ᠦᠭᠡᠷ ᠤᠨ ᠤᠷᠤᠯᠭ᠎ᠠ ᠠᠴᠠ ᠪᠠᠶᠠᠵᠢᠯ ᠤᠨ ᠰᠤᠪᠢᠩ ᠲᠠᠳᠠᠨ᠎ᠠ
ᠨᠡᠶᠢᠲᠡᠯᠡᠭᠰᠡᠨ ᠴᠠᠭ᠄
2020/4/10
            ᠦᠭᠡᠷ ᠤᠨ ᠤᠷᠤᠯᠭ᠎ᠠ ᠠᠴᠠ ᠪᠠᠶᠠᠵᠢᠯ ᠤᠨ ᠰᠤᠪᠢᠩ ᠲᠠᠳᠠᠨ᠎ᠠ                ︽ᠡᠨᠡ ᠭᠡᠳᠦᠨ ᠵᠢᠯ᠂  ᠨᠠᠮ ᠪᠠ ᠤᠯᠤᠰ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠰᠠᠶᠢᠨ᠂  ᠲᠠᠭᠠᠭᠠᠴᠢᠯᠠᠬᠰᠠᠨ ᠺᠠᠳ᠋ᠷ ᠤᠨ ᠲᠡᠮᠵᠢᠯᠭᠡ ᠪᠠ ᠬᠠᠪᠰᠤᠷᠤᠯᠭ᠎ᠠ ᠪᠠᠷ ᠮᠢᠨᠦ ᠬᠠᠰᠢᠶᠠᠨ ᠤ ᠦᠭᠡᠷ ᠤᠯᠠᠮ ᠠᠴᠠ ᠤᠯᠠᠳᠠᠵᠥ᠂  ᠡᠬᠦᠨ ᠠᠴᠠ ᠬᠤᠶᠢᠰᠢᠬᠢ ᠠᠮᠢᠳᠤᠷᠠᠯ ᠨᠡᠩ ᠢᠳᠡᠭᠡᠯ ᠲᠠᠢ᠂ ᠬᠠᠷᠠᠯᠳᠠ ᠵᠤᠷᠢᠯᠳᠠ ᠲᠠᠢ ᠪᠤᠯᠤᠯ᠎ᠠ︾ ᠬᠡᠵᠥ ᠠᠳᠤᠭᠤᠴᠢᠨ ᠰᠤᠮᠤ ᠶᠢᠨ ᠬᠠᠳᠠᠨ ᠭᠠᠴᠠᠭ᠎ᠠ ᠶᠢᠨ ᠲᠠᠷᠢᠶᠠᠴᠢᠨ ᠪᠠᠶᠠᠷᠯᠠᠬᠰᠠᠨ ᠰᠡᠳᠬᠢᠯ ᠢᠶᠠᠨ ᠲᠠᠷᠤᠵᠥ ᠶᠠᠳᠠᠨ ᠬᠡᠯᠡᠨ᠎ᠡ᠃  52 ᠨᠠᠰᠤᠳᠠᠢ ᠭᠠᠳᠠ ᠶᠢᠨ ᠭᠡᠷ ᠲᠡᠭᠡᠨ ᠬᠤᠶᠠᠷ ᠠᠮᠠ ᠬᠦᠮᠦᠨ ᠲᠠᠢ᠂  ᠲᠠᠷᠢᠶᠠᠨ ᠭᠠᠵᠠᠷ ᠪᠠᠭ᠎ᠠ ᠶᠢᠨ ᠲᠡᠭᠡᠷ᠎ᠡ ᠵᠢᠯ ᠲᠠᠷᠠᠭᠠᠯᠠᠨ ᠭᠠᠮᠰᠢᠬᠳᠠᠬᠰᠠᠨ ᠠᠴᠠ ᠲᠡᠳᠡᠨ ᠤ ᠠᠮᠢᠳᠤᠷᠠᠯ ᠶᠠᠳᠠᠭᠤᠷᠠᠪᠠ᠃  ᠠᠮᠢᠳᠤᠷᠠᠯ ᠤᠨ ᠶᠠᠳᠠᠭᠤᠷᠠᠯ ᠳᠤ ᠡᠨᠡᠬᠦ ᠶᠠᠭ ᠲᠤᠮᠳᠠ ᠨᠠᠰᠤᠨ   ᠳᠤ ᠶᠠᠪᠤᠭ᠎ᠠ ᠲᠡᠷᠡ ᠪᠡᠶ᠎ᠡ ᠰᠡᠳᠬᠢᠯ ᠵᠦᠳᠡᠷᠡᠵᠥ᠂  ᠦᠵᠡᠯ ᠰᠠᠨᠠᠭ᠎ᠠ  ᠶᠢᠨ ᠲᠠᠷᠤᠭᠠᠰᠦ ᠶᠡᠬᠡᠳᠦᠨ ᠬᠡᠰᠡᠭ ᠬᠤᠭᠤᠴᠠᠭ᠎ᠠ ᠠᠮᠢᠳᠤᠷᠠᠯ ᠤᠨ ᠢᠳᠡᠭᠡᠯ ᠢᠶᠠᠨ ᠠᠯᠳᠠᠪᠠ᠃  2014 ᠤᠨ ᠳᠤ ᠭᠠᠳᠠ ᠶᠢᠨ ᠭᠡᠷ ᠪᠦᠯᠢ ᠶᠢᠨ  ᠬᠦᠮᠦᠨ ᠲᠤᠮᠳᠠᠴᠢ ᠤᠷᠤᠯᠭ᠎ᠠ ᠵᠦᠪᠬᠡᠨ 2100 ᠲᠦᠭᠦᠷᠢᠭ ᠳᠤ ᠬᠦᠷᠴᠦ᠂  ᠪᠦᠬᠦ ᠲᠤᠰᠬᠤᠨ ᠤ ᠬᠦᠮᠦᠨ ᠲᠤᠮᠳᠠᠴᠢ ᠲᠡᠭᠰᠢᠳᠭᠡᠭᠰᠡᠨ ᠤᠷᠤᠯᠭ᠎ᠠ   ᠠᠴᠠ ᠬᠤᠯᠠ ᠲᠤᠤᠷ᠎ᠠ ᠪᠤᠯᠪᠠ᠃      
          ᠮᠤᠬᠤᠷᠳᠠᠯ ᠤᠨ ᠦᠶ᠎ᠡ ᠳᠤ ᠭᠠᠷᠬᠤ ᠵᠠᠮ ᠡᠷᠢᠬᠦ ᠪᠤᠯ ᠵᠦᠪ  ᠰᠤᠩᠭᠤᠯᠳᠠ᠃  ᠶᠠᠳᠠᠭᠤ ᠶᠢ ᠲᠡᠳᠬᠦᠬᠦ ᠠᠵᠢᠯ  ᠤᠨ ᠬᠦᠨᠵᠡᠭᠡᠢ ᠦᠷᠨᠢᠯᠳᠡ ᠶᠢ ᠲᠠᠭᠠᠯᠳᠤᠨ ᠲᠠᠭᠠᠭᠠᠴᠢᠯᠠᠭᠰᠠᠨ ᠺᠠᠳ᠋ᠷ ᠲᠤᠰᠬᠤᠨ ᠡᠷᠦᠬᠡ ᠳᠤ ᠤᠷᠤᠵᠥ ᠶᠠᠳᠠᠭᠤ ᠡᠷᠦᠬᠡ ᠳᠤ ᠪᠤᠳᠠᠳᠠᠢ ᠬᠦᠴᠢᠷᠳᠡᠯ ᠢ ᠰᠢᠢᠳᠪᠦᠷᠢᠯᠡᠨ ᠬᠦᠭᠵᠢᠯᠳᠡ ᠶᠢᠨ ᠠᠷᠭ᠎ᠠ ᠵᠠᠮ ᠰᠦᠪᠡᠭᠴᠢᠯᠠᠵᠥ ᠦᠭᠪᠡ᠃  ᠭᠠᠳᠠ ᠶᠢᠨ ᠲᠠᠭᠠᠭᠠᠴᠢᠯᠠᠭᠰᠠᠨ ᠺᠠᠳ᠋ᠷ ᠨᠢ ᠲᠤᠰ ᠭᠠᠴᠠᠭ᠎ᠠ ᠶᠢᠨ ᠨᠠᠮ ᠤᠨ ᠡᠬᠦᠷ ᠤᠨ ᠱᠦᠵᠢ ᠬᠠᠢ ᠪᠤᠤ ᠪᠤᠯᠤᠨ᠎ᠠ᠂ ᠲᠡᠬᠦᠨ ᠤ ᠢᠳᠡᠪᠬᠢᠳᠡᠢ ᠠᠷᠭᠠᠴᠠᠬᠤ ᠠᠷᠭ᠎ᠠ ᠪᠤᠳᠤᠯᠭ᠎ᠠ ᠶᠢᠨ ᠰᠦᠪᠡᠭᠴᠢᠯᠡᠯᠳᠡ ᠪᠠ ᠵᠤᠷᠬᠵᠢᠭᠤᠯᠤᠯ ᠲᠡᠮᠵᠢᠯᠭᠡ ᠲᠤᠤᠷ᠎ᠠ ᠭᠠᠳᠠ ᠶᠢᠨ ᠠᠮᠢᠳᠤᠷᠠᠯ ᠤᠨ ᠢᠳᠡᠭᠡᠯ ᠲᠡᠬᠢᠨ ᠬᠦᠪᠴᠢᠯᠡᠭᠳᠡᠵᠥ᠂  ᠵᠢᠭᠡᠯᠡᠯᠭᠡ ᠠᠪᠴᠦ ᠦᠬᠡᠷ ᠲᠡᠵᠢᠭᠡᠬᠦ  ᠪᠠᠷ ᠰᠢᠢᠳᠦᠨ᠂  ᠲᠡᠵᠢᠭᠡᠵᠥ ᠦᠷᠡᠵᠢᠬᠦᠯᠬᠦ ᠦᠢᠯᠡᠰ ᠢ ᠬᠦᠭᠵᠢᠬᠦᠯᠪᠡ᠃  ᠰᠤᠮᠤ ᠶᠢᠨ ᠨᠠᠮ ᠤᠨ ᠬᠤᠷᠢᠶ᠎ᠠ ᠵᠠᠰᠠᠭ  ᠤᠨ ᠤᠷᠳᠤᠨ ᠤ ᠵᠤᠬᠢᠴᠠᠭᠤᠯᠭ᠎ᠠ ᠲᠤᠤᠷ᠎ᠠ ᠭᠠᠳᠠ ᠲᠠᠷᠢᠶᠠᠯᠠᠩ ᠤᠨ ᠪᠠᠩᠬᠢ ᠠᠴᠠ 5 ᠲᠦᠮᠡᠨ ᠲᠦᠭᠦᠷᠢᠭ ᠤᠨ ᠵᠢᠭᠡᠯᠡᠯᠭᠡ ᠤᠯᠵᠥ᠂ 7 ᠲᠤᠯᠤᠭᠠᠢ ᠦᠬᠡᠷ ᠬᠤᠳᠠᠯᠳᠤᠨ ᠠᠪᠤᠪᠠ᠃  ᠦᠬᠡᠷ ᠬᠤᠳᠠᠯᠳᠤᠨ ᠠᠪᠴᠢᠷᠠᠭᠰᠠᠨ ᠭᠠᠳᠠ ᠠᠩᠬ᠎ᠠ ᠡᠬᠢᠯᠡᠬᠦ ᠳᠡᠭᠡᠨ ᠲᠡᠵᠢᠭᠡᠵᠥ ᠦᠷᠡᠵᠢᠬᠦᠯᠬᠦ ᠮᠡᠷᠭᠡᠵᠢᠯ ᠲᠤᠳᠠᠮᠠᠭ ᠠᠴᠠ ᠠᠷᠠᠴᠢᠯᠠᠵᠥ ᠲᠡᠵᠢᠭᠡᠬᠦ ᠳᠤ ᠲᠦᠢᠯ  ᠢᠶᠠᠷ ᠰᠠᠨᠠᠭ᠎ᠠ ᠵᠤᠪᠠᠪᠠ᠂  ᠡᠨᠡᠬᠦ ᠪᠠᠶᠢᠳᠠᠯ ᠳᠤ ᠭᠠᠴᠠᠭ᠎ᠠ ᠶᠢᠨ ᠠᠵᠥ ᠦᠢᠯᠡᠰ ᠤᠨ ᠵᠢᠯᠤᠭᠤᠳᠤᠬᠴᠢ ᠲᠡᠬᠦᠨ ᠳᠤ ᠲᠡᠵᠢᠭᠡᠵᠥ ᠦᠷᠡᠵᠢᠬᠦᠯᠬᠦ ᠮᠡᠷᠭᠡᠵᠢᠯ ᠤᠨ ᠵᠢᠯᠤᠭᠤᠳᠤᠯᠭ᠎ᠠ ᠬᠢᠵᠥ᠂  ᠬᠦᠴᠢᠷ ᠠᠰᠠᠭᠤᠳᠠᠯ ᠢ ᠨᠢ ᠰᠢᠢᠳᠪᠦᠷᠢᠯᠡᠵᠥ ᠦᠭᠪᠡ᠃     ᠤᠳᠤᠬᠠᠨ ᠳᠤ ᠲᠡᠬᠦᠨ ᠤ ᠦᠬᠡᠷ ᠬᠦᠭᠵᠢᠭᠡᠳ 20 ᠢᠯᠡᠬᠦᠦ ᠲᠤᠯᠤᠭᠠᠢ ᠪᠤᠯᠵᠥ᠂  ᠠᠮᠢᠳᠤᠷᠠᠯ ᠴᠦ ᠡᠳᠦᠷ ᠢᠷᠡᠬᠦᠶ᠎ᠡ ᠪᠠᠶᠠᠨ ᠴᠢᠨᠡᠭᠡᠯᠢᠭ ᠪᠤᠯᠪᠠ᠃   ︽ᠨᠢᠭᠡ ᠲᠤᠯᠤᠭᠠᠢ ᠪᠤᠷᠳᠤᠭᠠᠨ ᠦᠬᠡᠷ ᠨᠠᠶᠢᠮᠠ ᠠᠴᠠ ᠶᠢᠰᠦᠨ ᠮᠢᠩᠭᠠᠨ ᠲᠦᠭᠦᠷᠢᠭ ᠬᠤᠳᠠᠯᠳᠤᠬᠤ ᠪᠠᠷ ᠪᠤᠳᠤᠬᠤ ᠳᠤ ᠨᠢᠭᠡ ᠵᠢᠯ 5 ᠬᠤᠳᠠᠯᠳᠤᠪᠠᠯ ᠵᠢᠯ ᠤᠨ ᠤᠷᠤᠯᠭ᠎ᠠ 4 ᠲᠦᠮᠡᠨ ᠲᠦᠭᠦᠷᠢᠭ ᠬᠦᠷᠳᠡᠭ᠂  ᠲᠠᠬᠢᠨ ᠲᠠᠷᠢᠶᠠᠨ ᠤ ᠤᠷᠤᠯᠭ᠎ᠠ ᠪᠠᠨ ᠨᠡᠮᠡᠪᠡᠯ ᠡᠨᠡ ᠵᠢᠯ ᠤᠨ ᠤᠷᠤᠯᠭ᠎ᠠ ᠪᠠᠭ᠎ᠠ ᠪᠤᠰᠤ ᠨᠡᠮᠡᠭᠳᠡᠪᠡ︾ ᠬᠡᠵᠥ ᠭᠠᠳᠠ ᠲᠠᠩᠰᠠ ᠪᠤᠳᠤᠪᠠ᠃  ︽ᠤᠳᠤ ᠦᠬᠡᠷ ᠤᠨ ᠫᠸᠡᠭ ᠰᠠᠷᠠᠪᠴᠢ ᠬᠦᠷᠦᠯᠴᠡᠬᠦ ᠦᠬᠡᠢ ᠪᠤᠯᠵᠥ᠂  200 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠦᠬᠡᠷ ᠤᠨ ᠫᠸᠡᠭ ᠪᠠᠷᠢᠵᠥ᠂ ᠬᠡᠪᠴᠢᠶᠡᠵᠢᠯ ᠢᠶᠠᠨ ᠦᠷᠭᠡᠳᠭᠡᠬᠦ ᠪᠠᠷ ᠲᠦᠯᠦᠪᠯᠡᠵᠥ ᠪᠠᠶᠢᠨ᠎ᠠ︾ ᠬᠡᠵᠥ ᠭᠠᠳᠠ ᠢᠷᠡᠬᠦ ᠮᠠᠷᠭᠠᠰᠢ ᠶᠢᠨ ᠬᠦᠰᠡᠯ ᠪᠤᠳᠤᠯ ᠢᠶᠠᠨ ᠢᠳᠡᠭᠡᠯ ᠲᠦᠭᠦᠷᠡᠩ ᠶᠠᠷᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号