ᠬᠦᠮᠦᠨ ᠢᠶᠠᠷ ᠦᠨᠳᠦᠰᠦ ᠪᠤᠯᠭᠠᠵᠤ ᠠᠷᠠᠳ ᠲᠦᠮᠡᠨ ᠤ ᠡᠷᠬᠡ ᠠᠰᠢᠭ ᠢ ᠨᠡᠩ ᠰᠠᠶᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2020/6/8
   ᠬᠦᠮᠦᠨ ᠢᠶᠠᠷ ᠦᠨᠳᠦᠰᠦ ᠪᠤᠯᠭᠠᠵᠤ ᠠᠷᠠᠳ ᠲᠦᠮᠡᠨ ᠤ ᠡᠷᠬᠡ ᠠᠰᠢᠭ ᠢ ᠨᠡᠩ ᠰᠠᠶᠢᠨ ᠬᠠᠮᠠᠭᠠᠯᠠᠨ᠎ᠠ                              ᠵᠣᠬᠢᠶᠠᠭᠴᠢ᠄ ᠄ᠯᠢᠤ ᠢ ᠵᠠᠨ ᠯᠦᠸᠧ ᠱᠠ ᠰᠢᠶᠦ᠋ᠩ ᠹᠧᠩ᠊᠊᠊᠊᠊᠊᠊᠊᠊᠊ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠢ ᠠᠬᠢᠭᠤᠯᠬᠤ ᠲᠤᠬᠠᠢ ᠬᠦᠤᠷᠨᠢᠯ ᠰᠢᠭᠦᠮᠵᠢ                       ᠯᠢᠤ ᠢ ᠵᠠᠨ ᠯᠦᠸᠧ ᠱᠠ ᠰᠢᠶᠦ᠋ᠩ ᠹᠧᠩ   ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠳᠦᠷᠢᠮ ᠪᠤᠯᠤᠨ ᠬᠡᠷᠡᠭᠵᠢᠭᠦᠯᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠳᠠᠭᠠᠯ︾ ᠢ ᠪᠠᠳᠤᠯᠠᠪᠠ︔ ᠠᠷᠠᠳ ᠤᠨ ᠳᠡᠭᠡᠳᠤ ᠰᠢᠬᠦᠬᠦ ᠬᠤᠷᠢᠶ᠎ᠠ ᠠᠷᠠᠳ ᠤᠨ ᠳᠡᠭᠡᠳᠤ ᠪᠠᠶᠢᠴᠠᠭᠠᠬᠤ ᠬᠤᠷᠢᠶ᠎ᠠ ᠠᠷᠠᠳ ᠤᠯᠠᠨ ᠢ ᠵᠤᠪᠠᠭᠠᠵᠤ ᠪᠠᠶᠢᠭ᠎ᠠ᠂ ᠲᠦᠪᠡᠭᠳᠡᠭᠦᠯᠵᠤ ᠪᠠᠶᠢᠭ᠎ᠠ᠂ ᠭᠠᠴᠢᠭᠳᠠᠭᠤᠯᠵᠤ ᠪᠠᠶᠢᠭ᠎ᠠ ᠬᠡᠷᠡᠭ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠠᠷᠠᠯᠳᠠ ᠲᠤᠭᠳᠠᠭᠠᠪᠠ᠃   2020 ᠤᠨ ᠤ ᠪᠦᠬᠦ ᠤᠯᠤᠰ ᠤᠨ ᠬᠤᠶᠠᠷ ᠬᠤᠷᠠᠯ ᠳᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠠᠯ᠎ᠠ ᠶᠢᠨ ᠱᠠᠭᠠᠷᠳᠠᠯᠭ᠎ᠠ ᠨᠡᠩ ᠤᠯᠠᠨ ᠲᠤᠷᠠᠳᠤᠬᠳᠠᠵᠦ ᠪᠠᠶᠢᠯ᠎ᠠ᠃ ᠤᠳᠤᠬᠠᠨ ᠳᠤ᠂ ᠪᠦᠬᠦ ᠤᠯᠤᠰ ᠤᠨ ᠡᠯ᠎ᠠ ᠭᠠᠵᠠᠷ ᠤᠨ ᠬᠢᠨ ᠦᠨᠡᠨ ᠬᠦ ᠠᠳᠬᠤᠨ ᠪᠤᠳᠠᠳᠠᠢ ᠠᠵᠢᠯᠯᠠᠬᠤ ᠪᠠᠷ ᠳᠠᠮᠵᠢᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠤ ᠪᠠᠶᠢᠨ᠎ᠠ᠃   ᠠᠷᠠᠳ ᠤᠨ ᠲᠦᠯᠦᠭᠡ ᠬᠠᠤᠯᠢ ᠲᠤᠬᠳᠠᠭᠠᠨ᠎ᠠ᠄ ᠰᠠᠶᠢᠨ ᠬᠠᠤᠯᠢ ᠴᠢᠳᠠᠮᠠᠭᠠᠢ ᠵᠠᠰᠠᠯᠳᠠ ᠶᠢᠨ ᠨᠡᠩ ᠦᠨᠳᠦᠷ ᠲᠦᠪᠰᠢᠨ ᠲᠡᠶᠢᠰᠢ ᠤᠷᠤᠭᠰᠢᠯᠠᠨ᠎ᠠ   ᠠᠭᠤᠤ ᠶᠡᠭᠡ ᠴᠠᠬ ᠦᠶ᠎ᠡ ᠳᠤ ᠠᠭᠤᠤ ᠶᠡᠭᠡ ᠬᠠᠤᠯᠢ ᠶᠢᠨ ᠪᠢᠴᠢᠭ ᠪᠤᠢ ᠪᠤᠯᠤᠨ᠎ᠠ᠃ ᠪᠦᠬᠦ ᠤᠯᠤᠰ ᠤᠨ ᠬᠤᠶᠠᠷ ᠬᠤᠷᠠᠯ ᠳᠡᠬᠦᠰᠦᠮᠡᠭᠴᠡ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ︽ᠢᠷᠬᠡᠨ ᠤ ᠬᠠᠤᠯᠢ ᠶᠢᠨ ᠪᠢᠴᠢᠭ ᠢ ᠦᠨᠡᠨ ᠬᠦ ᠰᠠᠶᠢᠳᠤᠷ ᠬᠡᠷᠡᠭᠵᠢᠬᠦᠯᠬᠦ︾ ᠰᠡᠳᠦᠪ ᠢᠶᠠᠷ ᠬᠤᠷᠢᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠡᠢ᠃   ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠪᠦᠬᠦ ᠨᠠᠮ ᠢᠶᠠᠷ ᠢᠶᠠᠨ ᠡᠷᠬᠡᠪᠰᠢ ᠢᠷᠬᠡᠨ ᠤ ᠬᠠᠤᠯᠢ ᠶᠢᠨ ᠪᠢᠴᠢᠭ ᠤᠨ ᠬᠡᠷᠡᠭᠵᠢᠬᠦᠯᠦᠯᠳᠡ ᠶᠢ ᠦᠨᠡᠨ ᠬᠦ ᠠᠬᠢᠭᠤᠯᠵᠤ ᠪᠠᠶᠢᠭᠠᠳ᠂ ᠪᠦᠬᠦ ᠳᠠᠯ᠎ᠠ ᠪᠠᠷ ᠬᠠᠤᠯᠢ ᠪᠠᠷ ᠤᠯᠤᠰ ᠢ ᠵᠠᠰᠠᠬᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠳᠦᠬᠡᠨ ᠪᠠᠶᠢᠭᠤᠯᠬᠤ ᠠᠵᠢᠯ ᠢ ᠨᠡᠩ ᠰᠠᠶᠢᠨ ᠠᠬᠢᠭᠤᠯᠵᠦ᠂ ᠠᠷᠠᠳ ᠳᠦᠮᠡᠨ ᠤ ᠡᠷᠬᠡ ᠠᠰᠢᠬ ᠢ ᠨᠡᠩ ᠰᠠᠶᠢᠨ ᠪᠠᠳᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃   ᠢᠷᠬᠡᠨ ᠤ ᠬᠠᠤᠯᠢ ᠶᠢᠨ ᠪᠢᠴᠢᠭ ᠢ ᠬᠡᠷᠡᠭᠵᠢᠬᠦᠯᠬᠦ ᠳᠦᠪᠰᠢᠨ ᠪᠤᠯᠤᠨ ᠦᠷ᠎ᠠ ᠪᠦᠳᠦᠮᠵᠢ ᠪᠤᠯ ᠡᠯ᠎ᠠ ᠱᠠᠳᠤᠨ ᠤ ᠨᠠᠮ ᠵᠠᠰᠠᠬ ᠤᠨ ᠪᠠᠶᠢᠭᠤᠯᠭ᠎ᠠ ᠶᠢᠨ ᠬᠢᠨ ᠤ ᠠᠷᠠᠳ ᠳᠦᠮᠡᠨ ᠳᠤ ᠦᠢᠯᠡᠴᠢᠯᠡᠬᠦ ᠵᠤᠷᠢᠯᠳᠠ ᠶᠢ ᠬᠦᠢᠴᠡᠳᠬᠡᠭᠰᠡᠨ ᠪᠠᠶᠢᠳᠠᠯ ᠢ ᠬᠡᠮᠵᠢᠬᠦ ᠴᠢᠬᠤᠯᠠ ᠬᠡᠮᠵᠢᠬᠦᠷ ᠮᠦᠨ᠃   ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ᠂ ᠵᠧᠵᠢᠶᠠᠩ ᠮᠤᠵᠢ ᠶᠢᠨ ᠯᠢᠱᠦ᠋ᠢ ᠬᠤᠳᠠ ᠶᠢᠨ ᠵᠢᠩᠨᠢᠩ ᠤᠨ ᠱᠧ ᠦᠨᠳᠦᠰᠦᠳᠡᠨ ᠤ ᠦᠪᠡᠷᠳᠡᠬᠡᠨ ᠵᠠᠰᠠᠬᠤ ᠰᠢᠶᠠᠨ ᠤ ᠳᠠᠷᠤᠭ᠎ᠠ ᠵᠦᠩ ᠬᠠᠢ ᠶᠠᠨ ᠰᠢᠶᠠᠨ ᠳᠠᠭᠠᠨ ᠬᠠᠷᠢᠮᠠᠬᠴᠠ ᠢᠷᠬᠡᠨ ᠤ ᠬᠠᠤᠯᠢ ᠶᠢᠨ ᠪᠢᠴᠢᠭ ᠢ ᠳᠤᠭᠤᠰᠢᠯᠠᠭᠤᠯᠬᠤ ᠬᠠᠮᠢᠶ᠎ᠠ ᠪᠦᠬᠦᠢ ᠠᠵᠢᠯ ᠢ ᠡᠳᠦᠷ ᠳᠤᠳᠤᠮ ᠤᠨ ᠵᠦᠪᠯᠡᠬᠦ ᠵᠦᠢᠯ ᠳᠤ ᠤᠷᠤᠭᠤᠯᠵᠠᠢ᠃   ︽ᠢᠷᠬᠡᠨ ᠤ ᠬᠠᠤᠯᠢ ᠶᠢᠨ ᠪᠢᠴᠢᠭ ᠢ ᠰᠤᠷᠤᠯᠴᠠᠵᠦ ᠤᠬᠠᠭᠤᠯᠬᠤ ᠠᠵᠢᠯ ᠢ ᠰᠠᠶᠢᠳᠤᠷ ᠠᠳᠬᠤᠬᠤ ᠶᠢᠨ ᠬᠠᠮᠳᠤ᠂ ᠡᠷᠬᠡᠪᠰᠢ ᠢᠷᠬᠡᠨ ᠤ ᠬᠠᠤᠯᠢ ᠶᠢᠨ ᠪᠢᠴᠢᠭ ᠤᠨ ᠵᠤᠷᠢᠬ ᠰᠠᠨᠠᠭ᠎ᠠ ᠶᠢ ᠤᠷᠤᠨ ᠨᠤᠳᠤᠬ ᠤᠨ ᠬᠠᠤᠯᠢ ᠳᠤᠬᠳᠠᠭᠠᠯᠳᠠ ᠬᠢᠬᠡᠳ ᠵᠠᠰᠠᠬ ᠤᠨ ᠤᠷᠳᠤᠨ ᠤ ᠠᠵᠢᠯ ᠳᠤ ᠠᠭᠤᠰᠤᠯᠴᠠᠭᠤᠯᠬᠤ ᠬᠡᠷᠡᠭᠳᠡᠢ᠃ ᠬᠠᠤᠯᠢᠵᠢᠯ ᠢᠶᠠᠷ ᠠᠷᠠᠳ ᠲᠤ ᠠᠰᠢᠬ ᠬᠦᠷᠳᠡᠬᠡᠬᠦ ᠶᠢ ᠳᠤᠪᠤᠶᠢᠯᠭᠠᠵᠦ᠂ ᠠᠷᠠᠳ ᠳᠦᠮᠡᠨ ᠤ ᠡᠷᠬᠡ ᠠᠰᠢᠬ ᠢ ᠬᠠᠮᠠᠭᠠᠯᠠᠨ᠎ᠠ᠃ ᠳᠦᠪ ᠭᠤᠤᠯᠴᠢ ᠪᠠᠷ ᠦᠷᠢᠰᠦᠯᠳᠦᠬᠦ᠂ ᠢᠯᠡ ᠳᠤᠳᠤᠷᠬᠠᠢ ᠬᠠᠤᠯᠢᠵᠢᠯ ᠲᠠᠢ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠬᠦᠳᠴᠤ᠂ ᠬᠦᠭᠵᠢᠯᠳᠡ ᠶᠢᠨ ᠦᠷ᠎ᠠ ᠪᠦᠳᠦᠮᠵᠢ ᠶᠢ ᠳᠡᠬᠡᠭᠰᠢᠯᠡᠬᠦᠯᠤᠨ᠎ᠠ︾ ᠬᠡᠵᠦ ᠵᠦᠩ ᠬᠠᠢ ᠶᠠᠨ ᠬᠡᠯᠡᠯ᠎ᠠ᠃   ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠤᠰᠤᠭᠠᠷ ᠳᠤᠰᠢᠶᠠᠯ ᠢᠶᠠᠨ ᠬᠦᠢᠴᠡᠳᠬᠡᠬᠦ ᠪᠤᠯ ᠠᠷᠠᠳ ᠤᠯᠠᠨ ᠤ ᠢᠷᠬᠡᠨ ᠤ ᠬᠡᠷᠡᠭ ᠤᠨ ᠡᠷᠬᠡ ᠠᠰᠢᠬ ᠢ ᠬᠦᠢᠴᠡᠳ ᠬᠠᠮᠠᠭᠠᠯᠠᠬᠤ ᠵᠠᠩᠬᠢᠯᠠᠭ᠎ᠠ ᠶᠢᠨ ᠶᠠᠪᠤᠳᠠᠯ ᠪᠤᠯᠤᠨ᠎ᠠ᠃   ᠱᠠᠩᠬᠠᠢ ᠬᠤᠲᠠ ᠶᠢᠨ ᠬᠤᠶᠠᠲᠤᠭᠠᠷ ᠠᠷᠠᠳ ᠤᠨ ᠲᠤᠮᠲᠠ ᠵᠡᠷᠭᠡ ᠶᠢᠨ ᠰᠢᠭᠦᠬᠦ ᠬᠤᠷᠢᠶ᠎ᠠ ᠶᠢᠨ ᠲᠠᠷᠤᠭ᠎ᠠ ᠬᠦᠸᠧ ᠸᠧᠢ ᠴᠢᠩ᠂ ᠢᠷᠭᠡᠡ ᠤ ᠬᠠᠤᠯᠢ ᠶᠢᠨ ᠪᠢᠴᠢᠭ ᠤᠨ ᠬᠠᠤᠯᠢ ᠲᠤᠭᠲᠠᠭᠠᠬᠤ ᠵᠤᠷᠢᠭ ᠰᠠᠨᠠᠭ᠎ᠠ᠂ ᠰᠢᠰᠲ᠋ᠧᠮ ᠤᠨ ᠪᠦᠲᠦᠴᠡ ᠪᠤᠯᠤᠨ ᠵᠢᠷᠤᠮᠵᠢᠯ ᠲᠠᠢ ᠠᠭᠤᠯᠤᠭᠲᠠᠬᠤᠠ ᠢ ᠤᠨᠤᠪᠴᠢᠲᠠᠢ ᠡᠵᠡᠮᠲᠡᠵᠦ᠂ ᠢᠷᠭᠡᠡ ᠤ ᠬᠠᠤᠯᠢ ᠶᠢᠨ ᠰᠢᠭᠦᠠ ᠲᠠᠰᠤᠯᠤᠯᠲᠠ ᠲᠤᠮᠲᠠ ᠢᠷᠭᠡᠡ ᠤ ᠬᠠᠤᠯᠢ ᠶᠢᠨ ᠪᠢᠴᠢᠭ ᠲᠤ ᠠᠷᠠᠳ ᠲᠦᠮᠡᠡ ᠤ ᠡᠯ ᠎ᠠ ᠲᠠᠯ᠎ᠠ ᠶᠢᠨ ᠡᠷᠭᠡ ᠶᠢ ᠬᠦᠢᠴᠡᠳ ᠬᠠᠮᠠᠭᠠᠯᠠᠵᠦ ᠪᠠᠶᠢᠬᠤ ᠶᠢ ᠬᠦᠢᠴᠡᠳ ᠢᠯᠡᠷᠡᠭᠦᠯᠬᠦ ᠬᠡᠷᠡᠭᠲᠡᠢ᠃ ︽ᠪᠢᠲᠠ ᠢᠷᠭᠡᠡ ᠤ ᠬᠠᠤᠯᠢ ᠶᠢᠨ ᠪᠢᠴᠢᠭ ᠢ ᠭᠡᠷᠡᠭᠵᠢᠭᠦᠯᠬᠦ ᠠᠴᠠ ᠡᠮᠦᠨ᠎ᠠ᠂ ᠢᠷᠭᠡᠡ ᠤ ᠪᠠ ᠬᠤᠳᠠᠯᠳᠤᠭᠠᠨ ᠤ ᠶᠠᠪᠤᠳᠠᠯ ᠤᠨ ᠭᠡᠷᠡᠭ ᠢ ᠰᠢᠭᠦᠨ ᠲᠠᠰᠤᠯᠬᠤ᠂ ᠭᠡᠷᠡᠭᠵᠢᠭᠦᠯᠬᠦ ᠪᠦᠬᠦ ᠬᠦᠮᠦᠰ ᠢ ᠡᠭᠡᠯᠵᠢᠯᠡᠡ ᠪᠤᠯᠪᠠᠰᠤᠷᠠᠭᠤᠯᠤᠨ᠎ᠠ︾ ᠭᠡᠵᠦ ᠢᠯᠡᠳᠭᠡᠪᠡ᠃   ᠢᠷᠭᠡᠡ ᠤ ᠬᠠᠤᠯᠢ ᠶᠢᠨ ᠪᠢᠴᠢᠭ ᠢ ᠤᠯᠠᠠ ᠲᠦᠮᠡᠡ ᠤ ᠲᠡᠷᠭᠡᠲᠠ ᠬᠦᠷᠭᠡᠵᠦ᠂ ᠤᠯᠠᠠ ᠲᠦᠮᠠᠠ ᠤ ᠰᠡᠳᠭᠢᠯ ᠳᠤ ᠬᠠᠲᠠᠩᠰᠢᠭᠤᠯᠬᠤ ᠪᠠᠷ ᠡᠯ᠎ᠠ ᠭᠠᠵᠠᠷ ᠤᠨ ᠬᠢᠨ ᠨᠢᠭᠡᠨᠲᠡ ᠠᠵᠢᠯᠯᠠᠵᠦ ᠡᠬᠢᠯᠡᠭᠰᠡᠨ ᠪᠠᠶᠢᠨ᠎ᠠ᠃   ᠤᠯᠤᠰ ᠢ ᠵᠠᠰᠠᠬᠤ ᠳᠤ ᠬᠠᠤᠯᠢ ᠳᠤ ᠲᠦᠰᠢᠭᠯᠡᠨ᠂ ᠤᠯᠤᠰ ᠢ ᠠᠮᠤᠷᠵᠢᠭᠤᠯᠬᠤ ᠳᠤ ᠪᠠᠷᠢᠮᠵᠢᠶ᠎ᠠ ᠳᠤ ᠲᠦᠰᠢᠭᠯᠡᠨ᠎ᠠ᠃ ᠡᠨᠡ ᠵᠢᠯ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ︽ᠰᠢᠶᠠᠩᠭᠠᠩ ᠤᠨᠴᠠᠭᠠᠢ ᠵᠠᠰᠠᠭ ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠤᠯᠤᠨ ᠭᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠪᠦᠷᠢᠠᠰᠢᠭᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠯ︾ ᠢ ᠬᠢᠨᠡᠡ ᠵᠦᠪᠯᠡᠵᠦ ᠪᠠᠲᠤᠯᠠᠠ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠨ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠭᠦᠯᠬᠦ︾ ᠦᠨᠲᠦᠰᠦ ᠶᠢ ᠪᠠᠬᠢᠯᠠᠵᠦ ᠰᠠᠭᠤᠷᠢ ᠶᠢ ᠴᠢᠩᠭᠠᠳᠬᠠᠵᠠᠢ᠃︽ᠪᠢᠲᠠ ᠲᠠᠷᠠᠭᠠᠴᠢ ᠶᠢᠨ ᠠᠯᠬᠤᠮ ᠤᠨ ᠠᠵᠢᠯ ᠳᠠᠭᠠᠨ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠬᠤᠯᠪᠤᠭᠲᠠᠯ ᠪᠦᠬᠦᠢ ᠬᠠᠤᠯᠢ ᠲᠤᠭᠲᠠᠭᠠᠬᠤ ᠠᠵᠢᠯ ᠢ ᠰᠠᠶᠢᠳᠤᠷ ᠬᠢᠵᠦ᠂ ᠦᠨᠲᠦᠰᠦᠨ ᠬᠠᠤᠯᠢ᠂ ᠰᠢᠶᠠᠩᠭᠠᠩ ᠤᠨ ᠦᠨᠲᠦᠰᠤ ᠪᠤᠯᠬᠤ ᠬᠠᠤᠯᠢ ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠤᠭᠲᠠᠯ ᠪᠦᠬᠦᠢ ᠲᠤᠭᠲᠠᠭᠠᠯ ᠤᠨ ᠲᠤᠬᠠᠢ ᠱᠠᠭᠠᠷᠲᠠᠯᠭ᠎ᠠ ᠪᠤᠯᠤᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠰᠢᠶᠠᠩᠭᠠᠩ ᠤᠨ ︿ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠭᠦᠯᠬᠦ﹀ ᠠᠵᠢᠯ ᠦᠢᠯᠡᠰ ᠢ ᠠᠯᠤᠰ ᠢ ᠵᠤᠷᠢᠨ ᠯᠠᠪᠲᠠᠭᠤᠨ ᠢᠶᠠᠷ ᠤᠷᠤᠭᠰᠢᠯᠠᠭᠤᠯᠬᠤ ᠶᠢ ᠪᠠᠲᠤᠯᠠᠬᠤ ᠭᠡᠷᠡᠭᠲᠡᠢ︾ ᠭᠡᠵᠦ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠤᠭᠲᠠᠭᠠᠬᠤ ᠠᠵᠢᠯ ᠤᠨ ᠵᠦᠪᠯᠡᠯ ᠤᠨ ᠦᠭᠦᠯᠡᠭᠴᠢ ᠽᠠᠩ ᠲᠢᠶᠧ ᠸᠧᠢ ᠬᠡᠯᠡᠪᠡ᠃   ᠬᠠᠤᠯᠢ ᠶᠤᠰᠤᠭᠠᠷ ᠬᠢᠵᠢᠭ ᠤᠨ ᠪᠠᠶᠢᠲᠠᠯ ᠢ ᠰᠡᠷᠭᠡᠶᠢᠯᠡᠨ᠎ᠠ᠄ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠨ᠎ᠠ   ᠲᠡᠪᠡᠨᠡ ᠶᠢᠨ ᠴᠢᠨᠡᠭᠡ ᠰᠦᠪᠡ ᠪᠠᠷ ᠲᠡᠮᠡᠭᠡᠨ ᠴᠢᠨᠡᠭᠡ ᠰᠠᠯᠬᠢ ᠨᠡᠪᠳᠡᠷᠡᠨ᠎ᠡ᠃ ᠶᠡᠷᠦᠩᠬᠡᠶ ᠱᠦᠵᠢ ᠰᠢ ᠶᠢᠨ ᠫᠢᠩ ᠬᠤᠪᠧᠶ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠣᠷᠣᠯᠴᠠᠬᠤ ᠳᠠᠭᠠᠨ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠡᠷᠴᠢᠯᠡᠨ ᠴᠢᠩᠭᠠᠯᠠᠬᠤ ᠬᠡᠷᠡᠭᠲᠡᠶ᠂ ᠪᠦᠬᠦ ᠶᠠᠪᠤᠴᠠ ᠳᠤ ᠪᠤᠯᠭᠤᠮᠵᠢᠳᠠᠢ ᠠᠵᠢᠯᠯᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠭᠠᠳᠠᠨ᠎ᠠ ᠠᠴᠠ ᠬᠠᠯᠳᠠᠪᠦᠷᠢᠯᠡᠨ ᠤᠷᠤᠵᠤ ᠢᠷᠡᠭᠦ ᠶᠢ ᠰᠡᠷᠭᠡᠶᠢᠯᠡᠵᠤ᠂ ᠲᠤᠳᠤᠨ᠎ᠠ ᠪᠠᠨ ᠲᠠᠷᠬᠠᠨ ᠲᠡᠯᠭᠡᠷᠡᠭᠦ ᠶᠢ ᠰᠡᠷᠭᠡᠶᠢᠯᠡᠭᠦ ᠠᠵᠢᠯ ᠢ ᠰᠡᠶᠢᠳᠤᠷ ᠠᠳᠬᠤᠵᠤ᠂ ᠬᠢᠯᠪᠠᠷ ᠪᠤᠰᠤ ᠪᠠᠷ ᠤᠯᠤᠬᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠶᠠᠭᠠᠬᠢᠭᠰᠠᠨ ᠴᠤ ᠲᠠᠯᠠᠭᠠᠷᠳᠠᠭᠤᠯᠵᠦ ᠪᠣᠯᠬᠤ ᠦᠭᠡᠢ ᠭᠡᠵᠦ ᠴᠢᠬᠤᠯᠠᠴᠢᠯᠠᠪᠠ᠃   ᠬᠠᠤᠯᠢ ᠪᠠᠷ ᠵᠠᠰᠠᠬᠤ ᠪᠣᠯ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠦᠨᠳᠦᠰᠦᠨ ᠠᠷᠭ᠎ᠠ ᠬᠡᠯᠪᠡᠷᠢ ᠮᠥᠨ᠂ ᠪᠠᠰᠠ ᠴᠤ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠴᠢᠬᠤᠯᠠ ᠪᠠᠲᠤᠯᠠᠭ᠎ᠠ ᠪᠠ ᠲᠤᠯᠭᠠᠭᠤᠷᠢᠯᠠᠯ ᠮᠥᠨ᠃   5 ᠰᠠᠷ᠎ᠠ ᠶᠢᠨ 30 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠲᠣᠭᠲᠠᠭᠠᠯ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠲᠤᠰ ᠤᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 4 ᠳᠤᠭᠤᠶᠢᠯᠠᠩ ᠬᠤᠪᠢᠶᠠᠨ 8 ᠮᠤᠵᠢ ᠣᠷᠣᠨ ᠳᠤ ᠲᠤᠬᠠᠢ ᠶᠢᠨ ᠭᠠᠵᠠᠷ ᠲᠤᠨᠢ ᠪᠣᠳᠠᠲᠠᠶ ᠪᠠᠶᠢᠴᠠᠭᠠᠯᠲᠠ ᠬᠢᠵᠡᠶ᠃ ᠡᠭᠦᠨ ᠤ ᠬᠠᠮᠲᠤ ᠪᠤᠰᠤᠳ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠨᠠᠶᠢᠳᠠᠵᠤ ᠪᠠᠶᠢᠴᠠᠭᠠᠯᠲᠠ ᠬᠢᠯᠭᠡᠵᠦ᠂ 31 ᠮᠤᠵᠢ ︵ᠣᠷᠣᠨ᠂ ᠬᠤᠲᠠ︶ ᠶᠢ ᠪᠦᠬᠦᠨ ᠢ ᠬᠠᠮᠤᠷᠤᠭᠤᠯᠪᠠ᠃   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠳᠠᠮᠵᠢᠭᠤᠯᠤᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠶᠢ ᠪᠦᠬᠦ ᠲᠠᠯ᠎ᠠ ᠪᠠᠷ ᠦᠨᠡᠯᠡᠨ ᠵᠢᠱᠢᠵᠦ᠂ ᠬᠠᠤᠯᠢ ᠳᠤ ᠵᠠᠰᠠᠪᠤᠷᠢ ᠣᠷᠣᠭᠤᠯᠬᠤ ᠠᠵᠢᠯ ᠳᠤ ᠦᠨᠳᠦᠰᠦᠯᠡᠯ ᠬᠠᠩᠭᠠᠨ᠎ᠠ᠂ ᠡᠨᠡ ᠪᠣᠯ ᠬᠠᠤᠯᠢ ᠲᠣᠭᠲᠠᠭᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠬᠤ ᠪᠣᠳᠠᠲᠠᠶ ᠠᠵᠢᠯᠯᠠᠭ᠎ᠠ ᠪᠣᠯᠤᠨ᠎ᠠ᠃   ᠬᠠᠤᠯᠢ ᠶᠣᠰᠣᠭᠠᠷ ᠬᠢᠵᠢᠭ ᠢ ᠰᠡᠷᠭᠡᠶᠢᠯᠡᠬᠦ ᠳᠤ᠂ ᠬᠠᠤᠯᠢ ᠴᠠᠭᠠᠵᠠ ᠶᠢᠨ ᠪᠠᠶᠢᠭᠤᠯᠭ᠎ᠠ ᠬᠢᠵᠢᠭ ᠤᠨ ᠪᠠᠶᠢᠳᠠᠯ ᠲᠠᠢ ᠲᠡᠮᠡᠴᠡᠭᠦ ᠠᠵᠢᠯ ᠤᠨ ᠬᠠᠮᠠᠭᠠᠯᠠᠬᠴᠢ ᠪᠤᠯᠬᠤ ᠬᠡᠷᠡᠭᠳᠠᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠭᠤᠸᠠᠩᠳᠦ᠋ᠩ ᠮᠤᠵᠢ ᠶᠢᠨ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠭᠦᠩ ᠵᠢᠶᠠ ᠯᠢ᠂ ᠬᠢᠵᠢᠭ ᠤᠨ ᠪᠠᠶᠢᠳᠠᠯ ᠢ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠭᠦ ᠶᠠᠪᠤᠴᠠ ᠳᠤ ᠬᠠᠤᠯᠢ ᠴᠠᠭᠠᠵᠠ ᠶᠢᠨ ᠠᠷᠭᠠᠴᠠᠭᠠᠯᠲᠠ ᠶᠢ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠤᠯᠢ ᠶᠣᠰᠣᠭᠠᠷ ᠪᠠᠳᠤᠯᠠᠬᠤ ᠶᠠᠪᠤᠳᠠᠯ᠂ ᠮᠥᠨ ᠯᠡ ᠲᠠᠷᠠᠭᠠᠴᠢ ᠶᠢᠨ ᠠᠯᠬᠤᠮ ᠤᠨ ᠬᠠᠤᠯᠢ ᠪᠠᠷᠢᠬᠤ ᠠᠵᠢᠯ ᠤᠨ ᠵᠠᠩᠭᠢᠯᠠᠭ᠎ᠠ ᠪᠣᠯᠤᠨ᠎ᠠ᠃   ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠭ ︽ᠺᠦᠨᠯᠦ᠋ᠨ 2020︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠳᠡᠭᠡᠨ ᠪᠠ ᠡᠮ ᠤᠨ ᠵᠦᠶ᠋ᠯᠡᠰ ᠤᠨ ᠣᠷᠴᠢᠨ ᠲᠣᠭᠤᠷᠢᠨ ᠪᠠ ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠪᠥᠬᠦ ᠡᠯᠧᠮᠧᠨ᠋ᠲ᠂ ᠪᠥᠬᠦ ᠭᠤᠭᠴᠤᠭ᠎ᠠ᠂ ᠪᠥᠬᠦ ᠬᠡᠯᠬᠢᠶ᠎ᠡ︾ ᠪᠠᠷ ᠲᠠᠩᠨᠠᠨ ᠪᠠᠶᠢᠴᠠᠭᠠᠵᠦ ᠰᠢᠶ᠋ᠳᠪᠦᠷᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠨᠥᠬᠦᠴᠡᠯ ᠳᠣᠤᠷ᠎ᠠ ᠲᠠᠩᠨᠠᠨ ᠪᠠᠶᠢᠴᠠᠭᠠᠵᠤ ᠴᠣᠬᠢᠯᠲᠠ ᠥᠭᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ᠃   ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠱᠠᠨᠰᠢ ᠮᠤᠵᠢ ᠶᠢᠨ ᠰᠢ ᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠯᠢᠶᠠᠨ ᠬᠤ᠋ ᠬᠤᠪᠢᠶᠠᠷᠢ ᠲᠣᠪᠴᠢᠶᠠᠨ ᠤ ᠬᠥᠳᠡᠯᠮᠦᠷᠢ ᠡᠮᠦᠨ᠎ᠡ ᠵᠠᠮ ᠤᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠬᠤᠤ ᠱᠢ ᠯᠢᠩ᠂ ᠬᠠᠭᠤᠷᠮᠠᠭ ᠦᠢᠯᠡᠳᠬᠦᠨ ᠦᠶ᠋ᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠦ᠂ ᠬᠠᠭᠤᠷᠮᠠᠭ ᠦᠢᠯᠡᠳᠬᠦᠨ ᠦᠶ᠋ᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠠᠯᠢᠪᠠ ᠶᠠᠯᠠᠲᠤ ᠠᠵᠢᠯᠯᠠᠭ᠎ᠠ ᠳᠤ ᠡᠷᠡᠰ ᠴᠤᠬᠢᠯᠳᠠ ᠦᠭᠬᠦ ᠬᠡᠷᠡᠭᠲᠡᠢ ᠭᠡᠵᠦ ᠢᠯᠡᠳᠭᠡᠪᠡ᠃   ᠬᠠᠤᠯᠢ ᠶᠢ ᠭᠤᠣᠯᠴᠢ ᠪᠠᠷ ᠪᠠᠷᠢᠨ᠎ᠠ᠄ ᠵᠠᠯᠬᠠᠭᠠᠨ ᠰᠢᠢᠳᠬᠡᠬᠦ ᠰᠡᠯᠡᠮ᠎ᠡ ᠶᠢ ᠨᠡᠩ ᠬᠤᠷᠴᠠᠯᠠᠨ ᠰᠠᠬᠢᠨ ᠬᠠᠮᠠᠭᠠᠯᠠᠬᠤ ᠪᠠᠮᠪᠠᠢ ᠶᠢ ᠨᠡᠩ ᠪᠠᠬᠢᠯᠡᠨ᠎ᠡ   ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠠᠪᠤᠳᠠᠯ ᠨᠡᠶᠢᠭᠡᠮ ᠳᠠᠶᠠᠭᠠᠷ ᠤᠨ ᠠᠩᠬᠠᠷᠤᠯ ᠢ ᠲᠠᠲᠠᠵᠤ ᠪᠠᠶᠢᠨ᠎ᠠ᠃   29 ᠤ ᠡᠳᠦᠷ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠬᠠᠮᠳᠤᠷᠠᠨ ︽ᠨᠠᠰᠤᠨ ᠳᠤ ᠥᠯᠥ ᠭᠦᠷᠦᠭᠰᠡᠳ ᠢ ᠬᠦᠨᠦᠭᠡᠭᠰᠡᠨ ᠬᠡᠷᠡᠭ ᠢ ᠠᠯᠪᠠᠲᠠᠨ ᠮᠡᠳᠡᠭᠦᠯᠬᠦ ᠲᠦᠷᠢᠮ ᠲᠤᠬᠳᠠᠭᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠪᠠ᠃   ᠰᠠᠨᠠᠯ ᠳᠤ ᠪᠡᠯᠭᠡ ᠶᠢᠨ ᠬᠠᠯᠳᠠᠯᠭ᠎ᠠ᠂ ᠬᠠᠯᠠ ᠦᠵᠡᠭᠦᠯᠬᠦ᠂ ᠳᠣᠷᠣᠮᠵᠢᠯᠠᠬᠤ᠂ ᠭᠤᠯᠣᠵᠤ ᠭᠡᠭᠡᠬᠦ᠂ ᠮᠡᠬᠡᠯᠡᠨ ᠬᠤᠳᠠᠯᠳᠤᠬᠤ᠂ ᠨᠠᠰᠤᠨ ᠳᠤ ᠥᠯᠥ ᠬᠦᠷᠦᠭᠰᠡᠳ ᠢ ᠵᠣᠬᠢᠶᠠᠨ ᠪᠠᠶᠢᠭᠤᠯᠵᠤ ᠭᠤᠶᠢᠷᠠᠨᠴᠢᠯᠠᠭᠤᠯᠬᠤ ᠵᠡᠷᠭᠡ ᠨᠠᠰᠤᠨ ᠳᠤ ᠥᠯᠥ ᠬᠦᠷᠦᠭᠰᠡᠳ ᠤᠨ ᠬᠠᠤᠯᠢ ᠪᠤᠰᠤ ᠬᠦᠨᠦᠭᠡᠯ ᠳᠤ ᠤᠴᠠᠷᠠᠭᠰᠠᠨ ᠶᠢᠰᠦᠨ ᠲᠦᠷᠦᠯ ᠤᠨ ᠪᠠᠶᠢᠳᠠᠯ ᠢ ᠲᠣᠭᠲᠠᠭᠠᠵᠤ ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠡᠷᠬᠡᠪᠰᠢ ᠲᠡᠷᠡ ᠳᠠᠷᠤᠶ ᠳᠤᠨᠢ ᠬᠡᠷᠡᠭ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃   ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠴᠦᠩᠴᠢᠩ ᠬᠤᠲᠠ ᠶᠢᠨ ᠰᠢᠶᠧ ᠵᠢᠶᠠ ᠸᠠᠨ ᠪᠠᠭ᠎ᠠ ᠰᠤᠷᠭᠠᠭᠤᠯᠢ ᠶᠢᠨ ᠵᠠᠬᠢᠷᠤᠯ ᠯᠢᠦ ᠰᠢ ᠶᠠ᠂ ᠡᠨᠡ ᠪᠣᠯ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠵᠠᠯᠠᠭᠤᠴᠤᠳ ᠪᠠᠭᠠᠴᠤᠳ ᠢ ᠡᠷᠡᠭᠦᠯ ᠴᠢᠭᠢᠷᠠᠭ ᠠᠮᠤᠷ ᠲᠦᠪᠰᠢᠨ ᠦᠰᠦᠨ ᠪᠤᠶᠢᠵᠢᠬᠤ ᠣᠷᠴᠢᠨ ᠲᠣᠭᠤᠷᠢᠨ ᠲᠠᠢ ᠪᠣᠯᠭᠠᠵᠤ᠂ ᠵᠠᠯᠠᠭᠤᠴᠤᠳ ᠪᠠᠭᠠᠴᠤᠳ ᠢ ᠬᠦᠨᠦᠭᠡᠭᠰᠡᠨ ᠶᠠᠯᠠᠲᠤ ᠠᠵᠢᠯᠯᠠᠭ᠎ᠠ ᠶᠢ ᠡᠷᠬᠡᠪᠰᠢ ᠴᠢᠩᠭ᠎ᠠ ᠰᠢᠢᠳᠬᠡᠬᠦ ᠬᠡᠷᠡᠭᠲᠡᠶ ᠭᠡᠪᠡ᠃   ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠪᠠᠭᠠᠲᠤᠷ ᠵᠢᠱᠢᠶᠡᠴᠢ ᠵᠠᠩ ᠴᠢᠩ ᠪᠢᠨ᠂ ᠠᠷᠠᠳ ᠤᠨ ᠳᠡᠭᠡᠲᠦ ᠰᠢᠬᠦᠬᠦ ᠬᠤᠷᠢᠶ᠎ᠠ ᠪᠠ ᠠᠷᠠᠳ ᠤᠨ ᠳᠡᠭᠡᠲᠦ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠵᠦᠶ ᠶᠣᠰᠣᠨ ᠤ ᠬᠠᠮᠠᠭᠠᠯᠠᠯᠲᠠ ᠶᠢᠨ ᠬᠡᠷᠡᠭ ᠤᠨ ᠵᠢᠱᠢᠶ᠎ᠡ ᠶᠢ ᠢᠳᠡᠪᠬᠢᠲᠡᠶ ᠪᠠᠷ ᠤᠬᠠᠭᠤᠯᠵᠤ᠂ ᠵᠦᠶ ᠶᠣᠰᠣᠨ ᠤ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠤᠬᠠᠮᠰᠠᠷ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠦ᠂ ︽ᠬᠠᠤᠯᠢ ᠨᠢ ᠬᠠᠤᠯᠢ ᠪᠤᠰᠤ ᠪᠠᠶᠢᠳᠠᠯ ᠳᠤ ᠨᠠᠶᠢᠷ ᠦᠯᠦ ᠲᠠᠯᠪᠢᠬᠤ︾ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠢᠯᠡᠳᠭᠡᠪᠡ᠃   ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭᠲᠠᠢ ᠪᠠᠶᠢᠯᠭᠠᠬᠤ᠂ ᠠᠷᠠᠳ ᠲᠤ ᠦᠢᠯᠡᠴᠢᠯᠡᠬᠦ ᠲᠠᠯ᠎ᠠ ᠪᠠᠷ ᠬᠠᠤᠯᠢ ᠴᠠᠭᠠᠵᠠ ᠶᠢᠨ ᠪᠠᠶᠢᠭᠤᠯᠭ᠎ᠠ ᠨᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠠᠵᠢᠯᠯᠠᠭ᠎ᠠ ᠥᠷᠨᠢᠭᠦᠯᠵᠦ ᠪᠤᠢ᠃   ᠵᠧᠵᠢᠶᠠᠩ ᠳᠤ ᠰᠢᠬᠦᠭᠦ ᠬᠤᠷᠢᠶᠠᠨ ᠤ ᠰᠢᠰᠲ᠋ᠧᠮ ᠤᠨ ᠬᠢᠨ ᠤᠶᠤᠨᠲᠦ ᠰᠢᠬᠦᠭᠦ ᠬᠤᠷᠢᠶᠠᠨ ᠤ ᠪᠠᠶᠢᠭᠤᠯᠤᠯᠲᠠ ᠪᠠᠷ ᠲᠦᠯᠦᠭᠡᠯᠡᠭᠦᠯᠦᠭᠰᠡᠨ ᠬᠠᠤᠯᠢ ᠴᠠᠭᠠᠵᠠ ᠶᠢᠨ ᠰᠢᠨ᠎ᠡ ᠶᠢ ᠡᠭᠦᠳᠬᠦ ᠦᠢᠯᠡᠳᠦᠯᠭᠡ ᠬᠢᠵᠦ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠤᠯᠵᠦ ᠪᠤᠢ᠄ ᠬᠠᠨᠭ᠍ᠵᠸᠦ ᠶᠢᠨ ᠢᠨᠲᠧᠷ ᠰᠦᠯᠵᠢᠶᠠᠨ ᠤ ᠰᠢᠬᠦᠬᠦ ᠬᠤᠷᠢᠶ᠎ᠠ ᠨᠢ ᠬᠡᠷᠡᠭ ᠲᠠᠩᠰᠠᠯᠠᠬᠤ ᠠᠴᠠ ᠬᠦᠷᠭᠡᠵᠦ ᠲᠤᠰᠢᠶᠠᠬᠤ ᠬᠦᠷᠲᠡᠯᠡᠬᠢ ᠪᠦᠬᠦ ᠶᠠᠪᠤᠴᠠ ᠶᠢ ᠴᠦᠮ ᠰᠦᠯᠵᠢᠶᠡᠨ ᠳᠡᠭᠡᠷ᠎ᠡ ᠭᠦᠢᠴᠡᠳᠭᠡᠬᠦ ᠵᠠᠷᠭᠤᠯᠳᠤᠬᠤ ᠰᠢᠨ᠎ᠡ ᠵᠠᠭᠪᠤᠷ ᠢ ᠲᠦᠷᠦᠭᠦᠯᠡᠨ ᠬᠡᠷᠡᠭᠵᠢᠭᠦᠯᠵᠦ᠂ ᠨᠡᠭᠦᠳᠡᠯ ᠪᠢᠴᠢᠯ ᠰᠢᠬᠦᠬᠦ ᠬᠤᠷᠢᠶ᠎ᠠ ᠨᠢ ᠨᠢᠩᠪᠦ᠋ᠸᠧ ᠠᠴᠠ ᠪᠦᠬᠦ ᠤᠯᠤᠰ ᠤᠨ ᠬᠡᠪᠴᠢᠶᠡᠨ ᠳᠤ ᠳᠡᠯᠭᠡᠷᠡᠨ ᠬᠡᠷᠡᠭᠵᠢᠭᠦᠯᠦᠭᠳᠡᠵᠦ ᠪᠠᠶᠢᠨ᠎ᠠ ᠁   ᠡᠳᠡᠭᠡᠷ ᠬᠠᠤᠯᠢ ᠴᠠᠭᠠᠵᠠ ᠶᠢᠨ ᠰᠢᠨ᠎ᠡ ᠡᠭᠦᠳᠦᠯᠲᠡ ᠨᠢ ᠮᠡᠳᠡᠭᠡ ᠵᠠᠩᠭᠢᠴᠢᠯᠠᠯᠲᠠ᠂ ᠣᠶᠤᠨᠴᠢᠯᠠᠯᠲᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠢᠯᠡᠷᠡᠭᠦᠯᠦᠭᠰᠡᠨ ᠮᠥᠷᠲᠡᠭᠡᠨ ᠪᠠᠰᠠ ᠠᠷᠠᠳ ᠲᠦᠮᠡᠨ ᠳᠤ ᠦᠶ᠋ᠯᠡᠴᠢᠯᠡᠬᠦ ᠵᠣᠷᠢᠯᠲᠠ ᠪᠠ ᠠᠷᠠᠳ ᠤᠨ ᠲᠥᠯᠥᠭᠡ ᠬᠠᠤᠯᠢ ᠪᠠᠷᠢᠬᠤ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠪᠠ᠃              ︵ᠰᠤᠷᠪᠤᠯᠵᠢᠯᠠᠭᠴᠢ᠄ ᠦ᠋ ᠱᠤᠸᠠᠢ ᠱᠤᠸᠠᠢ ᠬᠤᠸᠠᠩ ᠠᠨ ᠴᠢ ᠶᠠᠩ ᠸᠧᠨ ᠦ᠋ ᠶᠠᠨ ᠲᠢᠩ ᠴᠧᠨ ᠭᠦᠸᠧ ᠵᠧᠤ ᠵᠧᠤ ᠶᠢᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号