ᠪᠦᠯᠬᠦᠮᠳᠡᠵᠦ ᠬᠢᠵᠢᠭ ᠲᠠᠢ ᠲᠡᠮᠡᠴᠡᠨ ᠴᠠᠬ ᠤᠨ ᠪᠡᠷᠬᠡ ᠶᠢ ᠬᠠᠮᠳᠤ ᠪᠠᠷ ᠳᠤᠭᠤᠯᠤᠶᠠ | | | | ᠊᠊᠊᠊᠊᠊᠊᠊᠊ ᠲᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠲᠡᠮᠡᠴᠡᠬᠦ ᠣᠨᠴᠠᠭᠠᠢ ᠲᠦᠷᠦᠭᠦᠴᠦᠳ ᠤᠨ ᠬᠤᠷᠠᠯ | ᠲᠡᠭᠡᠷᠢᠬᠢ ᠭᠤᠤᠯ ᠵᠤᠷᠢᠯᠳᠠᠳᠤ ᠶᠠᠷᠢᠶ᠎ᠠ | ︵2020 ᠤᠨ ᠤ 6 ᠰᠠᠷ᠎ᠠ ᠶᠢᠨ 17 ᠤ ᠡᠳᠤᠷ᠂ ᠪᠡᠬᠡᠵᠢᠩ ᠳᠤ︶ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠷᠢᠬᠦᠯᠡᠭᠴᠢ | ᠰᠢ ᠶᠢᠨ ᠫᠢᠩ | ᠬᠦᠨᠳᠤᠳᠤ ᠯᠠᠮᠠᠹᠦ᠋ᠰᠠ ᠶᠡᠷᠦᠩᠬᠡᠶᠢᠯᠡᠭᠴᠢ᠂ | ᠬᠦᠨᠳᠤᠳᠤ ᠰᠠᠯᠧ ᠶᠡᠷᠦᠩᠬᠡᠶᠢᠯᠡᠭᠴᠢ᠂ | ᠬᠦᠨᠳᠤᠳᠤ ᠡᠯ᠎ᠡ ᠤᠯᠤᠰ ᠤᠨ ᠳᠡᠷᠢᠬᠦᠨ᠂ ᠵᠠᠰᠠᠬ ᠤᠨ ᠤᠷᠳᠤᠨ ᠤ ᠳᠦᠷᠦᠬᠦᠴᠤᠳ᠂ | ᠬᠦᠨᠳᠤᠳᠤ ᠠᠹᠷᠢᠺᠠ ᠳᠢᠪ ᠤᠨ ᠤᠯᠤᠰ ᠤᠳ ᠤᠨ | ᠬᠤᠯᠪᠤᠭᠠᠨ ᠤ ᠵᠦᠪᠯᠡᠯ ᠤᠨ ᠳᠡᠷᠢᠬᠦᠯᠡᠭᠴᠢ ᠹᠠᠵᠢ ᠠᠪᠤᠭᠠᠢ᠂ | ᠬᠦᠨᠳᠤᠳᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ | ᠨᠠᠷᠢᠨ ᠪᠢᠴᠢᠭ ᠤᠨ ᠳᠠᠷᠤᠭ᠎ᠠ ᠬᠦᠲᠧᠯᠸᠢᠢᠰ ᠠᠪᠤᠭᠠᠢ᠂ | ᠬᠦᠨᠳᠤᠳᠤ ᠳᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠶᠢᠨ ᠶᠡᠷᠦᠩᠬᠡᠢ ᠠᠵᠢᠯᠯᠠᠬᠴᠢ ᠲᠠᠨᠳᠧᠰᠠᠢ ᠠᠪᠤᠭᠠᠢ᠂ | ᠪᠦᠬᠦ ᠪᠦᠮᠪᠦᠷᠴᠡᠭ ᠢᠶᠠᠷ ᠢᠶᠠᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠵᠦ ᠪᠠᠶᠢᠬᠤ | ᠴᠢᠬᠤᠯᠠ ᠴᠠᠬ ᠮᠦᠴᠡ ᠳᠤ᠂ ᠪᠢᠳᠡ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠤᠨᠴᠠᠭᠠᠢ ᠳᠦᠷᠦᠬᠦᠴᠦᠳ ᠤᠨ | ᠬᠤᠷᠠᠯ ᠢ ᠬᠤᠷᠠᠯᠳᠤᠭᠤᠯᠵᠥ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠸᠢᠳᠢᠣ᠋ ᠪᠠᠷ ᠳᠠᠮᠵᠢᠨ ᠴᠤᠬᠯᠠᠷᠠᠵᠥ᠂ | ᠪᠦᠯᠬᠦᠮᠳᠡᠨ ᠬᠢᠵᠢᠭ ᠲᠠᠢ ᠳᠡᠮᠡᠴᠡᠬᠦ ᠶᠡᠭᠡ ᠪᠤᠳᠤᠯᠭ᠎ᠠ ᠶᠢ ᠬᠠᠮᠳᠤ ᠪᠠᠷ ᠵᠦᠪᠳᠡᠯᠴᠡᠨ᠂ ᠳᠤᠮᠳᠠᠳᠤ ᠠᠹᠷᠢᠺᠠ ᠶᠢᠨ | ᠠᠬ᠎ᠠ ᠳᠡᠬᠦᠦ ᠶᠢᠨ ᠨᠦᠬᠦᠷᠯᠡᠯ ᠢᠶᠠᠨ ᠬᠠᠮᠳᠤ ᠪᠠᠷ ᠶᠠᠷᠢᠯᠴᠠᠬᠤ ᠪᠤᠯᠤᠯ᠎ᠠ᠃ ᠯᠠᠮᠠᠹᠦ᠋ᠰᠠ ᠶᠡᠷᠦᠩᠬᠡᠶᠢᠯᠡᠭᠴᠢ᠂ ᠰᠠᠯᠧ | ᠶᠡᠷᠦᠩᠬᠡᠶᠢᠯᠡᠭᠴᠢ ᠶᠢᠨ ᠨᠠᠳᠠ ᠲᠠᠢ ᠬᠠᠮᠳᠤ ᠡᠨᠡ ᠤᠳᠠᠭ᠎ᠠ ᠶᠢᠨ ᠬᠤᠷᠠᠯ ᠢ ᠬᠤᠷᠠᠯᠳᠤᠭᠤᠯᠬᠤ ᠶᠢ | ᠰᠠᠨᠠᠭᠠᠴᠢᠯᠠᠬᠰᠠᠨ ᠳᠤ ᠳᠠᠯᠠᠷᠬᠠᠵᠥ ᠪᠠᠶᠢᠨ᠎ᠠ᠂ ᠡᠯ᠎ᠡ ᠬᠠᠮᠳᠤ ᠠᠵᠢᠯᠯᠠᠬᠰᠠᠳ ᠤᠨ ᠬᠤᠷᠠᠯ ᠳᠤ ᠤᠷᠤᠯᠴᠠᠬᠰᠠᠨ ᠳᠤ | ᠳᠠᠯᠠᠷᠬᠠᠵᠥ ᠪᠠᠶᠢᠨ᠎ᠠ᠃ ᠪᠢ ᠪᠠᠰᠠ ᠬᠤᠷᠠᠯ ᠳᠤ ᠤᠷᠤᠯᠴᠠᠬᠰᠠᠨ ᠦᠬᠡᠢ ᠠᠹᠷᠢᠺᠠ ᠳᠢᠪ ᠤᠨ ᠡᠯ᠎ᠡ ᠤᠯᠤᠰ ᠤᠨ | ᠤᠳᠤᠷᠢᠳᠬᠤ ᠬᠦᠮᠦᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠬᠦᠯᠵᠥ ᠪᠠᠶᠢᠨ᠎ᠡ︕ | ᠡᠨᠡ ᠤᠳᠠᠭ᠎ᠠ ᠶᠢᠨ ᠬᠢᠵᠢᠭ ᠤᠨ ᠪᠠᠶᠢᠳᠠᠯ ᠬᠡᠨᠡᠳᠳᠡ ᠪᠠᠷ ᠳᠠᠭᠠᠷᠢᠨ ᠢᠷᠡᠵᠥ᠂ ᠳᠡᠯᠡᠬᠡᠢ ᠶᠢᠨ ᠡᠯ᠎ᠡ ᠤᠯᠤᠰ ᠲᠤ | ᠬᠦᠨᠳᠤ ᠨᠤᠴᠢᠳᠠᠢ ᠳᠠᠭᠠᠷᠢᠯᠳᠠ ᠦᠵᠡᠬᠦᠯᠵᠥ᠂ ᠬᠡᠳᠤᠨ ᠠᠷᠪᠠᠨ ᠳᠦᠮᠡᠨ ᠬᠦᠮᠦᠨ ᠨᠠᠨᠳᠢᠨ ᠠᠮᠢ ᠪᠠᠨ ᠠᠯᠳᠠᠪᠠ᠃ | ᠡ᠊ᠨᠳᠡ ᠪᠢ ᠰᠠᠨᠠᠭᠠᠴᠢᠯᠠᠬᠤ ᠨᠢ᠂ ᠪᠢᠳᠡ ᠬᠢᠵᠢᠭ ᠲᠤ ᠬᠠᠯᠳᠠᠪᠤᠷᠢᠯᠠᠬᠳᠠᠭᠠᠳ ᠵᠤᠯ ᠪᠤᠰᠤ ᠪᠠᠷ ᠨᠠᠰᠤ ᠪᠠᠷᠠᠬᠰᠠᠳ ᠢ | ᠨᠠᠮᠠᠨᠴᠢᠯᠠᠨ ᠭᠠᠰᠢᠭᠤᠳᠠᠵᠥ᠂ ᠳᠡᠳᠡᠨ ᠤ ᠰᠠᠳᠤᠨ ᠳᠦᠷᠦᠯ ᠢ ᠳᠤᠬᠤᠨᠢᠭᠤᠯᠵᠥ ᠪᠠᠶᠢᠬᠤ ᠪᠠᠨ ᠢᠯᠡᠳᠬᠡᠶ᠎ᠡ᠃ | ᠊᠊᠊᠊᠊ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠪᠤᠯᠤᠨ ᠠᠹᠷᠢᠺᠠ ᠲᠢᠪ ᠬᠦᠨᠳᠤ ᠨᠤᠴᠢᠳᠠᠢ | ᠰᠢᠯᠭᠠᠯᠳᠠ ᠳᠤ ᠤᠴᠠᠷᠠᠪᠠ᠃ ᠳᠤᠮᠳᠠᠳᠤ ᠤᠯᠤᠰ ᠤᠨ ᠠᠷᠠᠳ ᠲᠦᠮᠡᠨ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ | ᠳᠠᠮᠵᠢᠵᠤ᠂ ᠯᠤᠳᠤ ᠶᠡᠭᠡ ᠦᠷᠡᠭᠳᠡᠯ ᠭᠠᠷᠭᠠᠵᠤ ᠪᠠᠶᠢᠭᠠᠳ ᠤᠯᠤᠰ ᠤᠨ ᠳᠤᠳᠤᠭᠠᠳᠤ ᠶᠢᠨ ᠬᠢᠵᠢᠭ ᠤᠨ ᠪᠠᠶᠢᠳᠠᠯ ᠢ | ᠡᠵᠡᠮᠳᠡᠭᠰᠡᠨ ᠪᠤᠯᠪᠠᠴᠤ ᠳᠠᠬᠢᠨ ᠲᠡᠯᠭᠡᠷᠡᠬᠦ ᠳᠠᠷᠤᠯᠳᠠ ᠮᠦᠨ ᠬᠦ ᠤᠷᠤᠰᠢᠵᠤ ᠪᠠᠶᠢᠨ᠎ᠠ᠃ ᠠᠹᠷᠢᠺᠠ ᠲᠢᠪ ᠤᠨ ᠡᠯ᠎ᠠ | ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠰᠡᠳᠭᠢᠯ ᠢᠶᠠᠨ ᠨᠢᠭᠡᠳᠭᠡᠵᠤ᠂ ᠠᠹᠷᠢᠺᠠ ᠲᠢᠪ ᠤᠨ | ᠤᠯᠤᠰ ᠤᠳ ᠤᠨ ᠬᠤᠯᠪᠤᠭ᠎ᠠ ᠪᠦᠬᠦ ᠬᠦᠴᠦ ᠪᠠᠷ ᠵᠤᠬᠢᠴᠠᠭᠤᠯᠵᠤ᠂ ᠬᠦᠴᠦᠳᠠᠢ ᠠᠷᠭ᠎ᠠ ᠬᠡᠮᠵᠢᠶ᠎ᠠ | ᠬᠡᠷᠡᠭᠵᠢᠭᠦᠯᠦᠭᠰᠡᠨ ᠠᠴᠠ ᠬᠢᠵᠢᠭ ᠤᠨ ᠪᠠᠶᠢᠳᠠᠯ ᠢ ᠪᠦᠲᠦᠮᠵᠢᠳᠠᠢ ᠨᠠᠮᠳᠠᠭᠤᠯᠪᠠ᠂ ᠡᠨᠡ ᠬᠦ ᠦᠷ᠎ᠠ ᠪᠦᠲᠦᠭᠡᠯ ᠢ | ᠤᠯᠤᠭᠰᠠᠨ ᠨᠢ ᠲᠦᠢᠯ ᠤᠨ ᠬᠢᠯᠪᠠᠷ ᠪᠤᠰᠤ ᠶᠤᠮ᠃ | ᠊᠊᠊᠊᠊ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠪᠤᠯᠤᠨ ᠠᠹᠷᠢᠺᠠ ᠲᠢᠪ ᠬᠠᠷᠢᠯᠴᠠᠨ | ᠲᠤᠰᠠᠯᠠᠯᠴᠠᠵᠤ᠂ ᠮᠦᠷᠦ ᠵᠡᠷᠭᠡᠴᠡᠨ ᠪᠠᠶᠢᠯᠳᠤᠪᠠ᠃ ᠳᠤᠮᠳᠠᠳᠤ ᠤᠯᠤᠰ ᠤᠨ ᠬᠢᠵᠢᠭ ᠲᠠᠢ ᠲᠡᠮᠡᠴᠡᠵᠤ ᠪᠠᠶᠢᠭᠰᠠᠨ | ᠬᠠᠮᠤᠭ ᠤᠨ ᠬᠦᠴᠢᠷᠳᠡᠯᠳᠠᠢ ᠦᠶ᠎ᠡ ᠳᠤ ᠠᠹᠷᠢᠺᠠ ᠲᠢᠪ ᠤᠨ ᠬᠢᠨ ᠡᠷᠬᠢᠮ ᠨᠠᠨᠳᠢᠨ ᠳᠡᠮᠵᠢᠯᠭᠡ ᠦᠵᠡᠭᠦᠯᠵᠠᠢ᠂ ᠪᠢᠳᠡ | ᠡᠭᠦᠨ ᠢ ᠬᠡᠵᠢᠶᠡᠳᠡ ᠮᠠᠷᠳᠠᠬᠤ ᠦᠭᠡᠢ ᠶᠤᠮ᠃ ᠠᠹᠷᠢᠺᠠ ᠲᠢᠪ ᠲᠤ ᠬᠢᠵᠢᠭ ᠤᠨ ᠪᠠᠶᠢᠳᠠᠯ ᠳᠡᠯᠭᠡᠷᠡᠭᠰᠡᠨ ᠤ ᠳᠠᠷᠠᠭ᠎ᠠ᠂ | ᠳᠤᠮᠳᠠᠳᠤ ᠤᠯᠤᠰ ᠲᠦᠷᠦᠭᠦᠯᠡᠨ ᠲᠤᠰᠠᠯᠠᠮᠵᠢ ᠬᠠᠩᠭᠠᠵᠤ᠂ ᠠᠹᠷᠢᠺᠠ ᠲᠢᠪ ᠤᠨ ᠠᠷᠠᠳ ᠲᠦᠮᠡᠨ ᠲᠠᠢ ᠪᠠᠳᠤ | ᠴᠢᠩᠭ᠎ᠠ ᠪᠠᠷ ᠬᠠᠮᠳᠤ ᠵᠤᠭᠰᠤᠪᠠ᠃ | ᠊᠊᠊᠊᠊ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠨᠡᠩ ᠪᠦᠯᠬᠦᠮᠳᠡᠵᠤ᠂ | ᠨᠦᠬᠦᠷᠰᠡᠭ ᠢᠳᠡᠭᠡᠯᠴᠡᠭᠡ ᠨᠡᠩ ᠪᠠᠳᠤᠵᠢᠪᠠ᠃ ᠳᠤᠮᠳᠠᠳᠤ ᠤᠯᠤᠰ ᠳᠤᠮᠳᠠᠳᠤ ᠠᠹᠷᠢᠺᠠ ᠶᠢᠨ ᠤᠯᠠᠮᠵᠢᠯᠠᠯᠳᠤ | ᠨᠦᠬᠦᠷᠯᠡᠯ ᠢ ᠨᠠᠨᠳᠢᠩᠨᠠᠨ᠎ᠠ᠂ ᠲᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠤᠨ ᠬᠢᠨ ᠤ | ᠳᠤᠮᠳᠠᠳᠤ ᠠᠹᠷᠢᠺᠠ ᠶᠢᠨ ᠪᠦᠯᠬᠦᠮᠳᠡᠯ ᠬᠠᠮᠳᠤᠷᠠᠯᠴᠠᠭ᠎ᠠ ᠶᠢ ᠴᠢᠩᠭᠠᠳᠬᠠᠬᠤ ᠢᠳᠡᠭᠡᠯ ᠵᠤᠷᠢᠭ ᠯᠠᠪᠳᠠᠢ ᠭᠤᠶᠢᠪᠢᠯᠵᠠᠬᠤ | ᠦᠭᠡᠢ ᠭᠡᠳᠡᠭ ᠢ ᠪᠢ ᠳᠤᠷᠠᠳᠠᠶ᠎ᠠ ᠲᠠᠪᠳᠠᠨ ᠢᠯᠡᠷᠬᠡᠶᠢᠯᠡᠶᠠ᠃ | ᠬᠠᠮᠳᠤ ᠠᠵᠢᠯᠯᠠᠭᠰᠠᠳ ᠡ︕ | ᠤᠳᠤᠬᠠᠨ ᠳᠤ᠂ ᠬᠢᠵᠢᠭ ᠤᠨ ᠪᠠᠶᠢᠳᠠᠯ ᠪᠦᠬᠦ ᠳᠡᠯᠡᠬᠡᠢ ᠳᠤ ᠮᠦᠨ ᠬᠦ ᠦᠷᠪᠢᠰᠦᠨ ᠳᠡᠯᠭᠡᠷᠡᠵᠤ ᠪᠠᠶᠢᠨ᠎ᠠ᠂ | ᠳᠤᠮᠳᠠᠳᠤ ᠤᠯᠤᠰ ᠪᠤᠯᠤᠨ ᠠᠹᠷᠢᠺᠠ ᠲᠢᠪ ᠲᠤ ᠴᠦᠮ ᠬᠢᠵᠢᠭ ᠲᠠᠢ ᠲᠡᠮᠡᠴᠡᠬᠦ᠂ ᠠᠵᠤ ᠠᠬᠤᠢ ᠪᠠᠨ | ᠲᠤᠭᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠬᠦᠨᠳᠦ ᠡᠭᠦᠷᠭᠡ ᠲᠤᠯᠭᠠᠷᠠᠵᠤ ᠪᠠᠶᠢᠨ᠎ᠠ᠃ ᠪᠢᠳᠡ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ᠂ ᠡᠬᠢ ᠪᠠᠶᠠᠯᠢᠭ ᠢ ᠨᠢᠭᠡᠳᠦᠯᠳᠠᠢ | ᠲᠦᠯᠦᠪᠵᠢᠭᠦᠯᠵᠤ᠂ ᠪᠦᠯᠬᠦᠮᠳᠡᠨ ᠬᠠᠮᠳᠤᠷᠠᠯᠴᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠦ ᠪᠠᠶᠢᠭᠠᠳ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠵᠤ᠂ | ᠬᠢᠵᠢᠭ ᠤᠨ ᠪᠠᠶᠢᠳᠠᠯ ᠤᠨ ᠨᠠᠵᠠᠭᠠᠢ ᠨᠦᠯᠦᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠶ᠎ᠠ᠃ | ᠨᠢᠭᠡᠳᠦᠭᠡᠷ ᠲᠤ᠂ ᠪᠢᠳᠡ ᠡᠷᠡᠰ ᠭᠤᠶᠢᠪᠢᠰᠢ ᠦᠭᠡᠢ ᠪᠠᠷ ᠭᠠᠷ ᠬᠤᠯᠪᠤᠨ ᠬᠢᠵᠢᠭ ᠲᠠᠢ ᠲᠡᠮᠡᠴᠡᠨ᠎ᠡ᠃ ᠳᠤᠮᠳᠠᠳᠤ | ᠤᠯᠤᠰ ᠠᠹᠷᠢᠺᠠ ᠲᠢᠪ ᠤᠨ ᠬᠢᠨ ᠤ ᠬᠢᠵᠢᠭ ᠲᠠᠢ ᠲᠡᠮᠡᠴᠡᠬᠦ ᠠᠵᠢᠯᠯᠠᠭ᠎ᠠ ᠶᠢ ᠦᠷᠭᠦᠯᠵᠢᠯᠡᠨ ᠪᠦᠬᠦ ᠬᠦᠴᠦ ᠪᠠᠷ ᠢᠶᠠᠨ | ᠳᠡᠮᠵᠢᠵᠤ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠳᠡᠭᠡᠷ᠎ᠠ ᠮᠢᠨᠦ | ᠨᠡᠶᠢᠳᠡᠯᠡᠭᠰᠡᠨ ᠠᠷᠭ᠎ᠠ ᠬᠡᠮᠵᠢᠶ᠎ᠠ ᠶᠢ ᠳᠠᠷᠤᠢ ᠲᠦᠷᠭᠡᠨ ᠨᠠᠶᠢᠳᠠᠪᠤᠷᠢᠵᠢᠭᠤᠯᠵᠤ᠂ ᠦᠷᠭᠦᠯᠵᠢᠯᠡᠨ ᠠᠹᠷᠢᠺᠠ ᠲᠢᠪ ᠤᠨ | ᠤᠯᠤᠰ ᠤᠳ ᠲᠤ ᠡᠳ᠋ ᠪᠤᠳᠠᠰ ᠤᠨ ᠲᠤᠰᠠᠯᠠᠮᠵᠢ ᠬᠠᠩᠭᠠᠵᠤ᠂ ᠡᠮᠴᠢᠯᠡᠭᠡᠨ ᠤ ᠲᠤᠰᠬᠠᠢ ᠮᠡᠷᠭᠡᠵᠢᠯᠳᠡᠨ ᠤ | ᠳᠤᠭᠤᠢᠢᠯᠠᠩ ᠲᠤᠮᠢᠯᠠᠵᠤ᠂ ᠠᠹᠷᠢᠺᠠ ᠲᠢᠪ ᠤᠨ ᠬᠢᠨ ᠤ ᠳᠤᠮᠳᠠᠳᠤ ᠤᠯᠤᠰ ᠲᠤ ᠢᠷᠡᠵᠤ ᠬᠢᠵᠢᠭ ᠲᠠᠢ ᠲᠡᠮᠡᠴᠡᠬᠦ ᠡᠳ᠋ | ᠪᠤᠳᠠᠰ ᠬᠤᠳᠠᠯᠳᠤᠨ ᠠᠪᠬᠤ ᠳᠤ ᠲᠤᠰᠠᠯᠠᠨ᠎ᠠ᠃ ᠳᠤᠮᠳᠠᠳᠤ ᠤᠯᠤᠰ ᠡᠨᠡ ᠵᠢᠯ ᠤᠨ ᠳᠤᠳᠤᠷ᠎ᠠ ᠠᠹᠷᠢᠺᠠ ᠲᠢᠪ ᠤᠨ | ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠶᠡᠷᠦᠩᠬᠡᠢ ᠭᠠᠵᠠᠷ ᠢ ᠡᠬᠢᠯᠡᠨ ᠪᠠᠶᠢᠭᠤᠯᠵᠤ᠂ ᠠᠹᠷᠢᠺᠠ | ᠲᠢᠪ ᠤᠨ ᠬᠢᠨ ᠲᠠᠢ ᠬᠠᠮᠳᠦ ᠪᠠᠷ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠪᠤᠷᠤ | ᠲᠦᠯᠦᠪ ᠳᠤᠳᠤᠷᠠᠬᠢ ︽ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠠᠵᠢᠯᠯᠠᠭᠠᠨ︾ ᠢ ᠰᠠᠶᠢᠳᠤᠷ ᠬᠡᠷᠡᠭᠵᠢᠭᠦᠯᠵᠤ᠂ | ᠲᠤᠮᠲᠠᠲᠤ ᠠᠹᠷᠢᠺᠠ ᠶᠢᠨ ᠨᠦᠬᠦᠷᠯᠡᠯ ᠤᠨ ᠡᠮᠨᠡᠯᠭᠡ ᠶᠢᠨ ᠬᠤᠷᠢᠶ᠎ᠠ ᠶᠢᠨ ᠪᠦᠳᠦᠬᠡᠨ ᠪᠠᠶᠢᠭᠤᠯᠤᠯᠲᠠ ᠪᠤᠯᠤᠨ ᠲᠤᠮᠲᠠᠲᠤ | ᠠᠹᠷᠢᠺᠠ ᠶᠢᠨ ᠠᠵᠢᠯ ᠲᠦᠷᠦᠯ ᠨᠢᠭᠡᠳᠠᠢ ᠡᠮᠨᠡᠯᠭᠡ ᠶᠢᠨ ᠬᠤᠷᠢᠶ᠎ᠠ ᠶᠢᠨ ᠬᠠᠮᠲᠤᠷᠠᠯᠴᠠᠭ᠎ᠠ ᠶᠢ ᠲᠦᠷᠭᠡᠳᠭᠡᠵᠦ᠂ | ᠲᠤᠮᠲᠠᠲᠤ ᠠᠹᠷᠢᠺᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠤᠭᠴᠠ ᠶᠢ ᠬᠠᠮᠲᠤ ᠪᠠᠷ | ᠪᠠᠶᠢᠭᠤᠯᠤᠨ᠎ᠠ᠃ ᠲᠤᠮᠲᠠᠲᠤ ᠤᠯᠤᠰ ᠂ ᠰᠢᠨ᠎ᠠ ᠲᠢᠲᠢᠮᠯᠢᠭ ᠠᠭᠤᠰᠬᠢᠠ ᠦᠷᠪᠢᠰᠦᠯ ᠤᠨ ᠸᠠᠺᠼᠢᠨ ᠢ ᠰᠤᠲᠤᠯᠤᠨ | ᠨᠡᠭᠡᠭᠡᠵᠦ ᠠᠰᠢᠠᠠᠯᠠᠯᠲᠠ ᠳᠤ ᠤᠷᠤᠭᠤᠯᠤᠭᠰᠠᠠ ᠤ ᠲᠠᠷᠠᠭ᠎ᠠ᠂ ᠲᠤᠷᠠᠲᠠᠶ᠎ᠠ ᠤᠷᠢᠳ ᠢᠶᠠᠷ ᠠᠹᠷᠢᠺᠠ ᠲᠢᠪ ᠤᠨ | ᠤᠯᠤᠰ ᠤᠳ ᠲᠤ ᠬᠠᠷᠠᠭᠠᠯᠵᠠᠯ ᠦᠵᠡᠭᠦᠯᠦᠨ᠎ᠠ᠃ | ᠬᠤᠶᠠᠲᠤᠭᠠᠷ ᠲᠤ᠂ ᠪᠢᠲᠠ ᠡᠷᠡᠰ ᠭᠤᠶᠢᠪᠢᠰᠢ ᠦᠭᠡᠢ ᠪᠠᠷ ᠲᠤᠮᠲᠠᠲᠤ ᠠᠹᠷᠢᠺᠠ ᠶᠢᠨ ᠬᠠᠮᠲᠤᠷᠠᠯᠴᠠᠭ᠎ᠠ ᠶᠢ | ᠠᠬᠢᠭᠤᠯᠤᠨ᠎ᠠ᠃ ᠬᠢᠵᠢᠭ ᠤᠨ ᠪᠠᠶᠢᠲᠠᠯ ᠠᠴᠠ ᠪᠤᠯᠤᠬᠰᠠᠨ ᠲᠠᠭᠠᠷᠢᠯᠲᠠ ᠶᠢ ᠢᠯᠠᠠ ᠲᠠᠪᠠᠭ᠋ᠤ ᠶᠢᠨ ᠲᠦᠯᠦᠭᠡ᠂ ᠪᠢᠲᠠ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠦ᠂ | ᠲᠤᠮᠲᠠᠲᠤ ᠠᠹᠷᠢᠺᠠ ᠶᠢᠨ ᠬᠠᠮᠲᠤᠷᠠᠯᠴᠠᠭ᠎ᠠ ᠶᠢᠨ ᠶᠠᠷᠢᠶᠠᠠ ᠤ ᠲᠠᠪᠴᠠᠩ ᠤᠨ ᠪᠡᠭᠡᠵᠢᠩ ᠳᠠᠬᠢ ᠲᠦᠷᠦᠭᠦᠴᠤᠳ ᠤᠨ | ᠬᠤᠷᠠᠯ ᠤᠨ ᠦᠷ᠎ᠡ ᠪᠦᠳᠦᠭᠡᠯ ᠢ ᠲᠦᠷᠭᠡᠡ ᠨᠠᠶᠢᠲᠠᠪᠤᠷᠢᠵᠢᠭᠤᠯᠬᠤ ᠪᠦᠭᠡᠳ ᠬᠠᠮᠲᠤᠷᠠᠯᠴᠠᠭ᠎ᠠ ᠶᠢᠨ ᠭᠤᠤᠯᠲᠠᠯᠭ᠎ᠠ ᠪᠠᠨ | ᠡᠷᠡᠭᠦᠯ ᠮᠡᠨᠳᠦ ᠡᠷᠡᠭᠦᠯ ᠬᠠᠮᠠᠭᠠᠯᠠᠯ᠂ ᠠᠵᠢᠯ ᠦᠢᠯᠡᠳᠪᠦᠷᠢᠯᠡᠯ ᠢ ᠰᠡᠷᠭᠦᠭᠡᠬᠦ᠂ ᠠᠷᠠᠳ ᠤᠨ ᠠᠮᠢᠲᠤᠷᠠᠯ ᠢ | ᠰᠠᠶᠢᠵᠢᠷᠠᠭᠤᠯᠬᠤ ᠬᠦᠷᠢᠶ᠎ᠠ ᠴᠠᠷᠠᠭ᠎ᠠ ᠲᠡᠶᠢᠰᠢ ᠬᠡᠯᠪᠠᠶᠢᠯᠭᠡᠨᠠ᠃ | ᠲᠤᠮᠲᠠᠲᠤ ᠤᠯᠤᠰ ᠲᠤᠮᠲᠠᠲᠤ ᠠᠹᠷᠢᠺᠠ ᠤᠨ ᠬᠠᠮᠲᠤᠷᠠᠯᠴᠠᠭ᠎ᠠ ᠶᠢᠨ ᠶᠠᠷᠢᠶᠠᠠ ᠤ ᠲᠠᠪᠴᠠᠩ ᠤᠨ ᠪᠤᠷᠤ | ᠲᠦᠯᠦᠪ ᠤᠨ ᠲᠤᠤᠷ᠎ᠠ ᠬᠤᠯᠪᠤᠭᠲᠠᠯ ᠪᠦᠬᠦᠢ ᠠᠹᠷᠢᠺᠠ ᠲᠢᠪ ᠤᠨ ᠤᠯᠤᠰ ᠤᠳ ᠤᠨ 2020 ᠤᠨ ᠤ ᠡᠴᠤᠰ ᠲᠤ | ᠬᠤᠭᠤᠴᠠᠭ᠎ᠠ ᠨᠢ ᠲᠤᠯᠬᠤ ᠲᠤᠮᠲᠠᠲᠤ ᠤᠯᠤᠰ ᠤᠨ ᠵᠢᠭᠡᠯᠡᠭᠦᠯᠦᠭᠰᠡᠡ ᠬᠦᠤ ᠮᠦᠩᠭᠦ ᠦᠭᠡᠢ ᠵᠢᠭᠡᠯᠡᠯᠭᠡ ᠶᠢᠨ ᠦᠷᠢ | ᠰᠢᠷᠢ ᠶᠢ ᠭᠡᠯᠲᠦᠷᠢᠭᠦᠯᠤᠨᠠ᠃ ᠲᠤᠮᠲᠠᠲᠤ ᠤᠯᠤᠰ ᠲᠤᠷᠠᠲᠠᠶ᠎ᠠ ᠲᠡᠯᠡᠭᠡᠢ ᠨᠡᠶᠢᠭᠡᠮ ᠲᠠᠢ ᠬᠠᠮᠲᠤ ᠪᠠᠷ᠂ ᠬᠢᠵᠢᠭ ᠤᠨ | ᠪᠠᠶᠢᠲᠠᠯ ᠤᠨᠴᠠᠭᠠᠢ ᠬᠦᠨᠲᠦ᠂ ᠲᠠᠷᠤᠭᠠᠰᠤ ᠤᠨᠴᠠᠭᠠᠢ ᠶᠡᠭᠡ ᠪᠠᠶᠢᠭ᠎ᠠ ᠠᠹᠷᠢᠺᠠ ᠲᠢᠪ ᠤᠨ ᠤᠯᠤᠰ ᠤᠳ ᠲᠤ | ᠲᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠂ ᠡᠭᠦᠨ ᠳᠤ ᠦᠷᠢ ᠰᠢᠷᠢ ᠶᠢᠨ ᠲᠦᠯᠦᠬᠦ ᠬᠤᠭᠤᠴᠠᠭ᠎ᠠ ᠶᠢ | ᠴᠢᠨᠠᠭᠰᠢᠲᠠ ᠤᠷᠲᠤᠳᠬᠠᠠ ᠬᠤᠶᠢᠰᠢᠯᠠᠭᠤᠯᠬᠤ᠂ ᠲᠡᠲᠡᠡ ᠢ ᠬᠠᠪᠰᠤᠷᠴᠤ ᠤᠲᠤᠬᠠᠠ ᠤ ᠬᠦᠴᠢᠷᠲᠠᠯ ᠢ ᠨᠢ ᠢᠯᠠᠠ | ᠲᠠᠪᠠᠭᠤᠯᠬᠤ ᠵᠦᠢᠯ ᠪᠠᠭᠲᠠᠨ᠎ᠠ᠃ ᠲᠤᠮᠲᠠᠲᠤ ᠶᠢᠨ ᠲᠠᠯ᠎ᠠ ᠲᠤᠮᠲᠠᠲᠤ ᠤᠯᠤᠰ ᠤᠨ ᠬᠤᠯᠪᠤᠭᠲᠠᠯ ᠪᠦᠬᠦᠢ ᠮᠦᠩᠭᠦᠨ | ᠬᠦᠢᠯᠭᠡᠭᠡᠡ ᠤ ᠪᠠᠶᠢᠭᠤᠯᠤᠮᠵᠢ ᠶᠢᠨ ᠬᠤᠷᠢᠨ ᠤᠯᠤᠰ ᠤᠨ ᠪᠦᠯᠦᠭᠯᠡᠯ ᠤᠨ ᠦᠷᠢ ᠰᠢᠷᠢ ᠶᠢ ᠬᠤᠶᠢᠰᠢᠯᠠᠭᠤᠯᠬᠤ | ᠰᠠᠨᠠᠭᠠᠴᠢᠯᠠᠭ᠎ᠠ ᠪᠠᠷ ᠯᠠᠪᠯᠠᠯᠲᠠ ᠪᠤᠯᠭᠠᠵᠦ᠂ ᠵᠠᠬ᠎ᠠ ᠲᠡᠯᠭᠡᠭᠦᠷ ᠤᠨ ᠵᠠᠷᠴᠢᠮ ᠢ ᠦᠨᠲᠦᠰᠦᠯᠡᠵᠦ ᠠᠹᠷᠢᠺᠠ ᠲᠢᠪ ᠤᠨ | ᠤᠯᠤᠰ ᠤᠳ ᠲᠠᠢ ᠬᠤᠲᠠᠯᠲᠤᠭᠠᠠ ᠤ ᠡᠷᠭᠡ ᠮᠡᠲᠡᠯᠲᠦ ᠵᠢᠭᠡᠯᠡᠯᠭᠡᠡ ᠶᠢᠨ ᠲᠤᠬᠢᠷᠠᠭᠤᠯᠤᠯᠲᠠ ᠶᠢ ᠨᠦᠬᠦᠷᠰᠡᠭ ᠢᠶᠠᠷ | ᠵᠦᠪᠲᠡᠬᠦ ᠶᠢ ᠵᠤᠷᠢᠠᠠᠵᠢᠭᠤᠯᠤᠨ᠎ᠠ᠃ ᠲᠤᠮᠲᠠᠲᠤ ᠤᠯᠤᠰ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ | ᠤᠯᠤᠰ ᠲᠠᠢ ᠬᠠᠮᠲᠤ ᠪᠠᠷ ᠬᠤᠷᠢᠨ ᠤᠯᠤᠰ ᠤᠨ ᠪᠦᠯᠦᠭᠯᠡᠯ ᠤᠨ ᠤᠲᠤᠬᠠᠠ ᠤ ᠦᠷᠢ ᠰᠢᠷᠢ ᠶᠢ ᠬᠤᠶᠢᠰᠢᠯᠠᠭᠤᠯᠬᠤ | ᠰᠠᠨᠠᠭᠠᠴᠢᠯᠠᠭ᠎ᠠ ᠶᠢ ᠨᠠᠶᠢᠲᠠᠪᠤᠷᠢᠵᠢᠭᠤᠯᠬᠤ ᠪᠦᠭᠡᠳ ᠬᠤᠷᠢᠨ ᠤᠯᠤᠰ ᠤᠨ ᠪᠦᠯᠦᠭᠯᠡᠯ ᠤᠨ ᠤᠲᠤᠬᠠᠠ ᠤ ᠦᠷᠢ | ᠰᠢᠷᠢ ᠶᠢ ᠬᠤᠶᠢᠰᠢᠯᠠᠭᠤᠯᠬᠤ ᠰᠠᠨᠠᠭᠠᠴᠢᠯᠠᠭ᠎ᠠ ᠶᠢ ᠨᠠᠶᠢᠲᠠᠪᠤᠷᠢᠵᠢᠭᠤᠯᠬᠤ ᠰᠠᠭᠤᠷᠢᠨ ᠲᠡᠭᠡᠷ᠎ᠠ ᠠᠹᠷᠢᠺᠠ ᠲᠢᠪ ᠢ | ᠪᠠᠭᠲᠠᠭᠠᠭᠰᠠᠠ ᠬᠤᠯᠪᠤᠭᠲᠠᠯ ᠪᠦᠬᠦᠢ ᠤᠯᠤᠰ ᠤᠨ ᠦᠷᠢ ᠰᠢᠷᠢ ᠶᠢ ᠲᠦᠯᠦᠬᠦ ᠬᠤᠭᠤᠴᠠᠭ᠎ᠠ ᠶᠢ ᠴᠢᠨᠠᠭᠰᠢᠲᠠ | ᠬᠤᠶᠢᠰᠢᠯᠠᠭᠤᠯᠬᠤ ᠶᠢ ᠬᠦᠰᠡᠡ ᠤᠷᠢᠶᠠᠯᠠᠵᠦ ᠪᠠᠶᠢᠨ᠎ᠠ᠃ | ᠲᠤᠮᠲᠠᠲᠤ ᠤᠯᠤᠰ ᠲᠡᠯᠡᠭᠡᠢ ᠨᠡᠶᠢᠭᠡᠮ ᠢᠯᠠᠩᠭᠤᠶ᠎ᠠ ᠬᠦᠭᠵᠢᠭᠰᠡᠡ ᠤᠯᠤᠰ ᠪᠤᠯᠤᠨ ᠤᠯᠠᠠ ᠲᠠᠯᠠᠲᠦ ᠮᠦᠩᠭᠦᠨ | ᠬᠦᠢᠯᠭᠡᠭᠡᠡ ᠤ ᠪᠠᠶᠢᠭᠤᠯᠤᠮᠵᠢ ᠶᠢᠨ ᠠᠹᠷᠢᠺᠠ ᠲᠢᠪ ᠤᠨ ᠦᠷᠢ ᠰᠢᠷᠢ ᠶᠢ ᠬᠤᠶᠢᠰᠢᠯᠠᠭᠤᠯᠬᠤ ᠠᠰᠠᠭᠤᠲᠠᠯ ᠤᠨ | ᠲᠠᠯ᠎ᠠ ᠪᠠᠷ ᠨᠡᠩ ᠬᠦᠴᠤᠲᠠᠢ ᠠᠷᠭ᠎ᠠ ᠬᠡᠮᠵᠢᠶ᠎ᠠ ᠠᠪᠬᠤ ᠶᠢ ᠬᠦᠰᠡᠵᠦ ᠪᠠᠶᠢᠨ᠎ᠠ᠃ ᠲᠤᠮᠲᠠᠲᠤ ᠤᠯᠤᠰ ᠲᠤᠷᠠᠲᠠᠶ᠎ᠠ | ᠠᠹᠷᠢᠺᠠ ᠲᠢᠪ ᠤᠨ ᠬᠦᠰᠡᠯ ᠪᠤᠳᠤᠯ ᠢ ᠬᠦᠨᠲᠦᠳᠭᠡᠬᠦ ᠰᠠᠭᠤᠷᠢᠨ ᠲᠡᠭᠡᠷ᠎ᠠ᠂ ᠤᠯᠠᠠ ᠤᠯᠤᠰ ᠤᠨ ᠬᠤᠯᠪᠤᠭᠠᠲᠤ | ᠪᠠᠶᠢᠭᠤᠯᠭ᠎ᠠ᠂ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠠ ᠪᠠᠶᠢᠭᠤᠯᠤᠯᠲᠠ ᠵᠢᠴᠢ ᠪᠤᠰᠤᠳ ᠬᠠᠨᠢᠲᠠᠠ ᠯᠤᠭ᠎ᠠ | ᠠᠹᠷᠢᠺᠠ ᠲᠢᠪ ᠢ ᠲᠤᠰᠠᠯᠠᠵᠦ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠦᠷᠨᠢᠭᠦᠯᠦᠨ᠎ᠠ᠃ | ᠠᠹᠷᠢᠺᠠ ᠲᠢᠪ ᠤᠨ ᠦᠷᠬᠦᠯᠵᠢᠯᠡᠬᠦ ᠬᠦᠭᠵᠢᠯᠳᠠ ᠶᠢ ᠠᠬᠢᠭᠤᠯᠬᠤ ᠪᠤᠯ ᠦᠨᠢ ᠤᠳᠠᠭᠠᠨ ᠤ ᠠᠷᠭ᠎ᠠ ᠵᠠᠮ ᠪᠤᠯᠤᠨ᠎ᠠ | ᠃ ᠳᠤᠮᠳᠠᠳᠤ ᠤᠯᠤᠰ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠤᠬᠡᠳᠤ ᠠᠷᠠᠯᠵᠢᠶᠠᠨ ᠤ ᠤᠷᠤᠨ ᠤ ᠪᠦᠳᠤᠬᠡᠨ | ᠪᠠᠶᠢᠭᠤᠯᠤᠯᠳᠠ ᠶᠢ ᠲᠡᠮᠵᠢᠵᠤ᠂ ᠠᠹᠷᠢᠺᠠ ᠲᠢᠪ ᠤᠨ ᠬᠢᠨ ᠬᠤᠯᠪᠤᠯᠳᠤᠨ ᠨᠡᠪᠳᠡᠷᠡᠯᠴᠡᠬᠦ ᠪᠠ ᠠᠵᠤ ᠤᠢᠢᠯᠡᠰ ᠤᠨ | ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢ ᠪᠠᠳᠤᠯᠠᠬᠤ ᠪᠦᠳᠤᠬᠡᠨ ᠪᠠᠶᠢᠭᠤᠯᠤᠯᠳᠠ ᠪᠠᠨ ᠴᠢᠩᠭᠠᠳᠬᠠᠬᠤ ᠶᠢ ᠲᠡᠮᠵᠢᠵᠤ᠂ | ᠲᠤᠷᠠᠳᠠᠶ᠎ᠠ ᠠᠹᠷᠢᠺᠠ ᠲᠢᠪ ᠲᠠᠢ ᠬᠠᠮᠳᠤ ᠪᠠᠷ᠂ ᠲᠤᠭᠠᠴᠢᠯᠠᠬᠰᠠᠨ ᠠᠵᠤ ᠠᠬᠤᠢ᠂ ᠤᠶᠤᠨᠳᠦ ᠬᠤᠳᠠ᠂ ᠴᠡᠪᠡᠷ | ᠡᠨᠧᠷᠬᠢ᠂ 5G ᠵᠡᠷᠬᠡ ᠰᠢᠨ᠎ᠠ ᠡᠵᠡᠩᠨᠠᠯᠳᠠ ᠶᠢᠨ ᠬᠡᠯᠪᠡᠷᠢ ᠶᠢᠨ ᠬᠠᠮᠳᠤᠷᠠᠯᠴᠠᠭ᠎ᠠ ᠶᠢ ᠦᠷᠬᠡᠳᠬᠡᠵᠤ᠂ ᠠᠹᠷᠢᠺᠠ | ᠲᠢᠪ ᠤᠨ ᠬᠦᠭᠵᠢᠯ ᠮᠠᠨᠳᠤᠯ ᠢ ᠠᠬᠢᠭᠤᠯᠤᠨ᠎ᠠ᠃ | ᠭᠤᠷᠪᠠᠳᠤᠭᠠᠷ ᠲᠤ᠂ ᠪᠢᠳᠠ ᠡᠷᠡᠰ ᠭᠤᠶᠢᠪᠢᠰᠢ ᠦᠬᠡᠢ ᠪᠠᠷ ᠤᠯᠠᠨ ᠲᠠᠯᠠᠳᠤ ᠦᠵᠡᠯ ᠢ ᠤᠢᠢᠯᠡᠳᠤᠯᠬᠡᠵᠢᠬᠦᠯᠤᠨᠠ᠃ | ᠪᠦᠯᠬᠦᠮᠳᠡᠨ ᠬᠠᠮᠳᠤᠷᠠᠯᠴᠠᠬᠤ ᠪᠤᠯ ᠬᠢᠵᠢᠭ ᠤᠨ ᠪᠠᠶᠢᠳᠠᠯ ᠲᠠᠢ ᠲᠡᠮᠡᠴᠡᠬᠦ ᠬᠦᠴᠦᠳᠦ ᠵᠡᠪᠰᠡᠭ ᠮᠦᠨ᠂ ᠳᠤᠮᠳᠠᠳᠤ | ᠤᠯᠤᠰ ᠲᠤᠷᠠᠳᠠᠶ᠎ᠠ ᠠᠹᠷᠢᠺᠠ ᠲᠢᠪ ᠯᠦᠭᠡ ᠬᠠᠮᠳᠤ ᠪᠠᠷ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠷ ᠭᠤᠤᠯ | ᠪᠤᠯᠭᠠᠬᠰᠠᠨ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠢ ᠬᠠᠮᠠᠭᠠᠯᠠᠵᠤ᠂ ᠲᠡᠯᠡᠬᠡᠢ ᠶᠢᠨ ᠡᠷᠡᠬᠦᠯ | ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠨᠡᠩ | ᠶᠡᠭᠡ ᠬᠤᠪᠢ ᠨᠡᠮᠡᠷᠢ ᠦᠵᠡᠬᠦᠯᠬᠦ ᠶᠢ ᠲᠡᠮᠵᠢᠨ᠎ᠠ᠃ ᠪᠢᠳᠠ ᠬᠢᠵᠢᠭ ᠤᠨ ᠪᠠᠶᠢᠳᠠᠯ ᠢ ᠤᠯᠤᠰ ᠲᠦᠷᠤᠴᠢᠯᠡᠬᠦ᠂ | ᠸᠢᠷᠦ᠋ᠰ ᠢ ᠬᠠᠶ᠋ᠢᠬᠴᠢᠯᠠᠬᠤ ᠶᠢ ᠡᠰᠡᠷᠬᠦᠴᠡᠵᠤ᠂ ᠦᠨᠳᠤᠰᠤᠳᠠᠨ ᠤ ᠭᠠᠳᠠᠭᠤᠷᠴᠢᠯᠠᠯ ᠪᠤᠯᠤᠨ ᠦᠵᠡᠯ ᠤᠬᠠᠮᠰᠠᠷ ᠤᠨ | ᠬᠡᠯᠪᠠᠶᠢᠬᠦᠤ ᠦᠵᠡᠯ ᠢ ᠡᠰᠡᠷᠬᠦᠴᠡᠵᠤ᠂ ᠤᠯᠠᠨ ᠤᠯᠤᠰ ᠤᠨ ᠲᠦᠪ ᠭᠤᠤᠯᠴᠢ ᠰᠢᠳᠤᠷᠭᠤ ᠶᠤᠰᠤ ᠶᠢ ᠡᠷᠡᠰ | ᠬᠠᠮᠠᠭᠠᠯᠠᠨ᠎ᠠ᠃ | ᠲᠦᠷᠪᠡᠳᠤᠭᠡᠷ ᠲᠤ᠂ ᠪᠢᠳᠠ ᠡᠷᠡᠰ ᠭᠤᠶᠢᠪᠢᠰᠢ ᠦᠬᠡᠢ ᠪᠠᠷ ᠳᠤᠮᠳᠠᠳᠤ ᠠᠹᠷᠢᠺᠠ ᠶᠢᠨ ᠨᠦᠬᠦᠷᠯᠠᠯ ᠢ | ᠬᠠᠮᠠᠭᠠᠯᠠᠨ᠎ᠠ᠃ ᠤᠳᠤ ᠶᠢᠨ ᠲᠡᠯᠡᠬᠡᠢ ᠶᠢᠷᠳᠢᠨᠴᠤ ᠵᠠᠭᠤᠨ ᠵᠢᠯ ᠳᠤ ᠲᠤᠬᠢᠶᠠᠯᠳᠤᠭ᠎ᠠ ᠦᠬᠡᠢ ᠶᠡᠭᠡ ᠬᠤᠪᠢᠰᠤᠯᠳᠠ ᠶᠢ | ᠦᠩᠬᠡᠷᠡᠭᠡᠵᠤ ᠪᠠᠶᠢᠨ᠎ᠠ᠃ ᠰᠢᠨ᠎ᠠ ᠠᠵᠠ ᠲᠤᠬᠢᠶᠠᠯ ᠪᠤᠯᠤᠨ ᠦᠷᠢᠰᠤᠯᠳᠤᠬᠡᠨ ᠳᠤ ᠬᠠᠨᠳᠦᠵᠦ᠂ ᠳᠤᠮᠳᠠᠳᠤ | ᠠᠹᠷᠢᠺᠠ ᠶᠢᠨ ᠬᠢᠨ ᠦᠩᠬᠡᠷᠡᠭᠰᠡᠨ ᠤ ᠠᠯᠢ ᠴᠤ ᠦᠶ᠎ᠠ ᠠᠴᠠ ᠨᠡᠩ ᠢᠯᠡᠭᠦᠦ ᠪᠠᠷ ᠬᠠᠮᠳᠤᠷᠠᠯᠴᠠᠭ᠎ᠠ ᠪᠠᠨ | ᠴᠢᠩᠭᠠᠳᠬᠠᠬᠤ ᠴᠢᠬᠤᠯᠠᠳᠠᠢ ᠪᠠᠶᠢᠨ᠎ᠠ᠃ ᠪᠢ ᠲᠤᠷᠠᠳᠠᠶ᠎ᠠ ᠬᠠᠮᠳᠤ ᠠᠵᠢᠯᠯᠠᠬᠰᠠᠳ ᠲᠠᠢ ᠨᠢᠬᠳᠠ ᠬᠠᠷᠢᠯᠴᠠᠭ᠎ᠠ ᠪᠠᠨ | ᠪᠠᠳᠤᠯᠠᠵᠤ᠂ ᠨᠦᠬᠦᠷᠯᠠᠯ ᠢᠳᠡᠬᠡᠯᠴᠡᠭᠡ ᠪᠠᠨ ᠪᠠᠬᠢᠵᠢᠬᠦᠯᠤᠨ᠂ ᠲᠤᠰ ᠲᠤᠰ ᠤᠨ ᠢᠶᠠᠨ ᠭᠤᠤᠯᠯᠠᠬᠴᠢ ᠠᠰᠢᠬ | ᠲᠤᠰᠠ ᠶᠢᠨ ᠠᠰᠠᠭᠤᠳᠠᠯ ᠳᠤ ᠬᠠᠷᠢᠯᠴᠠᠨ ᠲᠡᠮᠵᠢᠵᠤ᠂ ᠳᠤᠮᠳᠠᠳᠤ ᠠᠹᠷᠢᠺᠠ ᠪᠤᠯᠤᠨ ᠬᠦᠭᠵᠢᠵᠤ ᠪᠠᠶᠢᠭ᠎ᠠ | ᠤᠯᠤᠰ ᠤᠳ ᠤᠨ ᠦᠨᠳᠤᠰᠤᠨ ᠠᠰᠢᠬ ᠲᠤᠰᠠ ᠶᠢ ᠬᠠᠮᠳᠤ ᠪᠠᠷ ᠬᠠᠮᠠᠭᠠᠯᠠᠵᠤ᠂ ᠳᠤᠮᠳᠠᠳᠤ ᠠᠹᠷᠢᠺᠠ ᠶᠢᠨ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠨᠡᠩ ᠦᠨᠳᠤᠷ | ᠲᠦᠪᠰᠢᠨ ᠢᠶᠠᠷ ᠬᠦᠭᠵᠢᠬᠦ ᠶᠢ ᠠᠬᠢᠭᠤᠯᠤᠨ᠎ᠠ᠃ | ᠬᠠᠮᠳᠤ ᠠᠵᠢᠯᠯᠠᠬᠰᠠᠳ ᠡ︕ | ᠪᠢᠳᠠ ᠳᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠡᠬᠡᠵᠢᠩ ᠤᠨ | ᠲᠦᠷᠤᠬᠦᠴᠤᠳ ᠤᠨ ᠬᠤᠷᠠᠯ ᠲᠡᠬᠡᠷ᠎ᠠ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ | ᠴᠤᠬᠴᠠ ᠶᠢ ᠪᠠᠶᠢᠭᠤᠯᠬᠤ ᠪᠠᠷ ᠰᠠᠨᠠᠯ ᠨᠢᠬᠡᠳᠠᠢ ᠲᠤᠭᠳᠠᠪᠠ᠃ ᠡᠨᠡ ᠡᠳᠤᠷ ᠪᠢᠳᠠ ᠪᠦᠯᠬᠦᠮᠳᠡᠨ ᠬᠢᠵᠢᠭ ᠤᠨ | ᠪᠠᠶᠢᠳᠠᠯ ᠲᠠᠢ ᠲᠡᠮᠡᠴᠡᠬᠦ ᠤᠨᠴᠠᠭᠠᠢ ᠲᠦᠷᠤᠬᠦᠴᠤᠳ ᠤᠨ ᠬᠤᠷᠠᠯ ᠢ ᠬᠤᠷᠠᠯᠳᠤᠭᠤᠯᠤᠭᠰᠠᠨ ᠨᠢ ᠲᠠᠷᠤᠢ ᠪᠤᠳᠠᠳᠤ | ᠠᠵᠢᠯᠯᠠᠭ᠎ᠠ ᠪᠠᠷ ᠢᠶᠠᠨ ᠪᠡᠬᠡᠵᠢᠩ ᠤᠨ ᠲᠦᠷᠤᠬᠦᠴᠤᠳ ᠤᠨ ᠬᠤᠷᠠᠯ ᠤᠨ ᠠᠮᠠᠯᠠᠯᠳᠠ ᠶᠢ ᠤᠢᠢᠯᠡᠳᠤᠯᠬᠡᠵᠢᠬᠦᠯᠵᠤ | ᠪᠠᠶᠢᠨ᠎ᠠ᠂ ᠮᠦᠨ ᠴᠤ ᠲᠡᠯᠡᠬᠡᠢ ᠶᠢᠷᠳᠢᠨᠴᠤ ᠪᠠᠷ ᠢᠶᠠᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠳᠤ ᠬᠦᠴᠤᠨ | ᠨᠡᠮᠡᠷᠢᠯᠠᠵᠤ ᠪᠠᠶᠢᠨ᠎ᠠ᠃ ᠬᠦᠮᠤᠨ ᠲᠦᠷᠤᠯᠬᠢᠳᠠᠨ ᠡᠴᠤᠰ ᠲᠡᠭᠡᠨ ᠬᠢᠵᠢᠭ ᠤᠨ ᠪᠠᠶᠢᠳᠠᠯ ᠢ ᠲᠠᠶᠢᠯᠠᠨ ᠢᠯᠠᠵᠤ᠂ | ᠳᠤᠮᠳᠠᠳᠤ ᠠᠹᠷᠢᠺᠠ ᠶᠢᠨ ᠠᠷᠠᠳ ᠲᠦᠮᠡᠨ ᠨᠡᠩ ᠰᠠᠶᠢᠨ ᠰᠠᠶᠢᠬᠠᠨ ᠠᠮᠢᠳᠤᠷᠠᠬᠤ ᠪᠤᠯᠤᠨ᠎ᠠ ᠭᠡᠳᠡᠭ ᠢ ᠪᠢ ᠪᠠᠳᠤ | ᠢᠳᠡᠬᠡᠵᠤ ᠪᠠᠶᠢᠨ᠎ᠠ᠃ | ᠲᠠᠯᠠᠷᠬᠠᠯ᠎ᠠ᠃ | | | | |