ᠲᠠᠪᠤᠳᠤᠭᠠᠷ ᠬᠤᠭᠤᠴᠠᠭᠠᠨ ᠤ  ᠤᠳᠠᠨᠳᠠᠯ᠎ᠠ ᠪᠠᠲᠤᠴᠠᠭᠠᠨ ᠤ ᠨᠠᠶᠢᠷ ᠡᠬᠢᠯᠡᠭᠰᠡᠨ
ᠨᠡᠶᠢᠲᠡᠯᠡᠭᠰᠡᠨ ᠴᠠᠭ᠄
2020/10/9
          ᠲᠠᠪᠤᠳᠤᠭᠠᠷ ᠬᠤᠭᠤᠴᠠᠭᠠᠨ ᠤ  ᠤᠳᠠᠨᠳᠠᠯ᠎ᠠ ᠪᠠᠲᠤᠴᠠᠭᠠᠨ ᠤ ᠨᠠᠶᠢᠷ ᠡᠬᠢᠯᠡᠭᠰᠡᠨ      
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠶ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠦᠢᠯᠡᠳᠦᠯᠭᠡᠵᠢᠬᠦᠯᠵᠥ᠂ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ 10 ᠰᠠᠷ᠎ᠠ ᠶᠢᠨ 7 ᠤ ᠡᠳᠦᠷ᠂ ᠪᠡᠭᠡᠵᠢᠩ ᠤᠨ ᠲᠢᠶᠠᠨ ᠹᠧᠩ ᠰᠣᠶᠣᠯ ᠵᠢᠭᠤᠯᠴᠢᠯᠠᠯ ᠤᠨ ᠰᠢᠨᠵᠢᠯᠡᠬᠦ ᠮᠡᠷᠭᠡᠵᠢᠯ ᠤᠨ ᠪᠦᠯᠦᠭᠯᠡᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠮᠸᠡᠭ ᠶᠦᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠤᠮᠫᠠᠨᠢ  ᠠᠴᠠ ᠳᠠᠭᠠᠭᠠᠴᠢᠯᠠᠨ ᠡᠷᠭᠢᠯᠡᠭᠰᠡᠨ 2020 ᠤᠳᠠᠨᠳᠠᠯ᠎ᠠ ᠪᠠᠲᠤᠴᠠᠭᠠᠨ ᠤ ᠨᠠᠶᠢᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ  ᠤᠳᠠᠨᠳᠠᠯ᠎ᠠ  ᠪᠠᠳᠤᠴᠠᠭᠠᠨ ᠤ ᠴᠡᠴᠡᠷᠯᠢᠭ  ᠲᠤ ᠦᠪᠡᠳᠡᠭᠰᠢ ᠶᠡᠭᠡ ᠪᠠᠷ ᠡᠬᠢᠯᠡᠪᠡ᠃ ᠬᠤᠰᠢᠭᠤᠨ ᠤ ᠤᠳᠤᠷᠢᠳᠤᠯᠭ᠎ᠠ ᠾᠧ ᡁᠢ ᠸᠧᠶ᠂ ᠯᠢ ᠫᠧᠩ᠂ ᠯᠢ ᠯᠢᠩ  ᠹᠧᠨ  ᠂ ᠺᠠᠩ ᠰᠢᠶᠣᠤ ᠳ᠋ᠦᠩ᠂ ᠵᠢᠶᠠ ᠭᠤᠸᠠᠩ ᠼᠠᠢ᠂ ᠲᠠᠨ᠎ᠠ᠂ ᠪᠡᠭᠡᠵᠢᠩ ᠤᠨ ᠲᠢᠶᠠᠨ ᠹᠧᠩ ᠰᠣᠶᠣᠯ ᠵᠢᠭᠤᠯᠴᠢᠯᠠᠯ ᠤᠨ ᠰᠢᠨᠵᠢᠯᠡᠬᠦ ᠮᠡᠷᠭᠡᠵᠢᠯ ᠤᠨ ᠪᠦᠯᠦᠭᠯᠡᠯ ᠤᠨ ᠬᠢᠵᠠᠭᠠᠷᠳᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠰᠦᠨ ᠶᠢᠨ ᠼᠠᠢ᠂ ᠥᠪᠥᠷ ᠮᠣᠩᠭᠤᠯ ᠤᠨ ᠲᠢᠶᠠᠨ ᠹᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠯ ᡂᠢ ᠢᠦᠶ ᠢᠦᠶ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠡᠯ᠎ᠡ ᠲᠣᠮᠣ ᠰᠦᠯᠵᠢᠶᠡᠨ ᠥᠷᠲᠡᠭᠡ᠂ ᠲᠠᠪᠴᠠᠩ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠡᠬᠢᠯᠡᠯᠲᠡ ᠶᠢᠨ ᠶᠣᠰᠣᠯᠠᠯ ᠳᠤ  ᠤᠷᠤᠯᠴᠠᠪᠠ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号