵᠠᠪᠠᠯ ᠨᠢᠭᠡ ᠰᠠᠭᠤᠯᠭ᠎ᠠ ᠤᠰᠤ ᠪᠡᠯᠡᠳᠭᠡᠭᠰᠡᠨ ᠪᠠᠶᠢᠬᠤ ᠭᠡᠷᠡᠭᠲᠡᠢ︾ | ᠭᠡᠳᠡᠭ ᠨᠢ ᠳᠠᠷᠤᠢ ᠡᠨᠡ ᠶᠤᠰᠤ ᠪᠤᠯᠠᠢ᠃ | 2. ᠪᠠᠭᠰᠢ ᠪᠤᠯᠤᠭᠰᠠᠳ ᠵᠠᠪᠠᠯ ᠬᠢᠴᠢᠶᠡᠯ ᠢᠶᠠᠨ ᠨᠠᠷᠢᠨ ᠬᠢᠨᠠᠮᠠᠭᠠᠢ ᠰᠠᠶᠢᠲᠤᠷ ᠪᠡᠯᠡᠳᠭᠡᠬᠦ ᠶᠠᠪᠤᠳᠠᠯ ᠪᠤᠯᠤᠨ᠎ᠠ᠂ | ᠶᠡᠷᠦ ᠶᠢᠨ ᠦᠭᠡᠨ ᠳᠤ ᠪᠡᠯᠡᠳᠭᠡᠯ ᠲᠠᠢ ᠪᠤᠯ ᠪᠡᠷᠬᠡᠳᠡᠬᠦ ᠦᠭᠡᠢ ᠭᠡᠳᠡᠭ᠂ ᠡᠶᠢᠮᠦ ᠠᠴᠠ ᠦᠪᠡᠷ ᠤᠨ ᠵᠢᠭᠠᠬᠤ ᠭᠡᠵᠦ | ᠪᠠᠶᠢᠭ᠎ᠠ ᠬᠢᠴᠢᠶᠡᠯ ᠢᠶᠠᠨ ᠤᠷᠢᠳᠴᠢᠯᠡᠨ ᠰᠠᠶᠢᠨ ᠪᠡᠯᠡᠳᠭᠡᠭᠦ ᠪᠤᠯ ᠨᠢᠭᠡᠨ ᠪᠠᠭᠰᠢ ᠬᠦᠮᠦᠨ ᠤ ᠬᠢᠴᠢᠶᠡᠯ ᠵᠢᠭᠠᠬᠤ ᠤᠷ᠎ᠠ | ᠴᠢᠳᠠᠪᠤᠷᠢ ᠪᠠᠷ ᠰᠠᠶᠢᠨ ᠪᠤᠯᠬᠤ ᠵᠢᠨᠤᠷᠢᠳᠠᠯ ᠨᠦᠭᠦᠴᠡᠯ ᠪᠤᠯᠤᠨ᠎ᠠ᠃ ᠪᠠᠭᠰᠢ ᠬᠦᠮᠦᠨ ᠤ ᠵᠢᠭᠠᠵᠦ ᠪᠠᠶᠢᠭ᠎ᠠ | ᠬᠢᠴᠢᠶᠡᠯ ᠢᠶᠠᠨ ᠰᠠᠶᠢᠲᠤᠷ ᠨᠠᠷᠢᠨ ᠬᠢᠨᠠᠮᠠᠭᠠᠢ ᠪᠡᠯᠡᠳᠭᠡᠭᠦ ᠶᠢᠨ ᠦᠨᠳᠦᠰᠦᠨ ᠬᠡᠳᠦᠨ ᠱᠠᠭᠠᠷᠳᠠᠯᠭ᠎ᠠ ᠪᠠ ᠠᠯᠬᠤᠮ | ᠳᠠᠷᠠᠭ᠎ᠠ ᠭᠡᠪᠡᠯ ᠬᠢᠴᠢᠶᠡᠯ ᠤᠨ ᠲᠦᠰᠦᠪ ᠢ ᠰᠠᠶᠢᠲᠤᠷ ᠪᠡᠯᠡᠳᠭᠡᠨ ᠪᠢᠴᠢᠬᠦ ᠶᠠᠪᠤᠳᠠᠯ ᠪᠤᠯᠤᠨ᠎ᠠ᠃ ᠬᠢᠴᠢᠶᠡᠯ ᠤᠨ | ᠲᠦᠰᠦᠪ ᠲᠤ᠄ ︵1︶ ᠰᠣᠷᠤᠯᠭ᠎ᠠ ᠶᠢᠨ ᠵᠢᠯ ᠤᠨ ᠬᠢᠴᠢᠶᠡᠯ ᠤᠨ ᠲᠦᠰᠦᠪ ᠢ ᠪᠡᠯᠡᠳᠭᠡᠬᠦ᠂ ᠡᠨᠡ ᠨᠢ ᠪᠦᠬᠦᠯᠢ | ᠨᠢᠭᠡ ᠰᠤᠷᠤᠯᠭ᠎ᠠ ᠶᠢᠨ ᠵᠢᠯ ᠤᠨ ᠵᠢᠭᠠᠬᠤ ᠠᠭᠤᠯᠭ᠎ᠠ ᠶᠢᠨ ᠲᠦᠰᠦᠪ ᠢ ᠵᠢᠭᠠᠵᠦ ᠪᠠᠶᠢᠨ᠎ᠠ᠃ ⑵ ᠰᠣᠷᠤᠯᠭ᠎ᠠ ᠶᠢᠨ | ᠬᠤᠭᠤᠴᠠᠭᠠᠨ ᠤ ᠵᠢᠭᠠᠬᠤ ᠬᠢᠴᠢᠶᠡᠯ ᠤᠨ ᠲᠦᠰᠦᠪ ᠢ ᠪᠡᠯᠡᠳᠭᠡᠬᠦ᠂ ᠡᠨᠡ ᠨᠢ ᠪᠦᠬᠦᠯᠢ ᠨᠢᠭᠡ ᠰᠤᠷᠤᠯᠭ᠎ᠠ ᠶᠢᠨ | ᠬᠤᠭᠤᠴᠠᠭᠠᠨ ᠤ ᠵᠢᠭᠠᠬᠤ ᠬᠢᠴᠢᠶᠡᠯ ᠤᠨ ᠲᠦᠰᠦᠪ ᠢ ᠵᠢᠭᠠᠵᠦ ᠪᠠᠶᠢᠨ᠎ᠠ᠃ ⑶ ᠨᠢᠭᠡᠴᠡ ᠶᠢᠨ ᠵᠢᠭᠠᠬᠤ ᠲᠦᠰᠦᠪ ᠢ | ᠪᠡᠯᠡᠳᠭᠡᠬᠦ᠂ ᠡᠨᠡ ᠨᠢ ᠪᠦᠯᠦᠭ ᠨᠢᠭᠡᠴᠡ ᠶᠢᠨ ᠵᠢᠭᠠᠬᠤ ᠠᠭᠤᠯᠭ᠎ᠠ ᠪᠠᠨ ᠨᠠᠷᠢᠨ ᠨᠢᠬᠳᠠ ᠲᠦᠯᠦᠪᠯᠡᠨ ᠪᠡᠯᠡᠳᠭᠡᠬᠦ ᠶᠢ | ᠵᠢᠭᠠᠵᠦ ᠪᠠᠶᠢᠨ᠎ᠠ᠃ ⑷ ᠬᠢᠴᠢᠶᠡᠯ ᠤᠨ ᠴᠠᠭ ᠤᠨ ᠵᠢᠭᠠᠬᠤ ᠠᠭᠤᠯᠭ᠎ᠠ ᠶᠢᠨ ᠲᠦᠰᠦᠪ ᠢ ᠪᠡᠯᠡᠳᠭᠡᠬᠦ᠂ ᠡᠨᠡ ᠨᠢ | ᠪᠠᠭᠰᠢ ᠶᠢᠨ ᠬᠢᠴᠢᠶᠡᠯ ᠤᠨ ᠴᠠᠭ ᠳᠡᠭᠡᠷ᠎ᠡ ᠪᠠᠨ ᠬᠡᠷᠡᠭᠯᠡᠬᠦ ᠬᠢᠴᠢᠶᠡᠯ ᠤᠨ ᠪᠡᠯᠡᠳᠭᠡᠮᠵᠢ ᠶᠢᠨ ᠬᠠᠮᠤᠭ ᠤᠨ ᠴᠢᠬᠤᠯᠠ | ᠬᠠᠮᠤᠭ ᠤᠨ ᠵᠢᠵᠢᠭ ᠦᠨᠳᠦᠰᠦᠨ ᠵᠦᠢᠯ ᠪᠤᠯᠬᠤ ᠪᠦᠭᠡᠳ ᠪᠠᠭᠰᠢ ᠶᠢᠨ ᠬᠢᠴᠢᠶᠡᠯ ᠢᠶᠠᠨ ᠵᠢᠭᠠᠬᠤ ᠶᠢᠨ ᠴᠢᠬᠤᠯᠠ | ᠬᠡᠷᠡᠭᠯᠡᠬᠦᠷ᠂ ᠰᠤᠷᠤᠭᠴᠢ ᠶᠢᠨ ᠬᠢᠴᠢᠶᠡᠯ ᠳᠡᠭᠡᠷ᠎ᠡ ᠶᠠᠭᠤᠮ᠎ᠠ ᠤᠯᠵᠦ ᠰᠤᠷᠬᠤ ᠶᠢᠨ ᠠᠮᠠᠨ ᠬᠦᠨᠡᠰᠦ ᠨᠢ ᠪᠤᠯᠳᠠᠭ᠃ | ᠡᠭᠦᠨ ᠢ ᠳᠠᠷᠤᠢ ᠺᠤᠨᠰᠫᠧᠺᠡᠲ ᠭᠡᠵᠦ ᠬᠡᠯᠡᠳᠡᠭ᠃ ᠪᠠᠭᠰᠢ ᠪᠤᠯᠤᠭᠰᠠᠳ ᠺᠤᠨᠰᠫᠡᠺᠡᠲ ᠪᠢᠴᠢᠬᠦ ᠳᠡᠭᠡᠨ ᠺᠤᠨᠰᠫᠡᠺᠡᠲ | ᠲᠠᠬᠢ ᠵᠢᠭᠠᠬᠤ ᠠᠭᠤᠯᠭ᠎ᠠ ᠶᠢᠨ ᠢᠶᠠᠨ ᠬᠠᠷᠠᠯᠲᠠ ᠵᠤᠷᠢᠯᠭ᠎ᠠ᠂ ᠭᠤᠤᠯᠳᠠᠯᠭ᠎ᠠ᠂ ᠬᠦᠴᠢᠷᠳᠡᠯᠭᠡ ᠪᠠᠨ ᠮᠦᠷᠳᠡᠨ | ᠲᠣᠳᠤᠷᠬᠠᠢ ᠳᠤᠭᠳᠠᠭᠠᠵᠦ᠂ ᠵᠢᠭᠠᠬᠤ ᠶᠠᠪᠤᠴᠠ᠂ ᠠᠷᠭ᠎ᠠ ᠪᠠᠨ ᠨᠠᠷᠢᠨ ᠨᠢᠮᠪᠠᠢ ᠲᠦᠰᠦᠪᠯᠡᠨ ᠪᠡᠯᠡᠳᠭᠡᠬᠦ ᠬᠡᠷᠡᠭᠲᠡᠢ | ᠪᠠᠶᠢᠳᠠᠭ᠃ ᠪᠠᠭᠰᠢ ᠬᠦᠮᠦᠨ ᠬᠢᠴᠢᠶᠡᠯ ᠤᠨ ᠪᠡᠯᠡᠳᠭᠡᠮᠵᠢ ︵ᠺᠤᠰᠫᠧᠺᠡᠲ︶ ᠶᠢ ᠨᠠᠷᠢᠯᠢᠭ ᠪᠢᠴᠢᠬᠦ ᠪᠤᠯ ᠪᠠᠭᠰᠢ ᠶᠢᠨ | ᠮᠡᠳᠡᠯᠭᠡ ᠴᠢᠳᠠᠪᠤᠷᠢ ᠶᠢᠨ ᠬᠦᠷᠢᠶ᠎ᠡ ᠬᠡᠪᠴᠢᠶ᠎ᠡ ᠦᠷᠭᠡᠵᠢᠵᠦ᠂ ᠮᠡᠷᠭᠡᠵᠢᠯ ᠪᠤᠯᠪᠠᠰᠤᠷᠠᠯ ᠤᠨ ᠬᠢᠷᠢ ᠲᠦᠪᠰᠢᠨ ᠡᠳᠦᠷ | ᠢᠷᠡᠬᠦᠶ᠎ᠡ ᠨᠡᠮᠡᠭᠳᠡᠬᠦ ᠪᠠᠷ ᠪᠠᠷᠠᠬᠤ ᠦᠭᠡᠢ ᠪᠠᠭᠰᠢ ᠶᠢᠨ ᠬᠢᠴᠢᠶᠡᠯ ᠵᠢᠭᠠᠬᠤ ᠤᠷ᠎ᠠ ᠠᠪᠢᠶᠠᠰ ᠤᠯᠠᠮ ᠪᠠᠳᠠᠷᠠᠵᠦ | ᠬᠢᠴᠢᠶᠡᠯ ᠢᠶᠠᠨ ᠪᠦᠲᠦᠮᠵᠢᠲᠠᠢ ᠤᠷᠤᠬᠤ ᠳᠤ ᠳᠤᠲᠠᠭᠳᠠᠵᠦ ᠪᠤᠯᠤᠰᠢ ᠦᠭᠡᠢ ᠬᠤᠪᠤᠷ ᠨᠠᠨᠳᠢᠨ ᠬᠠᠪᠰᠣᠷᠣᠮᠵᠢ | ᠮᠠᠲ᠋ᠧᠷᠢᠶᠠᠯ ᠪᠤᠯᠳᠠᠭ ᠮᠦᠷᠲᠡᠭᠡᠨ ᠮᠦᠨᠴᠦ ᠨᠢᠭᠡᠨ ᠰᠢᠯᠢᠳᠡᠭ ᠰᠠᠶᠢᠨ ᠪᠠᠭᠰᠢ ᠪᠤᠯᠬᠤ ᠶᠢᠨ ᠬᠠᠮᠤᠭ ᠤᠨ ᠦᠨᠳᠦᠰᠦᠨ | ᠵᠦᠢᠯ ᠨᠢ ᠪᠤᠯᠳᠠᠭ᠃ ᠳᠠᠷᠬᠠᠨ ᠬᠦᠮᠦᠨ ᠢᠶᠠᠷ ᠠᠪᠴᠤ ᠬᠡᠯᠡᠪᠡᠯ ᠺᠤᠨᠰᠫᠧᠺᠡᠲ ᠨᠢ ᠲᠠᠷᠬ᠎ᠠ ᠬᠢᠭᠦ ᠳᠤ ᠲᠤᠲᠠᠭᠳᠠᠵᠤ | ᠪᠤᠯᠬᠤ ᠦᠭᠡᠢ ᠭᠤᠤᠯ ᠪᠠᠭᠠᠵᠢ ᠨᠢ ᠪᠤᠯᠳᠠᠭ᠃ | 3. ᠵᠢᠭᠠᠬᠤ ᠪᠠᠭᠠᠵᠢ ᠶᠢ ᠠᠰᠢᠭᠯᠠᠬᠤ ᠳᠠᠭᠠᠨ ᠵᠢᠭᠠᠬᠤ ᠠᠭᠤᠯᠭ᠎ᠠ ᠶᠢᠨ ᠢᠶᠠᠨ ᠬᠡᠷᠡᠭᠴᠡᠭᠡ ᠶᠢ ᠨᠢ | ᠦᠨᠳᠦᠰᠦᠯᠡᠨ ᠴᠢᠳᠠᠮᠠᠭᠠᠢ ᠬᠡᠷᠡᠭᠯᠡᠵᠦ ᠦᠢᠯᠡᠳᠦᠯ ᠢ ᠨᠢ ᠪᠦᠷᠢᠨ ᠬᠦᠢᠴᠡᠳ ᠪᠠᠳᠠᠷᠠᠭᠤᠯᠵᠦ ᠴᠢᠳᠠᠬᠤ ᠬᠡᠷᠡᠭᠲᠠᠢ᠃ | ᠵᠢᠭᠠᠬᠤ ᠪᠠᠭᠠᠵᠢ ᠳᠤ ᠵᠢᠷᠤᠭ ᠰᠡᠭᠦᠳᠡᠷ᠂ ᠺᠠᠷᠲ᠂ ᠵᠠᠭᠪᠤᠷ᠂ ᠳᠤᠰᠬᠠᠯᠲᠠ ᠶᠢᠨ ᠮᠠᠰᠢᠨ ᠵᠡᠷᠭᠡ ᠠᠴᠠ ᠭᠠᠳᠠᠨ᠎ᠠ᠂ | ᠤᠳᠤᠬᠠᠨ ᠤ ᠳᠠᠪᠰᠢᠭᠰᠠᠨ ᠳᠡᠭᠡᠲᠦ ᠰᠢᠨᠵᠢᠯᠡᠭᠡ ᠮᠡᠷᠭᠡᠵᠢᠯ ᠤᠨ ᠵᠢᠭᠠᠬᠤ ᠪᠠᠭᠠᠵᠢ ᠲᠤᠨᠤᠭ ᠪᠤᠯᠬᠤ ᠠᠯᠤᠰ ᠡᠵᠡᠮᠳᠡᠬᠦ | ᠤᠯᠠᠨ ᠵᠠᠭᠤᠴᠠᠲᠦ ᠲᠤᠤᠷ ᠰᠦᠯᠵᠢᠶ᠎ᠡ ᠵᠡᠷᠭᠡ ᠶᠠᠩᠵᠦ ᠪᠦᠷᠢ ᠶᠢᠨ ᠪᠠᠶᠢᠳᠠᠭ᠃ ᠪᠠᠭᠰᠢ ᠨᠠᠷ ᠡᠳᠡᠭᠡᠷ ᠵᠦᠢᠯ ᠢ | ᠬᠢᠴᠢᠶᠡᠯᠯᠡᠭᠡ ᠳᠡᠭᠡᠨ ᠠᠰᠢᠭᠯᠠᠵᠦ ᠬᠡᠷᠡᠭᠯᠡᠬᠦ ᠳᠡᠭᠡᠨ ᠵᠢᠭᠠᠵᠦ ᠪᠠᠶᠢᠬᠤ ᠠᠭᠤᠯᠭ᠎ᠠ ᠳᠠᠭᠠᠨ ᠵᠤᠬᠢᠴᠠᠭᠤᠯᠤᠨ | ᠳᠤᠬᠢᠷᠠᠭᠤᠯᠵᠦ ᠪᠠᠭ᠎ᠠ ᠰᠤᠷᠭᠠᠭᠤᠯᠢ ᠶᠢᠨ ᠳᠡᠭᠡᠷ᠎ᠡ᠂ ᠳᠣᠮᠳᠠ᠂ ᠳᠣᠣᠷ᠎ᠠ ᠤᠨ ᠪᠠ ᠳᠣᠮᠳᠠᠳᠣ ᠰᠣᠷᠭᠠᠭᠤᠯᠢ ᠶᠢᠨ | ᠬᠡᠬᠦ ᠰᠣᠷᠣᠯᠭ᠎ᠠ ᠶᠢᠨ ᠱᠠᠲᠦ ᠦᠶ᠎ᠡ ᠶᠢᠨ ᠤᠨᠴᠠᠯᠢᠭ ᠲᠤᠨᠢ ᠳᠤᠬᠢᠷᠠᠭᠤᠯᠤᠨ ᠴᠢᠳᠠᠮᠠᠭᠠᠢ ᠪᠠᠷ ᠵᠠᠷᠤᠵᠦ ᠬᠡᠷᠡᠭᠯᠡᠨ | ᠲᠡᠬᠦᠨ ᠤ ᠦᠢᠯᠡᠳᠦᠯ ᠬᠡᠷᠡᠭᠴᠡᠭᠡ ᠶᠢ ᠨᠢ ᠬᠦᠢᠴᠡᠳ ᠪᠠᠳᠠᠷᠠᠭᠤᠯᠵᠦ ᠵᠢᠭᠠᠨ ᠰᠣᠷᠭᠠᠯᠳᠠ ᠶᠢᠨ ᠭᠤᠤᠯ ᠨᠢᠭᠡᠨ | ᠭᠤᠭᠴᠤᠭ᠎ᠠ ᠪᠤᠯᠬᠤ ᠬᠢᠴᠢᠶᠡᠯᠯᠡᠭᠡ ᠳᠡᠭᠡᠨ ᠦᠢᠯᠡᠴᠢᠯᠡᠭᠦᠯᠭᠦ ᠶᠠᠪᠤᠳᠠᠯ ᠪᠤᠯᠤᠨ᠎ᠠ᠃ | 4. ᠵᠢᠭᠠᠬᠤ ᠠᠷᠭ᠎ᠠ ᠵᠠᠪᠠᠯ ᠠᠮᠢᠳᠤᠯᠢᠭ ᠮᠦᠷᠲᠡᠭᠡᠨ ᠰᠢᠨᠡᠴᠢᠯᠡᠯᠲᠡ ᠲᠠᠢ ᠪᠠᠶᠢᠵᠦ ᠪᠤᠲᠠᠲᠦ ᠪᠠᠶᠢᠳᠠᠯ ᠠᠴᠠ | ᠡᠭᠦᠰᠬᠦ ᠬᠡᠷᠡᠭᠲᠠᠢ᠃ ᠤᠳᠤᠬᠠᠨ ᠤ ᠵᠢᠭᠠᠬᠤ ᠠᠷᠭ᠎ᠠ ᠶᠢᠨ ᠬᠤᠪᠢ ᠳᠤ ᠵᠤᠷᠰᠢᠯ ᠤᠨ ᠵᠢᠭᠠᠨ ᠰᠤᠷᠭᠠᠬᠤ ᠠᠷᠭ᠎ᠠ᠂ | ᠴᠢᠳᠠᠪᠤᠷᠢ ᠳᠤᠨᠢ ᠳᠤᠬᠢᠷᠠᠭᠤᠯᠤᠨ ᠵᠢᠭᠠᠨ ᠰᠣᠷᠭᠠᠬᠤ ᠠᠷᠭ᠎ᠠ᠂ ᠰᠡᠩᠭᠡᠷᠡᠭᠦᠯᠦᠨ ᠵᠢᠭᠠᠨ ᠰᠣᠷᠭᠠᠬᠤ ᠠᠷᠭ᠎ᠠ᠂ | ᠰᠦᠪᠡᠭᠴᠢᠯᠡᠨ ᠵᠢᠭᠠᠨ ᠰᠤᠷᠭᠠᠬᠤ ᠠᠷᠭ᠎ᠠ᠂ ᠵᠢᠭᠠᠬᠤ ᠶᠠᠪᠤᠴᠠ ᠶᠢ ᠪᠦᠷᠢᠨᠰᠢᠭᠦᠯᠦᠨ ᠵᠢᠭᠠᠬᠤ ᠵᠠᠭᠪᠤᠷ᠂ | ᠣᠷᠢᠳᠴᠢᠯᠠᠨ ᠰᠤᠷᠬᠤ ᠪᠠᠷ ᠵᠢᠭᠠᠨ ᠰᠤᠷᠭᠠᠬᠤ ᠠᠷᠭ᠎ᠠ᠂ ᠪᠠᠭ᠎ᠠ ᠳᠤᠭᠤᠶᠢᠯᠠᠩ ᠢᠶᠠᠷ ᠬᠤᠷᠰᠢᠨ ᠰᠣᠷᠣᠯᠴᠠᠬᠤ ᠠᠷᠭ᠎ᠠ | ᠂ ᠰᠡᠳᠬᠢᠴᠡ ᠶᠢᠨ ᠮᠦᠷᠭᠦᠯᠳᠦᠭᠡᠨ ᠤ ᠵᠢᠭᠠᠨ ᠰᠣᠷᠭᠠᠬᠤ ᠠᠷᠭ᠎ᠠ ᠪᠠ ᠰᠣᠷᠤᠯᠭ᠎ᠠ ᠶᠢᠨ ᠬᠠᠭᠤᠳᠠᠰᠤᠨ ᠳᠤ ᠬᠢᠬᠦ | ᠠᠷᠭ᠎ᠠ ᠵᠡᠷᠭᠡ ᠡᠳᠦᠢ ᠳᠡᠳᠦᠢ ᠵᠢᠭᠠᠬᠤ ᠠᠷᠭ᠎ᠠ ᠭᠠᠷᠴᠦ ᠢᠷᠡᠵᠦ ᠪᠠᠶᠢᠨ᠎ᠠ᠃ ᠡᠭᠦᠨ ᠳᠤ ᠠᠯᠢ ᠠᠷᠭ᠎ᠠ ᠶᠢ ᠨᠢ | ᠬᠡᠷᠡᠭᠯᠡᠭᠰᠡᠨ ᠴᠤ ᠵᠠᠪᠠᠯ ᠰᠤᠷᠤᠭᠴᠢ ᠶᠢᠨ ᠨᠠᠰᠤᠨ ᠤ ᠣᠨᠴᠠᠯᠢᠭ᠂ ᠤᠨ ᠤ ᠤᠨᠴᠠᠯᠢᠭ᠂ ᠰᠣᠷᠭᠠᠭᠤᠯᠢ ᠶᠢᠨ | ᠤᠨᠴᠠᠯᠢᠭ᠂ ᠬᠢᠴᠢᠶᠡᠯ ᠲᠦᠷᠦᠯ ᠤᠨ ᠤᠨᠴᠠᠯᠢᠭ ᠲᠤ ᠳᠤᠬᠢᠷᠠᠭᠤᠯᠤᠨ ᠪᠤᠲᠠᠲᠦ ᠤᠷᠴᠢᠨ ᠳᠤᠭᠤᠷᠢᠨ ᠳᠠᠭᠠᠨ | ᠵᠤᠬᠢᠴᠠᠭᠤᠯᠤᠨ ᠠᠮᠢᠳᠤᠯᠢᠭ ᠢᠶᠠᠷ ᠬᠡᠷᠡᠭᠯᠡᠬᠦ ᠬᠡᠷᠡᠭᠲᠠᠢ ᠪᠠᠶᠢᠳᠠᠭ᠃ ᠭᠡᠪᠡᠴᠦ ᠶᠡᠷᠦᠩᠭᠡᠢ ᠨᠢᠭᠡ ᠶᠤᠰᠤ ᠵᠢᠷᠤᠮ ᠪᠤᠯ | ᠵᠠᠪᠠᠯ ᠪᠠᠭᠰᠢ ᠠᠴᠠ ᠤᠳᠤᠷᠢᠳᠤᠨ ᠳᠠᠭᠠᠭᠤᠯᠵᠦ ᠤᠶᠤᠨ ᠰᠡᠳᠬᠢᠭᠦᠢ ᠶᠢ ᠨᠢ ᠳᠠᠶᠢᠴᠢᠯᠠᠨ ᠳᠠᠷᠢᠬᠢ ᠪᠠᠨ ᠬᠦᠳᠡᠯᠭᠡᠨ᠂ | ᠰᠡᠳᠬᠢᠨ ᠪᠤᠳᠤᠯᠬᠢᠯᠠᠬᠤ ᠶᠢ ᠨᠢ ᠬᠦᠨᠳᠦᠳᠭᠡᠨ᠂ ᠲᠡᠲᠡᠨ ᠤ ᠰᠣᠷᠣᠯᠴᠠᠬᠤ ᠤᠷᠮ᠎ᠠ ᠪᠠᠬ᠎ᠠ ᠶᠢ ᠨᠢ ᠳᠠᠳᠠᠵᠦ᠂ ᠪᠦᠬᠦ | ᠰᠣᠷᠣᠭᠴᠢ ᠳᠤ ᠬᠠᠨᠳᠣᠭᠤᠯᠬᠤ ᠳᠡᠭᠡᠷ᠎ᠡ ᠰᠠᠭᠤᠷᠢᠯᠠᠬᠤ ᠶᠠᠪᠤᠳᠠᠯ ᠪᠤᠯᠤᠨ᠎ᠠ᠃ ᠬᠢᠴᠢᠶᠡᠯᠯᠡᠭᠦ ᠳᠡᠭᠡᠨ ᠵᠠᠪᠠᠯ ᠰᠤᠷᠤᠭᠴᠢ | ᠶᠢ ᠰᠣᠷᠬᠤ ᠶᠢᠨ ᠭᠤᠤᠯ ᠪᠠᠶᠢᠷᠢᠨ ᠳᠤ ᠪᠠᠶᠢᠯᠭᠠᠵᠦ ᠵᠢᠭᠠᠬᠤ ᠶᠢ ᠴᠠᠭ ᠢᠮᠠᠭᠳᠠ ᠠᠩᠬᠠᠷᠤᠨ᠎ᠠ᠃ ᠪᠠᠭᠰᠢ ᠠᠴᠠ | ᠰᠢᠭᠤᠳ ᠵᠢᠭᠠᠵᠦ ᠦᠭᠬᠦ ᠪᠤᠶᠤ ᠰᠤᠷᠤᠭᠴᠢ ᠪᠠᠨ ᠤᠷᠤᠯᠠᠨ ᠬᠢᠵᠦ ᠦᠭᠬᠦ ᠶᠢ ᠲᠡᠪᠴᠢᠬᠦ ᠬᠡᠷᠡᠭᠲᠠᠢ᠃ ᠰᠤᠷᠤᠭᠴᠢ | ᠶᠢᠨ ᠰᠡᠳᠬᠢᠨ ᠪᠤᠳᠤᠵᠦ᠂ ᠶᠠᠷᠢᠵᠦ ᠬᠡᠯᠡᠵᠦ᠂ ᠦᠪᠡᠷᠲᠡᠭᠡᠨ ᠭᠠᠷ ᠬᠦᠳᠦᠯᠦᠨ ᠤᠷᠤᠯᠳᠤᠵᠦ ᠬᠢᠭᠦ ᠡᠷᠬᠡ ᠪᠠ ᠴᠠᠭ ᠢ | ᠨᠢ ᠦᠭᠬᠦ ᠬᠡᠷᠡᠭᠲᠠᠢ ᠶᠤᠮ᠃ ᠪᠠᠭᠰᠢ ᠠᠴᠠ ᠵᠦᠪᠭᠡᠨ ᠦᠪᠡᠷ ᠤᠨ ᠬᠡᠯᠡᠭᠦ ᠵᠤᠬᠢᠰᠲᠠᠢ ᠵᠦᠢᠯ ᠢᠶᠠᠨ ᠵᠤᠬᠢᠬᠤ ᠴᠠᠭ | ᠤᠨ ᠳᠣᠳᠣᠷ᠎ᠠ ᠭᠦᠢᠴᠡᠳᠭᠡᠪᠡᠯ ᠪᠤᠯᠴᠢᠬᠠᠨ᠎ᠠ᠃ ᠡᠨᠡᠬᠦ ᠠᠷᠭ᠎ᠠ ᠪᠤᠯ ᠰᠢᠨ᠎ᠡ ᠬᠢᠴᠢᠶᠡᠯᠯᠡᠭᠡ ᠶᠢᠨ ᠦᠭᠡᠷᠴᠢᠯᠡᠯᠲᠡ ᠶᠢᠨ | ᠭᠤᠤᠯ ᠵᠠᠷᠴᠢᠮ ᠪᠤᠯᠬᠤ ᠰᠣᠷᠤᠭᠴᠢ ᠶᠢ ᠭᠤᠤᠯ ᠪᠠᠶᠢᠷᠢᠨ ᠳᠤ ᠪᠠᠶᠢᠯᠭᠠᠵᠦ᠂ ᠪᠠᠭᠰᠢ ᠠᠴᠠ ᠣᠳᠣᠷᠢᠳᠣᠨ | ᠳᠠᠭᠠᠭᠤᠯᠵᠦ ᠰᠣᠷᠣᠭᠴᠢ ᠶᠢᠨ ᠤᠶᠤᠨ ᠳᠠᠷᠢᠬᠢ ᠶᠢ ᠨᠢ ᠬᠦᠳᠡᠯᠭᠡᠨ ᠰᠡᠳᠬᠢᠨ ᠪᠤᠳᠤᠭᠤᠯᠵᠦ ᠬᠡᠳᠦᠭᠦᠯᠡ ᠪᠠᠨ | ᠬᠤᠷᠰᠢᠨ ᠬᠡᠯᠡᠯᠴᠡᠵᠦ ᠬᠢᠵᠦ ᠪᠦᠲᠦᠭᠡᠬᠦ ᠳᠠᠯᠳᠠ ᠬᠦᠴᠦᠨ ᠢ ᠨᠢ ᠨᠡᠭᠡᠭᠡᠨ ᠦᠭᠴᠦ ᠳᠠᠰᠬᠠᠯ ᠪᠤᠯᠪᠠᠰᠤᠷᠠᠯ ᠢᠶᠠᠷ | ᠰᠢᠵᠢᠮ ᠪᠤᠯᠭᠠᠨ ᠵᠢᠭᠠᠬᠤ ᠶᠠᠪᠤᠳᠠᠯ ᠪᠤᠯᠤᠨ᠎ᠠ᠃ | 5. ᠪᠠᠭᠰᠢ ᠬᠦᠮᠦᠨ ᠤ ᠬᠢᠴᠢᠶᠡᠯ ᠵᠢᠭᠠᠬᠤ ᠪᠠᠶᠢᠳᠠᠯ ᠤᠨ ᠬᠤᠪᠢ ᠳᠤ ᠠᠪᠴᠦ ᠬᠡᠯᠡᠪᠡᠯ᠂ ᠪᠠᠶᠠᠰᠣᠩᠭᠤᠢ᠂ | ᠴᠤᠭ ᠵᠢᠪᠬᠤᠭ᠎ᠠ ᠲᠠᠢ᠂ ᠰᠡᠳᠬᠢᠯ ᠰᠠᠨᠠᠭ᠎ᠠ ᠠᠭᠤᠵᠢᠭᠤ ᠳᠠᠶᠢᠪᠤᠭᠤ᠂ ᠪᠠᠷᠢᠭᠳᠠᠵᠦ ᠰᠠᠨᠳᠤᠷᠬᠤ ᠦᠭᠡᠢ ᠴᠢᠯᠦᠭᠡᠲᠠᠢ | ᠪᠠᠶᠢᠬᠤ᠃ ᠳᠤᠬᠢᠷᠠᠮᠵᠢ ᠲᠠᠢ ᠪᠤᠰᠤ ᠬᠤᠪᠴᠠᠰᠣ ᠬᠤᠨᠠᠷ᠂ ᠬᠦᠳᠡᠯᠦᠯ ᠪᠠᠷᠢᠯ ᠴᠢᠷᠠᠢ ᠶᠢᠨ ᠢᠯᠡᠷᠡᠯ ᠢ ᠭᠠᠷᠭᠠᠬᠤ | ᠦᠭᠡᠢ᠂ ᠱᠤᠭ ᠶᠦᠮᠦᠷᠯᠢᠭ ᠢᠶᠠᠷ ᠰᠤᠷᠤᠭᠴᠢ ᠶᠢᠨ ᠬᠢᠴᠢᠶᠡᠯ ᠰᠣᠨᠣᠰᠬᠤ ᠣᠷᠮ᠎ᠠ ᠶᠢ ᠨᠢ ᠳᠠᠳᠠᠬᠤ ᠪᠠᠷ ᠵᠢᠭᠠᠬᠤ | ᠬᠡᠷᠡᠭᠲᠡᠢ᠃ ᠬᠢᠴᠢᠶᠡᠯᠯᠡᠭᠡ ᠶᠢᠨ ᠦᠭᠡ ᠬᠡᠯᠡᠯᠭᠡ ᠳᠣᠲᠤ ᠣᠶᠢᠯᠭᠠᠮᠵᠢᠲᠠᠢ ᠣᠷᠣᠰᠣᠮ᠎ᠠ ᠪᠤᠯᠪᠠᠰᠣᠷᠠᠩᠭᠤᠢ ᠪᠠᠶᠢᠬᠤ ᠪᠠ | ᠪᠠᠷᠢᠮᠵᠢᠶ᠎ᠠ ᠠᠪᠢᠶ᠎ᠠ ᠪᠠᠷ ᠶᠠᠷᠢᠬᠤ ᠶᠢ ᠴᠢᠬᠤᠴᠢᠯᠠᠨᠠ᠃ ᠦᠭᠡ ᠶᠢ ᠲᠣᠳᠣ ᠣᠶᠢᠯᠭᠠᠮᠵᠢᠲᠠᠢ ᠬᠡᠯᠡᠵᠦ᠂ ᠦᠭᠦᠯᠡᠪᠦᠷᠢ | ᠶᠢ ᠬᠦᠢᠴᠡᠳ ᠬᠡᠯᠡᠬᠦ ᠶᠢ ᠠᠩᠬᠠᠷᠤᠨ᠎ᠠ᠃ ᠦᠭᠡ ᠶᠢᠨ ᠡᠷᠭᠦᠯᠲᠡ ᠪᠠ ᠤᠳᠬ᠎ᠠ ᠶᠢᠨ ᠡᠷᠭᠦᠯᠲᠡ ᠶᠢ ᠲᠤᠳᠤ | ᠭᠠᠷᠭᠠᠬᠤ ᠶᠢ ᠠᠩᠬᠠᠷᠤᠨ᠎ᠠ᠃ ᠵᠠᠪᠠᠯ ᠵᠦᠪ ᠣᠩᠰᠢᠵᠦ᠂ ᠵᠦᠪ ᠶᠠᠷᠢᠵᠦ᠂ ᠵᠦᠪ ᠪᠢᠴᠢᠬᠦ ᠬᠡᠷᠡᠭᠲᠠᠢ ᠪᠦᠭᠡᠳ ᠠᠷᠪᠢᠨ | ᠳᠠᠪᠳᠠᠨ ᠨᠣᠷᠣᠰᠢᠬᠤ ᠶᠢ ᠬᠢᠴᠢᠶᠡᠨ᠎ᠡ᠃ ᠰᠠᠮᠪᠠᠶᠠ ᠶᠢᠨ ᠪᠢᠴᠢᠯᠭᠡ ᠴᠡᠪᠡᠷ ᠳᠤᠲᠤ᠂ ᠲᠦᠷᠢᠮᠵᠢᠭᠦᠨ ᠪᠠᠶᠢᠵᠦ᠂ | ᠰᠣᠷᠣᠭᠴᠢ ᠶᠢᠨ ᠬᠠᠷᠠᠵᠦ ᠣᠶᠢᠯᠭᠠᠬᠤ᠂ ᠳᠡᠮᠳᠡᠭᠯᠡᠯ ᠬᠢᠭᠦ ᠳᠤᠨᠢ ᠲᠦᠭᠦᠮ ᠦᠵᠡᠭᠦᠯᠦᠭᠰᠡᠨ ᠪᠠᠶᠢᠬᠤ ᠬᠡᠷᠡᠭᠲᠠᠢ᠃ | ᠰᠠᠮᠪᠠᠷ᠎ᠠ ᠪᠠᠨ ᠬᠢᠴᠢᠶᠡᠯ ᠲᠦᠷᠦᠯ ᠤᠨ ᠢᠶᠠᠨ ᠪᠠᠶᠢᠳᠠᠯ ᠳᠤ ᠵᠤᠬᠢᠴᠠᠭᠤᠯᠤᠨ ᠡᠪᠲᠠᠢ ᠲᠦᠰᠦᠪᠯᠡᠨ ᠠᠰᠢᠭᠯᠠᠬᠤ ᠶᠢ | ᠠᠩᠬᠠᠷᠤᠨ᠎ᠠ᠃ ᠰᠠᠮᠪᠠᠷ᠎ᠠ ᠠᠴᠠ ᠰᠣᠷᠣᠭᠴᠢ ᠬᠢᠴᠢᠶᠡᠯ ᠤᠨ ᠪᠠᠨ ᠳᠤᠬᠠᠢ ᠣᠯᠠᠨ ᠮᠡᠳᠡᠯᠭᠡ ᠶᠢ ᠰᠣᠷᠴᠦ ᠡᠵᠡᠮᠰᠢᠵᠦ | ᠮᠡᠳᠡᠵᠦ ᠠᠪᠳᠠᠭ ᠪᠦᠭᠡᠳ ᠪᠠᠭᠰᠢ ᠳᠤ ᠴᠤ ᠳᠠᠪᠳᠠᠨ ᠶᠠᠷᠢᠬᠤ ᠪᠤᠶᠤ ᠵᠢᠭᠠᠭᠰᠠᠨ ᠬᠢᠴᠢᠶᠡᠯᠭᠡ ᠶᠢᠨ ᠢᠶᠠᠨ ᠳ᠋ᠦᠩᠨᠡᠯᠲᠡ | ᠶᠢ ᠬᠢᠭᠦ ᠳᠤ ᠲᠦᠢᠯ ᠤᠨ ᠳᠤᠰᠠᠲᠠᠢ ᠪᠠᠶᠢᠳᠠᠭ᠃ 6. ᠬᠢᠴᠢᠶᠡᠯ ᠵᠢᠭᠠᠬᠤ ᠳᠠᠭᠠᠨ ᠬᠢᠴᠢᠶᠡᠯ ᠤᠨ | ᠭᠤᠤᠯᠳᠠᠯᠭ᠎ᠠ ᠪᠠᠨ ᠵᠠᠪᠠᠯ ᠴᠢᠩᠭ᠎ᠠ ᠠᠳᠬᠤᠨ᠂ ᠶᠡᠷᠦᠩᠭᠡᠢ ᠭᠤᠤᠯᠳᠠᠯᠭ᠎ᠠ ᠳᠤ ᠰᠠᠭᠤᠷᠢᠯᠠᠭᠳᠠᠨ ᠭᠡᠳᠦ ᠬᠡᠳᠦᠨ ᠳᠡᠳ᠋ | ᠭᠤᠤᠯᠳᠠᠯᠭ᠎ᠠ ᠪᠠᠨ ᠳᠤᠪᠤᠶᠢᠯᠭᠠᠵᠦ ᠵᠢᠭᠠᠬᠤ ᠬᠠᠷᠠᠯᠲᠠ ᠳᠤᠳᠤ ᠪᠠᠶᠢᠵᠦ᠂ ᠬᠢᠴᠢᠶᠡᠯᠯᠡᠭᠦ ᠰᠡᠳᠭᠢᠮᠵᠢ ᠣᠷᠠᠯᠢᠭ | ᠲᠤᠳᠤ ᠪᠠᠶᠢᠬᠤ ᠶᠢ ᠤᠨᠴᠠ ᠠᠩᠬᠠᠷᠤᠨ᠎ᠠ᠃ ᠳᠠᠷᠤᠢ ᠭᠢᠴᠢᠶᠡᠯ ᠢᠶᠠᠷ ᠳᠠᠮᠵᠢᠭᠤᠯᠤᠨ ᠰᠤᠷᠤᠭᠴᠢᠳ ᠲᠤ ᠮᠡᠳᠡᠭᠦᠯᠵᠦ᠂ | ᠤᠶᠢᠯᠭᠠᠭᠤᠯᠵᠦ᠂ ᠡᠵᠡᠮᠰᠢᠭᠦᠯᠵᠦ᠂ ᠬᠢᠵᠦ ᠴᠢᠳᠠᠭᠤᠯᠬᠤ ᠭᠡᠰᠡᠨ ᠵᠦᠢᠯ ᠢᠶᠠᠨ ᠲᠤᠳᠤ ᠪᠤᠯᠭᠠᠵᠦ᠂ ᠵᠢᠭᠠᠬᠤ | ᠰᠡᠳᠬᠢᠮᠵᠢ ᠪᠤᠳᠠᠲᠠᠢ ᠪᠦᠭᠡᠳ ᠳᠣᠲᠣᠷᠬᠠᠢ ᠪᠠᠶᠢᠪᠠᠯ ᠵᠢᠭᠠᠬᠤ ᠦᠷ᠎ᠡ ᠳ᠋ᠦᠩ ᠳᠡᠭᠡᠨ ᠬᠦᠷᠴᠦ ᠴᠢᠳᠠᠨ᠎ᠠ᠃ ᠡᠰᠡ | ᠲᠡᠶᠢᠮᠦ ᠪᠤᠯ ᠬᠠᠷᠠᠯᠲᠠ ᠪᠠᠨ ᠪᠡᠶᠡᠯᠡᠭᠦᠯᠵᠦ ᠴᠢᠳᠠᠬᠤ ᠦᠭᠡᠢ ᠪᠤᠶᠤ ᠪᠤᠷᠤᠭᠤ ᠵᠢᠭᠠᠬᠤ ᠤᠴᠢᠷ ᠭᠠᠷᠴᠤ ᠮᠡᠳᠡᠨ᠎ᠡ᠃ | ᠬᠢᠴᠢᠶᠡᠯ ᠤᠨ ᠠᠭᠤᠯᠭ᠎ᠠ ᠲᠠᠢ ᠪᠠᠨ ᠳᠡᠮᠡᠢ ᠬᠠᠮᠢᠶ᠎ᠠ ᠦᠭᠡᠢ ᠪᠤᠶᠤ ᠨᠡᠶᠢᠴᠡᠭᠦ ᠦᠭᠡᠢ᠂ ᠤᠨᠤᠪᠴᠢᠲᠠᠢ ᠪᠤᠰᠣ ᠵᠦᠢᠯ ᠢ | ᠶᠠᠷᠢᠬᠤ ᠪᠤᠶᠤ ᠠᠰᠠᠭᠤᠯᠳᠠ ᠳᠣᠷᠠᠳᠬᠤ ᠶᠢ ᠡᠷᠡᠰ ᠲᠡᠪᠴᠢᠨ᠎ᠡ᠃ 7. ᠪᠠᠭᠰᠢ ᠬᠦᠮᠦᠨ ᠦᠷᠭᠦᠯᠵᠢ ᠦᠪᠡᠷ | ᠤᠨ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠭᠦ ᠶᠢ ᠵᠤᠷᠢᠵᠦ ᠶᠠᠪᠤᠬᠤ ᠬᠡᠷᠡᠭᠲᠠᠢ ᠪᠠᠶᠢᠳᠠᠭ᠃ ᠨᠡᠶᠢᠭᠡᠮ ᠲᠡᠭᠡᠷᠡᠬᠢ | ᠬᠦᠮᠦᠰ ᠪᠠᠭᠰᠢ ᠬᠦᠮᠦᠨ ᠢ ᠶᠡᠭᠡ ᠮᠡᠳᠡᠯᠭᠡ ᠪᠤᠯᠪᠠᠰᠤᠷᠠᠯ ᠮᠡᠷᠭᠡᠵᠢᠯ ᠴᠢᠳᠠᠪᠤᠷᠢ ᠪᠠᠷ ᠦᠷᠭᠡᠨ ᠭᠡᠵᠦ ᠦᠵᠡᠳᠡᠭ᠃ | ᠭᠡᠪᠡᠴᠦ ᠶᠠᠭᠤ ᠪᠦᠬᠦᠨ ᠢ ᠮᠡᠳᠡᠴᠢᠬᠡᠳᠡᠭ᠂ ᠴᠢᠳᠠᠴᠢᠬᠠᠳᠠᠭ ᠪᠠᠭᠰᠢ ᠭᠡᠵᠦ ᠲᠤᠩ ᠬᠤᠪᠤᠷ ᠶᠤᠮ᠃ ᠤᠳᠤᠬᠠᠨ ᠤ | ᠨᠡᠶᠢᠭᠡᠮ ᠤᠨ ᠬᠦᠭᠵᠢᠯᠲᠡ ᠶᠢ ᠳᠠᠭᠠᠵᠦ ᠪᠠᠭᠰᠢ ᠨᠠᠷ ᠤᠨ ᠮᠡᠳᠡᠯᠭᠡ ᠴᠢᠳᠠᠪᠤᠷᠢ ᠮᠡᠷᠭᠡᠵᠢᠯ ᠪᠤᠯᠪᠠᠰᠤᠷᠠᠯ ᠨᠢ ᠵᠠᠪᠠᠯ | ᠳᠠᠭᠠᠵᠦ ᠳᠡᠶᠢᠯᠭᠦ ᠶᠢ ᠱᠠᠭᠠᠷᠳᠠᠳᠠᠭ ᠲᠤᠯᠠ ᠳᠡᠳᠡᠨ ᠤ ᠮᠡᠳᠡᠯᠭᠡ ᠴᠢᠳᠠᠪᠤᠷᠢ ᠨᠢ ᠡᠳᠦᠷ ᠠᠴᠠ ᠡᠳᠦᠷ ᠲᠤ᠂ ᠤᠨ | ᠠᠴᠠ ᠣᠨ ᠳᠤ ᠨᠡᠮᠡᠭᠳᠡᠵᠦ ᠳᠡᠭᠡᠭᠰᠢᠯᠡᠭᠦ ᠭᠡᠷᠡᠭᠷᠠᠢ ᠪᠠᠶᠢᠳᠠᠭ᠃ ᠡᠨᠡ ᠨᠢ ᠳᠠᠷᠤᠢ ᠪᠠᠭᠰᠢ ᠪᠤᠯᠤᠭᠰᠠᠳ ᠤᠨ ᠦᠪᠡᠷ | ᠤᠨ ᠴᠢᠷᠮᠠᠶᠢᠯᠳᠠ ᠪᠠ ᠦᠷᠭᠦᠯᠵᠢ ᠶᠢᠨ ᠴᠢᠨᠠᠷ ᠲᠠᠢ ᠰᠤᠷᠴᠦ ᠰᠤᠳᠤᠯᠬᠤ ᠠᠴᠠ ᠢᠷᠡᠳᠡᠭ᠃ ᠳᠣᠮᠳᠠᠳᠣ ᠪᠠᠭ᠎ᠠ | ᠰᠤᠷᠭᠠᠭᠤᠯᠢ ᠶᠢᠨ ᠪᠠᠭᠰᠢ ᠪᠤᠯᠤᠭᠰᠠᠳ ᠨᠢ ᠵᠠᠪᠠᠯ ᠨᠢᠭᠡ ᠵᠦᠢᠯ ᠳᠤ ᠴᠠᠭᠠᠷᠠᠵᠦ ᠤᠯᠠᠨ ᠵᠦᠢᠯ ᠢ ᠮᠡᠳᠡᠵᠦ | ᠴᠢᠳᠠᠭᠰᠠᠨ ᠶᠡᠷᠦᠩᠭᠡᠶᠢᠯᠡᠭᠰᠡᠨ ᠴᠢᠨᠠᠷ ᠤᠨ ᠮᠡᠳᠡᠯᠭᠡ ᠴᠢᠳᠠᠪᠤᠷᠢ᠂ ᠭᠡᠪ ᠪᠤᠯᠪᠠᠰᠤᠷᠠᠯ ᠢ ᠪᠤᠢ ᠪᠤᠯᠭᠠᠵᠦ ᠪᠠᠶᠢᠪᠠᠯ | ᠲᠠᠭᠠᠷᠠᠬᠤ ᠶᠤᠮ᠃ ᠶᠡᠷᠦᠩᠭᠡᠶᠢᠯᠡᠭᠡᠳ ᠬᠡᠯᠡᠪᠡᠯ᠂ ᠬᠢᠴᠢᠶᠡᠯ ᠤᠨ ᠲᠢᠩᠬᠢᠮ ᠤᠨ ᠦᠷ᠎ᠡ ᠠᠰᠢᠭ ᠢ | ᠰᠠᠶᠢᠵᠢᠷᠠᠭᠤᠯᠤᠨ ᠰᠢᠯᠢᠳᠡᠭᠵᠢᠭᠦᠯᠵᠦ᠂ ᠵᠢᠭᠠᠨ ᠰᠣᠷᠭᠠᠯᠳᠠ ᠶᠢᠨ ᠶᠠᠰᠣ ᠴᠢᠨᠠᠷ ᠢ ᠳᠡᠭᠡᠭᠰᠢᠯᠡᠭᠦᠯᠭᠦ ᠳᠤ ᠳᠣᠮᠳᠠᠳᠣ | ᠪᠠᠭ᠎ᠠ ᠰᠣᠷᠭᠠᠭᠤᠯᠢ ᠶᠢᠨ ᠪᠠᠭᠰᠢ ᠶᠢᠨ ᠬᠢᠴᠢᠶᠡᠯ ᠢᠶᠠᠨ ᠰᠠᠶᠢᠨ ᠵᠢᠭᠠᠵᠦ ᠴᠢᠳᠠᠬᠤ ᠤᠷ᠎ᠠ ᠴᠢᠳᠠᠪᠤᠷᠢ ᠨᠢ ᠴᠢᠬᠤᠯᠠ | ᠪᠤᠯᠳᠠᠭ᠃ ᠪᠠᠰᠠ ᠡᠨᠡᠬᠦ ᠤᠷ᠎ᠠ ᠴᠢᠳᠠᠪᠤᠷᠢ ᠢ ᠦᠪᠡᠷ ᠤᠨ ᠪᠡᠶ᠎ᠡ ᠳᠡᠭᠡᠨ ᠪᠤᠢ ᠪᠤᠯᠭᠠᠬᠤ ᠳᠤ ᠳᠡᠭᠡᠷ᠎ᠡ ᠳᠤᠷᠠᠳᠤᠭᠰᠠᠨ | ᠬᠡᠳᠦᠨ ᠲᠠᠯ᠎ᠠ ᠶᠢᠨ ᠨᠦᠬᠦᠴᠡᠯ ᠢ ᠪᠦᠷᠢᠯᠳᠦᠭᠦᠯᠭᠦ ᠴᠢᠬᠤᠯᠠ ᠲᠠᠢ ᠭᠡᠵᠦ ᠦᠵᠡᠵᠦ ᠪᠠᠶᠢᠨ᠎ᠠ᠃ | | ᠢᠷᠡᠯᠳᠡ — ︽ᠬᠤᠯᠪᠤᠭ᠎ᠠ︾ ᠰᠦᠯᠵᠢᠶ᠎ᠡ |