ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠬᠠᠶ ᠲᠧᠯᠸᠢᠰ ᠶᠠᠷᠢᠶ᠎ᠠ | | | ᠰᠤᠷᠪᠤᠯᠵᠢᠯᠠᠭ᠎ᠠ ᠶᠢᠨ ᠨᠡᠷᠡᠶᠢᠳᠦᠯ᠄ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠠᠵᠢᠯ ᠤᠨ ᠲᠤᠬᠠᠶ ᠲᠧᠯᠸᠢᠰ ᠶᠠᠷᠢᠶ᠎ᠠ | ᠰᠤᠷᠪᠤᠯᠵᠢᠯᠠᠭᠰᠠᠨ ᠴᠠᠭ᠄ 2020 — 11 — 3 | ᠰᠤᠷᠪᠤᠯᠵᠢᠯᠠᠭᠰᠠᠨ ᠵᠣᠴᠢᠨ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠳᠡᠳ᠋ ᠬᠤᠰᠢᠭᠤᠨ ᠳᠠᠷᠤᠭ᠎ᠠ ᠺᠠᠩ ᠰᠢᠶᠤᠤ ᠳ᠋ᠦᠩ | ᠭᠤᠤᠯ ᠠᠭᠤᠯᠭ᠎ᠠ᠄ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠲᠤᠬᠠᠶ ᠲᠧᠯᠸᠢᠰ ᠶᠠᠷᠢᠶ᠎ᠠ | | | ﹇ᠺᠠᠩ ᠰᠢᠶᠤᠤ ᠳ᠋ᠦᠩ﹈ | ᠪᠦᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ᠄ ᠲᠠᠨᠠᠷ ᠰᠠᠶᠢᠨ ᠪᠠᠶᠢᠵᠠᠭᠠᠨ᠎ᠠ ᠤᠤ᠂ ᠲᠠ ᠨᠠᠷ ᠶᠠᠭᠠᠷᠤ | ᠰᠠᠨᠳᠤᠷᠤ ᠪᠠᠶᠢᠬᠤ ᠳᠠᠭᠠᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠠᠶᠢᠳᠠᠮ | ᠪᠠᠶᠢᠴᠠᠭᠠᠯᠲᠠ ᠶᠢᠨ ᠠᠵᠢᠯ ᠢ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ︕ ᠲᠥᠷᠥ ᠶᠢᠨ ᠶᠠᠪᠤᠳᠠᠯ ᠤᠨ ᠬᠤᠷᠢᠶᠠᠨ ᠤ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ 2020 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠲᠤ ᠵᠢᠩᠬᠢᠨᠢ ᠪᠠᠷ | ᠡᠬᠢᠯᠡᠨ᠎ᠡ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ | ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠃ ᠲᠡᠷᠡ ᠨᠢ ᠤᠯᠤᠰ ᠤᠨ ᠠᠯᠢ ᠣᠯᠠᠨ ᠨᠡᠶᠢᠭᠡᠮ ᠤᠨ ᠠᠵᠤ | ᠠᠬᠤᠶ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠳᠤ ᠬᠤᠯᠪᠤᠭᠳᠠᠬᠤ ᠪᠠᠷ ᠪᠠᠷᠠᠬᠤ ᠥᠬᠡᠶ᠂ ᠲᠠ ᠪᠣᠯᠤᠨ ᠲᠠᠨ ᠤ | ᠬᠡᠷ ᠤᠨ ᠬᠥᠮᠦᠰ ᠤᠨ ᠲᠣᠰ ᠪᠡᠶ᠎ᠡ ᠶᠢᠨ ᠠᠰᠢᠭ ᠲᠤᠰᠠ ᠲᠠᠢ ᠴᠤ ᠨᠢᠭᠲᠠ ᠬᠤᠯᠪᠣᠭ᠎ᠠ ᠲᠠᠢ ᠶᠤᠮ᠃ ᠮᠡᠳᠡᠭᠦᠯᠬᠦ | ᠠᠭᠤᠯᠭ᠎ᠠ ᠶᠢᠨ ᠦᠨᠡᠨ ᠪᠣᠳᠠᠲᠤ ᠴᠢᠨᠠᠷ ᠬᠥᠮᠦᠨ ᠠᠮᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ | ᠠᠰᠠᠷᠠᠮᠵᠢ᠂ ᠡᠮ ᠡᠮᠨᠡᠯᠭᠡ᠂ ᠨᠡᠶᠢᠭᠡᠮ ᠤᠨ ᠠᠰᠠᠷᠠᠮᠵᠢ ᠵᠡᠷᠭᠡ ᠲᠦᠷᠦ ᠶᠢᠨ ᠪᠤᠳᠤᠯᠭ᠎ᠠ ᠶᠢ ᠲᠣᠭᠲᠠᠭᠠᠨ | ᠲᠡᠭᠦᠯᠳᠡᠷᠵᠢᠭᠦᠯᠬᠦ ᠶᠢ ᠰᠢᠭᠤᠳ ᠨᠥᠯᠥᠭᠡᠯᠡᠬᠦ ᠪᠥᠭᠡᠳ ᠪᠠᠰᠠ ᠲᠠᠷᠢᠶᠠᠯᠠᠩ ᠤᠨ ᠬᠥᠭᠵᠢᠯᠲᠡ᠂ ᠬᠤᠳᠠ ᠪᠠᠯᠭᠠᠰᠤᠨ ᠤ | ᠲᠥᠯᠥᠪᠵᠢᠭᠦᠯᠭᠡ᠂ ᠬᠡᠤᠬᠡᠳ ᠪᠠ ᠨᠠᠰᠤᠲᠠᠶᠢᠴᠤᠳ ᠤᠨ ᠦᠶ᠋ᠯᠡᠴᠢᠯᠡᠭᠡᠨ ᠤ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ᠂ ᠦᠢᠯᠡᠳᠪᠦᠷᠢ ᠬᠤᠳᠠᠯᠳᠤᠭᠠᠨ ᠤ ᠦᠢᠯᠡᠴᠢᠯᠡᠭᠡᠨ ᠤ ᠲᠣᠤᠷ ᠴᠡᠭ ᠤᠨ ᠲᠠᠷᠬᠠᠯᠲᠠ᠂ ᠣᠷᠣᠨ | ᠰᠠᠭᠤᠴᠠ ᠪᠠ ᠵᠠᠮ ᠤᠨ ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠵ᠊ ᠡᠷᠭᠡ ᠶᠢ ᠨᠥᠯᠥᠭᠡᠯᠡᠬᠦ ᠪᠣᠯᠤᠨ᠎ᠠ᠃ | ᠣᠯᠠᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ | ᠦᠢᠯᠡᠳᠦᠯ ᠦᠵᠡᠭᠦᠯᠳᠡᠭ᠃ ᠠᠷᠠᠳ ᠢᠷᠭᠡᠨ ᠨᠢᠭᠡᠪᠦᠷᠢ ᠶᠢᠨ ᠳᠡᠮᠵᠢᠯᠭᠡ ᠬᠠᠮᠵᠢᠯᠴᠠᠭ᠎ᠠ ᠪᠣᠯ ᠡᠨᠡ ᠤᠳᠠᠭᠠᠨ ᠤ | ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠠᠮᠵᠢᠯᠲᠠ ᠣᠯᠬᠤ ᠶᠢᠨ ᠵᠠᠩᠭᠢᠯᠠᠭ᠎ᠠ ᠪᠣᠯᠬᠤ ᠪᠥᠭᠡᠳ ᠪᠠᠰᠠ ᠴᠤ | ᠭᠦᠢᠴᠡᠳᠭᠡᠪᠡᠰᠦ ᠵᠣᠬᠢᠬᠤ ᠬᠠᠤᠯᠢ ᠪᠠᠷ ᠲᠣᠭᠲᠠᠭᠠᠭᠰᠠᠨ ᠡᠭᠦᠷᠭᠡ ᠪᠣᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠣᠯᠤᠨ ︽ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠳᠦᠷᠢᠮ︾ ᠳᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠦᠨᠡᠨ ᠪᠣᠳᠠᠲᠠᠶ᠂ ᠵᠥᠪ ᠣᠨᠣᠪᠴᠢᠲᠠᠶ᠂ ᠪᠦᠷᠢᠨ | ᠭᠦᠢᠴᠡᠳ᠂ ᠴᠠᠭ ᠲᠤᠬᠠᠶ ᠳᠤᠨᠢ ᠬᠠᠩᠭᠠᠬᠤ ᠬᠡᠷᠡᠭᠲᠡᠶ ᠭᠡᠵᠦ ᠲᠣᠭᠲᠠᠭᠠᠪᠠ᠃ ᠲᠠ ᠰᠠᠨᠠᠭ᠎ᠠ ᠠᠮᠤᠷ ᠮᠡᠳᠡᠭᠦᠯᠦᠭᠡᠷᠡᠢ᠂ | ᠲᠠᠨ ᠤ ᠬᠠᠩᠭᠠᠭᠰᠠᠨ ᠮᠠᠲ᠋ᠧᠷᠢᠶᠠᠯ ᠤᠨ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠨ᠎ᠠ᠂ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠦᠨᠳᠦᠰᠦᠯᠡᠯ | ᠪᠣᠯᠭᠠᠬᠤ ᠦᠭᠡᠶ᠂ ᠨᠡᠶᠢᠳᠡᠮ ᠪᠠᠶᠢᠴᠠᠭᠠᠯᠲᠠ ᠠᠴᠠ ᠭᠠᠳᠠᠨᠠᠬᠢ ᠵᠣᠷᠢᠯᠭ᠎ᠠ ᠳᠤ ᠬᠡᠷᠡᠭᠯᠡᠬᠦ ᠦᠭᠡᠶ᠃ 2020 ᠣᠨ ᠤ | 11 ᠰᠠᠷ᠎ᠠ ᠶᠢᠨ 1 ᠤ ᠡᠳᠦᠷ ᠠᠴᠠ ᠡᠬᠢᠯᠡᠨ᠂ ᠨᠡᠶᠢᠳᠡᠮ ᠪᠠᠶᠢᠴᠠᠭᠠᠭᠴᠢ ᠲᠠᠨ ᠤ ᠬᠡᠷ ᠲᠤ ᠬᠦᠷᠴᠦ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠡᠩᠰᠡᠯᠡᠯᠲᠡ ᠬᠢᠨ᠎ᠠ᠃ ᠨᠡᠶᠢᠳᠡᠮ ᠪᠠᠶᠢᠴᠠᠭᠠᠭᠴᠢ ᠡᠷᠦᠬᠡ ᠳᠤ | ᠣᠷᠣᠬᠤ ᠳᠠᠭᠠᠨ ᠡᠯ᠎ᠡ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠨᠢᠭᠡᠳᠦᠯᠲᠡᠶ ᠣᠯᠭᠤᠭᠰᠠᠨ | ᠨᠡᠶᠢᠳᠡᠮ ᠪᠠᠶᠢᠴᠠᠭᠠᠭᠴᠢ ᠶᠢᠨ ᠦᠨᠡᠮᠯᠡᠯ ᠢᠶᠠᠨ ᠭᠠᠷᠭᠠᠵᠤ ᠦᠵᠡᠬᠦᠯᠬᠦ ᠪᠣᠯᠤᠨ᠎ᠠ᠃ ᠨᠡᠶᠢᠳᠡᠮ ᠪᠠᠶᠢᠴᠠᠭᠠᠭᠴᠢ ᠶᠢᠨ ᠲᠠᠨ | ᠤ ᠭᠡᠷ ᠲᠤ ᠬᠦᠷᠴᠦ ᠳᠠᠩᠰᠠᠯᠠᠭᠤᠯᠬᠤ ᠴᠠᠭ ᠢ ᠪᠠᠭᠠᠰᠬᠠᠬᠤ ᠶᠢᠨ ᠲᠥᠯᠥᠭᠡ᠂ 11 ᠰᠠᠷ᠎ᠠ ᠶᠢᠨ 1 ᠤ ᠡᠳᠦᠷ ᠠᠴᠠ | 5 ᠤ ᠡᠳᠦᠷ ᠪᠣᠯᠲᠠᠯᠠᠬᠢ ᠬᠤᠭᠤᠴᠠᠭᠠᠨ ᠳᠤ ᠲᠠ ᠬᠤᠪᠢ ᠬᠥᠮᠦᠨ ᠤ ᠭᠠᠷ ᠤᠲᠠᠰᠤ ᠪᠠᠷ ᠪᠡᠶ᠎ᠡ ᠪᠠᠨ ᠳᠠᠭᠠᠭᠠᠵᠤ | ᠲᠠᠭᠯᠠᠵᠤ ᠪᠣᠯᠤᠨ᠎ᠠ᠃ ᠬᠡᠷᠪᠡ ᠨᠡᠶᠢᠳᠡᠮ ᠪᠠᠶᠢᠴᠠᠭᠠᠭᠴᠢ ᠲᠠᠭᠯᠠᠨ ᠮᠡᠳᠡᠭᠦᠯᠪᠡᠯ᠂ ᠲᠠ ᠭᠡᠷ ᠪᠦᠯᠢ ᠶᠢᠨ ᠡᠷᠦᠬᠡ | ᠠᠮᠠ ᠶᠢᠨ ᠳᠡᠪᠲᠡᠷ ᠪᠤᠶᠤ ᠭᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠯ ᠢᠶᠠᠨ ᠤᠷᠢᠳᠴᠢᠯᠠᠨ ᠪᠡᠯᠡᠳᠬᠡᠵᠦ᠂ | ᠭᠡᠷ ᠪᠦᠯᠢ ᠶᠢᠨ ᠪᠦᠷᠢᠯᠳᠦᠬᠦᠨ ᠨᠢᠭᠡᠪᠦᠷᠢ ᠶᠢᠨ ᠲᠥᠷᠥᠭᠰᠡᠨ ᠤᠨ ᠰᠠᠷ᠎ᠠ᠂ ᠰᠤᠷᠭᠠᠨ ᠬᠥᠮᠦᠵᠢᠯ ᠬᠦᠷᠲᠡᠭᠰᠡᠨ | ᠬᠡᠮᠵᠢᠶ᠎ᠡ᠂ ᠠᠵᠢᠯ ᠣᠯᠤᠭᠰᠠᠨ ᠪᠠᠶᠢᠳᠠᠯ᠂ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠵᠡᠷᠭᠡ ᠦᠨᠳᠦᠰᠦᠨ | ᠪᠠᠶᠢᠳᠠᠯ ᠢ ᠤᠶᠢᠯᠠᠭᠠᠭᠤᠯᠬᠤ ᠬᠡᠷᠡᠭᠲᠡᠶ᠃ ᠭᠡᠷ ᠲᠡᠭᠡᠨ ᠪᠠᠶᠢᠳᠠᠯ ᠢ ᠰᠠᠶᠢᠨ ᠮᠡᠳᠡᠳᠡᠭ ᠨᠢᠭᠡ ᠭᠡᠷ ᠤᠨ ᠬᠥᠮᠦᠰ ᠢ | ᠦᠯᠡᠳᠡᠭᠡᠵᠦ ᠨᠡᠶᠢᠳᠡᠮ ᠪᠠᠶᠢᠴᠠᠭᠠᠭᠴᠢ ᠳᠤ ᠮᠡᠳᠡᠬᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ | ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠡᠯ᠎ᠡ ᠵᠦᠢᠯ ᠤᠨ | ᠠᠵᠤ ᠠᠬᠤᠶ ᠨᠡᠶᠢᠭᠡᠮ ᠤᠨ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠠᠮᠤᠭ ᠤᠨ ᠴᠢᠬᠤᠯᠠ ᠨᠡᠶᠢᠳᠡᠮ ᠪᠠᠶᠢᠴᠠᠭᠠᠯᠳᠠ | ᠪᠣᠯᠤᠨ᠎ᠠ᠃ ᠡᠭᠦᠨ ᠤ ᠬᠠᠮᠲᠤ ᠡᠩᠬᠡ ᠲᠠᠶᠢᠪᠤᠩ ᠴᠠᠭ ᠦᠶ᠎ᠡ ᠶᠢᠨ ᠬᠠᠮᠤᠭ ᠤᠨ ᠶᠡᠭᠡ ᠨᠡᠶᠢᠭᠡᠮ ᠤᠨ ᠳᠠᠶᠢᠴᠢᠯᠠᠯᠲᠠ | ᠪᠣᠯᠬᠤ ᠪᠥᠭᠡᠳ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠡᠪᠴᠢᠶ᠎ᠡ ᠪᠠᠷ ᠥᠷᠭᠡᠨ ᠠᠵᠢᠯ ᠤᠨ ᠬᠡᠮᠵᠢᠶ᠎ᠡ ᠶᠡᠭᠡ᠂ | ᠡᠯ᠎ᠡ ᠰᠤᠮᠤ ᠪᠠᠯᠭᠠᠰᠤ ᠲᠠᠯᠠᠪᠤᠷ᠂ ᠡᠯ᠎ᠡ ᠰᠠᠯᠠᠭ᠎ᠠ ᠮᠥᠴᠢᠷ ᠬᠤᠰᠢᠭᠤ ᠶᠢᠨ ᠬᠥᠮᠦᠨ ᠠᠮᠠ ᠶᠢᠨ ᠨᠡᠶᠢᠳᠡᠮ ᠪᠠᠶᠢ | ᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠬᠦᠴᠦ ᠪᠠᠨ ᠬᠠᠮᠲᠤᠳᠬᠠᠨ | ᠬᠠᠮᠳᠤᠷᠠᠨ ᠴᠢᠷᠮᠠᠶᠢᠵᠤ ᠨᠡᠶᠢᠳᠡᠮ ᠪᠠᠶᠢᠴᠠᠭᠠᠯᠲᠠ ᠶᠢ ᠢᠳᠡᠪᠬᠢᠲᠡᠢ ᠬᠠᠯᠠᠮᠵᠢᠯᠠᠵᠤ᠂ ᠨᠡᠶᠢᠳᠡᠮ ᠪᠠᠶᠢᠴᠠᠭᠠᠯᠲᠠ ᠶᠢ | ᠲᠡᠮᠵᠢᠭᠡᠷᠡᠢ᠃ ᠥᠷᠭᠡᠨ ᠣᠯᠠᠨ ᠨᠡᠶᠢᠳᠡᠮ ᠪᠠᠶᠢᠴᠠᠭᠠᠭᠴᠢ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠳᠦᠷᠢᠮ︾ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢ ᠬᠠᠤᠯᠢ | ᠶᠣᠰᠣᠭᠠᠷ ᠥᠷᠨᠢᠭᠦᠯᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠦᠨᠡᠨᠬᠦ ᠪᠠᠲᠤᠯᠠᠬᠤ ᠬᠡᠷᠡᠭᠲᠡᠶ᠃ ᠶᠠᠮᠠᠷᠪᠠ ᠰᠤᠮᠤ ᠪᠠᠯᠭᠠᠰᠤ ᠲᠠᠯᠠᠪᠤᠷ᠂ ᠰᠠᠯᠠᠭ᠎ᠠ ᠮᠥᠴᠢᠷ᠂ ᠨᠢᠭᠡᠴᠡ ᠪᠣᠯᠤᠨ ᠬᠤᠪᠢ | ᠬᠥᠮᠦᠨ ᠬᠤᠳᠠᠯ ᠢᠶᠠᠷ ᠮᠡᠳᠡᠭᠦᠯᠵᠦ᠂ ᠨᠢᠭᠤᠨ ᠲᠠᠯᠳᠠᠯᠠᠵᠤ ᠪᠤᠯᠬᠤ ᠦᠭᠡᠢ᠂ ᠮᠡᠳᠡᠭᠦᠯᠬᠦ ᠶᠢ ᠲᠡᠪᠴᠢᠵᠦ᠂ | ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠭᠤᠷᠮᠠᠭᠯᠠᠨ | ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠬᠢᠬᠦ ᠡᠲᠡᠭᠡᠳ ᠤᠨ ᠮᠡᠳᠡᠭᠡ ᠵᠠᠩᠭᠢ ᠶᠢ | ᠭᠠᠳᠠᠭᠰᠢ ᠬᠠᠩᠭᠠᠵᠤ᠂ ᠵᠠᠳᠠᠷᠠᠭᠤᠯᠵᠤ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠠᠴᠠ ᠭᠠᠳᠠᠨᠠᠬᠢ ᠵᠣᠷᠢᠯᠭ᠎ᠠ ᠳᠤ | ᠬᠡᠷᠡᠭᠯᠡᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ ᠭᠠᠷᠤᠭᠰᠠᠨ ᠡᠯ᠎ᠡ ᠵᠦᠢᠯ ᠤᠨ ᠬᠠᠷᠰᠢᠯᠠᠯ | ᠪᠣᠯᠤᠨ ᠬᠤᠳᠠᠯ ᠬᠡᠯᠡᠵᠦ ᠬᠠᠭᠤᠷᠮᠠᠭᠯᠠᠨ ᠵᠤᠬᠢᠶᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠨᠡᠶᠢᠳᠡᠮ ᠪᠠᠶᠢᠴᠠᠭᠠᠭᠴᠢ ᠶᠢᠨ ᠡᠷᠦᠬᠡ ᠳᠤ | ᠣᠷᠣᠬᠤ ᠪᠦᠷᠢᠳᠬᠡᠯ ᠨᠢ ᠲᠠᠨ ᠤ ᠬᠡᠪ ᠤᠨ ᠠᠮᠠᠷᠠᠬᠤ ᠶᠢ ᠬᠠᠷᠰᠢᠯᠠᠵᠤ ᠮᠡᠳᠡᠨ᠎ᠡ᠃ ᠠᠳᠡ ᠣᠨᠴᠠᠭᠠᠶᠢᠯᠠᠨ ᠣᠰᠣᠯ | ᠬᠦᠯᠢᠶᠡᠵᠦ᠂ ᠲᠠᠨ ᠤ ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠲᠤᠬᠠᠶ ᠣᠶᠢᠯᠠᠭᠠᠯᠲᠠ᠂ ᠬᠠᠮᠵᠢᠯᠴᠠᠭ᠎ᠠ ᠪᠣᠯᠤᠨ ᠳᠡᠮᠵᠢᠯᠭᠡ ᠲᠤ ᠪᠠᠶᠠᠷᠯᠠᠯ᠎ᠠ᠃ ᠲᠠᠨ | ᠤ ᠠᠵᠢᠯ ᠤᠷᠤᠭᠰᠢᠲᠠᠶ᠂ ᠭᠡᠷ ᠪᠦᠯᠢ ᠵᠣᠯ ᠵᠢᠷᠭᠠᠯ ᠲᠠᠢ ᠪᠠᠶᠢᠬᠤ ᠶᠢ ᠢᠷᠥᠭᠡᠶ᠎ᠡ︕ | | |