ᠰᠢᠷᠭᠤᠤᠯᠳᠠᠢ ᠭᠠᠴᠠᠭᠠᠨ ᠤ ᠬᠠᠮᠳᠤ ᠶᠢᠨ ᠠᠵᠤ ᠠᠬᠤᠢ ᠪᠠᠨ | ᠬᠥᠭᠵᠢᠬᠦᠯᠦᠭᠰᠡᠨ ᠰᠢᠨ᠎ᠠ ᠰᠥᠪᠡᠭᠴᠢᠯᠡᠯᠳᠠ | | ᠵᠣᠬᠢᠶᠠᠭᠴᠢ᠄ ᠪᠤᠤ ᠴᠢᠩ ᠱᠸᠡᠭ | ᠡᠨᠡ ᠵᠢᠯ᠂ ᠭᠠᠨᠵᠤᠭ᠎ᠠ ᠪᠠᠯᠭᠠᠰᠤᠨ ᠤ ᠰᠢᠷᠭᠤᠤᠯᠲᠠᠢ ᠭᠠᠴᠠᠭ᠎ᠠ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ | ᠪᠣᠯᠭᠠᠬᠤ ᠶᠢ ᠪᠠᠷᠢᠮᠲᠠᠯᠠᠨ᠂ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠥᠨ᠂ ᠬᠠᠮᠲᠤ ᠶᠢᠨ ᠡᠳ᠋ ᠬᠥᠷᠥᠩᠭᠡ ᠶᠢ | ᠠᠮᠢᠯᠠᠭᠤᠯᠬᠤ ᠶᠢᠨ ᠲᠥᠯᠥᠭᠡ ᠴᠢᠭᠢᠭ ᠤᠨ ᠤᠯᠠᠭᠠᠨ ᠬᠤᠷᠣᠬᠠᠶ ᠲᠡᠵᠢᠭᠡᠨ ᠦᠷᠡᠵᠢᠭᠦᠯᠬᠦ ᠲᠥᠷᠥᠯ ᠵᠦᠶᠯ ᠢ | ᠵᠣᠷᠢᠭᠲᠠᠶ ᠣᠷᠣᠭᠤᠯᠤᠨ᠂ ᠬᠠᠮᠲᠤ ᠶᠢᠨ ᠠᠵᠤ ᠠᠬᠤᠶ ᠪᠠᠨ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ ᠵᠠᠮ ᠢ | ᠬᠠᠶᠢᠨ ᠰᠦᠪᠡᠭᠴᠢᠯᠡᠪᠡ᠃ | | ᠴᠢᠭᠢᠭ ᠤᠨ ᠤᠯᠠᠭᠠᠨ ᠬᠤᠷᠣᠬᠠᠶ ᠪᠣᠯ ᠬᠢᠲᠠᠳ ᠡᠮ ᠤᠨ ᠮᠠᠲ᠋ᠧᠷᠢᠶᠠᠯ ᠪᠤᠯᠤᠨ᠎ᠠ᠂ ᠬᠢᠲᠠᠳ ᠡᠮᠨᠡᠯᠭᠡ ᠳᠤ | ᠴᠢᠬᠢᠭ ᠤᠨ ᠤᠯᠠᠭᠠᠨ ᠬᠤᠷᠤᠬᠠᠢ ᠬᠠᠯᠠᠭᠤᠨ ᠢ ᠪᠠᠭᠤᠷᠠᠭᠤᠯᠬᠤ᠂ ᠳᠠᠳᠠᠪᠠᠯᠵᠠᠬᠤ ᠶᠢ ᠵᠣᠭᠰᠣᠭᠠᠬᠤ᠂ ᠬᠢᠷᠬᠢᠷ᠎ᠡ ᠶᠢ | ᠲᠡᠭᠰᠢᠯᠡᠬᠦ᠂ ᠴᠢᠰᠥᠨ ᠭᠦᠶᠦᠳᠡᠯ ᠢ ᠰᠠᠶᠢᠵᠢᠷᠠᠭᠤᠯᠬᠤ ᠵᠡᠷᠭᠡ ᠦᠢᠯᠡᠳᠤᠯ ᠲᠠᠢ᠃ ᠴᠢᠭᠢᠭ ᠤᠨ ᠤᠯᠠᠭᠠᠨ | ᠬᠤᠷᠣᠬᠠᠶ ᠠᠴᠠ ᠴᠢᠰᠤ ᠡᠭᠡᠳᠡᠬᠦ ᠶᠢ ᠡᠰᠡᠷᠭᠦᠴᠡᠬᠦ ᠪᠠ ᠴᠢᠰᠥᠨ ᠪᠦᠯᠦᠩ ᠢ ᠬᠠᠶᠢᠯᠤᠭᠤᠯᠬᠤ ᠦᠢᠯᠡᠳᠦᠯ ᠲᠠᠢ | ᠢᠰᠬᠡᠭᠦᠷ ᠵᠢᠴᠢ ᠰᠢᠮ᠎ᠡ ᠲᠡᠵᠢᠭᠡᠯ ᠥᠨᠳᠥᠷ ᠤᠭᠤᠷᠠᠭ ᠵᠡᠷᠭᠡ ᠶᠢ ᠭᠠᠷᠭᠠᠨ ᠠᠪᠴᠤ᠂ ᠵᠢᠷᠦᠬᠡ ᠲᠠᠷᠢᠬᠢᠨ ᠤ ᠴᠢᠰᠤᠨ | ᠰᠤᠳᠠᠯ ᠤᠨ ᠡᠪᠡᠳᠴᠢᠨ᠂ ᠰᠠ ᠡᠪᠡᠳᠴᠢᠨ ᠵᠡᠷᠭᠡ ᠡᠪᠡᠳᠴᠢᠨ ᠢ ᠵᠠᠰᠠᠬᠤ ᠳᠤ ᠬᠡᠷᠡᠭᠯᠡᠵᠦ ᠪᠣᠯᠬᠤ ᠪᠤᠯᠬᠤᠷ ᠵᠠᠬ᠎ᠠ | ᠳᠡᠯᠭᠡᠭᠦᠷ ᠤᠨ ᠬᠡᠷᠡᠭᠴᠡᠭᠡ ᠮᠠᠰᠢ ᠶᠡᠭᠡ ᠪᠠᠶᠢᠳᠠᠭ᠃ | ᠰᠢᠷᠭᠤᠤᠯᠲᠠᠢ ᠭᠠᠴᠠᠭᠠᠨ ᠤ ᠴᠢᠭᠢᠭ ᠤᠨ ᠤᠯᠠᠭᠠᠨ ᠬᠤᠷᠣᠬᠠᠶ ᠲᠡᠵᠢᠭᠡᠨ ᠦᠷᠡᠵᠢᠭᠦᠯᠬᠦ ᠲᠥᠷᠥᠯ ᠵᠦᠢᠯ ᠪᠣᠯ | ᠪᠡᠭᠡᠵᠢᠩ ᠬᠢᠭᠡᠳ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠰᠢᠰᠲ᠋ᠧᠮ ᠢᠶᠠᠷ ᠬᠠᠮᠵᠢᠯᠴᠠᠬᠤ ᠲᠥᠷᠥᠯ ᠵᠦᠢᠯ | ᠪᠣᠯᠤᠨ᠎ᠠ᠃ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠬᠢᠯᠡᠬᠦ ᠬᠡᠯᠪᠡᠷᠢ ᠪᠠᠷ ᠰᠢᠷᠭᠤᠤᠯᠳᠠᠢ ᠭᠠᠴᠠᠭᠠᠨ ᠤ | ᠨᠠᠮ ᠤᠨ ᠡᠭᠦᠷ ᠲᠦᠷᠦᠭᠦᠯᠡᠨ ᠴᠢᠭᠢᠭ ᠤᠨ ᠤᠯᠠᠭᠠᠨ ᠬᠤᠷᠣᠬᠠᠶ ᠲᠡᠵᠢᠭᠡᠨ ᠦᠷᠡᠵᠢᠭᠦᠯᠬᠦ ᠬᠤᠷᠰᠢᠶ᠎ᠠ ᠪᠠᠶᠢᠭᠤᠯᠵᠤ᠂ | ᠨᠠᠮ ᠤᠨ ᠡᠭᠦᠷ ᠤᠨ ᠱᠦᠵᠢ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ | ᠬᠤᠷᠰᠢᠶᠠᠨ ᠤ ᠡᠵᠡᠩᠨᠡᠯᠲᠡ ᠶᠢ ᠨᠠᠮ ᠤᠨ ᠡᠭᠦᠷ ᠤᠨ ᠤᠳᠤᠷᠢᠳᠤᠯᠭ᠎ᠠ ᠳᠣᠣᠷ᠎ᠠ ᠥᠷᠨᠢᠭᠦᠯᠵᠦ᠂ ᠭᠠᠴᠠᠭᠠᠨ ᠤ ᠠᠷᠠᠳ | ᠪᠡᠯᠡ ᠮᠥᠩᠭᠦ ᠪᠣᠯᠤᠨ ᠬᠥᠳᠡᠯᠮᠦᠷᠢ ᠬᠦᠴᠦ ᠪᠠᠷ ᠬᠤᠪᠢ ᠣᠷᠣᠬᠤ᠂ ᠬᠤᠷᠰᠢᠶ᠎ᠠ ᠶᠢᠨ ᠠᠰᠢᠭ ᠣᠷᠣᠯᠭ᠎ᠠ ᠶᠢ | ᠤᠷᠤᠭᠤᠯᠤᠬᠰᠠᠨ ᠬᠤᠪᠢ ᠶᠢ ᠨᠢ ᠥᠨᠳᠥᠰᠥᠯᠡᠨ ᠴᠡᠪᠡᠷ ᠠᠰᠢᠭ ᠬᠤᠪᠢᠶᠠᠬᠤ ᠠᠷᠭ᠎ᠠ ᠠᠪᠴᠤ᠂ ᠭᠠᠴᠠᠭᠠᠨ ᠤ | ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ᠡᠨᠡ ᠵᠢᠯ ᠤᠨ 8 ᠰᠠᠷ᠎ᠠ ᠳᠤ᠂ ᠲᠤᠰ ᠭᠠᠴᠠᠭᠠᠨ ᠤ ᠴᠢᠭᠢᠭ ᠤᠨ ᠤᠯᠠᠭᠠᠨ ᠬᠤᠷᠣᠬᠠᠢ ᠲᠡᠵᠢᠭᠡᠨ ᠦᠷᠡᠵᠢᠭᠦᠯᠬᠦ | ᠲᠥᠷᠥᠯ ᠵᠥᠢᠯ ᠵᠢᠩᠬᠢᠨᠢ ᠪᠠᠷ ᠦᠢᠯᠡᠳᠪᠦᠷᠢᠯᠡᠯ ᠢᠶᠠᠨ ᠡᠬᠢᠯᠡᠭᠦᠯᠥᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠤᠨ ᠲᠣᠪᠴᠢᠶ᠎ᠠ ᠲᠠᠢ ᠲᠥᠷᠥᠯ ᠵᠦᠢᠯ ᠤᠨ ᠬᠡᠯᠡᠯᠴᠡᠭᠡᠷ ᠲᠣᠭᠲᠠᠵᠤ᠂ ᠲᠣᠰ ᠲᠣᠪᠴᠢᠶ᠎ᠠ ᠦᠷ᠎ᠡ ᠶᠢᠨ | ᠴᠢᠬᠢᠭ ᠤᠨ ᠤᠯᠠᠭᠠᠨ ᠬᠤᠷᠤᠬᠠᠢ ᠬᠠᠩᠭᠠᠬᠤ ᠶᠢᠨ ᠬᠠᠮᠲᠤ ᠴᠢᠬᠢᠭ ᠤᠨ ᠤᠯᠠᠭᠠᠨ ᠬᠤᠷᠣᠬᠠᠶ ᠶᠢ ᠬᠤᠷᠢᠶᠠᠨ | ᠠᠪᠬᠤ ᠶᠢ ᠬᠠᠷᠢᠭᠤᠴᠠᠬᠤ ᠪᠠᠷ ᠳᠤᠬᠳᠠᠪᠠ᠃ ᠴᠢᠭᠢᠭ ᠤᠨ ᠤᠯᠠᠭᠠᠨ ᠬᠤᠷᠣᠬᠠᠶ ᠳᠡᠵᠢᠭᠡᠬᠦ ᠳᠤ ᠶᠡᠭᠡ ᠬᠡᠮᠵᠢᠶᠡᠨ ᠤ | ᠢᠯᠭᠠᠳᠠᠰᠤ᠂ ᠤᠰᠤ ᠲᠠᠲᠠᠷᠠᠭᠤᠯᠬᠤ ᠳᠤ ᠳᠥᠭᠦᠮ ᠭᠠᠵᠠᠷ ᠰᠢᠷᠣᠶ ᠪᠠ ᠤᠰᠤ ᠴᠠᠬᠢᠯᠭᠠᠨ ᠵᠠᠮ ᠨᠡᠪᠳᠡᠷᠡᠯᠭᠡ ᠰᠠᠶᠢᠨ | ᠪᠠᠶᠢᠬᠤ ᠶᠢ ᠱᠠᠭᠠᠷᠳᠠᠨ᠎ᠠ᠂ ᠡᠨᠡ ᠲᠠᠯ᠎ᠠ ᠪᠠᠷ ᠰᠢᠷᠭᠤᠤᠯᠲᠠᠢ ᠭᠠᠴᠠᠭ᠎ᠠ ᠮᠠᠰᠢ ᠳᠥᠭᠦᠮ ᠨᠥᠬᠦᠴᠡᠯ ᠲᠠᠢ᠃ ᠲᠤᠰ | ᠭᠠᠴᠠᠭ᠎ᠠ ᠦᠬᠡᠷ ᠠᠷᠪᠢᠠ ᠮᠠᠯᠵᠢᠵᠥ ᠪᠠᠶᠢᠭ᠎ᠠ ᠪᠣᠯᠬᠤᠷ ᠴᠢᠭᠢᠭ ᠤᠨ ᠤᠯᠠᠭᠠᠨ ᠬᠤᠷᠣᠬᠠᠶ ᠶᠢ ᠲᠡᠵᠢᠭᠡᠨ | ᠦᠷᠡᠵᠢᠭᠦᠯᠬᠦ ᠳᠤ ᠲᠦᠭᠦᠬᠡᠶ ᠮᠠᠲ᠋ᠧᠷᠢᠶᠠᠯ ᠤᠨ ᠢᠷᠡᠯᠲᠡ ᠶᠢ ᠬᠠᠩᠭᠠᠵᠠᠢ᠃ 1 ᠮᠦ ᠴᠢᠭᠢᠭ ᠤᠨ ᠤᠯᠠᠭᠠᠨ ᠬᠤᠷᠣᠬᠠᠢ | ᠵᠢᠯ ᠳᠤ 120 ᠭᠠᠷᠤᠢ ᠪᠣᠰᠤᠭ᠎ᠠ ᠳᠥᠷᠪᠡᠯᠵᠢᠨ ᠮᠧᠳ᠋ᠷ ᠥᠭᠡᠷ ᠤᠨ ᠢᠯᠭᠠᠳᠠᠰᠤ ᠬᠡᠷᠡᠭᠰᠡᠵᠥ᠂ ᠥᠭᠡᠷ ᠤᠨ | ᠢᠯᠭᠠᠳᠠᠰᠤᠨ ᠤ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠴᠢᠳᠠᠨ᠎ᠠ᠃ ︽ᠰᠠᠷ᠎ᠠ ᠪᠦᠷᠢ | 2 ᠠᠴᠠ 3 ᠤᠳᠠᠭ᠎ᠠ ᠥᠭᠡᠷ ᠤᠨ ᠢᠯᠭᠠᠳᠠᠰᠤ ᠨᠡᠮᠡᠵᠦ᠂ ᠵᠣᠨ ᠤ ᠤᠯᠠᠷᠢᠯ ᠡᠳᠦᠷ ᠪᠦᠷᠢ ᠨᠢᠭᠡ ᠤᠳᠠᠭ᠎ᠠ ᠤᠰᠤ | ᠰᠥᠷᠴᠢᠵᠤ᠂ ᠤᠳᠠᠭ᠎ᠠ ᠪᠦᠷᠢ ᠬᠠᠭᠠᠰ ᠴᠠᠭ ᠣᠷᠴᠢᠮ ᠰᠥᠷᠴᠢᠨ᠎ᠡ᠂ 20 ᠠᠴᠠ 40 ᠡᠳᠦᠷ ᠲᠤ ᠨᠢᠭᠡ ᠤᠳᠠᠭ᠎ᠠ | ᠴᠢᠭᠢᠭ ᠤᠨ ᠤᠯᠠᠭᠠᠨ ᠬᠤᠷᠣᠬᠠᠶ ᠶᠢ ᠬᠤᠷᠢᠶᠠᠵᠤ ᠠᠪᠲᠠᠭ᠃ ᠨᠢᠭᠡ ᠬᠥᠮᠦᠨ ᠮᠠᠰᠢᠨ ᠪᠠᠭᠠᠵᠢ ᠶᠢᠨ ᠲᠤᠰᠠᠯᠠᠮᠵᠢ | ᠦᠭᠡᠢ ᠪᠠᠷ 3 ᠠᠴᠠ 5 ᠮᠦ ᠶᠢ ᠠᠷᠠᠴᠢᠯᠠᠠ ᠡᠵᠡᠩᠨᠡᠵᠥ᠂ ᠮᠠᠰᠢᠨ ᠪᠠᠭᠠᠵᠢ ᠶᠢᠨ ᠲᠤᠰᠠᠯᠠᠮᠵᠢ ᠲᠠᠢ ᠪᠣᠯ 10 ᠠᠴᠠ | 30 ᠮᠦ ᠶᠢ ᠠᠷᠠᠴᠢᠯᠠᠠ ᠡᠵᠡᠩᠨᠡᠵᠥ ᠳᠡᠶᠢᠯᠥᠨ᠎ᠡ᠃ ᠤᠤᠯ ᠨᠢ ᠥᠭᠡᠷ ᠤᠨ ᠢᠯᠭᠠᠳᠠᠰᠤ ᠶᠢ ᠵᠥᠪᠬᠡᠨ ᠲᠠᠷᠢᠶᠠᠨ ᠤ | ᠪᠣᠷᠳᠣᠭᠤᠷ ᠢᠶᠠᠷ ᠬᠡᠷᠡᠭᠯᠡᠵᠤ ᠪᠠᠶᠢᠵᠡᠢ᠃ ᠣᠳᠣ ᠴᠢᠭᠢᠭ ᠤᠨ ᠤᠯᠠᠭᠠᠨ ᠬᠤᠷᠣᠬᠠᠶ ᠲᠡᠵᠢᠭᠡᠬᠦ ᠪᠤᠯᠤᠬᠰᠠᠨ ᠠᠴᠠ | ᠥᠭᠡᠷ ᠤᠨ ᠢᠯᠭᠠᠳᠠᠰᠤ ᠶᠢ ᠬᠤᠳᠠᠯᠳᠤᠨ ᠠᠪᠬᠤ ᠪᠤᠯᠵᠤ᠂ ᠶᠠᠳᠠᠭᠤ ᠬᠦᠴᠢᠷᠳᠡᠯᠲᠡᠶ ᠡᠷᠦᠬᠡ ᠪᠠ ᠲᠡᠵᠢᠭᠡᠨ | ᠦᠷᠡᠵᠢᠭᠦᠯᠬᠦ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠂ ᠨᠢᠭᠡ ᠯᠡ ᠳᠡᠭᠡᠷ᠎ᠡ ᠤᠯᠠᠨ ᠠᠰᠠᠭᠤᠳᠠᠯ ᠢ | ᠰᠢᠢᠳᠪᠥᠷᠢᠯᠡᠴᠢᠭᠡᠯᠡ︾ ᠭᠡᠵᠤ ᠰᠢᠷᠭᠤᠤᠯᠲᠠᠢ ᠭᠠᠴᠠᠭᠠᠨ ᠤ ᠨᠠᠮ ᠤᠨ ᠡᠭᠦᠷ ᠤᠨ ᠱᠦᠵᠢ ᠴᠢᠩ ᠯᠦᠩ ᠬᠡᠯᠡᠵᠦ | ᠪᠠᠶᠢᠯ᠎ᠠ᠃ | ᠡᠭᠦᠨ ᠠᠴᠠ ᠭᠠᠳᠠᠨ᠎ᠠ᠂ ᠴᠢᠭᠢᠭ ᠤᠨ ᠤᠯᠠᠭᠠᠨ ᠬᠤᠷᠣᠬᠠᠶ ᠶᠢᠨ ᠢᠯᠭᠠᠳᠠᠰᠤ ᠪᠠᠷ ᠪᠥᠷᠢᠯᠳᠥᠭᠰᠡᠨ | ᠪᠣᠷᠲᠣᠭᠤᠷ ᠨᠢ ᠲᠠᠷᠢᠶᠠᠴᠢᠳ ᠤᠨ ᠢᠳᠡᠰᠢᠠ ᠨᠣᠭᠤᠭ᠎ᠠ ᠳᠠᠷᠢᠬᠤ ︽ᠰᠠᠶᠢᠨ ᠡᠳ᠋︾ ᠪᠠᠶᠢᠵᠤ᠂ ᠴᠢᠭᠢᠭ ᠤᠨ | ᠤᠯᠠᠭᠠᠨ ᠬᠤᠷᠣᠬᠠᠢ ᠶᠢᠨ ᠢᠯᠭᠠᠳᠠᠰᠤᠨ ᠪᠤᠷᠳᠦᠭᠤᠷ ᠢ ᠬᠡᠷᠡᠭᠯᠡᠭᠰᠡᠨ ᠤ ᠳᠠᠷᠠᠭ᠎ᠠ ᠬᠢᠮᠢ ᠶᠢᠨ ᠪᠤᠷᠳᠦᠭᠤᠷ ᠬᠡᠷᠡᠭᠯᠡᠬᠦ | ᠬᠡᠮᠵᠢᠶ᠎ᠡ ᠶᠢ ᠶᠡᠭᠡ ᠪᠠᠷ ᠪᠠᠭᠠᠰᠬᠠᠵᠤ᠂ ᠲᠠᠷᠢᠵᠤ ᠭᠠᠷᠭᠠᠭᠰᠠᠨ ᠢᠳᠡᠰᠢᠠ ᠨᠣᠭᠤᠭ᠎ᠠ ᠶᠢᠨ ᠴᠢᠨᠠᠷ ᠨᠢ ᠨᠡᠩ ᠰᠠᠶᠢᠨ᠃ | ᠴᠢᠭᠢᠭ ᠤᠨ ᠤᠯᠠᠭᠠᠨ ᠬᠤᠷᠣᠬᠠᠶ ᠲᠡᠵᠢᠭᠡᠨ ᠦᠷᠡᠵᠢᠭᠦᠯᠬᠦ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠳᠣᠤᠷ᠎ᠠ | ᠂ ᠦᠷ᠎ᠡ ᠠᠰᠢᠬ ᠣᠯᠬᠤ ᠨᠢ ᠲᠦᠷᠭᠡᠨ᠂ ᠦᠷ᠎ᠡ ᠶᠢᠨ ᠴᠢᠬᠢᠭ ᠤᠨ ᠤᠯᠠᠭᠠᠨ ᠬᠤᠷᠤᠬᠠᠢ ᠳᠤ ᠨᠢᠭᠡ ᠯᠡ ᠤᠳᠠᠭ᠎ᠠ ᠶᠢᠨ | ᠴᠢᠨᠠᠷᠲᠠᠢ ᠪᠡᠯᠡ ᠣᠷᠣᠭᠤᠯᠪᠠᠯ᠂ ᠰᠡᠭᠦᠯᠴᠢ ᠶᠢᠨ ᠬᠤᠭᠤᠴᠠᠭᠠᠨ ᠳᠤ ᠴᠢᠭᠢᠭ ᠤᠨ ᠤᠯᠠᠭᠠᠨ ᠬᠤᠷᠣᠬᠠᠢ ᠥᠪᠡᠷ ᠢᠶᠠᠨ | ᠦᠷᠡᠵᠢᠴᠢᠬᠡᠨᠠ᠃ ᠨᠢᠭᠡ ᠵᠢᠯ ᠳᠤ ᠳᠥᠷᠪᠡᠨ ᠦᠶᠡᠯᠡᠯ ᠤᠨ ᠬᠤᠭᠤᠴᠠᠭ᠎ᠠ ᠲᠠᠢ ᠪᠤᠶᠢᠵᠢᠭᠤᠯᠵᠤ᠂ ᠰᠢᠷᠭᠤᠤᠯᠲᠠᠢ | ᠭᠠᠴᠠᠭᠠᠨ ᠤ ᠣᠳᠣ ᠪᠠᠶᠢᠶᠭᠠ 10 ᠮᠦ ᠭᠠᠵᠠᠷ ᠤᠨ ᠴᠢᠭᠢᠭ ᠤᠨ ᠤᠯᠠᠭᠠᠨ ᠬᠤᠷᠣᠬᠠᠢ ᠲᠡᠵᠢᠭᠡᠨ ᠦᠷᠡᠵᠢᠭᠦᠯᠬᠦ | ᠲᠠᠯᠠᠪᠠᠢ ᠪᠠᠷ ᠠᠪᠴᠤ ᠬᠡᠯᠡᠪᠠᠯ᠂ ᠦᠶᠡᠯᠡᠯ ᠤᠨ ᠬᠤᠭᠤᠴᠠᠭ᠎ᠠ ᠪᠦᠷᠢ ᠳᠤ ᠳᠤᠮᠳᠠᠴᠢ ᠪᠠᠷ 2.5 ᠲᠦᠮᠡᠨ | ᠲᠥᠭᠦᠷᠢᠭ ᠤᠨ ᠣᠷᠣᠯᠭ᠎ᠠ ᠣᠯᠵᠤ᠂ ᠵᠢᠯ ᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠵᠢᠱᠢᠯᠲᠡ ᠪᠠᠷ 10 | ᠲᠦᠮᠡᠨ ᠲᠥᠭᠦᠷᠢᠭ ᠤᠷᠴᠢᠮ ᠬᠥᠷᠬᠦ ᠪᠤᠯᠤᠨ᠎ᠠ᠃ | | |