ᠲᠤᠮᠳᠠᠳᠤᠴᠤᠳ ᠤᠨ ᠤᠯᠠᠭᠠᠨ ᠢᠳᠡᠬᠡᠨ ᠤ ᠳᠠᠳᠬᠠᠯ ᠤᠨ ᠬᠤᠪᠢᠷᠠᠯᠳᠠ | | ᠤᠯᠠᠭᠠᠨ ᠢᠳᠡᠬᠡᠨ ᠪᠤᠯ ᠬᠦᠮᠤᠨ ᠳᠦᠷᠤᠯᠬᠢᠳᠠᠨ ᠤ ᠭᠤᠤᠯ ᠢᠳᠡᠬᠡᠨ ᠤ ᠨᠢᠬᠡ ᠳᠦᠷᠤᠯ᠂ ᠰᠢᠮ᠎ᠠ | ᠳᠡᠵᠢᠬᠡᠯ ᠤᠨ ᠳᠡᠩᠴᠡᠬᠦᠷᠢ ᠶᠢ ᠪᠠᠳᠤᠯᠠᠬᠤ ᠴᠢᠬᠤᠯᠠ ᠪᠦᠷᠢᠯᠳᠤᠬᠦᠨ ᠪᠤᠯᠤᠨ᠎ᠠ᠃ ᠤᠢᠢᠷ᠎ᠠ ᠶᠢᠨ ᠬᠡᠳᠤᠨ ᠠᠷᠪᠠᠨ | ᠵᠢᠯ ᠳᠤ᠂ ᠮᠠᠨ ᠤ ᠤᠯᠤᠰ ᠤᠨ ᠬᠦᠮᠤᠨ ᠳᠤᠮᠳᠠᠴᠢ ᠤᠯᠠᠭᠠᠨ ᠢᠳᠡᠬᠡᠨ ᠤ ᠬᠡᠷᠡᠭᠯᠡᠭᠡ ᠳᠠᠰᠤᠷᠠᠯᠳᠠ ᠦᠬᠡᠢ ᠳᠦᠷᠬᠡᠨ | ᠨᠡᠮᠡᠭᠳᠡᠵᠤ᠂ ᠰᠠᠭᠤᠭᠠᠯᠢ ᠠᠷᠠᠳ ᠤᠨ ᠢᠳᠡᠬᠡᠨ ᠤ ᠪᠦᠳᠤᠴᠠ ᠳᠤ ᠶᠡᠭᠡ ᠬᠤᠪᠢᠷᠠᠯᠳᠠ ᠭᠠᠷᠴᠠᠢ᠃ ᠳᠡᠬᠡᠪᠡᠯ᠂ ᠮᠠᠨ ᠤ | ᠤᠯᠤᠰ ᠤᠨ ᠤᠯᠠᠭᠠᠨ ᠢᠳᠡᠬᠡᠨ ᠤ ᠬᠡᠷᠡᠭᠯᠡᠬᠡᠨ ᠤ ᠬᠤᠪᠢᠷᠠᠯᠳᠠ ᠨᠢ ᠡᠷᠡᠬᠦᠯ ᠡ᠊ᠡᠭᠬᠡ ᠶᠢᠨ ᠳᠠᠯ᠎ᠠ ᠪᠠᠷ ᠶᠠᠮᠠᠷ ᠨᠦᠯᠤᠬᠡ | ᠠᠪᠴᠢᠷᠠᠭᠰᠠᠨ ᠪᠤᠯ︖ ᠢᠳᠡᠬᠡᠨ ᠤᠮᠳᠠᠭᠠᠨ᠂ ᠰᠢᠮ᠎ᠠ ᠳᠡᠵᠢᠬᠡᠯ ᠢ ᠶᠠᠭᠠᠬᠢᠵᠤ ᠰᠢᠨᠵᠢᠯᠡᠬᠦ ᠤᠬᠠᠭᠠᠨᠴᠢ ᠪᠠᠷ | ᠵᠤᠬᠢᠴᠠᠭᠤᠯᠪᠠᠯ ᠵᠤᠬᠢᠬᠤ ᠪᠤᠢ︖ | | | ᠤᠯᠠᠭᠠᠨ ᠢᠳᠡᠬᠡᠨ ᠤ ᠬᠡᠷᠡᠭᠯᠡᠬᠡᠨ ᠤ ᠭᠤᠷᠪᠠᠨ ᠶᠡᠭᠡ ᠬᠤᠪᠢᠷᠠᠯᠳᠠ | ᠤᠢᠢᠷ᠎ᠠ ᠶᠢᠨ ᠵᠢᠯ ᠳᠤ ᠮᠠᠨ ᠤ ᠤᠯᠤᠰ ᠤᠨ ᠬᠦᠮᠤᠨ ᠳᠤᠮᠳᠠᠴᠢ ᠤᠯᠠᠭᠠᠨ ᠢᠳᠡᠬᠡᠨ ᠤ ᠬᠡᠷᠡᠭᠯᠡᠭᠡ ᠳᠠᠰᠤᠷᠠᠯᠳᠠ | ᠦᠬᠡᠢ ᠨᠡᠮᠡᠭᠳᠡᠭᠰᠡᠨ ᠪᠠᠶᠢᠨ᠎ᠠ᠃ ︽ᠳᠤᠮᠳᠠᠳᠤ ᠤᠯᠤᠰ ᠤᠨ ᠳᠤᠭ᠎ᠠ ᠪᠦᠷᠢᠳᠬᠡᠯ ᠤᠨ ᠤᠨ ᠳᠠᠷᠠᠭᠠᠯᠠᠭᠰᠠᠨ ᠪᠢᠴᠢᠭ︾ | ᠤᠨ ᠳᠤᠭ᠎ᠠ ᠪᠠᠷᠢᠮᠳᠠ ᠶᠢ ᠦᠨᠳᠤᠰᠤᠯᠠᠪᠠᠯ᠂ 1980 ᠤᠨ ᠳᠤ ᠮᠠᠨ ᠤ ᠤᠯᠤᠰ ᠤᠨ ᠬᠦᠮᠤᠨ ᠳᠤᠮᠳᠠᠴᠢ ᠤᠯᠠᠭᠠᠨ | ᠢᠳᠡᠬᠡᠨ ᠤ ᠵᠢᠯ ᠤᠨ ᠬᠡᠷᠡᠭᠯᠡᠭᠡ 12.2 ᠺᠢᠯᠦᠭᠷᠠᠮ ᠪᠠᠶᠢᠵᠤ᠂ 2016 ᠤᠨ ᠪᠤᠯᠬᠤ ᠳᠤ᠂ ᠬᠦᠮᠤᠨ ᠳᠤᠮᠳᠠᠴᠢ | ᠤᠯᠠᠭᠠᠨ ᠢᠳᠡᠬᠡᠨ ᠤ ᠵᠢᠯ ᠤᠨ ᠬᠡᠷᠡᠭᠯᠡᠭᠡ 26.1 ᠺᠢᠯᠦᠭᠷᠠᠮ ᠪᠤᠯᠵᠠᠢ᠃ ᠬᠡᠷᠡᠭᠯᠡᠬᠡᠨ ᠤ ᠪᠦᠳᠤᠴᠠ ᠶᠢᠨ ᠬᠤᠪᠢ ᠳᠤ᠂ | ᠳᠤᠤᠷᠠᠬᠢ ᠮᠡᠳᠤ ᠬᠡᠳᠤᠨ ᠳᠠᠯ᠎ᠠ ᠶᠢᠨ ᠶᠡᠭᠡ ᠬᠤᠪᠢᠷᠠᠯᠳᠠ ᠭᠠᠷᠤᠭᠰᠠᠨ ᠪᠠᠶᠢᠨ᠎ᠠ᠃ | | ᠭᠠᠭ᠋ᠠᠢ ᠶᠢᠨ ᠮᠢᠬᠠᠨ ᠤ ᠬᠡᠷᠡᠭᠯᠡᠭᠡ ᠶᠢᠨ ᠬᠠᠷᠢᠴᠠᠯ ᠪᠠᠭᠤᠷᠠᠪᠠ᠃ ᠤᠳᠤᠬᠠᠨ ᠳᠤ ᠭᠠᠭ᠋ᠠᠢ ᠶᠢᠨ ᠮᠢᠬ᠎ᠠ ᠨᠢ ᠮᠦᠨ | ᠯᠠ ᠮᠠᠨ ᠤ ᠤᠯᠤᠰ ᠤᠨ ᠬᠠᠮᠤᠭ ᠤᠨ ᠭᠤᠤᠯ ᠪᠤᠯᠬᠤ ᠤᠯᠠᠭᠠᠨ ᠢᠳᠡᠬᠡᠨ ᠪᠤᠯᠤᠨ᠎ᠠ᠂ ᠬᠡᠪᠡᠴᠤ ᠬᠡᠷᠡᠭᠯᠡᠬᠡᠨ ᠤ | ᠬᠡᠮᠵᠢᠶ᠎ᠠ ᠨᠢ ᠵᠢᠯ ᠳᠤᠰᠤᠮ ᠪᠠᠭᠠᠰᠴᠤ ᠪᠠᠶᠢᠨ᠎ᠠ᠃ 2013 ᠤᠨ ᠳᠤ ᠮᠠᠨ ᠤ ᠤᠯᠤᠰ ᠤᠨ ᠬᠦᠮᠤᠨ ᠳᠤᠮᠳᠠᠴᠢ | ᠭᠠᠭ᠋ᠠᠢ ᠶᠢᠨ ᠮᠢᠬᠠᠨ ᠤ ᠬᠡᠷᠡᠭᠯᠡᠭᠡ 19.8 ᠺᠢᠯᠦᠭᠷᠠᠮ ᠪᠠᠶᠢᠭᠰᠠᠨ ᠢᠶᠠᠨ 2016 ᠤᠨ ᠪᠤᠯᠬᠤ ᠳᠤ ᠮᠠᠨ ᠤ | ᠤᠯᠤᠰ ᠤᠨ ᠬᠦᠮᠤᠨ ᠳᠤᠮᠳᠠᠴᠢ ᠭᠠᠭ᠋ᠠᠢ ᠶᠢᠨ ᠮᠢᠬᠠᠨ ᠤ ᠬᠡᠷᠡᠭᠯᠡᠭᠡ 19.6 ᠺᠢᠯᠦᠭᠷᠠᠮ ᠪᠤᠯᠵᠤ ᠪᠠᠭᠤᠷᠠᠵᠠᠢ᠃ | ᠡᠬᠦᠨ ᠠᠴᠠ ᠭᠠᠳᠠᠨ᠎ᠠ᠂ ᠭᠠᠭ᠋ᠠᠢ ᠶᠢᠨ ᠮᠢᠬᠠᠨ ᠤ ᠪᠦᠬᠦ᠋ᠢᠯᠠ ᠤᠯᠠᠭᠠᠨ ᠢᠳᠡᠬᠡᠨ ᠤ ᠬᠡᠷᠡᠭᠯᠡᠬᠡᠨ ᠳᠤ ᠡᠵᠡᠯᠡᠬᠦ | ᠬᠠᠷᠢᠴᠠᠯ ᠨᠢ ᠳᠠᠰᠤᠷᠠᠯᠳᠠ ᠦᠬᠡᠢ ᠪᠠᠭᠠᠰᠴᠤ ᠪᠠᠶᠢᠨ᠎ᠠ᠃ | | ᠦᠬᠡᠷ ᠬᠤᠨᠢᠨ ᠮᠢᠬᠠᠨ ᠤ ᠬᠡᠷᠡᠭᠯᠡᠭᠡ ᠨᠡᠮᠡᠭᠳᠡᠪᠡ᠃ ᠤᠯᠤᠰ ᠤᠨ ᠳᠤᠭ᠎ᠠ ᠪᠦᠷᠢᠳᠬᠡᠯ ᠤᠨ ᠳᠤᠪᠴᠢᠶᠠᠨ ᠤ ᠳᠤᠭ᠎ᠠ | ᠪᠠᠷᠢᠮᠳᠠ ᠠᠴᠠ ᠦᠵᠡᠪᠡᠯ᠂ 2013 ᠤᠨ ᠳᠤ ᠮᠠᠨ ᠤ ᠤᠯᠤᠰ ᠤᠨ ᠬᠦᠮᠤᠨ ᠳᠤᠮᠳᠠᠴᠢ ᠦᠬᠡᠷ ᠬᠤᠨᠢᠨ ᠮᠢᠬᠠᠨ ᠤ | ᠬᠡᠷᠡᠭᠯᠡᠭᠡ ᠨᠢ 1.5 ᠺᠢᠯᠦᠭᠷᠠᠮ ᠪᠠ 0.9 ᠺᠢᠯᠦᠭᠷᠠᠮ ᠪᠠᠶᠢᠵᠤ᠂ 2016 ᠤᠨ ᠳᠤ 1.8 ᠺᠢᠯᠦᠭᠷᠠᠮ ᠪᠠ 1.5 | ᠺᠢᠯᠦᠭᠷᠠᠮ ᠪᠤᠯᠵᠤ ᠨᠡᠮᠡᠭᠳᠡᠵᠠᠢ᠃ ᠰᠢᠨᠬᠤᠸᠠ ᠰᠦᠯᠵᠢᠶᠡᠨ ᠤ ᠨᠠᠶᠢᠳᠡᠯᠡᠭᠰᠡᠨ ᠬᠠᠮᠤᠭ ᠤᠨ ᠰᠢᠨ᠎ᠠ ᠳᠤᠭ᠎ᠠ | ᠪᠦᠷᠢᠳᠬᠡᠯ ᠠᠴᠠ ᠦᠵᠡᠪᠡᠯ᠂ 1991 ᠤᠨ ᠠᠴᠠ 2017 ᠤᠨ ᠪᠤᠯᠳᠠᠯ᠎ᠠ᠂ ᠮᠠᠨ ᠤ ᠤᠯᠤᠰ ᠤᠨ ᠬᠦᠮᠤᠨ | ᠠᠷᠠᠳ ᠤᠨ ᠤᠯᠠᠭᠠᠨ ᠢᠳᠡᠬᠡᠨ ᠤ ᠪᠦᠳᠤᠴᠠ ᠳᠤᠮᠳᠠ᠂ ᠭᠠᠭ᠋ᠠᠢ ᠶᠢᠨ ᠮᠢᠬᠠᠨ ᠤ ᠡᠵᠡᠯᠡᠬᠦ ᠬᠠᠷᠢᠴᠠᠯ 9.88% | ᠪᠠᠭᠤᠷᠠᠵᠤ᠂ ᠦᠬᠡᠷ ᠬᠤᠨᠢᠨ ᠮᠢᠬᠠᠨ ᠤ ᠬᠡᠷᠡᠭᠯᠡᠬᠡᠨ ᠤ ᠬᠠᠷᠢᠴᠠᠯ ᠳᠤᠰ ᠳᠤᠰ 7.12% ᠪᠠ 2.76% | ᠨᠡᠮᠡᠭᠳᠡᠭᠰᠡᠨ ᠪᠠᠶᠢᠨ᠎ᠠ᠃ | | ᠴᠠᠭᠠᠨ ᠦᠡᠭᠬᠡ ᠲᠠᠢ ᠮᠢᠬᠠᠨ ᠤ ᠬᠡᠷᠡᠭᠯᠡᠭᠡ ᠨᠡᠮᠡᠭᠳᠡᠪᠠ᠃ ᠴᠠᠭᠠᠨ ᠦᠡᠭᠬᠡ ᠲᠠᠢ ᠮᠢᠬᠠᠨ ᠳᠤ ᠭᠤᠤᠯᠳᠠᠭᠤ | ᠵᠢᠬᠦᠷᠳᠡᠨ ᠪᠠ ᠵᠢᠭᠠᠰᠤᠨ ᠮᠢᠬ᠎ᠠ ᠪᠠᠭᠳᠠᠳᠠᠭ᠃ 2013 ᠤᠨ ᠠᠴᠠ 2016 ᠤᠨ ᠪᠤᠯᠳᠠᠯ᠎ᠠ᠂ ᠮᠠᠨ ᠤ | ᠤᠯᠤᠰ ᠤᠨ ᠬᠦᠮᠤᠨ ᠳᠤᠮᠳᠠᠴᠢ ᠵᠢᠬᠦᠷᠳᠡᠨ ᠤ ᠳᠦᠷᠤᠯ ᠤᠨ ᠪᠦᠳᠤᠬᠡᠭᠳᠡᠬᠦᠨ ᠤ ᠪᠤᠷᠤᠯᠠᠭᠤᠯᠭ᠎ᠠ ᠨᠢ 7.2 ᠺᠢᠯᠦᠭᠷᠠᠮ | ᠪᠠᠶᠢᠭᠰᠠᠨ ᠢᠶᠠᠨ 9.1 ᠺᠢᠯᠦᠭᠷᠠᠮ ᠪᠤᠯᠵᠤ ᠨᠡᠮᠡᠭᠳᠡᠨ᠂ ᠵᠢᠯ ᠳᠤᠮᠳᠠᠴᠢ ᠪᠠᠷ 8.1% ᠨᠡᠮᠡᠭᠳᠡᠵᠠᠢ᠃ ᠬᠦᠮᠤᠨ | ᠳᠤᠮᠳᠠᠴᠢ ᠤᠰᠤᠨ ᠭᠠᠷᠤᠯᠳᠠ ᠶᠢᠨ ᠵᠢᠯ ᠤᠨ ᠬᠡᠷᠡᠭᠯᠡᠭᠡ ᠨᠢ 10.4 ᠺᠢᠯᠦᠭᠷᠠᠮ ᠠᠴᠠ 11.4 ᠺᠢᠯᠦᠭᠷᠠᠮ ᠪᠤᠯᠵᠤ | ᠨᠡᠮᠡᠭᠳᠡᠵᠠᠢ᠃ | ᠬᠦᠮᠤᠨ ᠠᠷᠠᠳ ᠤᠨ ᠡᠷᠡᠬᠦᠯ ᠮᠡᠨᠳᠤ ᠶᠢᠨ ᠤᠬᠠᠮᠰᠠᠷ ᠳᠡᠬᠡᠭᠰᠢᠯᠡᠪᠡ | ᠰᠤᠳᠤᠯᠭᠠᠨ ᠠᠴᠠ ᠦᠵᠡᠪᠡᠯ᠂ ᠮᠠᠨ ᠤ ᠤᠯᠤᠰ ᠤᠨ ᠰᠠᠭᠤᠭᠠᠯᠢ ᠠᠷᠠᠳ ᠤᠨ ᠤᠷᠤᠯᠭ᠎ᠠ 1% ᠨᠡᠮᠡᠭᠳᠡᠬᠦ ᠳᠤ᠂ | ᠵᠢᠬᠦᠷᠳᠡᠨ ᠤ ᠮᠢᠬᠠᠨ ᠤ ᠬᠡᠷᠡᠭᠯᠡᠭᠡ 2.43% ᠪᠠᠷ ᠨᠡᠮᠡᠭᠳᠡᠵᠤ ᠪᠠᠶᠢᠨ᠎ᠠ᠃ ᠭᠠᠭ᠋ᠠᠢ ᠶᠢᠨ ᠮᠢᠬᠠᠨ ᠤ ᠤᠭᠤᠷᠠᠭ ᠤᠨ | ᠠᠭᠤᠯᠤᠭᠳᠠᠴᠠ ᠳᠤᠤᠷ᠎ᠠ᠂ ᠦᠬᠡᠬᠦ ᠶᠢᠨ ᠠᠭᠤᠯᠤᠭᠳᠠᠴᠠ ᠦᠨᠳᠤᠷ᠂ ᠢᠷᠡᠬᠡᠳᠤᠢ ᠳᠤ ᠬᠡᠷᠡᠭᠯᠡᠬᠡᠨ ᠤ | ᠱᠠᠭᠠᠷᠳᠠᠯᠭ᠎ᠠ ᠨᠢ ᠤᠯᠠᠮ ᠢᠶᠠᠷ ᠪᠠᠭᠤᠷᠠᠵᠤ᠂ ᠬᠠᠷᠢᠨ ᠦᠬᠡᠷ ᠬᠤᠨᠢᠨ ᠮᠢᠬ᠎ᠠ ᠪᠠ ᠴᠠᠭᠠᠨ ᠦᠡᠭᠬᠡ ᠲᠠᠢ ᠮᠢᠬ᠎ᠠ ᠶᠢᠨ | ᠱᠠᠭᠠᠷᠳᠠᠯᠭ᠎ᠠ ᠤᠯᠠᠮ ᠢᠶᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠂ ᠡᠨᠡᠬᠦ ᠬᠤᠪᠢᠷᠠᠯᠳᠠ ᠨᠢ ᠳᠠᠷᠤᠢ ᠮᠠᠨ ᠤ ᠤᠯᠤᠰ ᠤᠨ | ᠬᠦᠮᠤᠨ ᠠᠷᠠᠳ ᠤᠨ ᠡᠷᠡᠬᠦᠯ ᠮᠡᠨᠳᠤ ᠶᠢᠨ ᠤᠬᠠᠮᠰᠠᠷ ᠳᠡᠬᠡᠭᠰᠢᠯᠡᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃ | ᠭᠠᠭ᠋ᠠᠢ ᠶᠢᠨ ᠮᠢᠬ᠎ᠠ ᠪᠠ ᠦᠬᠡᠷ ᠬᠤᠨᠢᠨ ᠮᠢᠬ᠎ᠠ ᠨᠢ ᠤᠯᠠᠭᠠᠨ ᠦᠡᠭᠬᠡ ᠲᠠᠢ ᠪᠠᠶᠢᠳᠠᠭ ᠢᠶᠠᠷ ᠨᠢ ᠤᠯᠠᠭᠠᠨ | ᠦᠡᠭᠬᠡ ᠲᠠᠢ ᠮᠢᠬ᠎ᠠ ᠬᠡᠳᠡᠭ᠃ ᠳᠠᠷᠠ ᠨᠢ ᠵᠢᠬᠦᠷᠳᠡᠨ᠂ ᠵᠢᠭᠠᠰᠤᠨ ᠤ ᠴᠠᠭᠠᠨ ᠦᠡᠭᠬᠡ ᠲᠠᠢ ᠮᠢᠬ᠎ᠠ ᠲᠠᠢ | ᠬᠠᠷᠢᠴᠠᠭᠤᠯᠪᠠᠯ ᠤᠭᠤᠷᠠᠭ ᠤᠨ ᠠᠭᠤᠯᠤᠭᠳᠠᠴᠠ ᠨᠢ ᠮᠦᠨ ᠠᠷᠠᠢ ᠳᠤᠤᠷ᠎ᠠ᠂ ᠡ᠊ᠡᠭ ᠤᠨ ᠪᠠᠶᠢᠳᠠᠯ ᠳᠤ 10% ~ | 20% ᠤᠷᠴᠢᠮ ᠪᠠᠶᠢᠳᠠᠭ᠃ ᠬᠡᠪᠡᠴᠤ ᠤᠯᠠᠭᠠᠨ ᠦᠡᠭᠬᠡ ᠲᠠᠢ ᠮᠢᠬᠠᠨ ᠤ ᠦᠬᠡᠬᠦ ᠶᠢᠨ ᠠᠭᠤᠯᠤᠭᠳᠠᠴᠠ ᠨᠢ | ᠬᠠᠷᠢᠴᠠᠩᠭᠤᠢ ᠦᠨᠳᠤᠷ᠂ ᠳᠤᠮᠳᠠᠴᠢ ᠪᠠᠷ 15% ᠪᠠᠶᠢᠵᠤ᠂ ᠭᠠᠭ᠋ᠠᠢ ᠶᠢᠨ ᠮᠢᠬᠠᠨ ᠤ ᠦᠬᠡᠬᠦ ᠶᠢᠨ ᠠᠭᠤᠯᠤᠭᠳᠠᠴᠠ | ᠬᠠᠮᠤᠭ ᠤᠨ ᠦᠨᠳᠤᠷ᠂ ᠳᠠᠷᠠᠭ᠎ᠠ ᠨᠢ ᠬᠤᠨᠢᠨ ᠮᠢᠬ᠎ᠠ᠂ ᠰᠡᠬᠦᠯ ᠳᠤᠨᠢ ᠦᠬᠡᠷ ᠤᠨ ᠮᠢᠬ᠎ᠠ ᠤᠷᠤᠳᠠᠭ᠃ ᠤᠯᠠᠭᠠᠨ | ᠦᠡᠭᠬᠡ ᠲᠠᠢ ᠮᠢᠬ᠎ᠠ ᠠᠷᠪᠢᠨ ᠢᠳᠡᠪᠡᠯ ᠬᠦᠮᠤᠨ ᠤ ᠪᠡᠶ᠎ᠠ ᠳᠤ ᠦᠬᠡᠬᠦ ᠬᠤᠷᠠᠵᠤ᠂ ᠮᠠᠷᠢᠶᠠᠯᠠᠵᠤ᠂ ᠨᠠᠩ ᠴᠤ | ᠴᠢᠰᠤᠨ ᠤ ᠦᠬᠡᠬᠦ ᠶᠢᠨ ᠠᠭᠤᠯᠤᠭᠳᠠᠴᠠ ᠦᠨᠳᠤᠷᠵᠢᠳᠡᠭ᠃ ︽ᠠᠩᠭ᠍ᠯᠢ ᠶᠢᠨ ᠠᠨᠠᠭᠠᠬᠤ ᠤᠬᠠᠭᠠᠨ ᠤ ᠰᠡᠳᠬᠦᠯ︾ | ᠤᠨ ᠬᠢᠨ ᠤ ᠰᠤᠳᠤᠯᠤᠭᠰᠠᠨ ᠢᠶᠠᠷ᠂ ᠤᠯᠠᠭᠠᠨ ᠦᠡᠭᠬᠡ ᠲᠠᠢ ᠮᠢᠬ᠎ᠠ ᠠᠷᠪᠢᠨ ᠢᠳᠡᠪᠡᠯ᠂ ᠦᠮᠠᠨ᠂ ᠵᠢᠷᠤᠬᠡᠨ | ᠡᠪᠡᠳᠴᠢᠨ᠂ ᠠᠮᠢᠰᠬᠤᠯ ᠤᠨ ᠵᠠᠮ ᠤᠨ ᠡᠪᠡᠳᠴᠢᠨ᠂ ᠰᠠ ᠡᠪᠡᠳᠴᠢᠨ᠂ ᠰᠢᠬᠢᠷ ᠰᠢᠵᠢᠩ ᠡᠪᠡᠳᠴᠢᠨ᠂ | ᠬᠠᠯᠳᠠᠪᠤᠷᠢᠯᠠᠯ᠂ ᠠᠯᠽᠧᠶ᠋ᠢᠮᠧᠷ ᠡᠪᠡᠳᠴᠢᠨ᠂ ᠪᠦᠬᠡᠷ᠎ᠠ ᠶᠢᠨ ᠡᠪᠡᠳᠴᠢᠨ᠂ ᠡᠯᠢᠬᠡᠨ ᠡᠪᠡᠳᠴᠢᠨ ᠢ ᠪᠠᠭᠳᠠᠭᠠᠭᠰᠠᠨ 9 | ᠵᠦᠢᠯ ᠤᠨ ᠡᠪᠡᠳᠴᠢᠨ ᠠᠴᠠ ᠪᠤᠯᠤᠭᠰᠠᠨ ᠦᠬᠦᠯ ᠤᠨ ᠨᠤᠷᠮ᠎ᠠ ᠶᠢ ᠨᠡᠮᠡᠭᠳᠡᠬᠦᠯᠳᠡᠭ ᠪᠠᠶᠢᠨ᠎ᠠ᠃ | ᠴᠠᠭᠠᠨ ᠦᠡᠭᠬᠡ ᠲᠠᠢ ᠮᠢᠬᠠᠨ ᠤ ᠦᠬᠡᠬᠦ ᠶᠢᠨ ᠠᠭᠤᠯᠤᠭᠳᠠᠴᠠ ᠨᠡᠯᠢᠶᠡᠳ ᠳᠤᠤᠷ᠎ᠠ ᠪᠠᠶᠢᠳᠠᠭ ᠢᠶᠠᠷ ᠢᠶᠠᠨ᠂ | ᠳᠡᠬᠦᠨ ᠢ ᠢᠳᠡᠬᠦ ᠨᠢ ᠡᠷᠡᠬᠦᠯ ᠰᠤᠩᠭᠤᠯᠳᠠ ᠬᠡᠵᠤ ᠬᠡᠯᠡᠵᠤ ᠪᠤᠯᠤᠨ᠎ᠠ᠃ ᠴᠠᠭᠠᠨ ᠦᠡᠭᠬᠡ ᠲᠠᠢ ᠮᠢᠬᠠᠨ ᠤ ᠳᠤᠳᠤᠷ᠎ᠠ᠂ | ᠵᠢᠭᠠᠰᠤᠨ ᠤ ᠳᠦᠷᠤᠯ ᠤᠨ ᠮᠢᠬᠠᠨ ᠤ ᠤᠭᠤᠷᠠᠭ ᠤᠨ ᠠᠭᠤᠯᠤᠭᠳᠠᠴᠠ ᠨᠢ 15% ~ 22%᠂ ᠦᠬᠡᠬᠦ ᠶᠢᠨ | ᠠᠭᠤᠯᠤᠭᠳᠠᠴᠠ ᠨᠢ 1% ~ 10% ᠪᠠᠶᠢᠵᠤ᠂ ᠵᠤᠬᠢᠬᠤ ᠬᠡᠮᠵᠢᠶᠡᠨ ᠤ ᠸᠢᠲ᠋ᠠᠮᠢᠨ A᠂ ᠸᠢᠲ᠋ᠠᠮᠢᠨ D | ᠠᠭᠤᠯᠤᠭᠳᠠᠵᠤ᠂ ᠡᠷᠤᠳᠡᠰᠤ ᠶᠢᠨ ᠬᠤᠪᠢ ᠳᠤ ᠰᠧᠯᠧᠨ᠂ ᠴᠠᠶᠢᠷ᠂ ᠢᠤᠳ᠋ ᠤᠨ ᠠᠭᠤᠯᠤᠭᠳᠠᠴᠠ ᠨᠡᠯᠢᠶᠡᠳ ᠡᠯᠪᠡᠭ | ᠪᠠᠶᠢᠳᠠᠭ᠃ ᠠᠭᠤᠯᠤᠭᠳᠠᠬᠤ ᠦᠬᠡᠬᠦ ᠶᠢᠨ ᠳᠦᠷᠤᠯ ᠨᠢ ᠭᠤᠤᠯᠳᠠᠭᠤ ᠳᠤᠳᠠᠭᠤ ᠦᠬᠡᠬᠦᠨ ᠬᠦᠴᠢᠯ ᠢᠶᠠᠷ | ᠪᠦᠷᠢᠯᠳᠦᠭᠰᠡᠨ ᠪᠠᠶᠢᠵᠤ᠂ ᠳᠡᠬᠦᠨ ᠤ ᠳᠤᠳᠤᠷᠠᠬᠢ DHA ︵26 ᠨᠡᠬᠦᠷᠡᠰᠤᠳᠦ᠋ᠷᠦᠭᠴᠢᠳᠤ 6 ᠡᠲ᠋ᠧᠯᠧᠨ ᠬᠦᠴᠢᠯ︶ | ᠨᠢ ᠨᠢᠯᠬ᠎ᠠ ᠬᠡᠤᠬᠡᠳ ᠤᠨ ᠳᠠᠷᠢᠬᠢᠨ ᠤ ᠪᠤᠶᠢᠵᠢᠯᠳᠠ ᠶᠢ ᠠᠬᠢᠭᠤᠯᠬᠤ᠂ ᠨᠠᠰᠤᠳᠠᠶᠢᠴᠤᠳ ᠤᠨ ᠶᠡᠭᠡ ᠳᠠᠷᠢᠬᠢᠨ ᠤ | ᠦᠳᠡᠯᠬᠦ ᠶᠢ ᠬᠤᠷᠢᠭᠯᠠᠬᠤ ᠤᠢᠢᠯᠡᠳᠤᠯ ᠲᠠᠢ ᠪᠠᠶᠢᠵᠤ᠂ EPA ︵20 ᠨᠡᠬᠦᠷᠡᠰᠤᠳᠦ᠋ᠷᠦᠭᠴᠢᠳᠤ 5 ᠡᠲ᠋ᠧᠯᠧᠨ | ᠬᠦᠴᠢᠯ︶ ᠨᠢ ᠴᠢᠰᠤᠨ ᠰᠤᠳᠠᠯ ᠤᠨ ᠦᠷᠪᠢᠰᠤᠯ ᠤᠨ ᠢᠯᠡᠷᠡᠯ ᠢ ᠨᠠᠮᠳᠠᠭᠤᠯᠬᠤ᠂ ᠵᠢᠷᠤᠬᠡ ᠳᠠᠷᠢᠬᠢᠨ ᠰᠤᠳᠠᠯ ᠤᠨ | ᠡᠪᠡᠳᠴᠢᠨ ᠠᠴᠠ ᠰᠡᠷᠬᠡᠶᠢᠯᠡᠬᠦ ᠵᠡᠷᠬᠡ ᠤᠢᠢᠯᠡᠳᠤᠯ ᠲᠠᠢ ᠪᠠᠶᠢᠳᠠᠭ ᠠᠵᠢ᠃ ᠵᠢᠬᠦᠷᠳᠡᠨ ᠤ ᠮᠢᠬᠠᠨ ᠤ ᠤᠭᠤᠷᠠᠭ ᠤᠨ | ᠠᠭᠤᠯᠤᠭᠳᠠᠴᠠ ᠨᠢ 16% ~ 20% ᠪᠠᠶᠢᠵᠤ᠂ ᠳᠠᠬᠢᠶᠠᠨ ᠤ ᠬᠢ ᠬᠠᠮᠤᠭ ᠤᠨ ᠦᠨᠳᠤᠷ᠂ ᠳᠠᠷᠠᠭ᠎ᠠ ᠨᠢ | ᠭᠠᠯᠠᠭᠤᠨ ᠤ ᠬᠢ᠂ ᠰᠡᠬᠦᠯ ᠳᠤᠨᠢ ᠨᠤᠭᠤᠰᠤᠨ ᠤ ᠬᠢ ᠤᠷᠤᠳᠠᠭ ᠪᠠᠶᠢᠨ᠎ᠠ︔ ᠦᠬᠡᠬᠦᠨ ᠤ ᠠᠭᠤᠯᠤᠭᠳᠠᠴᠠ ᠨᠢ 9% | ~ 14%᠃ ᠪᠤᠰᠤᠳ ᠵᠦᠢᠯ ᠤᠨ ᠮᠢᠬ᠎ᠠ ᠲᠠᠢ ᠠᠳᠠᠯᠢᠳᠬᠠᠪᠠᠯ ᠵᠢᠬᠦᠷᠳᠡᠨ ᠤ ᠮᠢᠬᠠᠨ ᠤ ᠦᠨ᠎ᠠ ᠨᠢ ᠬᠢᠮᠳᠠ᠂ | ᠠᠰᠢᠭ ᠳᠤᠰᠠ ᠨᠢ ᠦᠨᠳᠤᠷ ᠪᠠᠶᠢᠳᠠᠭ᠃ | ᠮᠢᠬ᠎ᠠ ᠢᠳᠡᠬᠦ ᠳᠡᠭᠡᠨ ᠳᠦᠷᠪᠠᠨ ᠳᠠᠯ᠎ᠠ ᠪᠠᠷ ᠠᠩᠬᠠᠷᠤᠨ ᠳᠡᠩᠴᠡᠬᠦᠯᠤᠨᠠ | ᠮᠠᠨ ᠤ ᠤᠯᠤᠰ ᠤᠨ ᠰᠠᠭᠤᠭᠠᠯᠢ ᠠᠷᠠᠳ ᠤᠨ ᠤᠯᠠᠭᠠᠨ ᠢᠳᠡᠬᠡᠨ ᠤ ᠬᠡᠷᠡᠭᠯᠡᠬᠡᠨ ᠤ ᠪᠦᠳᠤᠴᠠ ᠳᠤ ᠬᠤᠪᠢᠷᠠᠯᠳᠠ | ᠭᠠᠷᠤᠭᠰᠠᠨ ᠬᠡᠳᠡᠭ ᠪᠤᠯᠪᠠᠴᠤ᠂ ᠭᠠᠭ᠋ᠠᠢ ᠶᠢᠨ ᠮᠢᠬ᠎ᠠ᠂ ᠦᠬᠡᠷ ᠬᠤᠨᠢᠨ ᠮᠢᠬ᠎ᠠ ᠪᠠᠷ ᠭᠤᠤᠯ ᠪᠤᠯᠭᠠᠭᠰᠠᠨ ᠤᠯᠠᠭᠠᠨ | ᠦᠡᠭᠬᠡ ᠲᠠᠢ ᠮᠢᠬᠠᠨ ᠤ ᠬᠡᠷᠡᠭᠯᠡᠭᠡ ᠮᠦᠨ ᠯᠠ ᠭᠤᠤᠯ ᠪᠠᠶᠢᠷᠢ ᠶᠢ ᠡᠵᠡᠯᠡᠵᠤ ᠪᠠᠶᠢᠨ᠎ᠠ᠃ 2016 ᠤᠨ ᠳᠤ ᠮᠠᠨ ᠤ | ᠤᠯᠤᠰ ᠤᠨ ᠬᠦᠮᠤᠨ ᠳᠤᠮᠳᠠᠴᠢ ᠡᠳᠤᠷ ᠪᠤᠯᠭᠠᠨ ᠤ ᠮᠢᠬ᠎ᠠ ᠶᠢᠨ ᠪᠦᠳᠤᠬᠡᠭᠳᠡᠬᠦᠨ ᠤ ᠬᠡᠷᠡᠭᠯᠡᠬᠡᠨ ᠤ ᠬᠡᠮᠵᠢᠶ᠎ᠠ ᠨᠢ 71. | 51 ᠭᠷᠠᠮ᠂ ᠬᠦᠮᠤᠨ ᠳᠤᠮᠳᠠᠴᠢ ᠡᠳᠤᠷ ᠪᠤᠯᠭᠠᠨ ᠤ ᠵᠢᠬᠦᠷᠳᠡᠨ ᠤ ᠳᠦᠷᠤᠯ ᠤᠨ ᠪᠦᠳᠤᠬᠡᠭᠳᠡᠬᠦᠨ ᠤ ᠬᠡᠷᠡᠭᠯᠡᠬᠡᠨ ᠤ | ᠬᠡᠮᠵᠢᠶ᠎ᠠ ᠨᠢ 24.93 ᠭᠷᠠᠮ᠂ ᠬᠦᠮᠤᠨ ᠳᠤᠮᠳᠠᠴᠢ ᠡᠳᠤᠷ ᠪᠤᠯᠭᠠᠨ ᠤ ᠤᠰᠤᠨ ᠭᠠᠷᠤᠯᠳᠠ ᠶᠢᠨ ᠪᠦᠳᠤᠬᠡᠭᠳᠡᠬᠦᠨ ᠤ | ᠬᠡᠷᠡᠭᠯᠡᠬᠡᠨ ᠤ ᠬᠡᠮᠵᠢᠶ᠎ᠠ ᠨᠢ 31.23 ᠭᠷᠠᠮ ᠪᠠᠶᠢᠨ᠎ᠠ᠃ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠬᠡᠨ | ᠤᠮᠳᠠᠭᠠᠨ ᠤ ᠵᠦᠭᠯᠡᠬᠦᠷ︾ ᠲᠤ ᠳᠤᠭᠳᠠᠭᠠᠭᠰᠠᠨ ᠪᠠᠷᠢᠮᠵᠢᠶ᠎ᠠ ᠪᠠᠷ ᠠᠪᠴᠤ ᠦᠵᠡᠪᠡᠯ᠂ ᠮᠠᠨ ᠤ ᠤᠯᠤᠰ ᠤᠨ ᠤᠯᠠᠩᠬᠢ | ᠳᠤᠭᠠᠨ ᠤ ᠬᠦᠮᠤᠨ ᠤ ᠮᠠᠯ ᠵᠢᠬᠦᠷᠳᠡᠨ ᠤ ᠮᠢᠬ᠎ᠠ ᠢᠳᠡᠬᠦ ᠨᠢ ᠬᠡᠳᠤ ᠠᠷᠪᠢᠨ᠂ ᠤᠰᠤᠨ ᠭᠠᠷᠤᠯᠳᠠ ᠶᠢ ᠢᠳᠡᠬᠦ ᠨᠢ | ᠪᠠᠭ᠎ᠠ ᠪᠠᠶᠢᠨ᠎ᠠ᠃ ᠤᠯᠠᠭᠠᠨ ᠢᠳᠡᠬᠡᠨ ᠳᠤ ᠤᠭᠤᠷᠠᠭ᠂ ᠦᠬᠡᠬᠦ ᠵᠢᠴᠢ ᠸᠢᠲ᠋ᠠᠮᠢᠨ A᠂ B ᠳᠦᠷᠤᠯ ᠤᠨ ᠸᠢᠲ᠋ᠠᠮᠢᠨ᠂ | ᠳᠡᠮᠤᠷ᠂ ᠴᠠᠶᠢᠷ ᠵᠡᠷᠬᠡ ᠶᠢᠨ ᠰᠢᠮ᠎ᠠ ᠳᠡᠵᠢᠬᠡᠯᠳᠤ ᠡᠳ᠋ ᠡᠯᠪᠡᠭ ᠠᠭᠤᠯᠳᠠᠭ᠂ ᠢᠳᠡᠬᠡᠨ ᠤᠮᠳᠠᠭᠠᠨ ᠢ | ᠳᠡᠩᠴᠡᠬᠦᠷᠢᠰᠢᠬᠦᠯᠬᠦ ᠴᠢᠬᠤᠯᠠ ᠪᠦᠷᠢᠯᠳᠤᠬᠦᠨ ᠬᠡᠰᠡᠭ ᠪᠤᠯᠤᠨ᠎ᠠ᠃ ᠬᠡᠪᠡᠴᠤ ᠳᠡᠩᠴᠡᠬᠦᠷᠢ ᠲᠠᠢ ᠡᠳ᠋ᠯᠡᠬᠦ ᠦᠬᠡᠢ | ᠬᠡᠳᠤᠷᠡᠬᠦᠯᠬᠦ ᠳᠤ ᠳᠤᠯᠪᠠᠯ ᠡᠪᠡᠳᠴᠢᠨ ᠡᠮᠬᠡᠭ ᠤᠨ ᠠᠶᠤᠯ ᠢ ᠨᠡᠮᠡᠭᠳᠡᠬᠦᠯᠳᠡᠭ᠃ ᠳᠡᠶᠢᠮᠤ ᠠᠴᠠ ᠮᠢᠬ᠎ᠠ ᠢᠳᠡᠬᠦ ᠳᠡᠭᠡᠨ | ᠳᠦᠷᠪᠠᠨ ᠳᠠᠯ᠎ᠠ ᠪᠠᠷ ᠢᠯᠡᠬᠦᠤ ᠳᠤᠳᠠᠭᠤ ᠶᠢ ᠨᠢ ᠳᠡᠩᠴᠡᠬᠦᠯᠬᠦ ᠶᠢ ᠠᠩᠬᠠᠷᠪᠠᠯ ᠵᠤᠬᠢᠨ᠎ᠠ᠃ | ᠴᠠᠭᠠᠨ ᠦᠡᠭᠬᠡ ᠲᠠᠢ ᠮᠢᠬ᠎ᠠ ᠢᠯᠡᠬᠦᠤ ᠢᠳᠡᠵᠤ᠂ ᠤᠯᠠᠭᠠᠨ ᠦᠡᠭᠬᠡ ᠲᠠᠢ ᠮᠢᠬ᠎ᠠ ᠳᠤᠳᠠᠭᠤ ᠢᠳᠡᠨ᠎ᠠ᠃ ᠴᠠᠭᠠᠨ | ᠦᠡᠭᠬᠡ ᠲᠠᠢ ᠮᠢᠬᠠᠨ ᠤ ᠦᠬᠡᠬᠦ ᠶᠢᠨ ᠠᠭᠤᠯᠤᠭᠳᠠᠴᠠ ᠳᠤᠤᠷ᠎ᠠ᠂ ᠳᠤᠳᠠᠭᠤ ᠦᠬᠡᠬᠦᠨ ᠬᠦᠴᠢᠯ ᠤᠨ ᠠᠭᠤᠯᠤᠭᠳᠠᠴᠠ | ᠡᠯᠪᠡᠭ ᠪᠠᠶᠢᠳᠠᠭ᠃ ᠤᠨᠴᠠᠭᠠᠢᠢᠯᠠᠨ ᠵᠢᠭᠠᠰᠤᠨ ᠤ ᠳᠦᠷᠤᠯ ᠤᠨ ᠮᠢᠬᠠᠨ ᠳᠤ ᠳᠤᠳᠠᠭᠤ ᠦᠬᠡᠬᠦᠨ ᠬᠦᠴᠢᠯ ᠨᠠᠩ | ᠡᠯᠪᠡᠭ ᠠᠭᠤᠯᠤᠭᠳᠠᠵᠤ᠂ ᠵᠢᠷᠤᠬᠡ ᠳᠠᠷᠢᠬᠢᠨ ᠰᠤᠳᠠᠯ ᠤᠨ ᠡᠪᠡᠳᠴᠢᠨ ᠢ ᠰᠡᠷᠬᠡᠶᠢᠯᠡᠬᠦ ᠳᠤ ᠠᠰᠢᠬ ᠲᠠᠢ ᠪᠠᠶᠢᠳᠠᠭ ᠠᠴᠠ | ᠂ ᠭᠠᠷᠠᠭ ᠲᠤ 280 ~ 525 ᠭᠷᠠᠮ ᠤᠷᠴᠢᠮ ᠵᠢᠭᠠᠰᠤᠨ ᠤ ᠳᠦᠷᠤᠯ ᠤᠨ ᠮᠢᠬ᠎ᠠ ᠶᠢ ᠴᠢᠨᠠᠵᠤ ᠵᠢᠩᠨᠡᠵᠤ ᠢᠳᠡᠵᠤ | ᠪᠠᠶᠢᠪᠠᠯ ᠰᠠᠶᠢᠨ᠃ ᠵᠢᠭᠠᠰᠤᠨ ᠤ ᠳᠤᠯᠤᠭᠠᠢ᠂ ᠵᠢᠭᠠᠰᠤᠨ ᠵᠠᠯᠮᠠᠭᠠᠢ᠂ ᠳᠤᠳᠤᠷ ᠵᠡᠷᠬᠡ ᠳᠤ ᠪᠤᠬᠢᠷᠳᠤᠯ ᠪᠤᠳᠠᠰ ᠠᠷᠪᠢᠨ | ᠪᠠᠶᠢᠳᠠᠭ᠂ ᠢᠳᠡᠬᠦ ᠦᠬᠡᠢ ᠪᠤᠯ ᠳᠡᠬᠡᠷ᠎ᠠ᠃ | ᠮᠤᠩᠭᠤᠯᠴᠤᠳ ᠤᠨ ᠤᠯᠠᠮᠵᠢᠯᠠᠯᠳᠤ ᠢᠳᠡᠬᠡᠨ ᠤ ᠳᠠᠳᠬᠠᠯ ᠳᠤ ᠵᠢᠬᠦᠷᠳᠡᠨ᠂ ᠤᠰᠤᠨ ᠤ ᠠᠮᠢᠳᠠᠨ ᠤ | ᠪᠦᠷᠢᠯᠳᠤᠬᠦᠨ ᠳᠡᠮᠡᠢ ᠪᠠᠶᠢᠭᠰᠠᠨ ᠦᠬᠡᠢ ᠪᠤᠯᠬᠤᠷ᠂ ᠬᠡᠮᠵᠢᠶ᠎ᠠ ᠲᠠᠢ ᠢᠳᠡᠵᠤ᠂ ᠤᠨᠴᠠᠭᠠᠢᠢᠯᠠᠨ ᠡᠮ ᠳᠠᠩ ᠤᠤᠭᠤᠵᠤ | ᠪᠠᠶᠢᠬᠤ ᠳᠠᠭᠠᠨ ᠢᠳᠡᠬᠡᠨ ᠤ ᠴᠡᠬᠡᠷ ᠢ ᠠᠩᠬᠠᠷᠬᠤ ᠴᠢᠬᠤᠯᠠᠳᠠᠢ᠃ | ᠰᠢᠨ᠎ᠠ ᠰᠤᠷᠭᠤᠭ ᠮᠢᠬ᠎ᠠ ᠢᠯᠡᠬᠦᠤ ᠢᠳᠡᠵᠤ᠂ ᠪᠤᠯᠪᠠᠰᠤᠷᠠᠭᠤᠯᠤᠭᠰᠠᠨ ᠮᠢᠬ᠎ᠠ ᠳᠤᠳᠠᠭᠤ ᠢᠳᠡᠨ᠎ᠠ᠃ ᠳᠡᠯᠡᠬᠡᠢ ᠶᠢᠨ | ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠬᠢᠭᠰᠡᠨ ᠰᠤᠳᠤᠯᠭᠠᠨ ᠠᠴᠠ ᠦᠵᠡᠪᠡᠯ᠂ ᠫᠠᠺᠤᠨ ︵ | ᠤᠳᠤᠭᠰᠠᠨ ᠭᠠᠭ᠋ᠠᠢ ᠶᠢᠨ ᠮᠢᠬ᠎ᠠ︶᠂ ᠬᠢᠮ᠎ᠠ᠂ ᠳᠠᠪᠤᠰᠤᠯᠠᠭᠰᠠᠨ ᠮᠢᠬ᠎ᠠ᠂ ᠬᠠᠳᠠᠭᠠᠭᠰᠠᠨ ᠭᠠᠭ᠋ᠠᠢ ᠶᠢᠨ ᠮᠢᠬ᠎ᠠ ᠵᠡᠷᠬᠡ | ᠪᠤᠯᠪᠠᠰᠤᠷᠠᠭᠤᠯᠤᠭᠰᠠᠨ ᠮᠢᠬᠠᠨ ᠢᠳᠡᠬᠡᠨ ᠢ ᠦᠷᠬᠦᠯᠵᠢ ᠢᠳᠡᠭᠰᠡᠳ ᠤᠨ ᠬᠤᠳᠤᠷᠢᠩᠬᠠᠢ ᠬᠡᠳᠡᠰᠤ ᠪᠠ ᠰᠢᠯᠤᠭᠤᠨ | ᠬᠡᠳᠡᠰᠤᠨ ᠤ ᠦᠮᠠᠨ᠂ ᠤᠷᠤᠭ ᠤᠨ ᠪᠤᠯᠴᠢᠷᠬᠠᠢ ᠶᠢᠨ ᠦᠮᠠᠨ᠂ ᠨᠦᠢᠷ ᠤᠨ ᠪᠤᠯᠴᠢᠷᠬᠠᠢ ᠶᠢᠨ ᠦᠮᠠᠨ ᠤ ᠠᠶᠤᠯ | ᠨᠡᠮᠡᠭᠳᠡᠳᠡᠭ ᠪᠠᠶᠢᠨ᠎ᠠ᠃ ᠰᠢᠨ᠎ᠠ ᠮᠢᠬ᠎ᠠ ᠪᠠᠷ ᠭᠤᠤᠯᠳᠠᠭᠤᠯᠵᠤ᠂ ᠪᠤᠯᠪᠠᠰᠤᠷᠠᠭᠤᠯᠤᠭᠰᠠᠨ ᠮᠢᠬ᠎ᠠ ᠢᠳᠡᠬᠦ ᠦᠬᠡᠢ | ᠪᠠᠶᠢᠬᠤ ᠠᠷᠭ᠎ᠠ ᠦᠬᠡᠢ ᠦᠶ᠎ᠠ ᠳᠤ᠂ ᠤᠰᠤᠨ ᠳᠤ ᠪᠤᠴᠠᠯᠭᠠᠵᠤ ᠳᠠᠪᠤᠰᠤ ᠶᠢ ᠨᠢ ᠭᠠᠷᠭᠠᠬᠤ ᠵᠡᠷᠬᠡ ᠠᠷᠭ᠎ᠠ ᠬᠡᠷᠡᠭᠯᠡᠵᠤ | ᠪᠤᠯᠬᠤ ᠪᠦᠬᠡᠳ ᠰᠢᠨ᠎ᠠ ᠰᠤᠷᠭᠤᠭ ᠢᠳᠡᠰᠢᠨ ᠨᠤᠭᠤᠭ᠎ᠠ ᠲᠠᠢ ᠬᠤᠯᠢᠵᠤ ᠢᠳᠡᠬᠦ ᠶᠢ ᠰᠠᠨᠠᠭᠤᠯᠵᠤ ᠪᠠᠶᠢᠨ᠎ᠠ᠃ | ᠬᠠᠷ᠎ᠠ ᠮᠢᠬ᠎ᠠ ᠢᠯᠡᠬᠦᠤ ᠢᠳᠡᠵᠤ᠂ ᠦᠬᠡᠬᠦ ᠳᠤᠳᠠᠭᠤ ᠢᠳᠡᠨ᠎ᠠ᠃ ᠳᠠᠷᠭᠤᠨ ᠮᠢᠬᠠᠨ ᠤ ᠭᠤᠤᠯ ᠪᠦᠷᠢᠯᠳᠤᠬᠦᠨ ᠨᠢ | ᠦᠬᠡᠬᠦ ᠪᠤᠯᠤᠨ᠎ᠠ᠂ ᠴᠢᠰᠤᠨ ᠤ ᠦᠬᠡᠬᠦ ᠦᠨᠳᠤᠷ ᠬᠦᠮᠤᠰ ᠪᠠᠭ᠎ᠠ ᠢᠳᠡᠪᠡᠯ ᠳᠡᠬᠡᠷ᠎ᠠ᠃ ᠬᠠᠷ᠎ᠠ ᠮᠢᠬᠠᠨ ᠤ ᠭᠤᠤᠯ | ᠪᠦᠷᠢᠯᠳᠤᠬᠦᠨ ᠳᠤ ᠤᠭᠤᠷᠠᠭ ᠵᠢᠴᠢ ᠳᠡᠮᠤᠷ ᠵᠡᠷᠬᠡ ᠬᠦᠮᠤᠨ ᠤ ᠪᠡᠶ ᠠ ᠳᠤ ᠠᠰᠢᠭ ᠲᠠᠢ ᠪᠢᠴᠢᠯ ᠡᠯᠧᠮᠧᠨ᠋ᠲ ᠪᠠᠶᠢᠳᠠᠭ᠃ | ᠪᠤᠷᠳᠤᠨ ᠳᠠᠷᠭᠤᠯᠠᠭᠤᠯᠤᠭᠰᠠᠨ ᠦᠬᠡᠷ ᠬᠤᠨᠢᠨ ᠤ ᠮᠢᠬ᠎ᠠ᠂ ᠭᠠᠭ᠋ᠠᠢ ᠶᠢᠨ ᠠᠯᠠᠭ ᠮᠢᠬ᠎ᠠ ᠵᠡᠷᠬᠡ ᠦᠬᠡᠬᠦ ᠶᠢᠨ | ᠠᠭᠤᠯᠤᠭᠳᠠᠴᠠ ᠦᠨᠳᠤᠷ ᠮᠢᠬ᠎ᠠ ᠳᠤᠳᠠᠭᠤ ᠢᠳᠡᠬᠦ ᠶᠢ ᠰᠠᠨᠠᠭᠤᠯᠵᠤ ᠪᠠᠶᠢᠨ᠎ᠠ᠃ | ᠳᠤᠤᠷ᠎ᠠ ᠳᠤᠯᠠᠭᠠᠨ ᠳᠤ ᠪᠤᠯᠭᠤᠬᠤ ᠶᠢ ᠡᠷᠬᠢᠮᠯᠡᠵᠤ᠂ ᠬᠠᠭᠠᠷᠢᠵᠤ ᠰᠢᠷᠠᠵᠤ ᠢᠳᠡᠬᠦ ᠠᠴᠠ ᠵᠠᠶᠢᠯᠠᠰᠬᠢᠨ᠎ᠠ᠃ ᠰᠢᠷᠠᠬᠤ | ᠂ ᠬᠠᠭᠠᠷᠢᠬᠤ ᠳᠤ ᠳᠤᠰᠤᠨ ᠤ ᠬᠠᠯᠠᠭᠤᠨ 180 ~ 300 ᠭᠷᠠᠳᠦ᠋ᠰ ᠬᠦᠷᠴᠤ᠂ ᠦᠨᠳᠤᠷ ᠬᠠᠯᠠᠭᠤᠨ ᠨᠢ ᠮᠢᠬᠠᠨ ᠤ | ᠰᠢᠮ ᠠ ᠳᠡᠵᠢᠬᠡᠯ ᠢ ᠠᠯᠳᠠᠭᠳᠠᠭᠤᠯᠳᠠᠭ ᠢᠶᠠᠷ ᠪᠠᠷᠠᠬᠤ ᠦᠬᠡᠢ ᠪᠠᠰᠠ ᠬᠤᠤᠷᠳᠤ ᠪᠤᠳᠠᠰ ᠡᠬᠦᠰᠬᠡᠳᠡᠭ᠃ ᠵᠢᠱᠢᠶᠡᠯᠡᠪᠡᠯ᠂ | ᠱᠤᠷᠤᠯᠠᠭ ᠬᠢᠬᠦ ᠪᠠ ᠵᠢᠭᠠᠰᠤ᠂ ᠮᠢᠬᠠᠨ ᠤ ᠵᠦᠢᠯ ᠢ ᠳᠤᠰᠤᠨ ᠳᠤ ᠪᠤᠴᠠᠯᠭᠠᠬᠤ ᠳᠤ ᠶᠡᠭᠡ ᠬᠡᠮᠵᠢᠶᠡᠨ ᠤ | ᠪᠤᠳᠤᠯᠢᠶᠠᠨᠳᠠᠢ ᠨᠡᠬᠦᠷᠡᠰᠤ ᠤᠰᠤᠳᠦ᠋ᠷᠦᠭᠴᠢ ᠶᠢᠨ ᠨᠢᠬᠡᠳᠪᠤᠷᠢ ᠪᠠ ᠪᠤᠳᠤᠯᠢᠶᠠᠨᠳᠠᠢ ᠠᠮᠢᠨ ᠵᠡᠷᠬᠡ ᠦᠮᠠᠨ | ᠡᠬᠦᠰᠬᠡᠭᠴᠢ ᠶᠢ ᠡᠬᠦᠰᠬᠡᠳᠡᠭ᠃ ᠳᠠᠶᠢᠮᠤ ᠠᠴᠠ ᠴᠢᠨᠠᠬᠤ ᠵᠢᠩᠨᠡᠬᠦ ᠠᠷᠭ᠎ᠠ ᠪᠠᠷ ᠭᠤᠤᠯ ᠪᠤᠯᠭᠠᠬᠤ ᠶᠢ ᠰᠠᠨᠠᠭᠤᠯᠵᠤ | ᠪᠠᠶᠢᠨ᠎ᠠ᠃ | ᠢᠷᠡᠯᠳᠡ ᠲᠦᠩᠯᠢᠶᠤᠤ ᠮᠤᠩᠭᠤᠯ ᠰᠦᠯᠵᠢᠶ᠎ᠡ | |