ᠪᠠᠭᠠᠳᠠᠯ᠎ᠠ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠵᠢᠯ ᠤᠨ ᠲᠤᠷᠰᠢᠯᠭ᠎ᠠ ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/9/18
               ᠪᠠᠭᠠᠳᠠᠯ᠎ᠠ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ      ᠠᠵᠢᠯ ᠤᠨ ᠲᠤᠷᠰᠢᠯᠭ᠎ᠠ ᠶᠢᠨ ᠲᠤᠬᠠᠢ ᠰᠤᠷᠪᠤᠯᠵᠢᠯᠠᠭ᠎ᠠ              ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠨᠥᠳᠦᠷ ᠪᠢᠳᠡ ᠠᠵᠠ ᠪᠠᠷ ᠪᠠᠭᠠᠳᠠᠯ᠎ᠠ ᠰᠤᠮᠤ ᠶᠢᠨ ᠨᠠᠮ ᠤᠨ ᠬᠤᠷᠢᠶᠠᠨ ᠤ ᠱᠦᠵᠢ ᠯᠢᠶᠠᠩ ᠰᠢᠤᠢ ᠪᠢᠨ ᠢ ᠤᠷᠢᠵᠤ᠂  ᠪᠠᠭᠠᠳᠠᠯ᠎ᠠ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠵᠢᠯ ᠤᠨ ᠲᠤᠬᠠᠢ ᠤᠯᠠᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠬᠤ ᠪᠤᠯᠤᠨ᠎ᠠ᠃ ᠯᠢᠶᠠᠩ ᠱᠦᠵᠢ  ᠲᠠᠨ ᠢ ᠪᠠᠶᠠᠷᠯᠠᠨ ᠤᠭᠲᠤᠵᠤ ᠪᠠᠶᠢᠨ᠎ᠠ︕    ﹇ᠯᠢᠶᠠᠩ ᠰᠢᠦᠢ ᠪᠢᠨ﹈ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠲᠤᠩ ᠪᠠᠶᠠᠷᠲᠠᠶ ᠪᠠᠢᠨ᠎ᠠ᠃ ᠰᠦᠯᠵᠢᠶᠡᠨ ᠤ ᠠᠨᠳᠠ ᠨᠠᠷ ᠤᠨ ᠮᠠᠨ ᠤ ᠪᠠᠭᠠᠳᠠᠯ᠎ᠠ ᠰᠤᠮᠤ ᠶᠢᠨ ᠠᠵᠢᠯ ᠢ ᠢᠮᠠᠭᠲᠠ ᠠᠩᠬᠠᠷᠴᠤ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕    ᠬᠥᠲᠥᠯᠥᠭᠴᠢ᠄ ᠪᠠᠭᠠᠳᠠᠯ᠎ᠠ ᠰᠤᠮᠤ ᠮᠠᠨ ᠤ ᠬᠤᠶᠢᠲᠤ ᠬᠤᠰᠢᠭᠤᠨ ᠤ ᠬᠥᠮᠦᠰ ᠲᠤ ᠠᠪᠴᠤ ᠬᠡᠯᠡᠪᠡᠯ ᠪᠦᠷ ᠲᠠᠨᠢᠯ ᠲᠠᠰᠤᠯ ᠪᠠᠶᠢᠳᠠᠭ᠂ ᠰᠦᠯᠵᠢᠶᠡᠨ ᠤ ᠠᠨᠳᠠ ᠨᠠᠷ ᠤᠨ ᠣᠶᠢᠯᠠᠭᠠᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠶᠠᠭᠤᠨ ᠤ ᠡᠮᠦᠨ᠎ᠡ ᠲᠠ ᠪᠠᠭᠠᠳᠠᠯ᠎ᠠ ᠰᠤᠮᠤ ᠪᠠᠨ ᠲᠠᠨᠢᠯᠴᠠᠭᠤᠯᠤᠭᠠᠷᠠᠢ︕    ﹇ᠯᠢᠶᠠᠩ ᠰᠢᠤᠢ ᠪᠢᠨ﹈ ᠪᠠᠭᠠᠳᠠᠯ᠎ᠠ ᠰᠤᠮᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠶᠢᠲᠤ ᠬᠡᠰᠡᠭ ᠲᠤ ᠪᠠᠶᠢᠷᠢᠯᠠᠵᠤ ᠪᠠᠶᠢᠨ᠎ᠠ᠃ ᠮᠠᠯ ᠠᠵᠤ ᠠᠬᠤᠶ ᠪᠠᠷ ᠭᠤᠤᠯ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ ᠭᠠᠵᠠᠷ ᠣᠷᠣᠨ ᠪᠤᠯᠤᠨ᠎ᠠ᠂ ︽ᠳᠤᠮᠳᠠᠳᠤ ᠤᠯᠤᠰ ᠤᠨ ᠰᠢᠮᠧᠨ᠋ᠲ᠋ᠡᠷ ᠦᠬᠡᠷ ᠤᠨ ᠡᠪᠡᠰᠦᠲᠦ ᠭᠠᠵᠠᠷ ᠤᠨ ᠲᠥᠷᠥᠯ ᠬᠡᠯᠪᠡᠷᠢ ᠶᠢᠨ ᠰᠦᠷᠦᠭ︾ ᠤᠨ ᠡᠭᠦᠰᠦᠯᠲᠡ ᠶᠢᠨ ᠭᠠᠵᠠᠷ ᠮᠥᠨ᠃ 17 ᠵᠠᠰᠠᠭ ᠵᠠᠬᠢᠷᠭᠠᠨ ᠤ ᠲᠣᠰᠬᠤᠨ᠂ 53 ᠪᠠᠶᠢᠭᠠᠯᠢ ᠠᠶᠢᠯ᠂ 5092 ᠡᠷᠦᠬᠡ᠂ 1.6 ᠲᠦᠮᠡᠨ ᠬᠥᠮᠦᠨ ᠠᠮᠠ ᠲᠠᠢ᠂ ᠡᠭᠦᠨ ᠤ ᠳᠣᠲᠣᠷ᠎ᠠ ᠮᠣᠩᠭᠤᠯ ᠦᠨᠳᠦᠰᠦᠲᠡᠨ ᠤ ᠬᠥᠮᠦᠨ ᠠᠮᠠ 98% ᠶᠢ ᠡᠵᠡᠯᠡᠵᠦ ᠪᠠᠶᠢᠨ᠎ᠠ᠃ ᠰᠤᠮᠤᠨ ᠤ ᠨᠠᠮ ᠤᠨ ᠬᠤᠷᠢᠶᠠᠨ ᠤ ᠳᠣᠤᠷ᠎ᠠ 25 ᠨᠠᠮ ᠤᠨ ᠡᠭᠦᠷ ᠪᠠᠶᠢᠭᠤᠯᠵᠤ᠂ ᠨᠡᠶᠢᠲᠡ 701 ᠨᠠᠮ ᠤᠨ ᠬᠡᠰᠢᠬᠦᠨ ᠲᠠᠢ᠂ ᠡᠭᠦᠨ ᠳᠤ 520 ᠮᠠᠯᠴᠢᠨ ᠲᠠᠷᠢᠶᠠᠴᠢᠨ ᠨᠠᠮ ᠤᠨ ᠭᠡᠰᠢᠭᠦᠨ ᠪᠠᠶᠢᠨ᠎ᠠ᠃ ᠣᠲᠣ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 675 ᠡᠷᠦᠬᠡ 1813 ᠬᠥᠮᠦᠨ ᠪᠠᠶᠢᠵᠤ᠂ ᠶᠡᠷᠦᠩᠬᠡᠶᠢᠯᠡᠭᠰᠡᠨ ᠶᠠᠳᠠᠭᠤᠷᠠᠯ ᠤᠨ ᠨᠣᠷᠮ᠎ᠠ 0.3% ᠳᠤ ᠬᠦᠷᠴᠡᠶ᠃ ᠪᠦᠬᠦ ᠰᠤᠮᠤᠨ ᠤ ᠪᠦᠬᠦ ᠭᠠᠵᠠᠷ ᠰᠢᠷᠣᠶ ᠶᠢᠨ ᠲᠠᠯᠠᠪᠠᠢ 151.49 ᠲᠦᠮᠡᠨ ᠮᠦ᠂ ᠲᠠᠷᠢᠶᠠᠨ ᠭᠠᠵᠠᠷ ᠤᠨ ᠲᠠᠯᠠᠪᠠᠶ 18.6 ᠲᠦᠮᠡᠨ ᠮᠥ᠂ ᠡᠭᠦᠨ ᠳᠤ ᠤᠰᠤᠨ ᠲᠤᠲᠤᠷᠭ᠎ᠠ ᠶᠢᠨ ᠲᠠᠯᠠᠪᠠᠶ 0.89 ᠲᠦᠮᠡᠨ ᠮᠥ ᠪᠠᠶᠢᠨ᠎ᠠ᠃ ᠣᠢ ᠮᠣᠳᠣᠨ ᠤ ᠲᠠᠯᠠᠪᠠᠢ 17.8 ᠲᠦᠮᠡᠨ ᠮᠦ᠂ ᠬᠠᠳᠤᠯᠠᠩ ᠪᠡᠯᠴᠢᠭᠡᠷ ᠤᠨ ᠲᠠᠯᠠᠪᠠᠢ 100.8 ᠲᠦᠮᠡᠨ ᠮᠦ ᠪᠤᠢ᠃ 2019 ᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ 1.5 ᠳ᠋ᠦᠩᠰᠢᠭᠤᠷ ᠵᠢᠩ ᠬᠦᠷᠴᠦ᠂ ᠪᠤᠳᠠ ᠪᠤᠭ ᠮᠠᠯ ᠤᠨ ᠲᠤᠭ᠎ᠠ ᠲᠣᠯᠣᠭᠠᠶ 11 ᠲᠦᠮᠡ ᠬᠦᠷᠪᠡ᠂ ᠡᠭᠦᠨ ᠳᠤ ᠦᠬᠡᠷ 5.68 ᠲᠦᠮᠡ ᠬᠦᠷᠴᠦ᠂ ᠮᠠᠯᠴᠢᠨ ᠲᠠᠷᠢᠶᠠᠴᠢᠳ ᠤᠨ ᠬᠥᠮᠦᠨ ᠳᠤᠮᠳᠠᠴᠢ ᠴᠡᠪᠡᠷ ᠣᠷᠣᠯᠭ᠎ᠠ 9202 ᠲᠥᠭᠦᠷᠢᠭ ᠬᠦᠷᠴᠡᠶ᠃ ᠬᠢᠯᠢ ᠶᠢᠨ ᠳᠣᠲᠣᠷᠠᠬᠢ ᠴᠠᠬᠢᠭᠤᠷᠲᠤ ᠡᠯᠡᠰᠦᠨ ᠤ ᠡᠬᠢ ᠪᠠᠶᠠᠯᠢᠭ ᠡᠯᠪᠡᠭ᠂ ᠲᠠᠷᠬᠠᠯᠲᠠ ᠨᠢ ᠨᠡᠯᠢᠶᠡᠳ ᠥᠷᠭᠡᠨ᠂ ᠠᠭᠤᠷᠬᠠᠢ ᠶᠢᠨ ᠴᠡᠭ 10 ᠭᠠᠷᠤᠶ ᠪᠠᠶᠢᠳᠠᠭ᠃ ᠵᠠᠮ ᠬᠠᠷᠢᠯᠴᠠᠭ᠎ᠠ ᠲᠥᠬᠦᠮ᠂ ᠤᠯᠤᠰ ᠤᠨ ᠵᠠᠮ ᠤᠨ ︽304︾ ᠱᠤᠭᠤᠮ ᠪᠠ ᠰᠢᠨ ᠯᠦ ᠲᠦᠷᠭᠡᠨ ᠵᠠᠰᠠᠮᠠᠯ ᠵᠠᠮ ᠡᠮᠦᠨ᠎ᠡ ᠤᠮᠠᠷ᠎ᠠ ᠶᠢ ᠬᠥᠨᠳᠡᠯᠡᠨ ᠰᠤᠨᠳᠠᠯᠠᠵᠤ ᠪᠠᠶᠢᠨ᠎ᠠ᠃    ᠬᠥᠲᠥᠯᠥᠭᠴᠢ᠄ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠶᠢᠨ ᠪᠦᠬᠦ ᠲᠠᠯ᠎ᠠ ᠪᠠᠷ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ ᠬᠦᠷᠪᠡ᠂ ᠪᠠᠭᠠᠳᠠᠯ᠎ᠠ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ  ᠶᠢᠨ ᠠᠵᠢᠯ ᠤᠨ ᠲᠤᠬᠠᠢ ᠶᠡᠷᠦᠩᠭᠡᠢ ᠰᠡᠳᠬᠢᠮᠵᠢ ᠶᠠᠮᠠᠷ ᠪᠤᠢ︖     ﹇ᠯᠢᠶᠠᠩ ᠰᠢᠤᠢ ᠪᠢᠨ﹈ ᠣᠶᠢᠷ᠎ᠠ ᠶᠢᠨ ᠵᠢᠯ ᠳᠤ᠂ ᠮᠠᠨ ᠤ ᠰᠤᠮᠤ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠦᠵᠡᠯ ᠰᠠᠨᠠᠭ᠎ᠠ ᠪᠣᠯᠤᠨ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠡᠯ᠎ᠡ ᠱᠠᠲᠤᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠣᠨᠣᠪᠴᠢᠲᠠᠶ︾᠂ ︽ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠣᠰᠬᠤᠨ ᠡᠷᠦᠬᠡ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠣᠳᠠᠲᠠᠶ ᠪᠥᠭᠡᠳ ᠨᠠᠷᠢᠯᠢᠭ ᠠᠳᠬᠤᠵᠤ ᠴᠢᠩᠭ᠎ᠠ ᠠᠳᠬᠤᠵᠤ᠂ ᠡᠷᠦᠬᠡ ᠠᠮᠠ ᠶᠢ ᠶᠠᠳᠠᠭᠤ ᠠᠴᠠ ᠠᠩᠭᠢᠵᠢᠷᠠᠭᠤᠯᠬᠤ ᠲᠣᠰᠬᠤᠨ ᠠᠴᠠ ᠭᠠᠷᠭᠠᠬᠤ ᠬᠠᠷᠠᠯᠲᠠ ᠶᠢ ᠤᠷᠤᠭᠰᠢᠲᠠᠢ ᠪᠡᠶᠡᠯᠡᠬᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠲᠡᠭᠡᠭᠰᠢᠯᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃    ᠬᠥᠲᠥᠯᠥᠭᠴᠢ᠄ ᠠᠵᠢᠯ ᠤᠨ ᠳᠡᠰ ᠳᠠᠷᠠᠭᠠᠯᠠᠯ ᠤᠨ ᠲᠠᠯ᠎ᠠ ᠠᠴᠠ ᠠᠪᠴᠤ ᠬᠡᠯᠡᠪᠡᠯ᠂ ᠶᠠᠳᠠᠭᠤ ᠶᠢ ᠲᠡᠳᠬᠦᠬᠦ ᠠᠵᠢᠯ ᠤᠨ ᠨᠢᠭᠡᠳᠦᠭᠡᠷ ᠠᠯᠬᠤᠮ ᠪᠣᠯ ᠶᠠᠳᠠᠭᠤ ᠬᠦᠴᠢᠷᠳᠡᠯᠲᠡᠶ ᠡᠷᠦᠬᠡ ᠶᠢ ᠢᠯᠭᠠᠨ ᠲᠠᠨᠢᠬᠤ ᠶᠠᠪᠤᠳᠠᠯ ᠪᠣᠯᠤᠨ᠎ᠠ᠂ ᠪᠠᠭᠠᠳᠠᠯ᠎ᠠ ᠰᠤᠮᠤ ᠶᠠᠳᠠᠭᠤ ᠬᠦᠴᠢᠷᠳᠡᠯᠲᠡᠶ ᠡᠷᠦᠬᠡ ᠶᠢ ᠬᠡᠷᠬᠢᠨ ᠢᠯᠭᠠᠨ ᠲᠠᠨᠢᠭᠰᠠᠨ ᠪᠣᠶ︖    ﹇ᠯᠢᠶᠠᠩ ᠰᠢᠦᠢ ᠪᠢᠨ﹈ ᠮᠠᠨ ᠤ ᠰᠤᠮᠤ ᠪᠠᠷᠢᠮᠵᠢᠶᠠᠲᠤ ᠳᠡᠰ ᠳᠠᠷᠠᠭᠠᠯᠠᠯ ᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠳᠡᠭᠡᠳ ᠢ ᠢᠯᠭᠠᠨ ᠲᠠᠨᠢᠵᠤ ᠭᠠᠷᠭᠠᠬᠤ ᠪᠣᠭᠤᠮᠲᠠ ᠶᠢ ᠴᠢᠩᠭ᠎ᠠ ᠠᠳᠬᠤᠵᠠᠶ᠃ ᠵᠢᠯ ᠤᠨ ᠡᠬᠢᠨ ᠳᠤ 575 ᠶᠠᠳᠠᠭᠤ ᠬᠦᠴᠢᠷᠳᠡᠯᠲᠡᠶ ᠡᠷᠦᠬᠡ ᠶᠢᠨ 1450 ᠬᠥᠮᠦᠨ ᠢ ᠮᠠᠭᠠᠳᠯᠠᠨ ᠲᠣᠭᠲᠠᠭᠠᠵᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠲᠤ ᠤᠷᠢᠳ ᠬᠤᠵᠢᠳ 5 ᠤᠳᠠᠭ᠎ᠠ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠣᠳᠣᠬᠠᠨ ᠳᠤ ᠶᠠᠳᠠᠭᠤ ᠬᠦᠴᠢᠷᠳᠡᠯᠲᠡᠶ ᠡᠷᠦᠬᠡ 673 ᠡᠷᠦᠭᠡ᠂ 1805 ᠬᠥᠮᠦᠨ ᠠᠮᠠ ᠪᠤᠢ᠂ ᠡᠬᠦᠨ ᠤ ᠳᠣᠲᠣᠷ᠎ᠠ ᠶᠠᠳᠠᠭᠤ ᠠᠴᠠ ᠠᠩᠭᠢᠵᠢᠷᠠᠭᠠᠳᠤᠢ ᠨᠢ 668 ᠡᠷᠦᠬᠡ 1787 ᠬᠥᠮᠦᠨ ᠠᠮᠠ ᠪᠤᠢ ᠃ ᠡᠭᠦᠨ ᠳᠤ ᠨᠢᠭᠡᠨᠲᠡ 668 ᠡᠷᠦᠬᠡ ᠶᠢᠨ 1787 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ 5 ᠡᠷᠦᠬᠡ ᠶᠢᠨ 18 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ ᠨᠤᠷᠮ᠎ᠠ 2014 ᠣᠨ ᠳᠤ 10.5% ᠪᠠᠶᠢᠭᠰᠠᠨ ᠠᠴᠠ ᠪᠠᠨ 0.1% ᠪᠣᠯᠤᠨ ᠪᠠᠭᠤᠷᠠᠪᠠ᠃ ᠪᠣᠳᠠᠲᠠᠶ ᠪᠠᠷ ᠬᠡᠯᠡᠪᠡᠯ᠄ ᠨᠢᠭᠡ ᠳᠤ ᠢᠯᠭᠠᠨ ᠲᠠᠨᠢᠬᠤ ᠪᠠᠷᠢᠮᠵᠢᠶ᠎ᠠ ᠶᠢ ᠪᠠᠷᠢᠮᠲᠠᠯᠠᠨ᠎ᠠ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ᠂ ᠨᠢᠭᠡ ᠶᠢ ᠳᠣᠣᠷ᠎ᠠ ᠪᠠᠶᠢᠯᠭᠠᠬᠤ᠂ ᠨᠢᠭᠡ ᠶᠢ ᠥᠨᠳᠥᠷ ᠪᠠᠶᠢᠯᠭᠠᠬᠤ︾ ᠪᠠᠷᠢᠮᠵᠢᠶ᠎ᠠ ᠶᠢᠨ ᠲᠣᠭᠤᠷᠢᠨ ᠳᠤ᠂ ᠡᠷᠦᠬᠡ ᠳᠠᠷᠠᠭᠠᠯᠠᠨ ᠬᠢᠨᠠᠨ ᠬᠠᠷᠭᠤᠭᠤᠯᠵᠤ᠂ ᠣᠷᠣᠯᠭ᠎ᠠ ᠵᠠᠷᠤᠯᠭ᠎ᠠ ᠶᠢᠨ ᠳᠠᠩᠰᠠ ᠶᠢ ᠣᠨᠣᠪᠴᠢᠲᠠᠶ ᠪᠣᠳᠣᠵᠤ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠢᠯᠭᠠᠨ ᠲᠠᠨᠢᠬᠤ ᠪᠠ ᠤᠬᠤᠷᠢᠨ ᠭᠠᠷᠬᠤ ᠡᠳᠡᠭᠡᠳ ᠢ ᠣᠨᠣᠪᠴᠢᠲᠠᠶ ᠲᠣᠭᠲᠠᠭᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠪᠤᠴᠠᠭᠠᠪᠠᠰᠤ ᠵᠣᠬᠢᠬᠤ ᠶᠢ ᠨᠢ ᠪᠦᠬᠦᠨ ᠢ ᠪᠤᠴᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠵᠥᠪᠰᠢᠶᠡᠷᠡᠯ ᠢ ᠣᠯᠵᠤ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠢᠨ᠎ᠠ᠃ ᠬᠤᠶᠠᠷ ᠲᠤ᠂ ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠵᠤ᠂ ᠤᠳᠠᠭ᠎ᠠ ᠪᠦᠷᠢ ᠶᠢᠨ ᠬᠥᠳᠡᠯᠦᠩᠭᠦᠶ ᠲᠣᠬᠢᠷᠠᠭᠤᠯᠤᠯᠲᠠ ᠨᠢ ᠴᠥᠮ ᠳᠠᠭᠠᠭᠠᠴᠢᠯᠠᠨ ᠬᠤᠯᠪᠣᠭᠠᠯᠠᠬᠤ ᠺᠠᠳ᠋ᠷ ᠪᠣᠯᠤᠨ  ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠤᠨ ᠠᠶᠢᠯ ᠡᠷᠦᠬᠡ ᠳᠤ ᠬᠦᠷᠴᠦ ᠪᠠᠶᠢᠴᠠᠭᠠᠯᠲᠠ ᠬᠢᠵᠦ ᠬᠢᠨᠠᠨ ᠬᠠᠷᠭᠤᠭᠤᠯᠪᠠ᠂ ᠢᠯᠠᠩᠭᠤᠶ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠡᠷᠦᠬᠡ᠂ ᠲᠠᠪᠤᠨ ᠪᠠᠲᠤᠯᠠᠭᠠᠲᠤ ᠡᠷᠦᠬᠡ᠂ ᠵᠡᠮᠳᠡᠭ ᠡᠷᠦᠬᠡ᠂ ᠬᠦᠨᠳᠦ ᠡᠪᠡᠳᠴᠢᠨ ᠡᠮᠭᠡᠭ ᠲᠠᠢ ᠡᠷᠦᠬᠡ᠂ ᠨᠤᠷᠠᠬᠤ ᠠᠶᠤᠯᠲᠠᠶ ᠡᠷᠦᠬᠡ ᠵᠡᠷᠭᠡ ᠵᠠᠬ᠎ᠠ ᠬᠢᠵᠠᠭᠠᠷ ᠤᠨ ᠬᠥᠮᠦᠰ ᠲᠤ ᠡᠷᠦᠬᠡ ᠳᠠᠷᠠᠭᠠᠯᠠᠨ ᠪᠠᠶᠢᠴᠠᠭᠠᠯᠲᠠ ᠬᠢᠵᠦ ᠬᠢᠨᠠᠨ ᠬᠠᠷᠭᠤᠭᠤᠯᠪᠠ᠃ ᠬᠡᠨ ᠬᠢᠨᠠᠨ ᠪᠠᠶᠢᠴᠠᠭᠠᠵᠤ ᠬᠡᠨ ᠭᠠᠷ ᠤᠨ ᠦᠰᠦᠭ ᠵᠢᠷᠤᠪᠠᠯ ᠲᠡᠷᠡ ᠬᠠᠷᠢᠭᠤᠴᠠᠬᠤ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠪᠠᠲᠤᠯᠠᠵᠤ᠂ ᠦᠨᠡᠯᠡᠯᠲᠡ ᠠᠴᠠ ᠭᠤᠭᠤᠵᠢᠬᠤ ᠶᠢ ᠡᠷᠡᠰ ᠰᠡᠷᠬᠡᠶᠢᠯᠡᠪᠡ᠃ ᠭᠤᠷᠪᠠ ᠳᠤ ᠲᠦᠷᠢᠮ ᠢ ᠴᠢᠩᠭ᠎ᠠ ᠵᠢᠷᠦᠮᠯᠠᠪᠠ᠃ ᠤᠳᠠᠭ᠎ᠠ ᠪᠦᠷᠢ ᠲᠣᠬᠢᠷᠠᠭᠤᠯᠤᠯᠲᠠ ᠬᠢᠬᠦ ᠳᠡᠭᠡᠨ ᠴᠥᠮ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ᠂ ᠤᠨᠤᠴᠢᠳᠡᠢ ᠪᠠᠷ ᠤᠬᠤᠷᠢᠨ ᠭᠠᠷᠬᠤ ᠠᠵᠢᠯ ᠤᠨ ᠶᠠᠪᠤᠴᠠ ᠪᠠ ︽532︾ ᠠᠵᠢᠯ ᠤᠨ ᠠᠷᠭ᠎ᠠ ᠶᠣᠰᠣᠭᠠᠷ᠂ ᠵᠠᠳᠠᠯᠤᠨ ᠰᠤᠳᠤᠯᠵᠤ ᠮᠠᠭᠠᠳᠯᠠᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ᠂ ᠮᠡᠳᠡᠭᠡ ᠵᠠᠩᠭᠢ ᠶᠢ ᠬᠠᠷᠢᠴᠠᠭᠤᠯᠬᠤ᠂ ︽ᠬᠤᠶᠠᠷ ᠢ ᠢᠯᠡ ᠨᠡᠶᠢᠲᠡᠯᠡᠵᠦ ᠨᠢᠭᠡ ᠶᠢ ᠵᠠᠷᠯᠠᠬᠤ︾ ᠵᠡᠷᠭᠡ ᠠᠵᠢᠯ ᠢ ᠬᠢᠨᠠᠮᠠᠭᠠᠶ ᠥᠷᠨᠢᠭᠦᠯᠵᠦ᠂ ᠴᠥᠭᠡᠨ ᠪᠤᠰᠤ ᠨᠢᠭᠡ ᠭᠤᠭᠴᠤᠭ᠎ᠠ᠂ ᠨᠢᠭᠡ ᠯᠡ ᠵᠢᠷᠤᠮ ᠠᠴᠠ ᠬᠤᠴᠣᠷᠤᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠢ ᠪᠦᠬᠦ ᠶᠠᠪᠤᠴᠠ ᠳᠤ ᠣᠷᠣᠯᠴᠠᠭᠤᠯᠵᠤ᠂ ᠪᠦᠬᠦ ᠶᠠᠪᠤᠴᠠ ᠳᠤ ᠬᠢᠨᠠᠯᠲᠠ ᠲᠠᠯᠪᠢᠭᠤᠯᠪᠠ᠃     ᠬᠥᠲᠥᠯᠥᠭᠴᠢ᠄ ᠯᠢᠶᠠᠩ ᠱᠦᠵᠢ᠂ ᠪᠠᠭᠠᠳᠠᠯ᠎ᠠ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠤᠳᠡᠳᠡᠢ ᠠᠵᠢᠯ ᠤᠨ ᠲᠣᠭᠲᠠᠴᠠ ᠨᠢ ᠶᠠᠭᠤ ᠪᠣᠶ︖     ﹇ᠯᠢᠶᠠᠩ ᠰᠢᠤᠢ ᠪᠢᠨ﹈ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠵᠢᠯ ᠳᠤᠮᠳᠠ᠂ ᠪᠢᠳᠡ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠬᠠᠮᠳᠤ ᠶᠢᠨ ᠬᠦᠴᠦᠨ ᠲᠠᠢ ᠠᠵᠢᠯ ᠤᠨ ᠲᠣᠭᠲᠠᠴᠠ ᠶᠢ ᠪᠦᠷᠢᠯᠳᠦᠭᠦᠯᠪᠡ᠃ ᠨᠢᠭᠡ ᠳᠤ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠴᠢᠩᠭᠠᠳᠬᠠᠪᠠ᠃ ᠰᠤᠮᠤ ᠶᠢᠨ ᠨᠠᠮ ᠤᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ  ᠶᠢᠨ ᠠᠵᠢᠯ ᠢ ᠰᠤᠳᠤᠯᠵᠤ᠂ ᠭᠠᠷᠠᠭ ᠪᠦᠷᠢ ᠶᠢᠨ ᠲᠠᠪᠤᠨ ᠳᠤ ᠨᠠᠮ ᠵᠠᠰᠠᠭ ᠤᠨ ᠬᠠᠮᠲᠤᠷᠠᠭᠰᠠᠨ ᠬᠤᠷᠠᠯ ᠬᠢᠵᠦ᠂ ᠬᠡᠰᠡᠭ ᠳᠠᠭᠠᠭᠠᠴᠢᠯᠠᠨ ᠶᠠᠳᠠᠭᠤ ᠶᠢ ᠲᠡᠳᠬᠦᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠲᠤ ᠪᠠᠷ ᠰᠤᠳᠤᠯᠤᠨ ᠪᠠᠶᠢᠷᠢᠯᠠᠭᠤᠯᠪᠠ᠃ ᠶᠠᠳᠠᠭᠤ ᠶᠢ ᠲᠡᠳᠬᠦᠬᠦ ᠠᠵᠢᠯ ᠤᠨ ᠭᠠᠷᠠᠭ ᠤᠨ ᠲᠣᠭᠲᠠᠮᠠᠯ ᠬᠤᠷᠠᠯ ᠤᠨ ᠳᠦᠷᠢᠮ ᠢ ᠬᠡᠷᠡᠭᠵᠢᠭᠦᠯᠵᠦ᠂ ᠭᠠᠷᠠᠭ ᠪᠦᠷᠢ ᠪᠦᠬᠦ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠢᠵᠦ᠂ ᠡᠯ᠎ᠡ ᠭᠠᠴᠠᠭᠠᠨ ᠤ ᠳᠡᠭᠡᠷ᠎ᠡ ᠭᠠᠷᠠᠭ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠰᠤᠨᠤᠰᠤᠨ᠂ ᠲᠤᠰ ᠭᠠᠷᠠᠭ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠶᠠᠷ ᠲᠤ ᠱᠠᠯᠠᠪᠳᠠᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠪᠠ᠃ ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠦᠷᠦᠬᠦᠯᠡᠨ ᠠᠵᠢᠯ ᠰᠤᠳᠤᠯᠵᠤ᠂ ᠲᠦᠷᠦᠭᠦᠯᠡᠨ ᠭᠠᠴᠠᠭ᠎ᠠ ᠲᠣᠰᠬᠤᠨ ᠳᠤ ᠬᠦᠷᠴᠦ ᠡᠷᠦᠬᠡ ᠳᠤ ᠬᠦᠷᠴᠦ ᠱᠠᠯᠠᠪᠳᠠᠨ ᠪᠠᠶᠢᠴᠠᠭᠠᠵᠤ᠂ ᠲᠥᠷᠥ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠪᠠ᠃ ᠪᠠᠭ ᠤᠨ ᠪᠦᠷᠢᠯᠳᠦᠬᠦᠨ ᠬᠡᠰᠡᠭ ᠳᠠᠭᠠᠭᠠᠴᠢᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠭᠠᠭᠠᠴᠢᠯᠠᠭᠰᠠᠨ ᠭᠠᠴᠠᠭ᠎ᠠ ᠳᠠᠭᠠᠨ ᠦᠷᠭᠦᠯᠵᠢ ᠭᠦᠨᠵᠡᠭᠡᠶᠢᠷᠡᠨ ᠠᠵᠢᠯ ᠢᠶᠠᠨ ᠪᠠᠶᠢᠴᠠᠭᠠᠨ ᠵᠢᠯᠤᠭᠤᠳᠤᠪᠠ᠃ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠡᠳᠦᠷ ᠲᠤᠲᠤᠮ ᠤᠨ ᠱᠠᠯᠠᠪᠳᠠᠨ ᠪᠠᠶᠢᠴᠠᠭᠠᠬᠤ ᠭᠤᠣᠯ ᠠᠭᠤᠯᠭ᠎ᠠ ᠪᠠᠨ ᠪᠣᠯᠭᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠬᠤᠯᠪᠣᠭᠳᠠᠯ ᠪᠦᠬᠦᠢ ᠪᠠᠶᠢᠳᠠᠯ ᠢ ᠨᠡᠪᠳᠡᠷᠡᠬᠦᠯᠪᠡ᠃ ᠭᠤᠷᠪᠠ ᠳᠤ ᠠᠵᠢᠯ ᠤᠨ ᠬᠦᠴᠦᠨ ᠢ ᠴᠢᠩᠭᠠᠷᠠᠭᠤᠯᠪᠠ᠃ ᠰᠢᠯᠢᠳᠡᠭ ᠺᠠᠳ᠋ᠷ ᠢ ᠰᠣᠩᠭᠤᠨ ᠲᠣᠬᠢᠷᠠᠭᠤᠯᠵᠤ᠂ ᠪᠦᠬᠦ ᠰᠤᠮᠤ ᠶᠢᠨ 8 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠭᠠᠴᠠᠭ᠎ᠠ ᠳᠤ 24 ᠲᠣᠰᠬᠤᠨ ᠳᠤ ᠰᠠᠭᠤᠭ᠎ᠠ ᠺᠠᠳ᠋ᠷ ᠢ ᠰᠣᠩᠭᠤᠨ ᠲᠣᠮᠢᠯᠠᠵᠤ᠂ 9 ᠭᠤᠣᠯᠳᠠᠯᠭ᠎ᠠ ᠲᠠᠢ ᠪᠤᠰᠤ ᠭᠠᠴᠠᠭ᠎ᠠ ᠳᠤ 13 ᠺᠠᠳ᠋ᠷ ᠢ ᠰᠣᠩᠭᠤᠨ ᠲᠣᠮᠢᠯᠠᠪᠠ︔ ᠪᠥᠬᠦ ᠰᠤᠮᠤ ᠶᠢᠨ 17 ᠭᠠᠴᠠᠭ᠎ᠠ ᠳᠤ ᠨᠡᠶᠢᠲᠡ 125 ᠬᠤᠤᠰᠯᠠᠨ ᠬᠠᠪᠰᠤᠷᠤᠨ ᠲᠡᠳᠬᠦᠬᠦ ᠺᠠᠳ᠋ᠷ ︵ᠲᠥᠪ ᠤᠨ ᠰᠢᠭᠤᠳ ᠬᠠᠷᠢᠶ᠎ᠠ ᠪᠠᠶᠢᠭᠤᠯᠭ᠎ᠠ 1 ᠬᠥᠮᠦᠨ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ 1 ᠬᠥᠮᠦᠨ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ 53 ᠬᠥᠮᠦᠨ᠂ ᠪᠠᠯᠭᠠᠰᠤᠨ ᠤ ᠪᠠᠶᠢᠭᠤᠯᠭ᠎ᠠ 54 ᠬᠥᠮᠦᠨ᠂ ᠲᠣᠰᠬᠤᠨ ᠤ ᠺᠠᠳ᠋ᠷ 16 ᠬᠥᠮᠦᠨ ᠂ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷ 32 ᠬᠥᠮᠦᠨ᠂ ᠡᠩ ᠤᠨ ᠺᠠᠳ᠋ᠷ 93 ᠬᠥᠮᠦᠨ︶ ᠰᠣᠩᠭᠤᠨ ᠲᠣᠮᠢᠯᠠᠪᠠ ᠃ ᠲᠦᠷᠪᠡ ᠳᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ ᠲᠣᠰᠬᠤᠨ ᠤ ᠱᠠᠲᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠲᠠᠢ ᠤᠶᠠᠯᠳᠤᠭᠤᠯᠤᠨ᠂ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠢ ᠰᠢᠯᠢᠳᠡᠭᠴᠢᠯᠡᠨ ᠲᠣᠬᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ  ᠴᠡᠭᠴᠡᠯᠡᠪᠡ᠃ ︽ᠲᠠᠪᠤᠨ ᠤᠯᠠᠭᠠᠨ ᠲᠤᠭ ᠭᠠᠴᠠᠭ᠎ᠠ︾ ᠶᠢ ᠴᠢᠷᠮᠠᠶᠢᠨ ᠡᠭᠦᠳᠬᠦ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠪᠠ᠃ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠠᠷ ᠳᠠᠶᠢᠴᠢᠯᠠᠨ᠂ ᠭᠠᠴᠠᠭᠠᠨ ᠠᠴᠠ ᠡᠷᠬᠢᠯᠡᠭᠰᠡᠨ ᠠᠵᠤ ᠠᠬᠤᠶᠢᠯᠠᠯ ᠢᠶᠠᠷ ᠳᠠᠶᠢᠴᠢᠯᠠᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠵᠦ᠂ 2019 ᠣᠨ ᠳᠤ 13 ᠭᠠᠴᠠᠭᠠᠨ ᠤ ᠬᠠᠮᠳᠤ ᠶᠢᠨ ᠠᠵᠤ ᠠᠬᠤᠢ ᠶᠢᠨ ᠣᠷᠣᠯᠭ᠎ᠠ ᠶᠢ 5 ᠲᠦᠮᠡᠨ ᠲᠥᠭᠦᠷᠢᠭ ᠢ ᠲᠠᠪᠠᠭᠤᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠵᠢᠯ ᠢ ᠨᠠᠮ ᠤᠨ ᠭᠡᠰᠢᠭᠦᠨ ᠤ ᠲᠣᠭᠲᠠᠮᠠᠯ ᠠᠵᠢᠯᠯᠠᠭ᠎ᠠ ᠶᠢ ᠡᠳᠦᠷ ᠪᠦᠷᠢ ᠠᠭᠤᠯᠭ᠎ᠠ ᠲᠠᠢ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠨᠠᠮ ᠤᠨ ᠭᠡᠰᠢᠬᠦᠨ ᠺᠠᠳ᠋ᠷᠴᠤᠳ ᠲᠠᠢ ᠬᠠᠮᠲᠤ ᠲᠥᠷᠥ ᠶᠢᠨ ᠪᠣᠳᠣᠯᠭ᠎ᠠ ᠰᠤᠷᠤᠯᠴᠠᠵᠤ᠂ ᠬᠠᠮᠲᠤ ᠪᠠᠷ ᠠᠵᠢᠯ ᠢᠶᠠᠨ ᠰᠤᠳᠤᠯᠵᠤ᠂ ᠨᠠᠮ ᠤᠨ ᠭᠡᠰᠢᠭᠦᠨ ᠤ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠤᠨ ᠲᠠᠶᠢᠴᠢᠯᠠᠬᠤ ᠶᠢ ᠬᠡᠪ ᠤᠨ ᠪᠠᠶᠢᠳᠠᠯ ᠪᠤᠯᠭᠠᠪᠠ᠃ ᠲᠠᠪᠤ ᠳᠤ ᠨᠡᠶᠢᠭᠡᠮ ᠤᠨ ᠶᠠᠳᠠᠭᠤ ᠶᠢ ᠲᠡᠳᠬᠦᠬᠦ ᠶᠢ ᠴᠢᠩᠭᠠᠳᠬᠠᠪᠠ᠃ ᠤᠶᠢᠷ᠎ᠡ ᠶᠢᠨ ᠬᠡᠳᠦᠨ ᠵᠢᠯ ᠤᠨ ᠲᠤᠷᠰᠢ᠂ ᠨᠡᠶᠢᠭᠡᠮ ᠤᠨ ᠬᠠᠶᠢᠷ᠎ᠠ ᠬᠠᠯᠠᠮᠵᠢ ᠬᠦᠷᠳᠡᠭᠡᠭᠴᠢᠳ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠪᠡᠯᠡ ᠮᠥᠩᠭᠦ  ᠬᠤᠷᠠᠮᠳᠤᠭᠤᠯᠤᠨ ᠬᠦᠴᠢᠷᠳᠡᠯ ᠳᠤ ᠲᠤᠰᠠᠯᠠᠵᠤ᠂ ᠨᠡᠶᠢᠲᠡ ᠶᠢᠨ ᠥᠮᠴᠢᠯᠡᠯ ᠪᠤᠰᠤ 6 ᠠᠵᠤ ᠠᠬᠤᠶᠢᠯᠠᠯ ᠤᠨ ᠬᠠᠷᠢᠭᠤᠴᠠᠯᠭᠠᠲᠠᠨ 37 ᠶᠠᠳᠠᠭᠤ ᠬᠦᠴᠢᠷᠳᠡᠯᠲᠡᠶ ᠡᠷᠦᠭᠡ ᠶᠢᠨ ᠡᠪᠡᠳᠴᠢᠲᠡᠨ᠂ 45 ᠶᠠᠳᠠᠭᠤ ᠬᠦᠴᠢᠷᠳᠡᠯᠲᠡᠶ ᠡᠷᠦᠭᠡ ᠶᠢᠨ ᠰᠤᠷᠤᠭᠴᠢᠳ ᠲᠤ ᠬᠥᠮᠦᠨ ᠪᠦᠷᠢ 1000 ᠲᠥᠭᠦᠷᠢᠭ ᠲᠤᠰᠠᠯᠠᠵᠤ᠂ ᠨᠡᠶᠢᠲᠡ ᠶᠢᠨ ᠥᠮᠴᠢᠯᠡᠯ ᠪᠤᠰᠤ 2 ᠠᠵᠤ ᠠᠬᠤᠶᠢᠯᠠᠯ ᠤᠨ ᠬᠠᠷᠢᠭᠤᠴᠠᠯᠭᠠᠲᠠᠨ 5 ᠲᠦᠮᠡᠨ ᠲᠥᠭᠦᠷᠢᠭ ᠬᠠᠨᠳᠢᠪᠯᠠᠪᠠ᠃ ᠥᠪᠥᠷ ᠮᠣᠩᠭᠤᠯ ᠤᠨ ᠳ᠋ᠧ ᠯᠧ ᠬᠠᠶ ᠨᠡᠶᠢᠲᠡ ᠶᠢᠨ ᠠᠰᠠᠷᠠᠮᠵᠢ ᠶᠢᠨ ᠦᠢᠯᠡᠰ ᠢ ᠠᠬᠢᠭᠤᠯᠬᠤ ᠵᠦᠪᠯᠡᠯ ᠢ ᠵᠤᠬᠢᠴᠠᠭᠤᠯᠵᠤ᠂ 41 ᠶᠠᠳᠠᠭᠤ ᠬᠦᠴᠢᠷᠳᠡᠯᠲᠡᠶ ᠰᠤᠷᠤᠭᠴᠢ ᠶᠢ ᠬᠠᠪᠰᠤᠷᠤᠨ ᠲᠡᠳᠬᠦᠭᠰᠡᠨ ᠬᠠᠶᠢᠷ᠎ᠠ ᠬᠠᠯᠠᠮᠵᠢ ᠶᠢᠨ ᠲᠡᠳᠬᠦᠮᠵᠢ ᠶᠢᠨ ᠮᠥᠩᠭᠦ ᠶᠢ 8.92 ᠲᠦᠮᠡᠨ ᠲᠥᠭᠦᠷᠢᠭ ᠲᠠᠷᠬᠠᠭᠠᠪᠠ᠃    ᠬᠥᠲᠥᠯᠥᠭᠴᠢ᠄ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠤᠨ ᠴᠢᠬᠤᠯᠠ ᠨᠢᠭᠡ ᠭᠤᠭᠴᠤᠭ᠎ᠠ ᠪᠣᠯᠤᠨ᠎ᠠ᠂ ᠯᠢᠶᠠᠩ ᠱᠦᠵᠢ᠂ ᠪᠠᠭᠠᠳᠠᠯ᠎ᠠ ᠰᠤᠮᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠪᠣᠳᠠᠲᠠᠶ ᠶᠠᠭᠠᠬᠢᠵᠤ ᠬᠢᠭᠰᠡᠨ ᠪᠣᠶ︖    ﹇ᠯᠢᠶᠠᠩ ᠰᠢᠦᠢ ᠪᠢᠨ﹈ ᠨᠢᠭᠡ ᠳᠤ᠂ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠤᠪᠤᠶᠢᠯᠭᠠᠪᠠ᠃ ᠤᠯᠠᠮᠵᠢᠯᠠᠯᠲᠤ ᠳᠠᠪᠠᠭᠤᠯᠢᠭ ᠲᠠᠭᠠᠨ ᠰᠠᠭᠤᠷᠢᠯᠠᠨ᠂ ᠦᠬᠡᠷ ᠲᠡᠵᠢᠭᠡᠨ ᠦᠷᠡᠵᠢᠭᠦᠯᠬᠦ ᠪᠠᠷ ᠶᠠᠳᠠᠭᠤ ᠶᠢ ᠲᠡᠳᠬᠦ‌‍ᠬᠦ ᠭᠤᠤᠯᠯᠠᠬᠤ ᠠᠵᠤ ᠦᠢᠯᠡᠰ ᠪᠣᠯᠭᠠᠨ ᠠᠳᠬᠤᠵᠤ᠂ 288 ᠡᠷᠦᠬᠡ ᠳᠤ 1357 ᠲᠦᠮᠡᠨ ᠲᠥᠭᠦᠷᠢᠭ ᠶᠠᠳᠠᠭᠤ ᠶᠢ ᠲᠡᠳᠬᠦᠬᠦ ᠳᠡᠮ ᠬᠦᠦ ᠲᠠᠢ ᠵᠢᠭᠡᠯᠡᠯᠭᠡ ᠵᠤᠬᠢᠴᠠᠭᠤᠯᠤᠨ ᠦᠭᠴᠦ᠂ 527 ᠡᠷᠦᠬᠡ ᠳᠤ 2090.7 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠲᠥᠷᠦᠯ ᠵᠦᠢᠯ ᠤᠨ ᠪᠡᠯᠡ ᠮᠥᠩᠭᠦ ᠨᠠᠢᠳᠠᠪᠤᠷᠢᠵᠢᠭᠤᠯᠵᠠᠢ᠃ ᠶᠠᠳᠠᠭᠤ ᠬᠦᠴᠢᠷᠳᠡᠯᠲᠡᠶ ᠡᠷᠦᠬᠡ ᠳᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠪᠦᠬᠦᠨ ᠢ ᠬᠠᠮᠤᠷᠤᠭᠤᠯᠬᠤ ᠶᠢ ᠪᠡᠶᠡᠯᠡᠬᠦᠯᠪᠡ᠃ ᠣᠳᠣᠬᠠᠨ ᠳᠤ᠂ ᠪᠥᠬᠦ ᠰᠤᠮᠤ ᠶᠢᠨ ᠶᠠᠳᠠᠭᠤ ᠬᠦᠴᠢᠷᠳᠡᠯᠲᠡᠶ ᠡᠷᠦᠬᠡ 2890 ᠦᠬᠡᠷ ᠲᠡᠵᠢᠭᠡᠵᠦ᠂ ᠬᠥᠮᠦᠨ ᠳᠤᠮᠳᠠᠴᠢ 2 ᠦᠬᠡᠷ ᠨᠣᠭᠳᠠᠵᠤ ᠪᠠᠶᠢᠨ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 292 ᠰᠠᠭᠤᠷᠢ ᠦᠬᠡᠷ ᠤᠨ ᠫᠧᠩ᠂ 357 ᠰᠠᠭᠤᠷᠢ ᠳᠠᠷᠤᠰᠢᠭᠤᠯᠬᠤ ᠵᠣᠭᠤᠷᠢ ᠰᠢᠨ᠎ᠡ ᠪᠠᠷ ᠪᠠᠶᠢᠭᠤᠯᠵᠤ᠂ 391 ᠰᠢᠷ᠎ᠡ ᠪᠤᠷᠳᠤᠭ᠎ᠠ ᠬᠡᠮᠬᠡᠯᠬᠦ ᠮᠠᠰᠢᠨ ᠲᠠᠷᠬᠠᠭᠠᠪᠠ᠃ ᠬᠤᠶᠠᠷ ᠲᠤ ᠤᠰᠤ ᠠᠷᠪᠢᠯᠠᠬᠤ ᠥᠨᠳᠥᠷ ᠪᠦᠲᠦᠮᠵᠢᠲᠡᠶ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠲᠠᠷᠢᠶᠠᠨ ᠭᠠᠵᠠᠷ ᠤᠨ ᠶᠠᠰᠤ ᠴᠢᠨᠠᠷ ᠮᠠᠭᠤ᠂ ᠤᠨᠠᠯᠳᠠ ᠳᠣᠣᠷ᠎ᠠ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠪᠦᠰᠡ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠵᠤ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ 2018 ᠣᠨ ᠳᠤ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠪᠠᠲᠤᠯᠠᠵᠤ᠂ 217 ᠶᠠᠳᠠᠭᠤ ᠬᠦᠴᠢᠷᠳᠡᠯᠲᠡᠢ ᠡᠷᠦᠬᠡ ᠶᠢ ᠲᠡᠳᠬᠦᠨ᠂ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠲᠥᠷᠥᠯ ᠵᠦᠢᠯ ᠢ 6123.43 ᠮᠦ ᠬᠡᠷᠡᠭᠵᠢᠭᠦᠯᠵᠦ᠂ ᠡᠷᠳᠡᠨᠢ ᠰᠢᠰᠢ ᠶᠢᠨ ᠤᠨᠠᠯᠳᠠ ᠶᠢ ᠮᠦ ᠪᠦᠷᠢ 500 ᠵᠢᠩ ᠣᠷᠴᠢᠮ ᠨᠡᠮᠡᠭᠳᠡᠬᠦᠯᠪᠡ᠃ ᠭᠤᠷᠪᠠ ᠳᠤ ᠬᠦᠷᠢᠶ᠎ᠡ ᠬᠠᠰᠢᠶᠠᠨ ᠤ ᠠᠵᠤ ᠠᠬᠤᠶ ᠶᠢ ᠠᠮᠢᠳᠤᠯᠢᠭᠵᠢᠭᠤᠯᠪᠠ᠃ ᠰᠤᠮᠤᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠲᠠᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠶᠠᠳᠠᠭᠤ ᠬᠦᠴᠢᠷᠳᠡᠯᠲᠡᠶ ᠡᠷᠦᠬᠡ ᠳᠤ ᠢᠳᠡᠰᠢᠨ ᠨᠣᠭᠤᠭ᠎ᠠ ᠶᠢᠨ ᠴᠢᠬᠢ ᠪᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ ᠂ ᠬᠦᠷᠢᠶ᠎ᠡ ᠬᠠᠰᠢᠶ᠎ᠠ ᠶᠢᠨ ᠲᠠᠷᠢᠮᠠᠯ ᠢ ᠬᠦᠭᠵᠢᠬᠦᠯᠪᠡ᠃ ᠡᠨᠡ ᠵᠢᠯ᠂ ᠪᠦᠬᠦ ᠰᠤᠮᠤ ᠶᠢᠨ 522 ᠶᠠᠳᠠᠭᠤ ᠬᠦᠴᠢᠷᠳᠡᠯᠲᠡᠢ ᠡᠷᠦᠬᠡ ᠢᠳᠡᠰᠢᠨ ᠨᠤᠭᠤᠭ᠎ᠠ 241 ᠮᠦ᠂ ᠵᠢᠮᠢᠰ ᠤᠨ ᠮᠣᠳᠣ 2420 ᠰᠠᠭᠤᠷᠢ ᠲᠠᠷᠢᠵᠤ᠂ ︽ᠨᠢᠭᠡ ᠡᠷᠦᠬᠡ ᠬᠠᠭᠠᠰ ᠮᠦ ᠬᠦᠷᠢᠶ᠎ᠡ ᠬᠠᠰᠢᠶᠠᠨ ᠤ ᠲᠠᠷᠢᠶ᠎ᠠ︾ ᠲᠠᠢ ᠪᠠᠶᠢᠬᠤ ᠶᠢ ᠪᠡᠶᠡᠯᠡᠭᠦᠯᠪᠡ᠃ ᠳᠥᠷᠪᠡ ᠳᠤ ᠪᠣᠭ ᠮᠠᠯ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠬᠦᠯᠪᠡ᠃ ᠭᠠᠭ᠋ᠠᠶ᠂ ᠬᠤᠨᠢ ᠵᠡᠷᠭᠡ ᠪᠣᠭ ᠮᠠᠯ ᠲᠡᠵᠢᠭᠡᠨ ᠦᠷᠡᠵᠢᠭᠦᠯᠬᠦ ᠪᠡᠯᠡ ᠮᠥᠩᠭᠦ ᠶᠢᠨ ᠣᠷᠣᠭᠤᠯᠤᠯᠲᠠ ᠪᠠᠭ᠎ᠠ᠂ ᠦᠶᠡᠯᠡᠬᠦ ᠬᠤᠭᠤᠴᠠᠭ᠎ᠠ ᠣᠬᠤᠷ᠂ ᠦᠷ᠎ᠡ ᠪᠦᠲᠦᠮᠵᠢ ᠲᠦᠷᠭᠡᠨ ᠪᠠᠶᠢᠬᠤ ᠣᠨᠴᠠᠯᠢᠭ ᠲᠤ ᠴᠢᠭᠯᠡᠭᠦᠯᠦᠨ᠂ ᠶᠠᠳᠠᠭᠤ ᠬᠦᠴᠢᠷᠳᠡᠯᠲᠡᠶ ᠡᠷᠦᠬᠡ ᠶᠢᠨ ᠪᠣᠭ ᠮᠠᠯ ᠲᠡᠵᠢᠭᠡᠨ ᠦᠷᠡᠵᠢᠭᠦᠯᠬᠦ ᠶᠢ ᠵᠤᠷᠢᠭᠵᠢᠭᠤᠯᠪᠠ᠃ ᠪᠦᠬᠦ ᠰᠤᠮᠤ ᠶᠢᠨ 320 ᠶᠠᠳᠠᠭᠤ ᠬᠦᠴᠢᠷᠳᠡᠯᠲᠡᠢ ᠡᠷᠦᠬᠡ ᠨᠢ 1650 ᠭᠠᠭ᠋ᠠᠢ ᠲᠡᠵᠢᠭᠡᠵᠦ᠂ 48 ᠶᠠᠳᠠᠭᠤ ᠬᠦᠴᠢᠷᠳᠡᠯᠲᠡᠢ ᠡᠷᠦᠬᠡ ᠨᠢ 1120 ᠬᠤᠨᠢ ᠲᠡᠵᠢᠭᠡᠪᠡ᠃    ᠬᠥᠲᠥᠯᠥᠭᠴᠢ᠄ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠣᠯ ᠰᠦᠯᠵᠢᠶᠡᠨ ᠠᠨᠳᠠ ᠨᠠᠷ ᠤᠨ ᠬᠠᠮᠤᠭ ᠠᠴᠠ ᠢᠯᠡᠭᠦᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠃ ᠯᠢᠶᠠᠩ ᠱᠦᠵᠢ ︽ᠭᠤᠷᠪᠠ ᠶᠢ ᠪᠠᠲᠤᠯᠠᠬᠤ︾ ᠲᠠᠯ᠎ᠠ ᠪᠠᠷ ᠪᠠᠭᠠᠳᠠᠯ᠎ᠠ ᠰᠤᠮᠤ ᠬᠡᠷᠬᠢᠨ ᠬᠢᠭᠰᠡᠨ ᠪᠣᠶ︖    ﹇ᠯᠢᠶᠠᠩ ᠰᠢᠦᠢ ᠪᠢᠨ﹈ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠳᠦᠷ ᠨᠠᠶᠢᠳᠠᠪᠤᠷᠢᠵᠢᠭᠤᠯᠪᠠ᠃ ᠭᠤᠷᠪᠠᠨ ᠵᠢᠯ ᠤᠨ ᠲᠤᠷᠰᠢ᠂ ᠭᠡᠷ ᠪᠦᠯᠢ ᠨᠢ ᠬᠦᠴᠢᠷᠳᠡᠯᠲᠡᠶ 271 ᠬᠥᠮᠦᠨ ᠳᠤ 95.18 ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ︽ᠠᠴᠢ ᠲᠤᠰᠠ ᠶᠢᠨ ᠲᠥᠯᠥᠪᠯᠡᠭᠡ︾ ᠶᠢᠨ 37 ᠬᠥᠮᠦᠨ ᠳᠤ 5.55 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠥᠷᠭᠡᠨ ᠳᠠᠯᠠᠢ ᠶᠢᠨ ᠰᠤ‌‍ᠷᠭᠠᠭᠤᠯᠢ ᠶᠢ ᠲᠡᠳᠬᠦᠬᠦ ᠠᠵᠢᠯᠯᠠᠭ᠎ᠠ ᠳᠤ 35 ᠬᠥᠮᠦᠨ ᠳᠤ 17.5 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠲᠣᠰ ᠰᠤᠮᠤ ᠶᠢᠨ 3 ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠰᠤᠷᠤᠭᠴᠢᠳ ᠤᠨ 2 ᠰᠠᠷ᠎ᠠ ᠶᠢᠨ ᠬᠤᠭᠤᠯᠠᠨ ᠤ ᠰᠦᠢᠳᠭᠡᠯ ᠢ 2.13 ᠲᠦᠮᠡᠨ ᠲᠥᠭᠦᠷᠢᠭ ᠬᠡᠯᠲᠦᠷᠢᠭᠦᠯᠪᠡ᠃ ᠶᠠᠳᠠᠭᠤ ᠬᠦᠴᠢᠷᠳᠡᠯᠲᠡᠶ ᠰᠤᠷᠤᠭᠴᠢᠳ ᠤᠨ ᠰᠤᠷᠤᠭᠴᠢ ᠵᠦᠬᠡᠬᠡᠪᠦᠷᠢᠯᠡᠬᠦ ᠲᠡᠷᠭᠡ ᠶᠢᠨ ᠨᠥᠬᠦᠪᠥᠷᠢ 11 ᠬᠥᠮᠦᠨ ᠳᠤ 3375 ᠲᠥᠭᠦᠷᠢᠭ ᠲᠠᠷᠬᠠᠭᠠᠵᠤ᠂ ᠲᠥᠪ ᠠᠴᠠ ᠴᠡᠭ ᠲᠣᠭᠲᠠᠭᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠤᠬᠡᠳ ᠢ ᠬᠠᠪᠰᠤᠷᠤᠨ ᠲᠡᠳᠬᠦᠭᠰᠡᠨ ᠪᠡᠯᠡ ᠮᠦᠩᠭᠦ ᠶᠢ 18 ᠬᠥᠮᠦᠨ 9000 ᠲᠥᠭᠦᠷᠢᠭ ᠨᠦᠬᠦᠪᠦᠷᠢᠯᠡᠪᠡ᠃ ᠬᠤᠶᠠᠷ ᠲᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ᠭᠤᠷᠪᠠᠨ ᠵᠢᠯ ᠤᠨ ᠲᠤᠷᠰᠢ᠂ ᠰᠤᠮᠤ ᠶᠢᠨ 2 ᠡᠷᠡᠭᠦᠯ ᠬᠠᠮᠠᠭᠠᠯᠠᠯ ᠤᠨ ᠬᠤᠷᠢᠶ᠎ᠠ ᠶᠢ ᠵᠣᠬᠢᠶᠠᠨ ᠪᠠᠶᠢᠭᠤᠯᠤᠨ ᠶᠠᠳᠠᠭᠤ ᠬᠦᠴᠢᠷᠳᠡᠯᠲᠡᠶ ᠡᠷᠦᠭᠡ ᠶᠢᠨ ᠭᠡᠷ ᠪᠦᠯᠢ ᠶᠢᠨ ᠪᠦᠷᠢᠯᠳᠦᠬᠦᠨ ᠤ 1320 ᠬᠥᠮᠦᠨ ᠤᠳᠠᠭ᠎ᠠ ᠳᠤ ᠰᠦᠢᠳᠭᠡᠯ ᠬᠤᠷᠢᠶᠠᠬᠤ ᠦᠭᠡᠶ ᠪᠠᠷ ᠪᠡᠶ᠎ᠡ ᠶᠢᠨ ᠪᠠᠶᠢᠴᠠᠭᠠᠯᠳᠠ ᠬᠢᠵᠦ᠂ ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠭᠡᠯ ᠲᠤᠰᠢᠶᠠᠬᠤ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠣᠳᠣᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ 283 ᠬᠥᠮᠦᠨ ᠤᠳᠠᠭ᠎ᠠ ᠨᠠᠶᠢᠳᠠᠪᠤᠷᠢᠵᠢᠭᠤᠯᠪᠠ᠃ 22 ᠡᠪᠡᠳᠴᠢᠲᠡᠨ ᠳᠤ ᠭᠡᠷ ᠪᠦᠯᠢ ᠶᠢᠨ ᠡᠪᠡᠳᠴᠢᠲᠡᠨ ᠤ ᠣᠷᠣ ᠨᠠᠶᠢᠳᠠᠪᠤᠷᠢᠵᠢᠭᠤᠯᠵᠤ᠂ ᠤᠳᠠᠭᠠᠨ ᠴᠢᠨᠠᠷᠲᠠᠶ ᠡᠪᠡᠳᠴᠢᠨ ᠳᠤ ᠡᠮᠴᠢᠯᠡᠭᠡ ᠬᠠᠩᠭᠠᠵᠤ᠂ 319 ᠬᠥᠮᠦᠨ ᠳᠤ ᠡᠮ ᠬᠦᠷᠭᠡᠵᠦ ᠦᠢᠯᠡᠴᠢᠯᠡᠪᠡ᠃ ᠵᠢᠯ ᠪᠦᠷᠢ ᠶᠢᠨ ᠬᠡᠷ ᠪᠦᠯᠢ ᠶᠢᠨ ᠡᠮᠴᠢ ᠶᠢᠨ ᠭᠡᠷᠡᠲᠦ ᠦᠶ᠋ᠯᠡᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ 50 ᠲᠦᠬᠦᠷᠢᠭ ᠨᠥᠬᠦᠪᠥᠷᠢ᠂ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠤᠨ ᠶᠠᠳᠠᠭᠤ ᠬᠦᠴᠢᠷᠳᠡᠯᠳᠡᠢ ᠬᠥᠮᠦᠨ ᠠᠮᠠ ᠶᠢ ᠪᠦᠬᠦᠨ ᠢ ᠬᠠᠮᠤᠷᠬᠤ ᠶᠢ ᠪᠡᠶᠡᠯᠡᠬᠦᠯᠪᠡ᠃ ᠭᠤᠷᠪᠠ ᠳᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ᠭᠤᠷᠪᠠᠨ ᠵᠢᠯ ᠤᠨ ᠲᠤᠷᠰᠢ᠂ 195 ᠲᠦᠮᠡᠨ ᠲᠥᠭᠦᠷᠢᠭ ᠪᠡᠯᠡ ᠣᠷᠣᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 17 ᠡᠷᠦᠬᠡ ᠶᠢ ᠰᠢᠨ᠎ᠡ ᠪᠠᠷ ᠪᠠᠶᠢᠭᠤᠯᠵᠤ᠂ 19 ᠡᠷᠦᠬᠡ ᠶᠢ ᠥᠷᠭᠡᠳᠬᠡᠨ ᠪᠠᠶᠢᠭᠤᠯᠵᠤ᠂ 138 ᠡᠷᠦᠬᠡ ᠶᠢ ᠵᠠᠰᠠᠨ ᠪᠠᠬᠢᠵᠢᠭᠦᠯᠪᠡ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ 27 ᠰᠠᠭᠤᠷᠢ ᠣᠷᠣᠨ ᠰᠠᠭᠤᠴᠠ ᠵᠢᠴᠢ ᠢᠵᠢ ᠪᠦᠷᠢᠳᠦᠭᠦᠯᠬᠦ ᠳᠠᠭᠠᠯᠲᠠ ᠲᠦᠬᠦᠭᠡᠷᠦᠮᠵᠢ ᠶᠢᠨ ᠪᠠᠷᠢᠯᠭ᠎ᠠ ᠶᠢ ᠬᠡᠷᠡᠭᠵᠢᠬᠦᠯᠪᠡ᠃ 49.2 ᠲᠦᠮᠡᠨ ᠲᠥᠭᠦᠷᠢᠭ ᠪᠡᠯᠡ ᠣᠷᠣᠭᠤᠯᠵᠤ᠂ 270 ᠲᠡᠭᠰᠢ ᠳᠥᠷᠪᠡᠯᠵᠢᠨ ᠮᠧᠲᠷ ᠤᠨ ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ ᠪᠠᠶᠢᠭᠤᠯᠵᠤ᠂ 4 ᠶᠠᠳᠠᠭᠤ ᠬᠦᠴᠢᠷᠳᠡᠯᠲᠡᠢ ᠡᠷᠦᠬᠡ ᠣᠷᠣᠵᠤ ᠰᠠᠭᠤᠪᠠ᠃ ᠲᠦᠷᠪᠡ ᠳᠤ ᠨᠡᠶᠢᠭᠡᠮ ᠤᠨ ᠪᠠᠲᠤᠯᠠᠭ᠎ᠠ ᠶᠢᠨ ᠦᠨᠳᠦᠰᠦᠨ ᠵᠦᠢᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠰᠠᠶᠢᠳᠦᠷ ᠨᠠᠶᠢᠳᠠᠪᠤᠷᠢᠵᠢᠭᠤᠯᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ 127 ᠡᠷᠦᠬᠡ᠂ ᠤᠨᠴᠠᠭᠠᠢ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ 8 ᠡᠷᠦᠬᠡ ᠨᠠᠶᠢᠳᠠᠪᠤᠷᠢᠵᠢᠭᠤᠯᠪᠠ᠃ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ 122 ᠬᠥᠮᠦᠨ ᠤᠳᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ 310 ᠡᠷᠦᠬᠡ ᠨᠠᠶᠢᠳᠠᠪᠤᠷᠢᠵᠢᠭᠤᠯᠪᠠ᠃ ᠲᠠᠪᠤ ᠳᠤ ᠤᠤᠭᠤᠬᠤ ᠤᠰᠤᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ᠠᠮᠤᠷ ᠲᠦᠪᠰᠢᠨ ᠤᠰᠤ ᠤᠮᠳᠠ ᠶᠢᠨ ᠲᠥᠷᠥᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ 11 ᠡᠷᠦᠭᠡ ᠳᠤ ᠲᠦᠭᠡᠭᠡᠯ ᠤᠰᠤᠨ ᠤ ᠲᠥᠬᠦᠭᠡᠷᠦᠮᠵᠢ ᠪᠠᠷ ᠤᠰᠤ ᠬᠠᠩᠭᠠᠵᠤ᠂ 42 ᠡᠷᠦᠬᠡ ᠳᠤ ᠬᠤᠳᠳᠤᠭ ᠦᠷᠦᠮᠳᠡᠨ ᠤᠰᠤ ᠬᠠᠩᠭᠠᠪᠠ᠃ ᠬᠤᠰᠢᠭᠤᠨ ᠤ ᠡᠪᠡᠳᠴᠢᠨ ᠡᠮᠭᠡᠭ ᠬᠢᠵᠠᠭᠠᠷᠯᠠᠬᠤ ᠲᠥᠪ ᠵᠢᠯ ᠪᠦᠷᠢ ᠡᠯ᠎ᠡ ᠭᠠᠴᠠᠭ᠎ᠠ ᠶᠢᠨ ᠤᠰᠤᠨ ᠤ ᠴᠢᠨᠠᠷ ᠤᠨ ᠪᠠᠶᠢᠳᠠᠯ ᠢ ᠪᠠᠶᠢᠴᠠᠭᠠᠨ ᠬᠡᠮᠵᠢᠵᠦ᠂ ᠪᠦᠬᠦ ᠰᠤᠮᠤ ᠶᠢᠨ 17 ᠭᠠᠴᠠᠭ᠎ᠠ ᠶᠢᠨ 53 ᠡᠷᠦᠭᠡ ᠲᠠᠷᠢᠶᠠᠯᠠᠬᠤ ᠮᠠᠯᠵᠢᠬᠤ ᠡᠷᠦᠬᠡ ᠶᠢᠨ ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤ ᠬᠡᠷᠡᠭᠯᠡᠬᠦ ᠳᠥᠭᠦᠮ ᠤᠨ ᠬᠡᠮᠵᠢᠶ᠎ᠡ᠂ ᠤᠰᠤ ᠬᠠᠩᠭᠠᠬᠤ ᠬᠡᠮᠵᠢᠶ᠎ᠡ ᠵᠡᠷᠭᠡ ᠶᠢ ᠪᠦᠬᠦᠨ ᠢ ᠪᠠᠷᠢᠮᠵᠢᠶ᠎ᠠ ᠳᠤ ᠬᠦᠷᠭᠡᠪᠡ᠃   ᠬᠥᠲᠥᠯᠥᠭᠴᠢ᠄ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢᠨ ᠬᠡᠷᠡᠭᠯᠡᠯᠲᠡ ᠪᠠ ᠬᠢᠨᠠᠯᠲᠠ ᠬᠠᠮᠢᠶᠠᠷᠤᠯᠳᠡ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠃ ᠪᠠᠭᠠᠳᠠᠯ᠎ᠠ ᠰᠤᠮᠤ ᠶᠠᠳᠠᠭᠤ ᠶᠢ ᠲᠡᠳᠬᠦᠬᠦ ᠪᠠᠯᠠ ᠮᠥᠩᠭᠦ ᠶᠢ ᠬᠡᠷᠬᠢᠨ ᠲᠦᠷᠢᠮᠵᠢᠬᠦᠯᠦᠨ ᠬᠡᠷᠡᠭᠯᠡᠭᠰᠡᠨ ᠪᠣᠶ︖     ﹇ᠯᠢᠶᠠᠩ ᠰᠢᠤᠢ ᠪᠢᠨ﹈ ᠮᠠᠨ ᠤ ᠰᠤᠮᠤ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ ᠰᠢᠢᠳᠪᠦᠷᠢᠳᠦ ᠪᠤᠳᠤᠯᠭ᠎ᠠ ᠲᠣᠭᠲᠠᠭᠠᠬᠤ ᠲᠦᠷᠢᠮ ᠢ ᠬᠢᠨᠠᠮᠠᠭᠠᠶ ᠬᠡᠷᠡᠭᠵᠢᠬᠦᠯᠵᠦ᠂ ᠶᠠᠳᠠᠭᠤ ᠶᠢ ᠲᠡᠳᠬᠦᠬᠦ ᠪᠤᠢ ᠪᠦᠬᠦᠢ ᠪᠡᠯᠡ ᠮᠥᠩᠭᠦ ᠶᠢ ᠴᠥᠮ ᠨᠠᠮ ᠤᠨ ᠬᠤᠷᠢᠶᠠᠨ ᠤ ᠬᠤᠷᠠᠯᠳᠤᠭᠠᠨ ᠢᠶᠠᠷ ᠳᠠᠮᠵᠢᠨ ᠬᠡᠷᠡᠭᠯᠡᠬᠦ ᠲᠥᠯᠥᠪᠯᠡᠭᠡ ᠪᠠ ᠨᠠᠶᠢᠳᠠᠪᠤᠷᠢᠵᠢᠭᠤᠯᠬᠤ ᠲᠥᠰᠦᠯ ᠢ ᠰᠤᠳᠤᠯᠤᠨ ᠲᠤᠭᠳᠠᠭᠠᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠴᠠᠭ ᠲᠤᠬᠠᠶ ᠳᠤᠨᠢ ᠳᠣᠷᠣᠭᠰᠢ ᠪᠠᠭᠤᠯᠭᠠᠵᠤ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ ᠠᠯᠢ ᠲᠦᠷᠭᠡᠨ ᠢᠶᠠᠷ ᠭᠠᠴᠠᠭ᠎ᠠ ᠲᠣᠰᠬᠤᠨ ᠡᠷᠦᠬᠡ ᠳᠤ ᠬᠦᠷᠴᠦ᠂ ᠪᠠᠯᠠ ᠮᠥᠩᠭᠦ ᠵᠣᠭᠰᠣᠩᠭᠢᠷᠠᠬᠤ ᠦᠵᠡᠭᠳᠡᠯ ᠭᠠᠷᠬᠤ ᠶᠢ ᠬᠤᠷᠢᠭᠯᠠᠪᠠ᠃ ᠭᠠᠴᠠᠭᠠᠨ ᠤ ᠠᠯᠪᠠᠨ ᠳᠠᠩᠰᠠ ᠪᠠᠶᠢᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠪᠢᠲᠡᠭᠦᠮᠵᠢᠯᠡᠨ ᠠᠵᠢᠯᠯᠠᠭᠤᠯᠬᠤ ᠶᠢ ᠬᠡᠷᠡᠭᠵᠢᠬᠦᠯᠪᠡ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠭᠠᠴᠠᠭ᠎ᠠ ︽532︾ ᠠᠵᠢᠯ ᠤᠨ ᠠᠷᠭ᠎ᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠥᠷᠥᠯ ᠵᠦᠢᠯ ᠢ  ᠨᠠᠶᠢᠳᠠᠪᠤᠷᠢᠵᠢᠭᠤᠯᠵᠤ᠂ ᠢᠯᠡ ᠲᠣᠳᠣ ᠪᠣᠯᠭᠠᠵᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠳᠠᠩᠰᠠ ᠮᠡᠳᠡᠭᠦᠯᠬᠦ ᠭᠠᠷᠳᠠᠮ ᠢ ᠲᠦᠷᠢᠮᠵᠢᠬᠦᠯᠪᠡ᠃    ᠬᠦᠳᠦᠯᠦᠭᠴᠢ᠄ ᠮᠥᠩᠭᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠬᠦ ᠨᠢ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠠᠵᠢᠯ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠪᠡ᠂   ᠪᠠᠭᠠᠳᠠᠯ᠎ᠠ ᠰᠤᠮᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠶᠠᠭᠠᠬᠢᠵᠤ ᠬᠢᠭᠰᠡᠨ ᠪᠣᠶ︖    ﹇ᠯᠢᠶᠠᠩ ᠰᠢᠦᠢ ᠪᠢᠨ﹈ ᠪᠢᠳᠡ ᠲᠠᠷᠢᠶᠠᠯᠠᠩ ᠤᠨ ᠪᠠᠩᠬᠢ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢ ᠵᠣᠬᠢᠴᠠᠭᠤᠯᠬᠤ ᠪᠠᠷ ᠲᠠᠮᠵᠢᠨ᠂ 288 ᠡᠷᠦᠬᠡ ᠳᠤ 1357 ᠲᠦᠮᠡᠨ ᠲᠥᠭᠦᠷᠢᠭ ᠶᠠᠳᠠᠭᠤ ᠶᠢ ᠲᠡᠳᠬᠦᠬᠦ ᠳᠠᠮ ᠬᠦᠤ ᠲᠠᠢ ᠵᠢᠬᠡᠯᠡᠯᠬᠡ ᠤᠯᠵᠤ ᠥᠭᠴᠡᠶ᠃ 1525 ᠰᠠᠭᠤᠷᠢ ᠦᠨᠢᠶ᠎ᠡ ᠬᠤᠳᠠᠯᠳᠤᠨ ᠠᠪᠴᠤ᠂ ᠶᠠᠳᠠᠭᠤ ᠬᠦᠴᠢᠷᠳᠡᠯᠲᠡᠶ ᠡᠷᠦᠬᠡ ᠶᠢᠨ ᠤᠯᠠᠭᠠᠨ ᠦᠬᠡᠷ ᠤᠨ ᠠᠵᠤ ᠦᠢᠯᠡᠰ ᠢ ᠬᠥᠭᠵᠢᠭᠦᠯᠬᠦ ᠶᠢ ᠲᠡᠳᠬᠦᠨ ᠲᠡᠮᠵᠢᠪᠡ᠃ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠺᠠᠳ᠋ᠷ ᠶᠠᠳᠠᠭᠤ ᠬᠦᠴᠢᠷᠳᠡᠯᠲᠡᠶ ᠡᠷᠦᠬᠡ ᠳᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠠᠵᠤ ᠠᠬᠤᠶ ᠶᠢᠨ ᠳᠠᠩᠰᠠ ᠶᠢ ᠰᠠᠶᠢᠲᠤᠷ ᠪᠣᠳᠣᠵᠤ᠂ ᠶᠠᠳᠠᠭᠤ ᠬᠦᠴᠢᠷᠳᠡᠯᠳᠡᠢ ᠡᠷᠦᠬᠡ ᠶᠢ ᠵᠢᠯᠣᠭᠤᠳᠤᠨ ᠦᠬᠡᠷ ᠲᠡᠵᠢᠭᠡᠨ ᠦᠷᠡᠵᠢᠭᠦᠯᠬᠦ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠳᠤ ᠬᠢᠨᠠᠯᠲᠠ ᠲᠠᠯᠪᠢᠵᠤ ᠪᠠᠶᠢᠭᠠᠳ ᠡᠳ᠋ ᠬᠥᠷᠥᠩᠭᠡ ᠶᠢᠨ ᠠᠯᠳᠠᠭᠳᠠᠬᠤ ᠥᠬᠡᠶ ᠪᠠᠶᠢᠬᠤ ᠶᠢ ᠪᠠᠳᠤᠯᠠᠵᠤ᠂ ᠵᠢᠭᠡᠯᠡᠯᠭᠡ ᠪᠤᠴᠠᠭᠠᠬᠤ ᠴᠢᠳᠠᠪᠤᠷᠢ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠵᠢᠭᠡᠯᠡᠯᠭᠡ ᠶᠢ ᠴᠠᠭ ᠲᠤᠬᠠᠶ ᠳᠤᠨᠢ ᠲᠤᠭ᠎ᠠ ᠬᠡᠮᠵᠢᠶ᠎ᠡ ᠶᠤᠰᠤᠭᠠᠷ ᠪᠤᠴᠠᠭᠠᠬᠤ ᠶᠢ ᠦᠨᠡᠨ ᠬᠦ ᠪᠠᠳᠤᠯᠠᠪᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠭᠠᠴᠠᠭᠠᠨ ᠤ ᠺᠠᠳ᠋ᠷ᠂ ᠳᠠᠭᠠᠭᠠᠴᠢᠯᠠᠨ ᠬᠠᠷᠢᠯᠴᠠᠬᠤ ᠺᠠᠳ᠋ᠷ ᠢ ᠵᠤᠬᠢᠶᠠᠨ ᠪᠠᠶᠢᠭᠤᠯᠵᠤ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ 52 ᠡᠷᠦᠬᠡ ᠶᠢᠨ 82 ᠬᠤᠪᠢ ᠠᠷᠠᠳ ᠬᠤᠭᠤᠷᠤᠨᠳᠤᠬᠢ ᠤᠨ ᠵᠢᠬᠡᠯᠡᠯᠬᠡ ᠶᠢ ᠰᠢᠢᠳᠪᠦᠷᠢᠯᠡᠵᠦ᠂ 114.09 ᠲᠦᠮᠡᠨ ᠲᠥᠭᠦᠷᠢᠭ ᠬᠤᠯᠪᠣᠭᠳᠠᠵᠠᠶ᠃    ᠬᠥᠲᠥᠯᠥᠭᠴᠢ᠄ ᠶᠠᠳᠠᠭᠤ ᠶᠢ ᠲᠡᠳᠬᠦᠬᠦ ᠪᠣᠯ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ᠂ ᠪᠤᠳᠤᠯᠢᠶᠠᠨᠳᠤ ᠴᠢᠨᠠᠷᠲᠠᠶ ᠠᠵᠢᠯ ᠮᠥᠨ᠂ ᠵᠠᠷᠢᠮ ᠬᠥᠮᠦᠨ ᠡᠮᠦᠨ᠎ᠡ ᠨᠢ ᠲᠡᠷᠭᠡ ᠲᠠᠲᠠᠵᠤ ᠵᠠᠮ ᠳᠠᠭᠠᠭᠤᠯᠬᠤ ᠬᠡᠷᠡᠭᠲᠡᠶ ᠮᠥᠷᠲᠡᠭᠡᠨ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠬᠦᠴᠦᠷᠬᠡᠭ ᠶᠡᠭᠡ ᠬᠦᠰᠡᠯ ᠡᠷᠡᠮᠡᠯᠵᠡᠯᠡᠯ ᠢ ᠪᠣᠶ ᠪᠤᠯᠭᠠᠪᠠᠯ ᠰᠠᠶ᠋ᠢ ᠶᠠᠳᠠᠭᠤ ᠶᠢ ᠲᠡᠳᠬᠦᠬᠦ ᠠᠵᠢᠯ ᠵᠢᠩᠬᠢᠨᠢ ᠦᠷ᠎ᠡ ᠪᠦᠲᠦᠮᠵᠢ ᠣᠯᠵᠤ ᠴᠢᠳᠠᠨ᠎ᠠ᠃ ᠯᠢᠶᠠᠩ ᠱᠦᠵᠢ ᠡ᠂ ᠪᠠᠭᠠᠳᠠᠯ᠎ᠠ ᠰᠤᠮᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠡᠷᠬᠢᠨ  ᠬᠦᠭᠵᠢᠬᠡᠭᠰᠡᠨ ᠪᠣᠶ︖    ﹇ᠯᠢᠶᠠᠩ ᠰᠢᠤᠢ ᠪᠢᠨ﹈ ᠨᠢᠭᠡ ᠳᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠪᠠ᠃ ︽3 + 2 + X +︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠵᠤ᠂ ᠬᠤᠷᠢᠮ ᠪᠤᠶᠠᠨ ᠤ ᠬᠡᠷᠡᠭ ᠡᠷᠬᠢᠯᠡᠭᠴᠢᠳ ᠤᠨ ᠵᠦᠪᠯᠡᠯ ᠪᠠᠶᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠳᠤ ᠬᠢᠨᠠᠯᠲᠠ ᠲᠠᠯᠪᠢᠬᠤ ᠰᠠᠮᠪᠠᠷ᠎ᠠ ᠪᠣᠯᠤᠨ ᠭᠠᠴᠠᠭᠠᠨ ᠤ ᠣᠳᠣᠨ ᠰᠠᠮᠪᠠᠷ᠎ᠠ ᠪᠠᠶᠢᠭᠤᠯᠵᠤ᠂ ︽ᠬᠤᠷᠢᠮ ᠤᠨ ᠶᠢᠰᠦᠨ ᠲᠦᠷᠢᠮ ᠪᠤᠶᠠᠨ ᠤ ᠭᠤᠷᠪᠠᠨ ᠲᠦᠷᠢᠮ︾ ᠢ ᠲᠣᠭᠲᠠᠭᠠᠵᠤ᠂ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠠᠮᠠᠯᠠᠯᠲᠠ ᠶᠢᠨ ᠪᠢᠴᠢᠭ ᠲᠣᠭᠲᠠᠵᠤ᠂ ᠪᠦᠬᠦ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠶᠢᠨ ᠤᠬᠠᠭᠤᠯᠭ᠎ᠠ ᠶᠢᠨ ᠤᠷᠠᠨ ᠰᠠᠶᠢᠬᠠᠨ ᠤ ᠬᠠᠮᠳᠤᠷᠠᠭᠰᠠᠨ ᠲᠣᠭᠯᠠᠯᠲᠠ᠂ ᠣᠪᠣᠭᠠᠨ ᠰᠣᠶᠣᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ  ᠨᠠᠭᠠᠳᠤᠮ ᠤᠨ ᠶᠡᠭᠡ ᠬᠤᠷᠠᠯ᠂ ︽ᠵᠠᠩ ᠳᠠᠳᠬᠠᠯ ᠢ ᠥᠭᠡᠷᠡᠴᠢᠯᠡᠬᠦ ᠬᠤᠨᠳᠠᠭᠠᠳᠤ︾ ᠬᠤᠷᠴᠢᠨ ᠠᠷᠠᠳ ᠤᠨ ᠳᠠᠭᠤᠤ ᠶᠢᠨ ᠤᠷᠤᠯᠳᠤᠭᠠᠨ᠂ ᠦᠨᠳᠦᠰᠦᠳᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠴᠠᠭᠠᠨ ᠢᠳᠡᠭᠡᠨ ᠤ ᠳᠡᠯᠭᠡᠨ ᠪᠣᠷᠣᠯᠠᠭᠤᠯᠬᠤ ᠴᠤᠭᠯᠠᠭᠠᠨ ᠡᠷᠬᠢᠯᠡᠵᠦ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠬᠥᠮᠦᠵᠢᠯ᠂ ᠠᠴᠢ ᠬᠠᠷᠢᠭᠤᠯᠠᠬᠤ ᠬᠥᠮᠦᠵᠢᠯ᠂ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠲᠣᠭᠲᠠᠭᠰᠠᠨ ᠬᠤᠭᠤᠴᠠᠭ᠎ᠠ ᠲᠠᠢ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠦᠵᠡᠯᠲᠡ ᠪᠠᠨ ᠬᠤᠪᠢᠷᠠᠭᠤᠯᠤᠨ᠂ ᠪᠣᠯᠪᠠᠰᠤᠨ ᠢ ᠡᠷᠬᠢᠮᠯᠡᠵᠦ᠂ ᠰᠢᠨ᠎ᠡ ᠰᠤᠷᠲᠠᠯ ᠢ ᠪᠤᠢ ᠪᠤᠯᠭᠠᠵᠤ᠂ ᠱᠠᠯᠢᠨ ᠪᠦᠷᠢᠯᠭᠡᠬᠦ᠂ ᠶᠡᠭᠡ ᠪᠠᠷ ᠬᠢᠵᠦ ᠶᠡᠭᠡ ᠪᠠᠷ ᠡᠷᠬᠢᠯᠡᠬᠦ ᠵᠡᠷᠭᠡ ᠮᠠᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠭᠤᠯᠪᠠ᠃ ᠠᠶᠢᠯ ᠲᠣᠰᠬᠤᠨ ᠢᠶᠠᠷ ᠨᠢᠭᠡᠴᠢ ᠪᠣᠯᠭᠠᠨ᠂ 53 ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠬᠥᠲᠥᠯᠦᠨ ᠵᠢᠯᠣᠭᠤᠳᠴᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠭᠤᠯᠪᠠ᠃ ᠬᠤᠶᠠᠷ ᠲᠤ᠂ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠢ ᠰᠠᠶᠢᠲᠤᠷ ᠡᠷᠬᠢᠯᠡᠪᠡ᠃ ᠤᠷᠢᠳ ᠬᠤᠵᠢᠳ 10 ᠳᠦᠷᠢᠮᠵᠢᠭᠰᠡᠨ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠡᠷᠬᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠡᠳᠦᠷ ᠲᠤᠲᠤᠮ ᠤᠨ ᠢᠯᠡᠷᠡᠯ ᠢ ᠲᠣᠭᠲᠠᠮᠠᠯ ᠬᠤᠭᠤᠴᠠᠭ᠎ᠠ ᠲᠠᠢ ᠬᠡᠮᠵᠢᠶᠡᠯᠡᠨ ᠰᠢᠯᠭᠠᠨ ᠲᠣᠭᠲᠠᠭᠠᠵᠤ᠂ ᠬᠠᠶᠢᠷ᠎ᠠ ᠬᠠᠯᠠᠮᠵᠢ ᠶᠢᠨ ᠬᠤᠪᠢ ᠬᠤᠷᠠᠮᠳᠤᠭᠤᠯᠬᠤ ᠺᠠᠷᠲ ᠣᠯᠭᠤᠵᠤ᠂ ᠶᠠᠳᠠᠭᠤ ᠬᠦᠴᠢᠷᠳᠡᠯᠲᠡᠶ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ︽ᠬᠦᠯᠢᠶᠡᠬᠦ ᠲᠦᠰᠢᠭᠯᠡᠬᠦ ᠠᠪᠬᠤ︾ ᠦᠵᠡᠯ ᠰᠠᠨᠠᠭ᠎ᠠ ᠶᠢ ᠨᠢ ᠲᠠᠶᠠᠭᠳᠠᠭᠤᠯᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠨ᠂ ᠠᠵᠢᠯᠴᠢ ᠬᠥᠳᠡᠯᠮᠦᠷᠢᠴᠢ ᠪᠠᠷ ᠪᠡᠶᠡᠵᠢᠨ ᠴᠢᠨᠡᠭᠡᠯᠢᠭᠵᠢᠬᠦ   ᠶᠢ ᠵᠤᠷᠢᠭᠵᠢᠭᠤᠯᠪᠠ᠃ ᠭᠤᠷᠪᠠ ᠳᠤ ᠨᠡᠶᠢᠲᠡᠯᠢᠭ ᠵᠢᠱᠢᠶ᠎ᠡ ᠦᠵᠡᠭᠦᠯᠬᠦ ᠶᠢ ᠴᠢᠩᠭᠠᠳᠬᠠᠪᠠ᠃ ︽ᠲᠠᠪᠤᠨ ᠰᠠᠶᠢᠨ ᠨᠢᠭᠡ ᠵᠢᠱᠢᠶ᠎ᠡ ᠦᠵᠡᠭᠦᠯᠬᠦ︾ ᠶᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠶᠢᠷ᠎ᠡ ᠶᠢᠨ ᠭᠤᠷᠪᠠᠨ ᠵᠢᠯ ᠤᠨ ᠲᠤᠷᠰᠢ᠂ ᠪᠠᠶᠢᠭᠠᠯᠢ ᠶᠢᠨ ᠲᠣᠰᠬᠤᠨ ᠪᠦᠷᠢ ᠳᠤ 3 ᠠᠴᠠ 5 ᠶᠠᠳᠠᠭᠤ ᠠᠴᠠ ᠠᠩᠭᠢᠵᠢᠷᠠᠨ ᠪᠠᠶᠠᠵᠢᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠤᠢ ᠪᠤᠯᠭᠠᠵᠤ᠂ ᠰᠤᠮᠤ ᠭᠠᠴᠠᠭ᠎ᠠ ᠬᠤᠶᠠᠷ ᠱᠠᠲᠤᠨ ᠳᠤ ᠨᠡᠶᠢᠲᠡ 63 ᠬᠠᠮᠤᠭ ᠭᠤᠶᠤ ᠡᠬᠡᠨᠡᠷ᠂ 60 ᠬᠠᠮᠤᠭ ᠭᠤᠶᠤ ᠬᠠᠳᠠᠮ ᠡᠬᠡ᠂ 51 ᠶᠠᠳᠠᠭᠤ ᠠᠴᠠ ᠠᠩᠭᠢᠵᠢᠷᠠᠨ ᠪᠠᠶᠠᠵᠢᠭᠰᠠᠨ ᠵᠢᠱᠢᠶ᠎ᠡ ᠦᠵᠡᠭᠦᠯᠬᠦ ᠡᠷᠦᠬᠡ ᠵᠢᠴᠢ ᠰᠤᠷᠭᠠᠭᠤᠯᠢ ᠳᠡᠪᠰᠢᠬᠦ ᠳᠠᠶᠢᠯᠠᠯᠭ᠎ᠠ ᠬᠢᠬᠦ ᠶᠢ ᠲᠡᠪᠴᠢᠭᠰᠡᠨ 20 ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ ᠶᠢ ᠰᠢᠯᠭᠠᠷᠠᠭᠤᠯᠣᠨ ᠬᠥᠬᠢᠭᠦᠯᠪᠡ᠃     ᠬᠥᠲᠥᠯᠥᠭᠴᠢ᠄ ᠯᠢᠶᠠᠩ ᠱᠦᠵᠢ ᠡ᠂  ᠪᠠᠭᠠᠳᠠᠯ᠎ᠠ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠨᠢ ᠶᠠᠭᠤ ᠪᠣᠶ︖     ﹇ᠯᠢᠶᠠᠩ ᠰᠢᠦᠢ ᠪᠢᠨ﹈ ᠨᠢᠭᠡ ᠳᠤ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ᠂ ᠨᠠᠮ ᠤᠨ ᠭᠡᠰᠢᠭᠦᠨ ᠤ ᠡᠩᠨᠡᠭᠡ᠂ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ ᠡᠷᠴᠢᠮ ᠢᠶᠠᠨ ᠨᠡᠮᠡᠭᠳᠡᠭᠦᠯᠵᠦ᠂ ᠬᠥᠮᠦᠵᠢᠭᠦᠯᠬᠦ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ᠂ ᠳᠠᠭᠠᠭᠤᠯᠤᠨ ᠪᠠᠶᠠᠵᠢᠬᠤ ᠴᠢᠳᠠᠪᠤᠷᠢ ᠶᠢ ᠨᠢ ᠲᠡᠭᠡᠭᠰᠢᠯᠡᠬᠦᠯᠦᠨ᠎ᠡ᠃ ᠨᠡᠶᠢᠲᠡᠯᠢᠭ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠭᠠᠴᠠᠭᠠᠨ ᠤ ᠨᠠᠮ ᠤᠨ ᠡᠭᠦᠷ ᠤᠨ ᠵᠢᠷᠤᠮᠵᠢᠭᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ ᠬᠤᠶᠠᠷ ᠲᠤ᠂ ᠦᠬᠡᠷ ᠤᠨ ᠭᠤᠤᠯ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠠᠷᠠᠴᠢᠯᠠᠨ ᠲᠡᠵᠢᠭᠡᠬᠦ ᠬᠡᠪ ᠵᠠᠭᠪᠤᠷ ᠢ ᠰᠠᠶᠢᠵᠢᠷᠠᠭᠤᠯᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠡᠶ᠃ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠡ ᠳᠤ ᠠᠵᠤ ᠦᠢᠯᠡᠰ ᠤᠨ ᠲᠤᠯᠭᠠᠭᠤᠷᠢᠯᠠᠯ ᠢ ᠪᠠᠲᠤ ᠪᠠᠬᠢ ᠪᠤᠢ ᠪᠤᠯᠭᠠᠨ᠎ᠠ᠃ ᠬᠦᠷᠢᠶ᠎ᠡ ᠬᠠᠰᠢᠶᠠᠨ ᠤ ᠠᠵᠤ ᠠᠬᠤᠶ ᠶᠢ ᠠᠮᠢᠳᠤᠯᠢᠭ ᠪᠣᠯᠭᠠᠵᠤ᠂ ᠣᠨᠴᠠᠯᠢᠭᠲᠤ ᠲᠠᠷᠢᠮᠠᠯ ᠤᠨ ᠦᠢᠯᠡᠰ ᠢ ᠬᠠᠶᠢᠨ ᠰᠦᠪᠡᠭᠴᠢᠯᠡᠵᠦ᠂ ᠪᠣᠭ ᠮᠠᠯ ᠲᠡᠵᠢᠭᠡᠨ ᠦᠷᠡᠵᠢᠭᠦᠯᠬᠦ ᠦᠢᠯᠡᠰ ᠢ ᠥᠷᠭᠡᠳᠬᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠠᠬᠢᠭᠤᠯᠵᠤ᠂ ᠲᠠᠷᠢᠶᠠᠯᠠᠩ ᠤᠨ ᠪᠦᠲᠦᠴᠡ ᠶᠢᠨ ᠲᠣ‌‍ᠬᠢᠷᠠᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠣᠯᠠᠨ ᠵᠦᠢᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠭᠤᠷᠪᠠ ᠳᠤ᠂ ᠬᠠᠮᠲᠤ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠬᠠᠮᠵᠢᠯᠴᠠᠭᠠᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠲᠡᠳᠬᠦᠨ ᠬᠥᠭᠵᠢᠭᠦᠯᠵᠦ᠂ ᠭᠠᠴᠠᠭ᠎ᠠ ᠪᠦᠷᠢ ᠨᠢᠭᠡᠨ ᠳᠦᠷᠢᠮᠵᠢᠭᠰᠡᠨ ᠲᠤᠰᠬᠠᠢ ᠬᠤᠷᠰᠢᠶᠠᠵᠢᠯ ᠢ ᠪᠤᠶᠢᠵᠢᠭᠤᠯᠵᠤ᠂ ︽ᠨᠠᠮ ᠤᠨ ᠡᠭᠦᠷ + ᠬᠤᠷᠰᠢᠶᠠᠵᠢᠯ + ᠶᠠᠳᠠᠭᠤ ᠬᠦᠴᠢᠷᠳᠡᠯᠲᠡᠢ ᠡᠷᠦᠬᠡ︾᠂ ︽ᠨᠠᠮ ᠤᠨ ᠡᠭᠦᠷ + ᠳᠠᠭᠠᠭᠤᠯᠤᠭᠴᠢ ᠠᠵᠤ ᠠᠬᠤᠢᠯᠠᠯ + ᠶᠠᠳᠠᠭᠤ ᠬᠦᠴᠢᠷᠳᠡᠯᠳᠡᠢ ᠡᠷᠦᠬᠡ︾ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠤᠷᠰᠢᠶ᠎ᠠ ᠪᠣᠯᠤᠨ ᠳᠠᠭᠠᠭᠤᠯᠤᠭᠴᠢ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠬᠤ᠂ ᠬᠦᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠳᠥᠷᠪᠡ ᠳᠤ ᠶᠠᠳᠠᠭᠤ ᠶᠢ ᠲᠡᠳᠬᠦᠬᠦ ᠳᠤ ᠤᠷᠢᠳᠠᠪᠠᠷ ᠵᠣᠷᠢᠭ ᠰᠠᠨᠠᠭ᠎ᠠ ᠶᠢ ᠲᠡᠳᠬᠦᠬᠦ ᠶᠢ ᠪᠠᠷᠢᠮᠲᠠᠯᠠᠵᠤ᠂ ᠣ‌‍ᠷᠣᠨ ᠨᠤᠲᠤᠭ ᠤᠨ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠭᠡᠰᠢᠭᠦᠨ ᠺᠠᠳ᠋ᠷ ᠲᠣᠯᠣᠭᠠᠶᠢᠯᠠᠵᠤ᠂ ᠬᠤᠷᠢᠮ ᠪᠤᠶᠠᠨ ᠤ ᠬᠡᠷᠡᠭ ᠡᠷᠬᠢᠯᠡᠭᠴᠢᠳ ᠤᠨ ᠵᠦᠪᠯᠡᠯ ᠤᠨ ᠬᠢᠨᠠᠨ ᠬᠠᠮᠢᠶᠠᠷᠤᠯᠲᠠ᠂ ᠨᠡᠶᠢᠲᠡᠯᠢᠭ ᠵᠢᠱᠢᠶ᠎ᠡ ᠦᠵᠡᠭᠦᠯᠦᠨ ᠳᠠᠭᠠᠭᠤᠯᠬᠤ ᠪᠠ ᠳᠦᠷᠢᠮ ᠲᠣᠭᠲᠠᠴᠠ ᠶᠢᠨ ᠬᠦᠯᠢᠶᠡᠰᠦᠯᠡᠯ ᠢ ᠤᠶᠠᠯᠳᠤᠭᠤᠯᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠢ ᠤᠳᠠᠭᠠᠨ ᠳᠠᠭᠠᠭᠠᠮᠠᠭᠠᠶ ᠠᠬᠢᠭᠤᠯᠤᠨ᠎ᠠ᠃ ᠰᠢᠨ᠎ᠡ ᠬᠡᠪ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠭᠠᠵᠢᠭᠤ ᠰᠤᠷᠲᠠᠯ ᠢ ᠡᠰᠡᠷᠭᠦᠴᠡᠨ ᠬᠤᠷᠢᠭᠯᠠᠵᠤ᠂ ᠨᠠᠮ ᠤᠨ ᠰᠤ‌‍ᠷᠲᠠᠯ ᠵᠠᠰᠠᠭ ᠤᠨ ᠰᠤᠷᠲᠠᠯ ᠠᠷᠠᠳ ᠤᠨ ᠰᠤᠷᠲᠠᠯ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠡᠪ ᠵᠠᠭᠪᠤᠷ ᠤᠨ ᠰᠢᠨ᠎ᠡ ᠶᠢ ᠡᠭᠦᠳᠴᠦ᠂ ᠭᠠᠴᠠᠭ᠎ᠠ ᠲᠣᠰᠬᠤᠨ ᠳᠤ ᠦᠷᠭᠦᠯᠵᠢᠯᠡᠨ ᠲᠣᠭᠲᠠᠭᠤᠨ ᠬᠠᠮᠲᠤ ᠶᠢᠨ ᠠᠵᠤ ᠠᠬᠤᠶ ᠶᠢᠨ ᠣᠷᠣᠯᠭ᠎ᠠ ᠲᠠᠢ ᠪᠠᠶᠢᠬᠤ ᠶᠢ ᠪᠡᠶᠡᠯᠡᠬᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠣᠯᠠᠨ ᠲᠦᠮᠡᠨ ᠳᠤ ᠦᠢᠯᠡᠴᠢᠯᠡᠬᠦ ᠪᠣᠳᠠᠲᠤ ᠬᠦᠴᠦᠨ ᠲᠠᠢ ᠪᠤᠯᠭᠠᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠰᠠᠶᠢᠨ ᠶᠠᠪᠤᠳᠠᠯ ᠬᠢᠨ᠎ᠡ᠃    ᠬᠥᠲᠥᠯᠥᠭᠴᠢ᠄ ᠵᠠ ᠲᠡᠭᠡᠪᠡᠯ ᠮᠠᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠴᠦ ᠦᠨᠳᠦᠷᠯᠡᠯ᠎ᠡ᠂ ᠯᠢᠶᠠᠩ ᠱᠦᠵᠢ ᠶᠢᠨ ᠲᠠᠨᠢᠯᠴᠠᠭᠤᠯᠭ᠎ᠠ ᠬᠢᠭᠰᠡᠨ ᠳᠤ ᠲᠠᠯᠠᠷᠬᠠᠵᠤ ᠪᠠᠶᠢᠨ᠎ᠠ᠃ ᠰᠦᠯᠵᠢᠶᠡᠨ ᠠᠨᠳᠠ ᠨᠠᠷ ᠤᠨ ᠠᠩᠬᠠᠷᠤᠭᠰᠠᠨ ᠳᠤ ᠲᠠᠯᠠᠷᠬᠠᠵᠤ ᠪᠠᠶᠢᠨ᠎ᠠ᠂ ᠪᠢᠳᠡ ᠲᠠᠷᠠᠭᠠᠴᠢ ᠶᠢᠨ ᠬᠤᠭᠤᠴᠠᠭᠠᠨ ᠳᠤ ᠳᠠᠬᠢᠨ ᠠᠭᠤᠯᠵᠠᠶ᠎ᠠ᠃     ﹇ᠯᠢᠶᠠᠩ ᠰᠢᠦᠢ ᠪᠢᠨ﹈ ᠬᠥᠲᠥᠯᠥᠭᠴᠢ ᠳᠤ ᠪᠠᠶᠠᠷᠯᠠᠯ᠎ᠠ᠂ ᠰᠦᠯᠵᠢᠶᠡᠨ ᠠᠨᠳᠠ ᠨᠠᠷ ᠲᠤ ᠪᠠᠶᠠᠷᠯᠠᠯ᠎ᠠ᠂ ᠪᠠᠶᠠᠷᠲᠠᠶ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号