ᠨᠤᠭᠤᠰᠤᠲᠠᠢ ᠪᠠᠯᠭᠠᠰᠤᠨ  ᠤ ᠶᠠᠮᠤ ᠭᠠᠴᠠᠭ᠎ᠠ᠄ ᠦᠵᠦᠮ ᠤᠨ ᠤᠷᠢᠶᠠᠩᠭᠤ ᠲᠡᠭᠡᠷ᠎ᠡ ᠠᠴᠠ ᠪᠠᠶᠠᠵᠢᠯ ᠤᠨ ᠵᠠᠮ ᠢᠶᠠᠨ ᠡᠯᠬᠦᠨ᠎ᠡ
ᠨᠡᠶᠢᠲᠡᠯᠡᠭᠰᠡᠨ ᠴᠠᠭ᠄
2020/5/25
          ᠨᠤᠭᠤᠰᠤᠲᠠᠢ ᠪᠠᠯᠭᠠᠰᠤᠨ  ᠤ ᠶᠠᠮᠤ ᠭᠠᠴᠠᠭ᠎ᠠ᠄ ᠦᠵᠦᠮ ᠤᠨ           ᠤᠷᠢᠶᠠᠩᠭᠤ ᠲᠡᠭᠡᠷ᠎ᠡ ᠠᠴᠠ ᠪᠠᠶᠠᠵᠢᠯ ᠤᠨ ᠵᠠᠮ ᠢᠶᠠᠨ ᠡᠯᠬᠦᠨ᠎ᠡ                                                              ᠵᠣᠬᠢᠶᠠᠭᠴᠢ᠄ ᠄ᠬᠤᠨᠭ᠌ ᠰᠢᠶᠠ ᠦᠵᠡᠰᠬᠦᠯᠡᠩ    ︽ᠡᠨᠡ ᠵᠢᠯ ᠮᠠᠨ ᠤ ᠦᠵᠦᠮ ᠨᠠᠭᠠᠲᠤ ᠵᠠᠬ᠎ᠠ ᠳᠠᠭᠠᠨ 6 ᠲᠦᠮᠡ ᠭᠠᠷᠤᠢ ᠲᠦᠬᠦᠷᠢᠭ ᠬᠤᠳᠠᠯᠳᠤᠵᠦ᠂ ᠨᠢᠳᠤᠨᠤᠨ ᠤ ᠬᠢ ᠠᠴᠠ 3 ᠲᠦᠮᠡ ᠭᠠᠷᠤᠢ ᠲᠦᠬᠦᠷᠢᠭ ᠨᠡᠮᠡᠭᠳᠡᠨ᠎ᠡ᠂ ᠦᠵᠦᠮ ᠤᠨ ᠬᠦᠯᠡᠮᠵᠢ ᠠᠴᠠ ᠪᠢᠳᠡ ᠤᠯᠠᠨ ᠠᠰᠢᠭ ᠬᠦᠷᠳᠡᠯ᠎ᠡ︾ ᠬᠡᠮᠡᠨ ᠬᠤᠸᠠᠨ ᠰᠢ ᠨᠠᠰᠤᠲᠠᠨ ᠠᠴᠠ ᠰᠤᠷᠪᠤᠯᠵᠢᠯᠠᠭᠴᠢ ᠳᠤ ᠪᠠᠶᠠᠷᠲᠠᠢ ᠲᠠᠨᠢᠯᠴᠠᠭᠤᠯᠤᠨ᠎ᠠ᠃ ᠨᠠᠰᠤᠲᠠᠨ ᠲᠠᠯᠠ ᠭᠠᠷᠤᠭᠰᠠᠨ ᠪᠤᠯᠪᠠᠴᠦ ᠮᠤᠲᠤ ᠲᠤᠭᠳᠠᠭᠠᠬᠤ᠂ ᠤᠰᠤᠯᠠᠬᠤ᠂ ᠪᠤᠷᠳᠤᠭᠤᠷ ᠤᠷᠤᠭᠤᠯᠬᠤ᠂ ᠰᠠᠯᠠᠭ᠎ᠠ ᠨᠠᠮᠠᠭ᠎ᠠ ᠶᠢ ᠬᠠᠶᠢᠴᠢᠯᠠᠬᠤ ᠵᠡᠷᠬᠡ ᠠᠵᠢᠯ ᠢ ᠪᠦᠷ ᠦᠪᠡᠷᠳᠡᠬᠡᠨ ᠪᠡᠶᠡᠯᠡᠬᠦᠯᠦᠭᠰᠡᠨ ᠮᠦᠷᠲᠡᠬᠡᠨ ᠲᠤᠷᠰᠢᠯᠭ᠎ᠠ ᠪᠠᠨ ᠪᠤᠰᠤᠳ ᠲᠠᠷᠢᠶᠠᠴᠢᠨ ᠡᠷᠦᠬᠡ ᠳᠤ ᠬᠠᠷᠠᠮ ᠦᠭᠡᠢ ᠤᠯᠠᠮᠵᠢᠯᠠᠭᠰᠠᠨ ᠪᠠᠶᠢᠨ᠎ᠠ᠃          
   2016 ᠤᠨ ᠳᠤ ᠨᠤᠭᠤᠰᠤᠲᠠᠢ ᠪᠠᠯᠭᠠᠰᠤᠨ ᠤ ᠵᠠᠰᠠᠭ ᠤᠨ ᠤᠷᠳᠤᠨ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢᠶᠠᠷ ᠲᠠᠮᠵᠢᠨ᠂ ᠶᠠᠮᠤ ᠭᠠᠴᠠᠭ᠎ᠠ ᠶᠢᠨ ᠮᠠᠯᠴᠢᠨ ᠲᠠᠷᠢᠶᠠᠴᠢᠨ ᠳᠤ ᠬᠦᠷᠢᠶ᠎ᠠ ᠬᠠᠰᠢᠶᠠᠨ ᠤ ᠠᠵᠦ ᠠᠬᠤᠢ ᠶᠢ ᠬᠦᠭᠵᠢᠬᠦᠯᠬᠦ ᠳᠤ ᠲᠤᠬᠢᠷᠠᠬᠤ ᠢᠳᠡᠰᠢᠨ ᠨᠤᠭᠤᠭᠠᠨ ᠤ ᠬᠦᠯᠡᠮᠵᠢ ᠪᠠᠶᠢᠭᠤᠯᠵᠦ ᠦᠭᠬᠦᠭᠰᠡᠨ ᠪᠦᠬᠡᠳ ᠬᠦᠷᠢᠶ᠎ᠠ ᠬᠠᠰᠢᠶᠠᠨ ᠤ ᠲᠠᠷᠢᠮᠠᠯ ᠤᠨ ᠦᠢᠯᠡᠰ ᠢ ᠬᠦᠭᠵᠢᠬᠦᠯᠬᠦ ᠮᠡᠷᠬᠡᠵᠢᠯ ᠤᠨ ᠵᠢᠭᠠᠨ ᠵᠢᠯᠤᠭᠤᠳᠤᠯᠭ᠎ᠠ ᠬᠢᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠭᠰᠡᠨ ᠪᠠᠶᠢᠨ᠎ᠠ᠃ ᠬᠡᠪᠡᠴᠦ ᠤᠢᠢᠷ᠎ᠠ ᠶᠢᠨ ᠵᠢᠯ ᠳᠤ᠂ ᠢᠳᠡᠰᠢᠨ ᠨᠤᠭᠤᠭ᠎ᠠ ᠶᠢᠨ ᠬᠦᠯᠡᠮᠵᠢ ᠠᠭᠠᠵᠢᠮ ᠢᠶᠠᠷ ᠨᠡᠮᠡᠭᠳᠡᠨ᠂ ᠵᠠᠷᠢᠮ ᠲᠠᠷᠢᠶᠠᠴᠢᠨ ᠡᠷᠦᠬᠡ ᠶᠢᠨ ᠬᠠᠮᠢᠶᠠᠷᠤᠯᠳᠠ ᠶᠢᠨ ᠮᠡᠷᠬᠡᠵᠢᠯ ᠬᠦᠷᠦᠯᠴᠡᠬᠦ ᠦᠬᠡᠢ ᠠᠴᠠ ᠪᠤᠯᠵᠦ᠂ ᠬᠦᠯᠡᠮᠵᠢ ᠳᠤ ᠡᠩ ᠤᠨ ᠢᠳᠡᠰᠢᠨ ᠨᠤᠭᠤᠭ᠎ᠠ ᠲᠠᠷᠢᠬᠤ ᠳᠤ ᠮᠠᠯᠴᠢᠨ ᠲᠠᠷᠢᠶᠠᠴᠢᠳ ᠰᠡᠳᠬᠢᠯ ᠬᠠᠨᠤᠮᠵᠢᠲᠠᠢ ᠤᠷᠤᠯᠭ᠎ᠠ ᠤᠯᠬᠤ ᠳᠤ ᠪᠡᠷᠬᠡ ᠪᠤᠯᠵᠠᠢ᠃ ᠡᠶᠢᠮᠦ ᠠᠴᠠ ᠨᠤᠭᠤᠰᠤᠲᠠᠢ ᠪᠠᠯᠭᠠᠰᠦ ᠶᠢᠨ ᠬᠢᠨ ᠤᠨᠴᠠᠯᠢᠭᠳᠤ ᠬᠦᠷᠢᠶ᠎ᠡ ᠬᠠᠰᠢᠶᠠᠨ ᠤ ᠠᠵᠦ ᠠᠬᠤᠢ ᠶᠢ ᠬᠦᠭᠵᠢᠬᠦᠯᠬᠦ ᠮᠡᠷᠬᠡᠵᠢᠯ ᠤᠨ ᠪᠤᠯᠪᠠᠰᠤᠷᠠᠯ ᠤᠨ ᠠᠩᠬᠢ ᠶᠢ ᠤᠯᠠᠨ ᠤᠳᠠᠭ᠎ᠠ ᠡᠷᠬᠢᠯᠡᠵᠡᠢ᠃     ᠬᠤᠸᠠᠨ ᠰᠢ ᠨᠠᠰᠤᠲᠠᠨ ᠴᠦ ᠨᠤᠭᠤᠰᠤᠲᠠᠢ ᠪᠠᠯᠭᠠᠰᠤᠨ ᠤ ᠵᠠᠰᠠᠭ ᠤᠨ ᠤᠷᠳᠤᠨ ᠤ ᠡᠷᠬᠢᠯᠡᠭᠰᠡᠨ ᠪᠤᠯᠪᠠᠰᠤᠷᠠᠯ ᠤᠨ ᠠᠩᠬᠢ ᠳᠤ ᠰᠤᠷᠤᠯᠴᠠᠵᠦ᠂ ᠢᠳᠡᠰᠢᠨ ᠨᠤᠭᠤᠭᠠᠨ ᠤ ᠬᠦᠯᠡᠮᠵᠢ ᠳᠤ ᠦᠵᠦᠮ ᠲᠠᠷᠢᠬᠤ ᠨᠢ ᠲᠤᠬᠠᠢ ᠶᠢᠨ ᠭᠠᠵᠠᠷ ᠲᠤ ᠲᠤᠬᠢᠷᠠᠮᠵᠢᠲᠠᠢ ᠪᠦᠬᠡᠳ ᠤᠷᠤᠯᠭ᠎ᠠ ᠨᠢ ᠡᠩ ᠤᠨ ᠢᠳᠡᠰᠢᠨ ᠨᠤᠭᠤᠭ᠎ᠠ ᠠᠴᠠ ᠭᠤᠷᠪᠠᠨ ᠲᠠᠬᠢᠨ ᠢᠯᠡᠬᠦᠦ ᠪᠠᠶᠢᠬᠤ ᠶᠢ ᠮᠡᠳᠡᠭᠡᠳ᠂ ᠳᠡᠷᠡ ᠡᠬᠡᠴᠢ ᠲᠡᠬᠦᠦ ᠨᠠᠷ ᠢᠶᠠᠨ ᠲᠠᠭᠠᠭᠤᠯᠤᠨ ︽ᠦᠵᠦᠮ ᠤᠨ ᠤᠷᠢᠶᠠᠩᠭᠤ ᠲᠡᠭᠡᠷᠡᠬᠢ ᠪᠠᠶᠠᠵᠢᠯ ᠤᠨ ᠵᠠᠮ︾ ᠢᠶᠠᠨ ᠡᠯᠬᠦᠪᠡ᠃ ᠵᠠᠰᠠᠭ ᠤᠨ ᠤᠷᠳᠤᠨ ᠤ ᠬᠠᠪᠰᠤᠷᠤᠨ ᠲᠡᠳᠭᠦᠭᠰᠡᠨ ᠰᠠᠭᠤᠷᠢᠨ ᠳᠡᠬᠡᠷ᠎ᠡ᠂ ᠳᠡᠷᠡ ᠦᠪᠡᠷ ᠤᠨ ᠴᠢᠷᠮᠠᠶᠢᠯᠭ᠎ᠠ ᠪᠠᠷ ᠢᠶᠠᠨ ᠶᠠᠮᠤ ᠭᠠᠴᠠᠭ᠎ᠠ ᠶᠢᠨ ᠦᠵᠦᠮ ᠲᠠᠷᠢᠬᠤ ᠲᠤᠮᠤ ᠡᠷᠦᠬᠡ ᠪᠤᠯᠤᠭᠰᠠᠨ ᠮᠦᠷᠳᠡᠬᠡᠨ ᠪᠠᠶᠠᠵᠢᠯ ᠤᠨ ᠲᠠᠭᠠᠭᠤᠯᠤᠭᠴᠢ ᠪᠤᠯᠤᠭᠰᠠᠨ ᠪᠠᠶᠢᠨ᠎ᠠ᠃ ᠨᠤᠭᠤᠰᠤᠲᠠᠢ ᠪᠠᠯᠭᠠᠰᠤᠨ ᠤ ᠶᠠᠮᠤ ᠭᠠᠴᠠᠭᠠᠨ ᠤ ᠢᠳᠡᠰᠢᠨ ᠨᠤᠭᠤᠭᠠᠨ ᠤ ᠬᠦᠯᠡᠮᠵᠢ ᠨᠢ ᠴᠤ ᠤᠯᠠᠨ ᠳᠦᠮᠡᠨ ᠤ ᠪᠠᠶᠠᠵᠢᠨ ᠴᠢᠨᠡᠭᠡᠯᠢᠭᠵᠢᠬᠦ ᠳᠤ ᠰᠢᠨ᠎ᠡ ᠠᠷᠭ᠎ᠠ ᠵᠠᠮ ᠤᠯᠭᠤᠪᠠ᠃ ᠪᠦᠷᠢᠳᠬᠡᠯ ᠢᠶᠠᠷ᠂ ᠶᠠᠮᠤ ᠭᠠᠴᠠᠭᠠᠨ ᠳᠤ ᠨᠡᠶᠢᠳᠡ 48 ᠢᠳᠡᠰᠢᠨ ᠨᠤᠭᠤᠭᠠᠨ ᠤ ᠬᠦᠯᠡᠮᠵᠢ ᠪᠠᠶᠢᠭᠤᠯᠵᠦ᠂ ᠬᠦᠯᠡᠮᠵᠢ ᠪᠦᠷᠢ ᠨᠢ 200 ᠠᠴᠠ 300 ᠲᠡᠭᠰᠢ ᠲᠦᠷᠪᠡᠯᠵᠢᠨ ᠮᠧᠲᠷ ᠲᠤ ᠬᠦᠷᠴᠦ᠂ ᠲᠡᠭᠰᠢ ᠲᠦᠷᠪᠡᠯᠵᠢᠨ ᠮᠧᠲᠷ ᠪᠦᠷᠢ ᠳᠤ 1 ᠠᠴᠠ 2 ᠰᠠᠭᠤᠷᠢ ᠦᠵᠦᠮ ᠤᠨ ᠮᠤᠲᠤ ᠲᠠᠷᠢᠵᠦ᠂ ᠦᠵᠦᠮ ᠤᠨ ᠮᠤᠲᠤ ᠪᠦᠷᠢ ᠳᠡᠭᠡᠨ 10 ᠠᠴᠠ 15 ᠵᠢᠩ ᠦᠵᠦᠮ ᠰᠠᠭᠤᠵᠦ᠂ ᠵᠠᠬ᠎ᠠ ᠳᠡᠯᠬᠡᠬᠦᠷ ᠤᠨ ᠦᠨ᠎ᠡ ᠪᠠᠷ ᠵᠢᠱᠢᠵᠦ ᠪᠤᠳᠤᠪᠠᠯ ᠦᠵᠦᠮ ᠤᠨ ᠮᠤᠲᠤ ᠪᠦᠷᠢ ᠳᠡᠭᠡᠨ ᠲᠤᠮᠳᠠᠴᠢ ᠪᠠᠷ 50 ᠲᠦᠭᠦᠷᠢᠭ ᠠᠴᠠ 75 ᠲᠦᠬᠦᠷᠢᠭ ᠤᠨ ᠠᠰᠢᠭ ᠤᠷᠤᠯᠭ᠎ᠠ ᠤᠯᠤᠨ᠎ᠠ᠃ ᠢᠳᠡᠰᠢᠨ ᠨᠤᠭᠤᠭ᠎ᠠ ᠶᠢᠨ ᠬᠦᠯᠡᠮᠵᠢ ᠨᠢ ᠵᠢᠯ ᠪᠦᠷᠢ ᠭᠠᠴᠠᠭᠠᠨ ᠤ ᠠᠷᠠᠳ ᠲᠤ 2 ᠲᠦᠮᠡ ᠠᠴᠠ 3 ᠲᠦᠮᠡᠨ ᠲᠦᠬᠦᠷᠢᠭ ᠤᠨ ᠤᠷᠤᠯᠭ᠎ᠠ ᠶᠢ ᠨᠡᠮᠡᠭᠳᠡᠬᠦᠯᠵᠡᠢ᠃ ᠶᠠᠮᠤ ᠭᠠᠴᠠᠭ᠎ᠠ ᠶᠢᠨ ︽ᠬᠤᠶᠠᠷ ᠵᠦᠪᠯᠡᠯ︾ ᠡᠷᠴᠢᠮ ᠢᠶᠠᠨ ᠤᠯᠠᠮ ᠨᠢᠬᠡ ᠠᠯᠬᠤᠮ ᠴᠢᠩᠭᠠᠷᠠᠭᠤᠯᠵᠦ᠂ ᠲᠠᠷᠢᠮᠠᠯ ᠤᠨ ᠮᠡᠷᠬᠡᠵᠢᠯ ᠪᠠ ᠪᠤᠷᠤᠯᠠᠭᠤᠯᠭ᠎ᠠ ᠶᠢᠨ ᠮᠡᠳᠡᠭᠡ ᠵᠠᠩᠬᠢ ᠵᠡᠷᠬᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠨᠭ᠍ᠭᠠᠵᠦ᠂ ᠲᠠᠷᠢᠶᠠᠴᠢᠨ ᠡᠷᠦᠬᠡ ᠶᠢᠨ ᠦᠵᠦᠮ ᠲᠠᠷᠢᠬᠤ ᠶᠢ ᠵᠤᠷᠢᠭᠵᠢᠭᠤᠯᠵᠦ ᠪᠠᠶᠢᠨ᠎ᠠ᠃ ᠡᠬᠦᠨ ᠤ ᠬᠠᠮᠲᠤ᠂ ᠲᠡᠬᠦᠵᠦ ᠴᠤᠭᠯᠠᠭᠤᠯᠬᠤ ᠬᠦᠷᠢᠶᠡᠯᠡᠩ ᠢ ᠭᠠᠳᠠᠭᠰᠢ ᠤᠬᠠᠭᠤᠯᠵᠦ ᠬᠡᠷᠡᠭᠯᠡᠭᠴᠢᠳ ᠢ ᠲᠠᠳᠠᠵᠦ ᠭᠠᠴᠠᠭᠠᠨ ᠤ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠪᠤᠢ᠃                  ᠢᠷᠡᠯᠳᠡ   ᠲᠦᠩᠯᠢᠶᠤᠤ ᠮᠤᠩᠭᠤᠯ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号