ᠮᠠᠨ ᠤ ᠬᠤᠰᠢᠭᠤ ᠰᠠᠭᠤᠷᠢ ᠪᠠᠳᠤᠯᠠᠭ᠎ᠠ ᠶᠢ ᠴᠢᠩᠭᠠᠳᠬᠠᠨ᠂ ᠶᠠᠳᠠᠭᠤ ᠬᠦᠴᠢᠷᠳᠡᠢ | ᠤᠯᠠᠨ ᠲᠦᠮᠡᠨ ᠤ ᠠᠮᠢᠳᠤᠷᠠᠯ ᠳᠠᠭᠠᠨ ᠵᠤᠪᠬᠠᠤ ᠦᠬᠡᠢ ᠪᠠᠶᠢᠬᠤ ᠶᠢ ᠪᠠᠳᠤᠯᠠᠵᠥ ᠪᠠᠶᠢᠨ᠎ᠠ | | ᠮᠠᠨ ᠤ ᠬᠤᠰᠢᠭᠤ ᠰᠤᠷᠭᠠᠨ ᠬᠦᠮᠦᠵᠢᠯ᠂ ᠡᠮᠴᠢᠯᠡᠭᠡ᠂ ᠨᠡᠶᠢᠭᠡᠮ ᠤᠨ ᠪᠠᠳᠤᠯᠠᠭ᠎ᠠ ᠵᠡᠷᠭᠡ ᠲᠦᠷᠦ ᠶᠢᠨ | ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠥ᠂ ᠶᠠᠳᠠᠭᠤ ᠬᠦᠴᠢᠷᠳᠡᠢ ᠭᠡᠷ ᠪᠦᠯᠢ ᠶᠢᠨ ᠰᠤᠷᠤᠭᠴᠢ ᠳᠤ | ᠰᠤᠷᠭᠠᠭᠤᠯᠢ ᠶᠢᠨ ᠲᠡᠷᠭᠡᠨ ᠳᠤ ᠰᠠᠭᠤᠬᠤ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠲᠤᠬᠳᠠᠭᠠᠵᠥ᠂ ᠭᠡᠷ | ᠪᠦᠯᠢ ᠶᠢᠨ ᠡᠪᠡᠳᠴᠢᠳᠡᠨ ᠤ ᠤᠷᠤ ᠶᠢᠨ ᠦᠢᠯᠡᠴᠢᠯᠡᠭᠡ ᠶᠢ ᠤᠷᠢᠳᠠᠪᠠᠷ ᠲᠡᠯᠭᠡᠷᠡᠬᠦᠯᠵᠥ᠂ 29116 ᠡᠪᠡᠳᠴᠢᠳᠡᠨ | ᠤ ᠤᠷᠤ ᠪᠠᠶᠢᠭᠤᠯᠵᠥ ᠦᠢᠯᠡᠴᠢᠯᠡᠪᠡ᠃ ᠡᠮᠨᠡᠯᠭᠡ ᠳᠤ ᠰᠠᠭᠤᠬᠤ ᠪᠠᠳᠤᠯᠠᠭ᠎ᠠ ᠶᠢ ᠴᠢᠩᠭᠠᠳᠬᠠᠨ᠂ 16517 | ᠠᠶᠤᠯᠳᠠᠢ ᠭᠡᠷ ᠪᠠᠶᠢᠰᠢᠩ ᠢ ᠦᠬᠡᠷᠡᠴᠢᠯᠡᠵᠥ ᠡᠬᠦᠨ ᠳᠤ 2019 ᠤᠨ ᠳᠤ ᠬᠤᠰᠢᠭᠤᠨ ᠲᠡᠰ 892 ᠲᠦᠮᠡᠨ | ᠲᠦᠭᠦᠷᠢᠭ ᠪᠡᠯᠡ ᠤᠷᠤᠭᠤᠯᠵᠥ᠂ ︽ᠲᠦᠷᠪᠡᠨ ᠲᠦᠷᠦᠯ ᠤᠨ ᠪᠦᠯᠦᠭᠯᠡᠯ︾ ᠠᠴᠠ ᠤᠨᠳᠤᠤ 429 ᠡᠷᠦᠬᠡ | ᠲᠠᠷᠢᠶᠠᠴᠢᠨ ᠡᠷᠦᠬᠡ ᠶᠢ ᠦᠬᠡᠷᠡᠴᠢᠯᠡᠵᠥ᠂ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠪᠠ ᠶᠠᠳᠠᠭᠤ ᠶᠢ ᠲᠡᠳᠬᠦᠨ | ᠨᠡᠭᠡᠭᠡᠯᠳᠡ ᠬᠢᠬᠦ ᠬᠤᠶᠠᠷ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠵᠠᠯᠭᠠᠯᠳᠤᠭᠤᠯᠵᠥ᠂ ᠶᠠᠳᠠᠭᠤ | ᠡᠷᠦᠬᠡ ᠶᠢᠨ ᠲᠤᠮᠳᠠ ᠲᠤᠤᠷ᠎ᠠ ᠪᠠᠳᠤᠯᠠᠭ᠎ᠠ ᠶᠢ ᠬᠦᠷᠳᠡᠵᠥ ᠪᠠᠶᠢᠭ᠎ᠠ ᠬᠦᠮᠦᠰ 3343 ᠡᠷᠦᠬᠡ 7805 ᠪᠠᠶᠢᠵᠥ᠂ | 5852 ᠬᠦᠮᠦᠨ ᠤᠳᠠᠭ᠎ᠠ ᠡᠮ ᠡᠮᠴᠢᠯᠡᠭᠡ ᠶᠢᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢᠨ ᠠᠴᠢ ᠶᠢ | ᠬᠦᠷᠳᠡᠨ᠂ 1051 ᠡᠷᠦᠬᠡ ᠲᠦᠷ ᠴᠠᠭ ᠤᠨ ᠠᠪᠤᠷᠠᠨ ᠲᠤᠰᠠᠯᠠᠬᠤ ᠬᠠᠷᠠᠭᠠᠯᠵᠠᠯᠠᠯ ᠬᠦᠷᠳᠡᠪᠡ᠃ |