ᠰᠢ ᠶᠢᠨ ᠫᠢᠩ᠄ ᠲᠦᠷᠢᠮ ᠤᠨ ᠲᠦᠪᠯᠡᠷᠡᠬᠦᠯᠥᠭᠰᠡᠨ ᠰᠢᠨᠡᠴᠢᠯᠡᠯᠳᠡ ᠶᠢ ᠲᠤᠪᠤᠶᠢᠮ᠎ᠠ ᠪᠠᠶᠢᠷᠢ ᠳᠤ ᠲᠠᠯᠪᠢᠵᠥ ᠴᠢᠨᠠᠷ ᠰᠠᠶᠢᠳᠠᠢ ᠦᠨᠳᠤᠷ ᠪᠠᠷᠢᠮᠵᠢᠶ᠎ᠠ ᠪᠠᠷ ᠴᠢᠯᠥᠬᠡᠳᠤ ᠠᠷᠠᠯᠵᠢᠶᠠᠨ ᠤ ᠭᠠᠷᠠᠮ ᠢ ᠪᠦᠳᠦᠬᠡᠨ ᠪᠠᠶᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/6/10
  ᠰᠢ ᠶᠢᠨ ᠫᠢᠩ᠄ ᠲᠦᠷᠢᠮ ᠤᠨ ᠲᠦᠪᠯᠡᠷᠡᠬᠦᠯᠥᠭᠰᠡᠨ ᠰᠢᠨᠡᠴᠢᠯᠡᠯᠳᠡ ᠶᠢ   ᠲᠤᠪᠤᠶᠢᠮ᠎ᠠ ᠪᠠᠶᠢᠷᠢ ᠳᠤ ᠲᠠᠯᠪᠢᠵᠥ ᠴᠢᠨᠠᠷ ᠰᠠᠶᠢᠳᠠᠢ ᠦᠨᠳᠤᠷ ᠪᠠᠷᠢᠮᠵᠢᠶ᠎ᠠ ᠪᠠᠷ   ᠴᠢᠯᠥᠬᠡᠳᠤ ᠠᠷᠠᠯᠵᠢᠶᠠᠨ ᠤ ᠭᠠᠷᠠᠮ ᠢ ᠪᠦᠳᠦᠬᠡᠨ ᠪᠠᠶᠢᠭᠤᠯᠬᠤ ᠬᠡᠷᠡᠭᠳᠡᠢ    ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠬᠠᠶᠢᠨᠠᠨ ᠤ ᠴᠢᠯᠥᠬᠡᠳᠤ ᠠᠷᠠᠯᠵᠢᠶᠠᠨ ᠤ ᠭᠠᠷᠠᠮ ᠤᠨ ᠪᠦᠳᠦᠬᠡᠨ ᠪᠠᠶᠢᠭᠤᠯᠤᠯᠳᠠ ᠳᠤ ᠴᠢᠬᠤᠯᠠ ᠵᠢᠭᠠᠪᠤᠷᠢ ᠦᠭᠴᠦ᠂ ᠬᠠᠶᠢᠨᠠᠨ ᠳᠤ ᠴᠢᠯᠥᠬᠡᠳᠤ ᠠᠷᠠᠯᠵᠢᠶᠠᠨ ᠤ ᠭᠠᠷᠠᠮ ᠪᠠᠶᠢᠭᠤᠯᠬᠤ ᠪᠤᠯ ᠨᠠᠮ ᠤᠨ ᠲᠦᠪ ᠬᠤᠷᠢᠶ᠎ᠡ ᠠᠴᠠ ᠤᠯᠤᠰ ᠤᠨ ᠲᠤᠳᠤᠭᠠᠳᠤ ᠪᠤᠯᠤᠨ ᠲᠡᠯᠡᠬᠡᠢ ᠶᠢᠨ ᠬᠤᠶᠠᠷ ᠶᠡᠭᠡ ᠲᠡᠯ᠎ᠡ ᠶᠢ ᠪᠤᠳᠤᠯᠬᠢᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠢᠨ᠎ᠡ ᠶᠢ ᠡᠬᠦᠳᠦᠨ ᠬᠦᠭᠵᠢᠬᠦ ᠶᠢ ᠠᠬᠢᠭᠤᠯᠬᠤ ᠪᠠᠷ ᠭᠠᠷᠭᠠᠭᠰᠠᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠤ ᠪᠤᠳᠤᠯᠭ᠎ᠠ ᠪᠤᠯᠤᠨ᠎ᠠ᠂ ᠮᠠᠨ ᠤ ᠤᠯᠤᠰ ᠤᠨ ᠰᠢᠨ᠎ᠡ ᠴᠠᠭ ᠦᠶ᠎ᠡ ᠶᠢᠨ ᠦᠬᠡᠷᠡᠴᠢᠯᠡᠯᠳᠡ ᠨᠡᠬᠡᠬᠡᠯᠳᠡ ᠶᠢᠨ ᠶᠠᠪᠤᠴᠠ ᠳᠠᠬᠢ ᠶᠡᠭᠡ ᠶᠠᠪᠤᠳᠠᠯ ᠪᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠥ᠂ ᠲᠤᠮᠳᠠᠳᠤ ᠤᠯᠤᠰ ᠤᠨ ᠤᠠᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠵᠥ᠂ ᠲᠡᠯᠡᠬᠡᠢ ᠶᠢᠨ ᠦᠨᠳᠤᠷ ᠲᠦᠪᠰᠢᠨ ᠪᠦᠬᠦᠢ ᠠᠵᠥ ᠠᠬᠤᠢ ᠠᠷᠠᠯᠵᠢᠶᠠᠨ ᠤ ᠲᠦᠷᠢᠮ ᠲᠠᠢ ᠵᠤᠯᠭᠠᠭᠤᠯᠵᠥ᠂ ᠦᠢᠯᠡᠳᠪᠤᠷᠢᠯᠡᠯ ᠤᠨ ᠴᠢᠬᠤᠯᠠ ᠡᠯᠧᠮᠧᠨ᠋ᠲ ᠤᠨ ᠴᠢᠯᠦᠬᠡᠳᠡᠢ ᠲᠦᠬᠦᠮ ᠲᠦᠳᠡ ᠪᠠᠷ ᠬᠦᠢᠯᠬᠡᠬᠡᠭᠳᠡᠬᠦ ᠶᠢ ᠠᠬᠢᠭᠤᠯᠵᠥ᠂ ᠴᠢᠨᠠᠷ ᠰᠠᠶᠢᠳᠠᠢ ᠦᠨᠳᠤᠷ ᠪᠠᠷᠢᠮᠵᠢᠶ᠎ᠠ ᠪᠠᠷ ᠴᠢᠯᠥᠬᠡᠳᠤ ᠠᠷᠠᠯᠵᠢᠶᠠᠨ ᠤ ᠭᠠᠷᠠᠮ ᠢ ᠪᠦᠳᠦᠬᠡᠨ ᠪᠠᠶᠢᠭᠤᠯᠬᠤ ᠬᠡᠷᠡᠭᠳᠡᠢ᠃ ᠲᠦᠷᠢᠮ ᠤᠨ ᠲᠦᠪᠯᠡᠷᠡᠬᠦᠯᠦᠭᠰᠡᠨ ᠰᠢᠨᠡᠴᠢᠯᠡᠯᠳᠠ ᠶᠢ ᠲᠤᠪᠤᠶᠢᠮ᠎ᠡ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ ᠪᠠᠨ ᠴᠢᠯᠦᠭᠡᠯᠡᠵᠤ᠂ ᠵᠤᠷᠢᠬᠳᠠᠢ ᠪᠠᠷ ᠰᠢᠨ᠎ᠡ ᠶᠢ ᠡᠬᠦᠳᠴᠤ᠂ ᠨᠢᠭᠡ ᠲᠦᠷᠦᠯ ᠨᠢ ᠪᠤᠯᠪᠠᠰᠤᠷᠠᠩᠭᠤᠢ ᠪᠤᠯᠪᠡᠯ ᠨᠢᠭᠡ ᠲᠦᠷᠦᠯ ᠢ ᠲᠠᠯᠭᠡᠷᠡᠬᠦᠯᠵᠤ᠂ ᠯᠠᠪᠳᠠᠭᠤᠨ ᠢᠶᠠᠷ ᠬᠤᠯᠠ ᠠᠶᠠᠯᠠᠵᠤ᠂ ᠤᠷᠳᠤ ᠤᠳᠠᠭᠠᠨ ᠢᠶᠠᠷ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠬᠠᠶᠢᠨᠠᠨ ᠮᠤᠵᠢ ᠶᠢᠨ ᠬᠢᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠴᠢᠭᠯᠡᠯ ᠢ ᠤᠨᠤᠴᠠᠳᠠᠢ ᠡᠵᠡᠮᠳᠡᠵᠤ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠦ ᠶᠢᠨ ᠪᠤᠳᠤᠯᠭ᠎ᠠ ᠶᠢᠨ ᠠᠩᠬᠠᠨ ᠤ ᠲᠤᠬᠢᠷᠠᠭᠤᠯᠤᠯᠳᠠ ᠶᠢ ᠱᠠᠯᠠᠪᠳᠠᠨ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠴᠢᠯᠦᠭᠡᠳᠤ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠬᠦᠯᠬᠦ ᠭᠡᠷᠡᠭᠳᠠᠢ᠃ ᠲᠦᠪ ᠤᠨ ᠪᠠ ᠤᠯᠤᠰ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠶᠡᠭᠡ ᠲᠠᠯ᠎ᠡ ᠠᠴᠠ ᠡᠬᠦᠰᠴᠤ᠂ ᠬᠠᠶᠢᠨᠠᠨ ᠤ ᠵᠤᠷᠢᠬᠳᠠᠢ ᠪᠠᠷ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠶᠢ ᠲᠠᠮᠵᠢᠵᠤ᠂ ᠬᠠᠶᠢᠨᠠᠨ ᠤ ᠴᠢᠯᠤᠭᠡᠳᠤ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢᠨ ᠲᠠᠰᠤᠷᠠᠯᠳᠠ ᠦᠭᠡᠢ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃    ᠬᠠᠶᠢᠨᠠᠨ ᠤ ᠴᠢᠯᠦᠭᠡᠳᠤ ᠠᠷᠠᠯᠵᠢᠶᠠᠨ ᠤ ᠭᠠᠷᠠᠮ ᠤᠨ ᠭᠡᠷᠡᠭᠵᠢᠬᠦᠯᠦᠯᠳᠠ ᠶᠢᠨ ᠬᠡᠪᠴᠢᠶ᠎ᠡ ᠨᠢ ᠪᠦᠬᠦᠢ ᠯᠡ ᠬᠠᠶᠢᠨᠠᠨ ᠠᠷᠠᠯ ᠪᠠᠶᠢᠵᠤ᠂ 2025 ᠤᠨ ᠪᠤᠯᠬᠤ ᠳᠤ ᠠᠷᠠᠯᠵᠢᠶᠠᠨ ᠤ ᠴᠢᠯᠦᠭᠡᠵᠢᠯᠳᠠ ᠪᠠ ᠲᠦᠬᠦᠮᠴᠢᠯᠠᠯᠳᠠ ᠪᠤᠯᠤᠨ ᠪᠡᠯᠡ ᠤᠷᠤᠭᠤᠯᠤᠯᠳᠠ ᠶᠢᠨ ᠴᠢᠯᠦᠭᠡᠵᠢᠯᠳᠠ ᠪᠠ ᠲᠦᠬᠦᠮᠴᠢᠯᠠᠯᠳᠠ ᠪᠠᠷ ᠭᠤᠤᠯ ᠪᠤᠯᠭᠠᠬᠰᠡᠨ ᠴᠢᠯᠦᠭᠡᠳᠤ ᠠᠷᠠᠯᠵᠢᠶᠠᠨ ᠤ ᠭᠠᠷᠠᠮ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ 2035 ᠤᠨ ᠪᠤᠯᠬᠤ ᠳᠤ ᠮᠠᠨ ᠤ ᠤᠯᠤᠰ ᠤᠨ ᠨᠡᠭᠡᠭᠡᠯᠳᠠᠳᠤ ᠮᠠᠶᠢᠭ ᠤᠨ ᠠᠵᠤ ᠠᠬᠤᠢ ᠶᠢᠨ ᠰᠢᠨ᠎ᠡ ᠦᠨᠳᠦᠷᠯᠢᠭ ᠪᠤᠯᠭᠠᠵᠤ᠂ ᠲᠤᠰ ᠵᠠᠭᠤᠨ ᠤ ᠲᠤᠮᠳᠠᠴᠢ ᠪᠤᠯᠬᠤ ᠳᠤ ᠲᠡᠯᠡᠭᠡᠢ ᠶᠢᠨ ᠨᠦᠯᠦᠭᠡᠯᠡᠬᠦ ᠬᠦᠴᠤᠨ ᠲᠠᠢ ᠦᠨᠳᠤᠷ ᠲᠦᠪᠰᠢᠨ ᠪᠦᠬᠦᠢ ᠴᠢᠯᠦᠭᠡᠳᠤ ᠠᠷᠠᠯᠵᠢᠶᠠᠨ ᠤ ᠭᠠᠷᠠᠮ ᠢ ᠪᠠᠶᠢᠭᠤᠯᠬᠤ ᠪᠤᠯᠤᠨ᠎ᠡ᠃                         ᠢᠷᠡᠯᠲᠡ ᠰᠢᠡᠬᠤᠸᠠ ᠬᠤᠷᠢᠶ᠎ᠠ
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号