ᠮᠠᠨ ᠤ ᠬᠤᠰᠢᠭᠤ ︽ᠲᠦᠷᠪᠡ ᠶᠢ ᠪᠠᠷᠢᠮᠳᠠᠯᠠᠵᠥ︾ ᠰᠤᠶᠤᠯ ᠵᠢᠭᠤᠯᠴᠢᠯᠠᠯ ᠤᠨ | ᠠᠵᠥ ᠦᠢᠯᠡᠰ ᠤᠨ ᠬᠦᠭᠵᠢᠯᠳᠡ ᠶᠢ ᠠᠬᠢᠭᠤᠯᠵᠥ ᠪᠠᠶᠢᠭ᠎ᠠ | | ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤ ᠪᠦᠬᠦ ᠬᠤᠰᠢᠭᠤᠨ ᠤ ᠰᠤᠶᠤᠯ ᠵᠢᠭᠤᠯᠴᠢᠯᠠᠯ ᠤᠨ ᠠᠵᠥ | ᠦᠢᠯᠡᠰ ᠤᠨ ᠡᠬᠢ ᠪᠠᠶᠠᠯᠢᠭ ᠤᠨ ᠲᠠᠪᠠᠭᠤᠯᠢᠭ ᠵᠢᠴᠢ ᠬᠦᠭᠵᠢᠯᠳᠡ ᠶᠢᠨ ᠪᠠᠶᠢᠳᠠᠯ ᠢ ᠲᠡᠬᠢᠨ ᠬᠢᠨᠠᠨ ᠦᠵᠡᠵᠥ᠂ | ᠡᠷᠳᠡ ᠰᠦᠪᠡᠭᠴᠢᠯᠡᠵᠥ ᠤᠷᠢᠳᠠᠪᠠᠷ ᠪᠠᠶᠢᠷᠢᠯᠠᠭᠤᠯᠤᠨ᠂ ︽ᠲᠦᠷᠪᠡ ᠶᠢ ᠪᠠᠷᠢᠮᠳᠠᠯᠠᠬᠤ︾ ᠢᠶᠠᠷ ᠰᠤᠶᠤᠯ | ᠵᠢᠭᠤᠯᠴᠢᠯᠠᠯ ᠤᠨ ᠠᠵᠥ ᠦᠢᠯᠡᠰ ᠤᠨ ᠬᠦᠭᠵᠢᠯᠳᠡ ᠶᠢᠨ ᠰᠡᠳᠬᠢᠴᠡ ᠶᠢ ᠢᠳᠡᠪᠬᠢᠳᠡᠢ ᠲᠤᠬᠢᠷᠠᠭᠤᠯᠵᠥ᠂ ᠲᠦᠷᠦᠯ | ᠵᠦᠢᠯ ᠤᠨ ᠪᠠᠶᠢᠭᠤᠯᠤᠯᠳᠠ ᠶᠢ ᠴᠢᠩᠭ᠎ᠠ ᠠᠳᠬᠤᠨ᠂ ︽ᠦᠷᠯᠦᠭ ᠪᠠᠭᠠᠳᠤᠷ ᠤᠨ ᠠᠬᠳᠠ ᠳᠤ ᠮᠤᠷᠳᠠᠭᠰᠠᠨ ᠤᠷᠤᠨ | ︾ ᠬᠡᠬᠦ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠨᠡᠷ᠎ᠡ ᠲᠡᠮᠳᠡᠭ ᠢ ᠦᠷᠬᠦᠯᠵᠢᠯᠡᠨ ᠲᠠᠭᠤᠷᠢᠰᠤᠭᠤᠯᠵᠥ᠂ | ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠨᠡᠮᠡᠭᠳᠡᠯ ᠤᠨ ᠲᠦᠢᠯ ᠢ ᠪᠤᠢ ᠪᠤᠯᠭᠠᠪᠠ᠃ | | | ᠠᠮᠢ ᠠᠬᠤᠢ ᠶᠢ ᠲᠡᠷᠢᠬᠦᠨ ᠳᠤ ᠪᠠᠷᠢᠮᠳᠠᠯᠠᠵᠥ᠂ ᠬᠦᠭᠵᠢᠯᠳᠡ ᠶᠢᠨ ᠬᠠᠷᠠᠯᠳᠠ ᠶᠢ ᠲᠤᠬᠳᠠᠭᠠᠪᠠ᠃ ︽ | ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠳᠡ ᠶᠢᠨ | ᠲᠦᠯᠦᠪᠯᠡᠭᠡ︾ ᠶᠢ ᠤᠯᠠᠮ ᠲᠡᠬᠦᠯᠳᠡᠷᠵᠢᠬᠦᠯᠵᠥ᠂ ᠬᠤᠰᠢᠭᠤᠨ ᠤ ᠬᠡᠪᠴᠢᠶᠡᠨ ᠤ ᠶᠠᠷᠦᠩᠬᠡᠢ ᠲᠦᠯᠦᠪᠵᠢᠬᠦᠯᠭᠡ᠂ | ᠭᠠᠵᠠᠷ ᠰᠢᠷᠤᠢ ᠶᠢᠨ ᠲᠦᠯᠦᠪᠵᠢᠬᠦᠯᠭᠡ᠂ ᠵᠠᠮ ᠬᠠᠷᠢᠯᠴᠠᠭ᠎ᠠ ᠶᠢᠨ ᠲᠦᠯᠦᠪᠵᠢᠬᠦᠯᠭᠡ᠂ ᠤᠷᠴᠢᠨ ᠲᠤᠭᠤᠷᠢᠨ ᠢ | ᠬᠠᠮᠠᠭᠠᠯᠬᠤ ᠲᠦᠯᠦᠪᠵᠢᠬᠦᠯᠭᠡ᠂ ᠤᠰᠤᠨ ᠠᠰᠢᠬᠯᠠᠯᠳᠠ ᠶᠢᠨ ᠲᠦᠯᠦᠪᠵᠢᠬᠦᠯᠭᠡ ᠵᠡᠷᠭᠡ ᠲᠠᠢ ᠬᠦᠢᠴᠡᠳ | ᠵᠤᠯᠭᠠᠭᠤᠯᠪᠠ᠃ ᠡᠬᠦᠨ ᠤ ᠰᠠᠭᠤᠷᠢᠨ ᠲᠡᠭᠡᠷ᠎ᠡ ︽ᠤᠷᠤᠨ ᠭᠡᠪᠴᠢᠶᠡᠨ ᠳᠤ ᠠᠯᠳᠠᠷᠳᠠᠢ ᠪᠦᠬᠦ ᠨᠤᠳᠤᠭ ᠢᠶᠠᠷ | ᠲᠦᠷᠪᠡᠨ ᠤᠯᠠᠷᠢᠯ ᠵᠤᠭᠠᠴᠠᠬᠤ ᠰᠤᠶᠤᠯ ᠠᠮᠢ ᠠᠬᠤᠢ ᠶᠢᠨ ᠵᠢᠭᠤᠯᠴᠢᠯᠠᠯ ᠤᠨ ᠬᠠᠷᠠᠯᠳᠠᠳᠦ ᠤᠷᠤᠨ︾ ᠢ ᠪᠠᠶᠢᠭᠤᠯᠬᠤ | ᠪᠠᠷ ᠬᠠᠷᠠᠯᠳᠠ ᠪᠤᠯᠭᠠᠨ᠂ ︽ᠪᠦᠬᠦ ᠤᠷᠤᠨ ᠬᠡᠪᠴᠢᠶᠡᠨ ᠤ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ᠂ | ᠵᠤᠭᠠᠴᠠᠯ +︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠢᠮᠠᠬᠳᠠ ᠲᠤᠤᠱᠯᠠᠭᠤᠯᠵᠥ᠂ ︽ᠨᠢᠭᠡ ᠱᠤᠭᠤᠮ | ᠨᠢᠭᠡ ᠵᠠᠮ ᠲᠦᠷᠪᠡᠨ ᠴᠡᠭ︾ ᠤᠨ ᠵᠢᠭᠤᠯᠴᠢᠯᠠᠯ ᠤᠨ ᠲᠤᠬᠳᠠᠴᠠ ᠶᠢᠨ ᠲᠤᠭᠤᠷᠢᠨ ᠳᠤ ᠪᠦᠬᠦ ᠬᠤᠰᠢᠭᠤᠨ ᠤ 10 | ᠦᠵᠡᠮᠵᠢ ᠶᠢᠨ ᠤᠷᠤᠨ᠂ 100 ᠦᠵᠡᠮᠵᠢ ᠶᠢᠨ ᠴᠡᠭ ᠤᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠵᠥ᠂ | 2020 ᠤᠨ ᠳᠤ ᠵᠤᠭᠠᠴᠠᠬᠴᠢ ᠶᠢᠨ ᠬᠦᠮᠦᠨ ᠤ ᠲᠤᠭ᠎ᠠ ᠶᠢ 165 ᠲᠦᠮᠡ ᠠᠴᠠ ᠲᠡᠭᠡᠭᠰᠢ ᠬᠦᠷᠭᠡᠨ᠂ | ᠵᠢᠭᠤᠯᠴᠢᠯᠠᠯ ᠤᠨ ᠶᠡᠷᠦᠩᠬᠡᠢ ᠤᠷᠤᠯᠭ᠎ᠠ ᠶᠢ 14.56 ᠳ᠋ᠦᠩᠰᠢᠭᠤᠷ ᠲᠦᠬᠦᠷᠢᠭ ᠢ ᠲᠠᠪᠠᠭᠤᠯᠬᠤ ᠪᠠᠷ ᠴᠢᠷᠮᠠᠶᠢᠵᠥ | ᠪᠠᠶᠢᠨ᠎ᠠ᠃ | | ᠲᠡᠭᠡᠰᠢᠯᠡᠬᠦᠯᠵᠥ ᠲᠡᠰ ᠲᠡᠪᠰᠢᠬᠦᠯᠬᠦ ᠶᠢ ᠪᠠᠷᠢᠮᠳᠠᠯᠠᠵᠥ᠂ ᠦᠵᠡᠮᠵᠢ ᠶᠢᠨ ᠤᠷᠤᠨ ᠤ ᠴᠢᠨᠠᠷ ᠲᠡᠰ ᠢ | ᠲᠡᠭᠡᠭᠰᠢᠯᠡᠬᠦᠯᠪᠡ᠃ ᠶᠡᠭᠡ ᠴᠦᠩᠬᠦᠯ ᠤᠨ ᠦᠵᠡᠮᠵᠢ ᠶᠢᠨ ᠤᠷᠤᠨ᠂ ᠠᠭᠤᠯᠠ ︽ᠤᠪᠤᠭᠠᠨ ᠲᠡᠭᠡᠷᠡᠬᠢ | ᠠᠭᠤᠯᠵᠠᠯᠳᠠ︾ ᠭᠤᠤᠯ ᠰᠡᠳᠦᠪᠳᠦ ᠵᠢᠵᠢᠭ ᠪᠠᠯᠭᠠᠰᠤ᠂ ᠰᠤᠭᠤ ᠶᠢᠨ ᠡᠯᠡᠰᠦᠨ ᠴᠦᠯ᠂ ᠯᠢᠶᠠᠨ ᠵᠦᠩ ᠬᠠᠢ ᠶᠠᠩ | ᡁᠢ ᠰᠢᠩ᠂ ᠡᠸᠦ ᠶᠠᠩ ᠵᠢᠦ ᠵᠢᠦ ᠴᠠᠰᠦᠨ ᠳᠤ ᠭᠤᠯᠭᠤᠬᠤ ᠲᠠᠯᠠᠪᠠᠢ ᠶᠢᠨ ᠢᠵᠢ ᠪᠦᠷᠢᠳᠦᠬᠦᠯᠬᠦ ᠲᠦᠭᠦᠭᠡᠷᠦᠮᠵᠢ | ᠶᠢ ᠲᠡᠬᠦᠯᠳᠡᠷᠵᠢᠬᠦᠯᠪᠡ᠃ 207 ᠮᠤᠵᠢ ᠶᠢᠨ ᠱᠤᠭᠤᠮ᠂ 305 ᠱᠤᠭᠤᠮ ᠤᠨ ᠲᠡᠰ ᠲᠡᠪᠰᠢᠬᠦᠯᠵᠥ | ᠦᠬᠡᠷᠡᠴᠢᠯᠡᠵᠥ ᠪᠠᠶᠢᠭᠤᠯᠬᠤ ᠢᠨᠵᠧᠨᠧᠷᠢᠩ ᠢ ᠠᠬᠢᠭᠤᠯᠵᠥ᠂ 304 ᠤᠯᠤᠰ ᠤᠨ ᠵᠠᠮ ᠠᠴᠠ ᠰᠤᠭᠤ ᠶᠢᠨ ᠡᠯᠡᠰᠦᠨ | ᠴᠦᠯ ᠬᠦᠷᠬᠦ ᠵᠤᠭᠠᠴᠠᠯ ᠤᠨ ᠵᠠᠮ ᠤᠨ ᠬᠠᠶᠢᠰᠤᠭᠠᠢ ᠠᠴᠠ ᠰᠤᠭᠤ ᠶᠢᠨ ᠵᠠᠮ ᠤᠨ ᠭᠡᠰᠡᠭ ᠬᠦᠷᠬᠦ 77 ᠺᠢᠯᠦᠮᠧᠲᠷ | ᠵᠠᠰᠠᠮᠠᠯ ᠵᠠᠮ ᠤᠨ ᠪᠠᠶᠢᠭᠤᠯᠤᠯᠳᠠ ᠶᠢᠨ ᠲᠦᠷᠦᠯ ᠵᠦᠢᠯ ᠢ ᠲᠦᠷᠭᠡᠳᠭᠡᠨ᠂ ᠬᠦᠳᠡᠭᠡ ᠨᠤᠳᠤᠭ ᠤᠨ ᠦᠵᠡᠮᠵᠢ ᠶᠢᠨ | ᠶᠡᠭᠡ ᠵᠠᠮ ᠤᠨ ᠪᠠᠶᠢᠭᠤᠯᠤᠯᠳᠠ ᠶᠢᠨ ᠢᠨᠵᠧᠨ᠋ᠧᠷᠢᠩ ᠢ ᠭᠡᠷᠡᠭᠵᠢᠬᠦᠯᠵᠥ᠂ ᠵᠠᠮ ᠤᠨ ᠬᠤᠶᠠᠷ ᠬᠠᠵᠠᠭᠤ ᠶᠢᠨ20 ᠮᠧᠲᠷ | ᠤᠨ ᠲᠤᠳᠤᠷ᠎ᠠ ᠠᠷᠴᠠ᠂ ᠭᠠᠴᠤᠷ᠎ᠠ᠂ ᠨᠠᠷᠠᠰᠦ᠂ ᠵᠢᠭᠠᠷᠳᠤ ᠨᠠᠷᠠᠰᠦ ᠵᠡᠷᠭᠡ ᠵᠢᠯ ᠳᠡᠭᠡᠨ ᠬᠦᠭᠡᠷᠡᠬᠦ ᠮᠤᠳᠤᠨ ᠤ | ᠲᠦᠷᠦᠯ ᠢ ᠲᠠᠷᠢᠵᠥ᠂ ᠦᠪᠡᠰᠦᠪᠡᠨ ᠲᠡᠷᠭᠡ ᠵᠢᠯᠤᠭᠤᠳᠴᠦ ᠲᠤᠭᠤᠷᠢᠬᠤ ᠵᠢᠭᠤᠯᠴᠢᠯᠠᠯ ᠤᠨ ᠵᠠᠮ ᠭᠠᠷᠭᠠᠪᠠ᠃ | | ᠦᠢᠯᠡᠴᠢᠯᠡᠭᠡ ᠶᠢ ᠰᠢᠯᠢᠳᠡᠭᠵᠢᠬᠦᠯᠬᠦ ᠶᠢ ᠪᠠᠷᠢᠮᠳᠠᠯᠠᠵᠥ᠂ ᠢᠳᠡᠪᠬᠢᠳᠡᠢ ᠵᠤᠯᠭᠠᠭᠤᠯᠵᠥ ᠬᠤᠯᠪᠤᠭᠠᠯᠠᠨ | ᠬᠦᠳᠡᠯᠦᠯᠴᠡᠪᠡ᠃ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠰᠤᠶᠤᠯ ᠵᠢᠭᠤᠯᠴᠢᠯᠠᠯ ᠤᠨ ᠠᠵᠥ | ᠦᠢᠯᠡᠰ ᠢ ᠠᠬᠢᠭᠤᠯᠬᠤ ᠤᠳᠤᠷᠢᠳᠬᠤ ᠪᠠᠭ᠎ᠠ ᠲᠤᠭᠤᠶᠢᠯᠠᠩ ᠪᠠᠶᠢᠭᠤᠯᠵᠥ᠂ ᠲᠦᠷᠦᠯ ᠵᠦᠢᠯ ᠤᠨ ᠬᠡᠯᠡᠯᠴᠡᠭᠡᠷ | ᠲᠤᠬᠳᠠᠬᠤ᠂ ᠭᠠᠷ ᠤᠨ ᠦᠰᠦᠭ ᠵᠢᠷᠤᠬᠤ᠂ ᠨᠤᠳᠤᠬᠰᠢᠬᠤ᠂ ᠪᠦᠳᠦᠭᠡᠨ ᠪᠠᠶᠢᠭᠤᠯᠬᠤ ᠠᠴᠠ ᠠᠰᠢᠬᠯᠠᠯᠳᠠ ᠳᠤ | ᠤᠷᠤᠳᠠᠯᠠᠬᠢ ᠪᠦᠬᠦ ᠶᠠᠪᠤᠴᠠ ᠳᠤ ᠰᠠᠯᠠᠭ᠎ᠠ ᠮᠦᠴᠢᠷ ᠬᠤᠯᠪᠤᠭᠠᠯᠠᠨ ᠬᠦᠳᠡᠯᠦᠯᠴᠡᠵᠥ ᠵᠤᠯᠭᠠᠭᠤᠯᠬᠤ ᠲᠤᠬᠳᠠᠯᠴᠠᠭ᠎ᠠ | ᠪᠠ ᠬᠠᠮᠳᠤᠷᠠᠨ ᠵᠦᠪᠯᠡᠬᠦ ᠲᠤᠬᠳᠠᠯᠴᠠᠭ᠎ᠠ ᠶᠢ ᠪᠠᠶᠢᠭᠤᠯᠪᠠ᠃ ᠤᠶᠢᠷ᠎ᠠ ᠬᠠᠪᠢ ᠶᠢᠨ ᠮᠤᠵᠢ ᠵᠢᠴᠢ ᠲᠦᠪ ᠬᠤᠳᠠ | ᠶᠢᠨ ᠬᠠᠮᠳᠤᠷᠠᠯᠴᠠᠭ᠎ᠠ ᠶᠢ ᠦᠷᠬᠦᠯᠵᠢᠯᠡᠨ ᠴᠢᠩᠭᠠᠳᠬᠠᠵᠥ᠂ ᠨᠢᠭᠡᠳᠦᠯᠳᠡᠢ ᠵᠢᠭᠤᠯᠴᠢᠯᠠᠯ ᠤᠨ ᠰᠤᠷᠠᠭ ᠵᠠᠩᠬᠢ ᠶᠢᠨ | ᠲᠠᠪᠴᠠᠩ ᠪᠠ ᠦᠢᠯᠡᠴᠢᠯᠡᠭᠡᠨ ᠤ ᠰᠢᠰᠲ᠋ᠧᠮ ᠢ ᠡᠬᠦᠳᠦᠨ᠂ ᠰᠠᠭᠠᠳ ᠦᠬᠡᠢ ᠵᠢᠭᠤᠯᠴᠢᠯᠠᠯ ᠤᠨ ᠤᠷᠤᠨ ᠢ | ᠬᠠᠮᠳᠤᠪᠠᠷ ᠪᠠᠶᠢᠭᠤᠯᠪᠠ᠃ ᠬᠠᠮᠳᠤ ᠲᠤᠨᠢ ᠲᠠᠮᠵᠢᠭᠤᠯᠭ᠎ᠠ ᠶᠢᠨ ᠬᠦᠴᠦᠴᠡ ᠪᠠᠨ ᠶᠡᠬᠡᠰᠭᠡᠵᠥ᠂ ᠪᠦᠷᠭᠡ᠂ ᠸᠢᠴᠠᠲ᠂ | ᠪᠢᠴᠢᠯ ᠺᠢᠨᠦ᠋ ᠵᠡᠷᠭᠡ ᠵᠠᠭᠤᠴᠢᠯᠠᠭᠤᠷ ᠢᠶᠠᠷ ᠲᠠᠮᠵᠢᠨ ᠤᠬᠠᠭᠤᠯᠵᠥ᠂ ᠲᠦᠷᠭᠡᠨ ᠲᠡᠮᠦᠷ ᠵᠠᠮ᠂ ᠤᠯᠤᠰ ᠮᠤᠵᠢ | ᠶᠢᠨ ᠵᠠᠮ ᠤᠨ ᠬᠠᠵᠠᠭᠤ ᠪᠠ ᠲᠦᠷᠭᠡᠨ ᠲᠡᠮᠦᠷ ᠵᠠᠮ ᠤᠨ ᠦᠷᠳᠡᠭᠡ ᠳᠤ ᠬᠤᠷᠴᠢᠨ ᠵᠡᠬᠦᠨ ᠭᠠᠷᠤᠨ ᠬᠤᠶᠢᠳᠤ | ᠬᠤᠰᠢᠭᠤᠨ ᠤ ᠵᠢᠭᠤᠯᠴᠢᠯᠠᠯ ᠤᠨ ᠨᠡᠷ᠎ᠡ ᠲᠡᠮᠳᠡᠭ ᠪᠠ ᠵᠢᠭᠤᠯᠴᠢᠯᠠᠯ ᠤᠨ ᠦᠢᠯᠡᠳᠬᠦᠨ ᠢ ᠲᠠᠨᠢᠯᠴᠠᠭᠤᠯᠵᠥ᠂ | ᠵᠢᠭᠤᠯᠴᠢᠯᠠᠯ ᠤᠨ ᠡᠵᠡᠩᠨᠡᠯᠳᠡ ᠪᠤᠷᠤᠯᠠᠭᠤᠯᠭ᠎ᠠ ᠶᠢᠨ ᠲᠤᠤᠷ ᠰᠦᠯᠵᠢᠶ᠎ᠡ ᠶᠢ ᠪᠦᠬᠦᠨ ᠢ ᠪᠦᠷᠬᠦᠬᠦᠯᠬᠦ ᠶᠢ | ᠪᠡᠶᠡᠯᠡᠬᠦᠯᠪᠡ᠃ | | ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠥ᠂ ᠠᠵᠥ ᠦᠢᠯᠡᠰ ᠢᠶᠠᠷ ᠠᠷᠠᠳ ᠢ ᠪᠠᠶᠠᠵᠢᠭᠤᠯᠬᠤ ᠶᠢ | ᠪᠡᠶᠡᠯᠡᠬᠦᠯᠪᠡ᠃ ᠵᠢᠭᠤᠯᠴᠢᠯᠠᠯ ᠤᠨ ᠪᠠᠶᠢᠷᠢᠰᠢᠯ᠂ ᠲᠦᠯᠦᠪᠵᠢᠬᠦᠯᠭᠡ᠂ ᠡᠬᠦᠳᠬᠦ᠂ ᠪᠦᠳᠦᠭᠡᠨ ᠪᠠᠶᠢᠭᠤᠯᠬᠤ᠂ | ᠡᠵᠡᠩᠨᠡᠬᠦ ᠵᠡᠷᠭᠡ ᠭᠤᠭᠴᠤᠭ᠎ᠠ ᠳᠤ ᠤᠯᠠᠨ ᠲᠦᠮᠡᠨ ᠤ ᠤᠷᠤᠯᠴᠠᠯ ᠤᠨ ᠬᠡᠮᠵᠢᠶ᠎ᠡ ᠶᠢ ᠬᠦᠢᠴᠡᠳ ᠪᠤᠳᠤᠯᠬᠢᠯᠠᠵᠥ᠂ | ᠨᠡᠩ ᠤᠯᠠᠨ ᠬᠦᠮᠦᠨ ᠢ ᠤᠷᠤᠯᠴᠠᠭᠤᠯᠤᠨ᠂ ᠠᠵᠥ ᠠᠬᠤᠶᠢᠯᠠᠯ ᠪᠠ ᠤᠯᠠᠨ ᠲᠦᠮᠡᠨ ᠤ ᠠᠰᠢᠭ ᠲᠤᠰᠠ ᠶᠢᠨ | ᠬᠤᠯᠪᠤᠭᠠᠯᠠᠯ᠂ ᠠᠵᠥ ᠦᠢᠯᠡᠰ ᠤᠨ ᠬᠤᠯᠪᠤᠭᠠᠯᠠᠯ᠂ ᠠᠵᠢᠯ ᠤᠯᠭᠤᠬᠤ ᠬᠤᠯᠪᠤᠭᠠᠯᠠᠯ ᠢ ᠪᠡᠶᠡᠯᠡᠬᠦᠯᠵᠥ᠂ ᠤᠯᠠᠨ | ᠲᠦᠮᠡᠨ ᠳᠤ ᠨᠡᠩ ᠤᠯᠠᠨ ᠠᠰᠢᠭ ᠬᠦᠷᠳᠡᠭᠡᠪᠡ᠃ ᠲᠠᠷᠢᠶᠠᠴᠢᠨ ᠡᠷᠦᠬᠡ ᠶᠢᠨ ᠪᠠᠶᠠᠰᠦᠯ᠂ ᠮᠠᠯᠴᠢᠨ ᠡᠷᠦᠬᠡ ᠶᠢᠨ | ᠪᠠᠶᠠᠰᠤᠯ ᠤᠨ ᠰᠤᠳᠤᠨ ᠵᠢᠭᠤᠯᠴᠢᠯᠠᠯ ᠤᠨ ᠵᠠᠮ ᠱᠤᠭᠤᠮ ᠢ ᠡᠬᠦᠳᠦᠨ ᠪᠠᠶᠢᠭᠤᠯᠬᠤ ᠪᠠ ᠠᠷᠠᠳ ᠤᠨ ᠰᠠᠭᠤᠴᠠ ᠶᠢᠨ | ᠵᠢᠱᠢᠶ᠎ᠡ ᠦᠵᠡᠬᠦᠯᠬᠦ ᠴᠡᠭ ᠤᠨ ᠪᠠᠶᠢᠭᠤᠯᠤᠯᠳᠠ ᠢ ᠠᠬᠢᠭᠤᠯᠵᠥ᠂ ᠦᠵᠡᠮᠵᠢ ᠶᠢᠨ ᠤᠷᠤᠨ ᠲᠠᠭᠠᠤ ᠭᠠᠵᠠᠷ ᠤᠨ | ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠶᠢᠨ ᠬᠠᠮᠳᠤ ᠠᠵᠢᠯ ᠤᠨ ᠪᠠᠶᠢᠷᠢ ᠬᠠᠩᠭᠠᠨ᠂ ᠤᠯᠠᠨ ᠲᠦᠮᠡᠨ ᠤ | ᠤᠷᠤᠯᠭ᠎ᠠ ᠶᠢ ᠲᠠᠶᠢᠴᠢᠯᠠᠪᠠ᠃ | |