8 ᠮᠣᠵᠢ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠭᠡᠶᠢᠯᠡᠭᠰᠡᠨ | ᠥᠭᠡᠷᠡᠴᠢᠯᠡᠯᠲᠡ ᠶᠢᠨ ᠲᠥᠰᠦᠯ ᠨᠢ ᠶᠠᠮᠠᠷ ᠰᠢᠨ᠎ᠡ ᠲᠤᠬᠢᠶ᠎ᠠ ᠶᠢ ᠦᠭᠭᠦᠭᠰᠡᠨ ᠪᠤᠢ︖ | ᠳᠦᠷᠦᠯ ᠬᠤᠪᠢᠶᠠᠨ ᠰᠢᠯᠭᠠᠵᠤ ᠶᠡᠷᠦᠩᠬᠡᠶᠢᠯᠡᠨ ᠦᠨᠡᠯᠡᠯᠲᠡ ᠬᠢᠵᠦ ᠤᠯᠠᠨ ᠠᠷᠭ᠎ᠠ ᠮᠠᠶ᠋ᠢᠭ | ᠢᠶᠠᠷ ᠡᠯᠰᠡᠨ᠎ᠡ | ᠠᠷᠠᠳ ᠤᠨ ᠡᠳᠦᠷ ᠤᠨ ᠰᠤᠨᠢᠨ ᠤ ᠪᠡᠭᠡᠵᠢᠩ ᠤᠨ 4 ᠰᠠᠷ᠎ᠠ ᠶᠢᠨ 23 ᠤ ᠡᠳᠦᠷ ᠤᠨ ᠮᠡᠲᠡᠭᠡ ᠪᠦᠬᠦ ᠤᠯᠤᠰ | ᠤᠨ ᠭᠤᠷᠪᠠᠲᠤᠭᠠᠷ ᠡᠭᠡᠯᠵᠢ ᠶᠢᠨ ᠳᠡᠭᠡᠲᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠲᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠬᠢᠬᠦ ᠨᠠᠢᠮᠠᠨ ᠮᠤᠵᠢ ᠬᠤᠲᠠ ᠪᠤᠯᠬᠤ ᠾᠧᠪᠸᠢ ᠯᠢᠶᠤᠤᠨᠢᠩ ᠵᠢᠶᠠᠩᠰᠦ | ᠹᠦᠵᠢᠶᠠᠨ ᠬᠤᠪᠸᠢ ᠬᠤᠨᠠᠨ ᠭᠤᠸᠠᠩᠳᠦ᠋ᠩ ᠴᠦᠩᠴᠢᠩ ᠵᠡᠷᠭᠡ ᠮᠤᠵᠢ ᠬᠤᠲᠠ ᠶᠢᠨ ᠬᠢᠨ 23 ᠤ ᠡᠳᠦᠷ | ᠶᠡᠷᠦᠩᠬᠡᠶᠢᠯᠡᠭᠰᠡᠨ ᠦᠭᠡᠷᠡᠴᠢᠯᠡᠯᠲᠡ ᠬᠢᠬᠦ ᠳᠦᠰᠦᠯ ᠢᠶᠠᠨ ᠵᠠᠯᠭᠠᠭ᠎ᠠ ᠪᠠᠷ ᠨᠡᠶᠢᠲᠡᠯᠡᠵᠡᠢ᠃ ᠳᠦᠰᠦᠯ ᠳᠤ | ᠳᠤᠳᠤᠷᠬᠠᠢ ᠲᠤᠭᠲᠠᠭᠠᠭᠰᠠᠨ ᠨᠢ᠂ ᠦᠭᠡᠷᠡᠴᠢᠯᠡᠯᠲᠡ ᠬᠢᠬᠦ ᠳᠦᠰᠦᠯ ᠢ 2018 ᠤᠨ ᠤ ᠨᠠᠮᠤᠷ ᠤᠨ ᠤᠯᠠᠷᠢᠯ | ᠳᠤ ᠰᠤᠷᠭᠠᠭᠤᠯᠢ ᠳᠤ ᠤᠷᠤᠭᠰᠠᠨ ᠲᠡᠭᠡᠲᠤ ᠳᠤᠮᠳᠠᠳᠦ ᠰᠤᠷᠭᠠᠭᠤᠯᠢ ᠶᠢᠨ ᠨᠢᠭᠡᠲᠤᠬᠡᠷ ᠤᠨ ᠤ ᠰᠤᠷᠤᠭᠴᠢ ᠠᠴᠠ | ᠡᠬᠢᠯᠡᠵᠦ ᠬᠡᠷᠡᠭᠵᠢᠬᠦᠯᠦᠨ᠎ᠡ᠂ ᠡᠬᠦᠨ ᠳᠤ ᠨᠢᠭᠡᠲᠤᠯᠳᠡᠢ ᠰᠢᠯᠭᠠᠯᠲᠠ ᠪᠠ ᠳᠡᠭᠡᠲᠤ ᠳᠤᠮᠳᠠᠳᠦ ᠶᠢᠨ ᠰᠤᠷᠤᠯᠭ᠎ᠠ | ᠶᠢᠨ ᠬᠢᠷᠢ ᠳᠦᠪᠰᠢᠨ ᠤ ᠰᠢᠯᠭᠠᠯᠲᠠ ᠶᠢᠨ ᠬᠢᠷᠢ ᠪᠦᠳᠦᠮᠵᠢ ᠳᠤ ᠰᠠᠭᠤᠷᠢᠯᠠᠵᠤ᠂ ᠶᠡᠷᠦᠩᠬᠡᠢ ᠬᠡᠪ ᠴᠢᠨᠠᠷ ᠤᠨ | ᠦᠨᠡᠯᠡᠯᠲᠡ ᠪᠠᠷ ᠯᠠᠪᠯᠠᠯᠲᠠ ᠪᠤᠯᠭᠠᠭᠰᠠᠨ ᠤᠯᠠᠨ ᠠᠷᠭ᠎ᠠ ᠮᠠᠶ᠋ᠢᠭ ᠢᠶᠠᠷ ᠰᠤᠷᠤᠭᠴᠢ ᠡᠯᠰᠡᠬᠦ ᠵᠠᠬᠪᠤᠷ ᠢ | ᠬᠡᠷᠡᠭᠵᠢᠬᠦᠯᠦᠨ᠎ᠡ︔ ᠳᠡᠭᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠳᠦᠷᠦᠯ ᠬᠤᠪᠢᠶᠠᠨ | ᠰᠢᠯᠭᠠᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠯᠠᠪᠲᠠᠭᠤᠨ ᠳᠤᠬᠢᠲᠠᠢ ᠬᠡᠷᠡᠭᠵᠢᠬᠦᠯᠦᠨ᠎ᠡ᠃ | 2021 ᠤᠨ ᠪᠤᠯᠬᠤ ᠳᠤ᠂ ᠳᠦᠷᠦᠯ ᠬᠤᠪᠢᠶᠠᠨ ᠰᠢᠯᠭᠠᠬᠤ᠂ ᠶᠡᠷᠦᠩᠬᠡᠶᠢᠯᠡᠨ ᠦᠨᠡᠯᠡᠬᠦ᠂ ᠤᠯᠠᠨ ᠠᠷᠭ᠎ᠠ ᠮᠠᠶ᠋ᠢᠭ | ᠢᠶᠠᠷ ᠡᠯᠰᠡᠬᠦ ᠳᠡᠭᠡᠲᠤ ᠰᠤᠷᠭᠠᠭᠤᠯᠢ ᠶᠢᠨ ᠰᠢᠯᠭᠠᠯᠲᠠ ᠬᠢᠵᠦ ᠰᠤᠷᠤᠭᠴᠢ ᠡᠯᠰᠡᠬᠦ ᠳᠦᠷᠢᠮ ᠢ ᠠᠩᠬ᠎ᠠ ᠠᠯᠬᠤᠮ ᠪᠤᠢ | ᠪᠤᠯᠭᠠᠨ᠎ᠠ᠃ ᠨᠡᠶᠢᠲᠡᠯᠡᠭᠰᠡᠨ ᠳᠦᠰᠦᠯ ᠢ ᠦᠨᠳᠦᠰᠦᠯᠠᠪᠠᠯ᠂ ᠡᠨᠡ ᠨᠠᠢᠮᠠᠨ ᠮᠤᠵᠢ ᠬᠤᠲᠠ ᠨᠢ 3+1+2 | ᠭᠡᠬᠦ ᠵᠠᠬᠪᠤᠷ ᠢ ᠬᠡᠷᠡᠭᠯᠡᠬᠦ ᠪᠤᠯᠤᠨ᠎ᠠ︔ 3 ᠭᠡᠲᠡᠭ ᠨᠢ ᠪᠦᠬᠦ ᠤᠯᠤᠰ ᠤᠨ ᠨᠢᠭᠡᠲᠤᠯᠳᠡᠢ ᠰᠢᠯᠭᠠᠬᠤ ᠬᠢᠴᠢᠶᠠᠯ | ᠪᠤᠯᠬᠤ ᠬᠡᠯᠡ ᠪᠢᠴᠢᠭ᠂ ᠳᠤᠭᠠᠨ ᠤ ᠤᠬᠠᠭᠠᠨ᠂ ᠭᠠᠲᠠᠭᠠᠳᠦ ᠬᠡᠯᠡ ᠶᠢ ᠬᠡᠯᠡᠵᠦ ᠪᠠᠶᠢᠨ᠎ᠠ᠂ ᠡᠬᠦᠨ ᠢ ᠰᠤᠷᠤᠭᠴᠢᠳ | ᠡᠷᠭᠡᠪᠰᠢ ᠰᠢᠯᠭᠠᠬᠤ ᠬᠡᠷᠡᠭᠳᠡᠢ᠃ 1 ᠭᠡᠲᠡᠭ ᠨᠢ ᠳᠡᠷᠢᠬᠦᠨ ᠳᠤ ᠰᠤᠩᠭᠤᠬᠤ ᠬᠢᠴᠢᠶᠠᠯ ᠤᠨ ᠵᠦᠢᠯ ᠢ ᠬᠡᠯᠡᠵᠦ | ᠪᠠᠶᠢᠨ᠎ᠠ᠂ ᠰᠢᠯᠭᠠᠭᠤᠯᠬᠤ ᠰᠤᠷᠭᠴᠢ ᠳᠡᠭᠡᠲᠤ ᠳᠤᠮᠳᠠᠳᠦ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠲᠠ ᠶᠢᠨ ᠳᠤᠳᠤᠷᠠᠬᠢ ᠹᠢᠽᠢᠺ᠂ ᠳᠡᠦᠬᠡ ᠶᠢᠨ ᠬᠢᠴᠢᠶᠠᠯ ᠤᠨ ᠨᠢᠭᠡ ᠶᠢ ᠰᠤᠩᠭᠤᠬᠤ ᠬᠡᠷᠡᠭᠲᠡᠢ︔ 2 ᠭᠡᠲᠡᠭ | ᠨᠢ ᠲᠠᠬᠢᠵᠤ ᠰᠤᠩᠭᠤᠬᠤ ᠬᠢᠴᠢᠶᠠᠯ ᠢ ᠬᠡᠯᠡᠵᠦ ᠪᠠᠶᠢᠨ᠎ᠠ᠂ ᠰᠢᠯᠭᠠᠭᠤᠯᠬᠤ ᠰᠤᠷᠤᠭᠴᠢ ᠨᠢ ᠬᠢᠮᠢ᠂ ᠠᠮᠢᠲᠤ | ᠪᠤᠲᠠᠰ᠂ ᠦᠵᠡᠯ ᠰᠠᠨᠠᠭ᠎ᠠ ᠤᠯᠤᠰ ᠳᠦᠷᠦ᠂ ᠭᠠᠵᠠᠷ ᠵᠦᠢ ᠵᠡᠷᠭᠡ ᠳᠦᠷᠪᠡᠨ ᠬᠢᠴᠢᠶᠠᠯ ᠤᠨ ᠳᠤᠳᠤᠷ᠎ᠠ ᠠᠴᠠ | ᠬᠤᠶᠠᠷ ᠢ ᠰᠤᠩᠭᠤᠵᠤ ᠪᠤᠯᠤᠨ᠎ᠠ᠃ 2021 ᠤᠨ ᠠᠴᠠ ᠡᠬᠢᠯᠡᠨ᠂ ᠡᠨᠡ ᠨᠠᠢᠮᠠᠨ ᠮᠤᠵᠢ ᠤᠷᠤᠨ ᠤ ᠰᠢᠨ᠎ᠡ | ᠰᠢᠯᠭᠠᠯᠲᠠ ᠶᠢᠨ ᠳᠦᠷᠢᠮ ᠢᠶᠠᠷ ᠰᠢᠯᠭᠠᠭᠤᠯᠬᠤ ᠰᠤᠷᠤᠭᠴᠢᠳ ᠤᠨ ᠶᠡᠷᠦᠩᠬᠡᠢ ᠬᠢᠷᠢ ᠪᠦᠳᠦᠮᠵᠢ ᠨᠢ ᠳᠡᠭᠡᠲᠤ | ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠲᠠ ᠶᠢᠨ ᠬᠢᠴᠢᠶᠠᠯ ᠳᠦᠷᠦᠯ ᠤᠨ ᠬᠢᠷᠢ ᠪᠦᠳᠦᠮᠵᠢ | ᠪᠤᠯᠤᠨ ᠰᠤᠷᠤᠯᠭ᠎ᠠ ᠶᠢᠨ ᠬᠢᠷᠢ ᠳᠦᠪᠰᠢᠨ ᠤ ᠰᠢᠯᠭᠠᠯᠲᠠ ᠶᠢᠨ ᠰᠤᠩᠭᠤᠨ ᠰᠢᠯᠭᠠᠭᠤᠯᠬᠤ ᠬᠢᠴᠢᠶᠠᠯ ᠤᠨ ᠬᠢᠷᠢ | ᠪᠦᠳᠦᠮᠵᠢ ᠪᠠᠷ ᠪᠦᠷᠢᠯᠳᠦᠬᠦ ᠪᠤᠯᠤᠨ᠎ᠠ᠂ ᠬᠤᠶᠠᠷ ᠵᠦᠢᠯ ᠤᠨ ᠬᠢᠷᠢ ᠪᠦᠳᠦᠮᠵᠢ ᠨᠡᠶᠢᠯᠡᠭᠡᠳ 750 ᠬᠤᠪᠢ ᠪᠤᠯᠤᠨ᠎ᠠ᠃ | ᠡᠬᠦᠨ ᠳᠤ᠂ ᠨᠢᠭᠡᠲᠤᠯᠳᠡᠢ ᠰᠢᠯᠭᠠᠯᠲᠠ ᠶᠢᠨ ᠬᠡᠯᠡ ᠪᠢᠴᠢᠭ᠂ ᠳᠤᠭᠠᠨ ᠤ ᠤᠬᠠᠭᠠᠨ᠂ ᠭᠠᠲᠠᠭᠠᠳᠦ ᠬᠡᠯᠡ ᠵᠡᠷᠭᠡ | ᠭᠤᠷᠪᠠᠨ ᠳᠦᠷᠦᠯ ᠤᠨ ᠰᠢᠯᠭᠠᠯᠲᠠ ᠶᠢᠨ ᠳᠦᠬᠦᠷᠡᠩ ᠬᠤᠪᠢ ᠨᠢ ᠳᠤᠰ ᠳᠤᠰ 150 ᠬᠤᠪᠢ᠂ ᠨᠡᠶᠢᠲᠡ 450 | ᠬᠤᠪᠢ ᠪᠤᠯᠤᠨ᠎ᠠ᠂ ᠡᠳᠡᠭᠡᠷ ᠢ ᠴᠦᠮ ᠠᠩᠬᠠᠨ ᠤ ᠬᠢᠷᠢ ᠪᠦᠳᠦᠮᠵᠢ ᠪᠠᠷ ᠨᠢ ᠰᠤᠷᠤᠭᠴᠢ ᠶᠢᠨ ᠪᠦᠬᠦ ᠬᠢᠷᠢ | ᠪᠦᠳᠦᠮᠵᠢ ᠳᠤ ᠪᠤᠲᠤᠵᠤ ᠤᠷᠤᠭᠤᠯᠤᠨ᠎ᠠ᠃ ᠦᠵᠡᠯ ᠰᠠᠨᠠᠭ᠎ᠠ ᠤᠯᠤᠰ ᠳᠦᠷᠦ᠂ ᠭᠠᠵᠠᠷ ᠵᠦᠢ᠂ ᠬᠢᠮᠢ᠂ ᠠᠮᠢᠲᠤ ᠪᠤᠲᠠᠰ | ᠵᠡᠷᠭᠡ ᠳᠦᠷᠪᠡᠨ ᠬᠢᠴᠢᠶᠠᠯ ᠤᠨ ᠲᠤᠲᠤᠷ᠎ᠠ ᠠᠴᠠ ᠰᠤᠩᠭᠤᠭᠰᠠᠨ ᠬᠤᠶᠠᠷ ᠬᠢᠴᠢᠶᠠᠯ ᠤᠨ ᠰᠢᠯᠭᠠᠯᠲᠠ ᠶᠢᠨ | ᠳᠦᠬᠦᠷᠡᠩ ᠬᠤᠪᠢ ᠨᠢ ᠴᠦᠮ 100 ᠬᠤᠪᠢ ᠪᠤᠯᠤᠨ᠎ᠠ᠂ ᠡᠬᠦᠨ ᠢ ᠱᠠᠳᠦ ᠳᠡᠰ ᠢᠶᠠᠷ ᠬᠤᠪᠢ ᠦᠭᠬᠦᠭᠰᠡᠨ | ᠬᠢᠷᠢ ᠪᠦᠳᠦᠮᠵᠢ ᠶᠢᠨ ᠶᠤᠰᠤᠭᠠᠷ ᠰᠢᠯᠭᠠᠭᠤᠯᠤᠬᠴᠢ ᠶᠢᠨ ᠶᠡᠷᠦᠩᠬᠡᠢ ᠬᠢᠷᠢ ᠪᠦᠳᠦᠮᠵᠢ ᠳᠤ ᠪᠤᠲᠤᠵᠤ | ᠤᠷᠤᠭᠤᠯᠤᠨ᠎ᠠ᠃ 8 ᠮᠣᠵᠢ ᠬᠤᠳᠠ ᠶᠢᠨ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠲᠠ ᠶᠢᠨ | ᠶᠡᠷᠦᠩᠭᠡᠶᠢᠯᠡᠭᠰᠡᠨ ᠥᠭᠡᠷᠡᠴᠢᠯᠡᠯᠲᠡ ᠶᠢᠨ ᠲᠥᠰᠦᠯ ᠪᠣᠯ ᠣᠳᠣᠬᠠᠨ ᠪᠣᠯᠲᠠᠯᠠᠬᠢ ᠪᠦᠬᠦ ᠤᠯᠤᠰ ᠤᠨ ᠭᠤᠷᠪᠠᠳᠤᠭᠠᠷ | ᠪᠦᠯᠦᠭ ᠤᠨ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠲᠠ ᠶᠢᠨ ᠶᠡᠷᠦᠩᠭᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠪᠣᠯᠤᠨ᠎ᠠ᠃ ᠰᠢᠨ᠎ᠡ ᠬᠡᠪ ᠵᠠᠭᠪᠤᠷ ᠲᠤᠤᠷᠠᠬᠢ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠵᠢᠯᠣᠭᠤᠳᠬᠤ ᠲᠤᠬᠢᠭᠤᠷ ᠨᠢ ᠰᠤᠷᠭᠠᠨ ᠬᠥᠮᠦᠵᠢᠯ ᠳᠤ | ᠶᠠᠮᠠᠷ ᠬᠤᠪᠢᠷᠠᠯᠲᠠ ᠶᠢ ᠠᠪᠴᠢᠷᠠᠬᠤ ᠪᠣᠯ︖ ᠰᠢᠨ᠎ᠡ ᠬᠡᠪ ᠵᠠᠭᠪᠤᠷ ᠨᠢ ᠴᠢᠳᠠᠪᠤᠷᠢᠲᠠᠨ ᠢ ᠬᠥᠮᠦᠵᠢᠭᠦᠯᠬᠦ | ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ. ᠰᠢᠨ᠎ᠡ ᠬᠡᠪ ᠵᠠᠭᠪᠤᠷ ᠨᠢ ᠰᠢᠯᠭᠠᠭᠤᠯᠤᠭᠴᠢ ᠶᠢᠨ ᠰᠣᠩᠭᠤᠯᠲᠠ ᠶᠢᠨ | ᠬᠡᠪᠴᠢᠶ᠎ᠡ ᠶᠢ ᠶᠡᠬᠡᠳᠭᠡᠪᠡ᠃ ᠾᠧᠪᠧᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠬᠡᠯᠡᠬᠦ ᠳᠡᠭᠡᠨ᠂ ᠰᠤᠷᠤᠭᠴᠢᠳ ᠦᠪᠡᠷ ᠤᠨ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ | ᠴᠢᠳᠠᠪᠤᠷᠢ ᠵᠡᠷᠭᠡ ᠪᠠᠨ ᠦᠨᠳᠦᠰᠦᠯᠡᠨ 12 ᠵᠦᠢᠯ ᠤᠨ ᠬᠢᠴᠢᠶᠡᠯ ᠲᠥᠷᠥᠯ ᠳᠤᠳᠤᠷ᠎ᠠ ᠠᠴᠠ ᠪᠡᠶ᠎ᠡ ᠪᠠᠨ | ᠲᠠᠭᠠᠭᠠᠵᠤ ᠰᠣᠩᠭᠤᠯᠳᠠ ᠬᠢᠵᠦ ᠪᠣᠯᠤᠨ᠎ᠠ ᠭᠡᠵᠡᠶ᠃ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ | ᠳᠤᠮᠳᠠ᠂ ᠹᠢᠽᠢᠺ ᠪᠣᠯ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠠᠭᠤᠷᠢ | ᠴᠢᠨᠠᠷᠲᠠᠶ ᠰᠢᠨᠵᠢᠯᠡᠭᠡᠨ ᠤ ᠬᠢᠴᠢᠶᠡᠯ ᠮᠥᠨ᠂ ᠲᠡᠤᠬᠡ ᠪᠣᠯ ᠬᠥᠮᠥᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠷᠥᠯ ᠤᠨ ᠲᠤᠰᠬᠠᠶ ᠮᠡᠷᠭᠡᠵᠢᠯ ᠤᠨ ᠰᠠᠭᠤᠷᠢ ᠴᠢᠨᠠᠷᠲᠠᠶ ᠰᠢᠨᠵᠢᠯᠡᠭᠡᠨ ᠤ ᠬᠢᠴᠢᠶᠡᠯ ᠮᠥᠨ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠹᠢᠽᠢᠺ ᠪᠤᠶᠤ ᠲᠡᠤᠬᠡ ᠶᠢᠨ ᠬᠢᠴᠢᠶᠡᠯ ᠢ ᠰᠤᠷᠤᠯᠴᠠᠬᠤ ᠪᠣᠯ | ᠶᠡᠭᠡ ᠰᠤᠷᠭᠠᠭᠤᠯᠢ ᠶᠢᠨ ᠱᠠᠲᠤᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ | ᠪᠤᠶᠤ ᠬᠥᠮᠥᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠵᠢᠴᠢ ᠬᠠᠮᠢᠶ᠎ᠠ | ᠪᠦᠬᠦᠢ ᠰᠣᠯᠪᠢᠴᠠᠯ ᠰᠢᠨᠵᠢᠯᠡᠭᠡᠨ ᠤ ᠲᠥᠷᠥᠯ ᠤᠨ ᠲᠤᠰᠬᠠᠶ ᠮᠡᠷᠭᠡᠵᠢᠯ ᠢ ᠰᠤᠷᠤᠯᠴᠠᠬᠤ ᠴᠢᠬᠤᠯᠠ ᠰᠠᠭᠤᠷᠢ ᠪᠤᠯᠤᠨ᠎ᠠ᠃ | ᠡᠶᠢᠮᠦ ᠠᠴᠠ᠂ ᠡᠨᠡ ᠬᠤᠶᠠᠷ ᠬᠢᠴᠢᠶᠡᠯ ᠢ ᠲᠡᠷᠢᠭᠦᠨ ᠰᠣᠩᠭᠤᠯᠲᠠ ᠶᠢᠨ ᠬᠢᠴᠢᠶᠡᠯ ᠲᠥᠷᠥᠯ ᠪᠣᠯᠭᠠᠪᠠ᠂ ᠡᠨᠡ ᠨᠢ ᠶᠡᠭᠡ | ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠰᠤᠷᠤᠭᠴᠢ ᠶᠢ ᠬᠥᠮᠦᠵᠢᠭᠦᠯᠬᠦ ᠳᠤ | ᠠᠰᠢᠭᠲᠠᠶ ᠶᠤᠮ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠬᠠᠶᠢᠨ ᠰᠦᠪᠡᠭᠴᠢᠯᠡᠯᠲᠡ ᠶᠢ ᠲᠠᠶᠢᠴᠢᠯᠠᠵᠤ ᠵᠢᠭᠠᠨ ᠰᠤᠷᠭᠠᠯᠲᠠ ᠶᠢᠨ ᠰᠢᠨ᠎ᠡ ᠬᠡᠪ ᠤᠨ | ᠪᠠᠶᠢᠳᠠᠯ ᠢ ᠢᠯᠡᠷᠡᠭᠦᠯᠦᠨ᠎ᠡ. ᠡᠮᠦᠨᠡᠲᠦ ᠣᠷᠣᠨ ᠤ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠶᠢᠨ ᠵᠠᠬᠢᠷᠤᠯ ᠶᠣᠣ ᠰᠢᠶᠦ᠋ᠨ ᠴᠢ ᠬᠡᠯᠡᠬᠦ ᠳᠡᠭᠡᠨ᠂ ᠨᠢᠭᠡᠨᠲᠡ ᠲᠤᠷᠰᠢᠯᠲᠠ ᠬᠢᠭᠰᠡᠨ ᠮᠤᠵᠢ ᠠᠴᠠ | ᠠᠪᠴᠤ ᠦᠵᠡᠪᠡᠯ ᠮᠠᠰᠢ ᠣᠯᠠᠨ ᠰᠢᠨ᠎ᠡ ᠶᠢ ᠡᠭᠦᠳᠦᠭᠰᠡᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠤᠢ | ᠪᠣᠯᠵᠠᠶ᠂ ᠵᠢᠱᠢᠶᠡᠯᠡᠪᠡᠯ ᠰᠤᠷᠤᠭᠴᠢ ᠰᠤᠷᠭᠠᠭᠤᠯᠢ ᠳᠤ ᠣᠷᠣᠬᠰᠠᠨ ᠤ ᠲᠠᠷᠠᠭᠠᠬᠢ ᠬᠢᠴᠢᠶᠡᠯ ᠰᠣᠩᠭᠤᠬᠤ ᠳᠦᠷᠢᠮ᠂ | ᠱᠠᠲᠤ ᠬᠤᠪᠢᠶᠠᠨ ᠵᠢᠭᠠᠨ ᠰᠤᠷᠭᠠᠬᠤ᠂ ᠲᠤᠭᠤᠶᠢᠯᠠᠩ ᠬᠤᠪᠢᠶᠠᠨ ᠰᠤᠷᠤᠯᠴᠠᠬᠤ᠂ ᠠᠩᠭᠢ ᠬᠤᠪᠢᠶᠠᠨ ᠵᠢᠭᠠᠨ | ᠰᠤᠷᠭᠠᠬᠤ ᠵᠡᠷᠭᠡ ᠨᠢ ᠨᠢᠭᠡ ᠵᠦᠢᠯ ᠤᠨ ᠵᠢᠭᠠᠨ ᠰᠤᠷᠭᠠᠯᠲᠠ ᠶᠢᠨ ᠰᠢᠨ᠎ᠡ ᠬᠡᠪ ᠤᠨ ᠪᠠᠶᠢᠳᠠᠯ ᠪᠣᠯᠵᠠᠶ ᠬᠡᠪᠡ᠃ | ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠠᠷᠤᠭ᠎ᠠ ᠵᠥᠩ ᠪᠢᠩ ᠯᠢᠨ ᠬᠡᠯᠡᠬᠦ ᠳᠡᠭᠡᠨ᠂ | ᠰᠤᠷᠭᠠᠭᠤᠯᠢ ᠶᠢᠨ ᠥᠭᠡᠷᠡᠴᠢᠯᠡᠯᠲᠡ ᠶᠢᠨ ᠬᠠᠶᠢᠨ ᠰᠦᠪᠡᠭᠴᠢᠯᠡᠯᠳᠡ ᠶᠢᠨ ᠡᠭᠦᠷᠭᠡ ᠲᠤᠶᠢᠯ ᠤᠨ ᠬᠠᠲᠠᠭᠤ ᠪᠡᠷᠬᠡ | ᠪᠠᠶᠢᠬᠤ ᠲᠤᠯᠠ ᠣᠷᠣᠨ ᠪᠦᠰᠡ ᠶᠢᠨ ᠵᠥᠷᠢᠶ᠎ᠡ᠂ ᠬᠤᠲᠠ ᠬᠥᠳᠡᠭᠡ ᠶᠢᠨ ᠵᠥᠷᠢᠶ᠎ᠡ᠂ ᠰᠤᠷᠭᠠᠭᠤᠯᠢ ᠶᠢᠨ | ᠬᠤᠭᠤᠷᠣᠨᠳᠣᠬᠢ ᠵᠥᠷᠢᠶ᠎ᠡ ᠶᠢ ᠬᠦᠨᠳᠦᠳᠬᠡᠵᠦ᠂ ᠣᠯᠠᠨ ᠶᠠᠩᠵᠤ ᠶᠢᠨ ᠬᠠᠶᠢᠨ ᠰᠦᠪᠡᠭᠴᠢᠯᠡᠯᠲᠡ ᠬᠢᠬᠦ ᠬᠡᠷᠡᠭᠲᠡᠶ | ᠬᠡᠵᠡᠢ᠃ ᠦᠨᠡᠯᠡᠬᠦ ᠠᠷᠭ᠎ᠠ ᠬᠡᠯᠪᠡᠷᠢ ᠶᠢ ᠤᠯᠠᠨ ᠶᠠᠩᠵᠦ ᠶᠢᠨ ᠪᠤᠯᠭᠠᠵᠤ ᠴᠢᠳᠠᠪᠤᠷᠢᠲᠠᠨ ᠢ ᠬᠥᠮᠦᠵᠢᠭᠦᠯᠬᠦ | ᠬᠥᠭᠦᠷᠭᠡ ᠬᠤᠯᠪᠤᠭᠠᠰᠤ ᠶᠢ ᠪᠠᠶᠢᠭᠤᠯᠤᠨ᠎ᠠ. ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠶᠠᠪᠤᠴᠠ ᠳᠤ᠂ ᠰᠤᠷᠤᠭᠴᠢ ᠡᠯᠰᠡᠬᠦ ᠠᠷᠭ᠎ᠠ ᠮᠠᠶ᠋ᠢᠭ ᠴᠤ | ᠣᠯᠠᠨ ᠶᠠᠩᠵᠤ ᠶᠢᠨ ᠪᠣᠯᠵᠤ ᠪᠠᠶᠢᠨ᠎ᠠ᠄ ᠢᠯᠠ ᠲᠣᠳᠣᠷᠬᠠᠶ ᠲᠥᠪ ᠭᠤᠤᠯᠴᠢ ᠪᠠᠶᠢᠬᠤ ᠶᠢ ᠪᠠᠲᠤᠯᠠᠭᠰᠠᠨ | ᠤᠷᠢᠲᠠᠯ ᠳᠣᠤᠷ᠎ᠠ᠂ ᠨᠢᠭᠡᠳᠦᠯᠲᠡᠶ ᠡᠯᠰᠡᠬᠦ ᠨᠢᠭᠡᠳᠦᠯᠲᠡᠶ ᠰᠢᠯᠭᠠᠵᠤ ᠡᠯᠰᠡᠨ ᠠᠪᠬᠤ᠂ ᠶᠡᠭᠡ ᠳᠡᠭᠡᠳᠦ ᠰᠤᠷᠭᠠᠭᠤᠯᠢ ᠨᠢ | ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ᠂ ᠬᠥᠳᠡᠭᠡ ᠲᠣᠰᠬᠤᠨ ᠤ ᠰᠢᠯᠭᠠᠭᠤᠯᠤᠭᠴᠢ ᠳᠤ | ᠬᠠᠨᠳᠤᠭᠤᠯᠤᠬᠰᠠᠨ ᠲᠤᠰᠬᠠᠶ ᠲᠥᠯᠥᠪᠯᠡᠭᠡ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ | ᠬᠤᠪᠢᠶᠠᠨ ᠰᠤᠷᠤᠭᠴᠢ ᠡᠯᠰᠡᠬᠦ ᠵᠡᠷᠭᠡ ᠠᠷᠭ᠎ᠠ ᠪᠤᠢ᠃ ᠴᠥᠭᠡᠨ ᠪᠤᠰᠤ ᠲᠤᠰᠬᠠᠶ ᠮᠡᠷᠭᠡᠵᠢᠯᠲᠡᠨ᠂ ᠶᠡᠭᠡ ᠲᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ᠂ ᠶᠡᠭᠡ ᠲᠡᠭᠡᠳᠦ ᠰᠤᠷᠭᠠᠭᠤᠯᠢ ᠳᠤ ᠰᠤᠷᠤᠭᠴᠢ | ᠡᠯᠰᠡᠬᠦ ᠨᠢᠭᠡᠳᠦᠯᠲᠡᠶ ᠰᠢᠯᠭᠠᠯᠲᠠ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠪᠠᠷ ᠦᠨᠳᠦᠰᠦᠯᠡᠯ ᠪᠣᠯᠭᠠᠨ᠂ ᠶᠡᠷᠦᠩᠬᠡᠶ ᠬᠡᠪ ᠴᠢᠨᠠᠷ ᠤᠨ | ᠦᠨᠡᠯᠡᠯᠲᠡ ᠪᠠᠷ ᠯᠠᠪᠯᠠᠯᠲᠠ ᠪᠣᠯᠭᠠᠵᠤ᠂ ᠶᠡᠷᠦᠩᠬᠡᠶ ᠬᠡᠪ ᠴᠢᠨᠠᠷ ᠤᠨ ᠦᠨᠡᠯᠡᠯᠲᠡ ᠨᠢ ᠵᠠᠪᠠᠯ ᠢᠲᠡᠭᠡᠮᠵᠢᠲᠡᠶ ᠪᠥᠭᠡᠳ | ᠬᠡᠷᠡᠭᠯᠡᠬᠦᠰᠢᠳᠡᠢ ᠪᠠᠶᠢᠬᠤ ᠨᠢ ᠭᠤᠤᠯᠯᠠᠬᠤ ᠵᠦᠢᠯ ᠪᠣᠯᠤᠨ᠎ᠠ᠂ ᠡᠨᠡ ᠪᠣᠯ ᠰᠠᠶ᠋ᠢ ᠣᠳᠣᠬᠠᠨ ᠤ ᠵᠦᠪᠭᠡᠨ | ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ ᠤᠨ ᠬᠡᠯᠪᠡᠷᠢᠯ ᠢ ᠠᠷᠢᠯᠭᠠᠬᠤ ᠶᠢᠨ ᠦᠨᠳᠦᠰᠦ ᠮᠥᠨ ᠬᠡᠵᠦ | ᠦᠵᠡᠵᠦ ᠪᠤᠢ᠃ ᠡᠨᠡ ᠤᠳᠠᠭ᠎ᠠ ᠨᠡᠶᠢᠳᠡᠯᠡᠭᠰᠡᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠶᠢᠨ ᠰᠢᠨ᠎ᠡ ᠲᠥᠰᠦᠯ ᠳᠤ᠂ ᠪᠠᠰᠠ ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠪᠣᠯᠤᠨ ᠡᠩ ᠤᠨ ᠶᠡᠭᠡ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ ᠶᠢᠨ ᠠᠵᠢᠯ ᠢ | ᠬᠠᠷᠢᠴᠠᠩᠭᠤᠶ ᠪᠠᠷ ᠰᠠᠯᠭᠠᠵᠤ᠂ ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢ ᠦᠨᠡᠯᠡᠬᠦ | ᠠᠷᠭ᠎ᠠ ᠮᠠᠶ᠋ᠢᠭ ᠢ ᠬᠡᠷᠡᠭᠵᠢᠭᠦᠯᠦᠨ᠎ᠡ ᠬᠡᠪᠡ᠃ ︽ᠢᠩᠭᠢᠬᠦ ᠨᠢ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠮ᠎ᠡ ᠶᠣᠰᠣ ᠪᠠᠷ ᠮᠡᠷᠭᠡᠵᠢᠯ ᠴᠢᠳᠠᠪᠤᠷᠢ ᠶᠢᠨ ᠬᠡᠯᠪᠡᠷᠢ ᠶᠢᠨ | ᠴᠢᠳᠠᠪᠤᠷᠢᠲᠠᠨ ᠢ ᠰᠣᠩᠭᠤᠨ ᠬᠥᠮᠦᠵᠢᠭᠦᠯᠬᠦ ᠳᠤ ᠠᠰᠢᠭᠲᠠᠶ ᠮᠥᠷᠲᠡᠭᠡᠨ ᠨᠢᠭᠡ ᠪᠦᠯᠦᠭ ᠰᠤᠷᠤᠭᠴᠢᠳ ᠤᠨ | ᠥᠪᠡᠷ ᠤᠨ ᠪᠡᠶ᠎ᠡ ᠳᠡᠭᠡᠨ ᠲᠣᠬᠢᠷᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠷᠲᠡᠬᠡᠨ ᠰᠣᠩᠭᠤᠬᠤ ᠳᠤ ᠴᠤ | ᠠᠰᠢᠭᠲᠠᠶ ᠶᠤᠮ︾ ᠭᠡᠵᠦ ᠾᠧᠪᠧᠢ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠬᠡᠯᠡᠪᠡ᠃ ᠲᠤᠰᠬᠠᠶ ᠮᠡᠷᠭᠡᠵᠢᠯᠲᠡᠨ᠂ ᠲᠤᠰ ᠤᠳᠠᠭᠠᠨ ᠤ ᠶᠡᠭᠡ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ | ᠵᠢᠷᠤᠭ ᠲᠥᠯᠥᠪᠯᠡᠭᠡ ᠳᠤ ᠬᠤᠶᠠᠷ ᠲᠥᠷᠥᠯ ᠤᠨ ᠴᠢᠳᠠᠪᠤᠷᠢᠲᠠᠨ ᠢ ᠲᠥᠷᠥᠯ ᠬᠤᠪᠢᠶᠠᠨ ᠰᠢᠯᠭᠠᠨ᠎ᠡ ᠭᠡᠵᠦ | ᠳᠤᠬᠳᠠᠭᠠᠬᠰᠠᠨ ᠨᠢ ᠡᠷᠳᠡᠮ ᠰᠢᠨᠵᠢᠯᠡᠭᠡᠨ ᠤ ᠬᠡᠯᠪᠡᠷᠢ ᠶᠢᠨ ᠴᠢᠳᠠᠪᠤᠷᠢᠲᠠᠨ ᠪᠠ ᠤᠷ᠎ᠠ ᠮᠡᠷᠭᠡᠵᠢᠯ ᠤᠨ | ᠬᠡᠯᠪᠡᠷᠢ ᠶᠢᠨ ᠴᠢᠳᠠᠪᠤᠷᠢᠲᠠᠨ ᠢ ᠲᠥᠷᠥᠯ ᠬᠤᠪᠢᠶᠠᠨ ᠬᠥᠮᠦᠵᠢᠭᠦᠯᠬᠦ ᠳᠤ ᠠᠰᠢᠭᠲᠠᠶ ᠪᠦᠭᠡᠳ ᠬᠤᠶᠠᠷ | ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ ᠬᠥᠭᠦᠷᠭᠡ ᠬᠤᠯᠪᠤᠭᠠᠰᠤ ᠶᠢᠨ ᠠᠩᠬᠠᠨ ᠤ ᠳᠦᠷᠰᠦ ᠪᠠᠶᠢᠳᠠᠯ ᠢ ᠪᠤᠢ | ᠪᠤᠯᠭᠠᠵᠠᠢ ᠭᠡᠵᠦ ᠦᠵᠡᠵᠦ ᠪᠤᠢ᠃ | ᠢᠷᠡᠯᠳᠡ ᠠᠷᠠᠳ ᠤᠨ ᠰᠦᠯᠵᠢᠶ᠎ᠡ | |