| ᠬᠠᠷᠢᠭᠤᠴᠠᠯᠭ᠎ᠠ ᠠᠴᠠ ᠬᠠᠶᠢᠷ᠎ᠠ ᠤᠨᠲᠦᠷᠤᠨᠠᠮ | ᠵᠣᠬᠢᠶᠠᠭᠴᠢ᠄ ᠄ ᠬᠤᠨᠭ᠌ ᠰᠢᠶᠠ ᠦᠵᠡᠰᠭᠦᠯᠡᠩ | | ᠊᠊᠊᠊᠊᠊᠊᠊ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ | ᠨᠠᠮ ᠤᠨ ᠬᠤᠷᠢᠶ᠎ᠠ ᠶᠢᠨ ᠱᠦᠵᠢ ᠪᠤᠤ ᠭᠦᠸᠧ ᠴᠢᠩ ᠢ ᠲᠡᠮᠳᠡᠭᠯᠡᠪᠡ | | ᠪᠤᠤ ᠭᠦᠸᠧ ᠴᠢᠩ ︵ᠪᠠᠷᠠᠭᠤᠨ ᠠᠴᠠ ᠬᠤᠶᠠᠳᠤᠭᠠᠷ ᠨᠢ︶ | | ᠪᠤᠤ ᠭᠦᠸᠧ ᠴᠢᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ ᠨᠠᠮ ᠤᠨ | ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠤ ᠪᠠᠨ ᠲᠠᠷᠠᠭ᠎ᠠ᠂ ︽ᠬᠠᠭᠤᠴᠢᠨ ᠪᠠᠶᠢᠳᠠᠯ ᠢ ᠡᠷᠡᠰ | ᠬᠤᠪᠢᠷᠠᠭᠤᠯᠬᠤ ᠦᠬᠡᠢ ᠪᠤᠯ ᠵᠤᠭᠰᠤᠬᠤ ᠦᠬᠡᠢ︾ ᠬᠡᠮᠡᠬᠦ ᠲᠡᠮᠡᠴᠡᠬᠦ ᠬᠠᠷᠠᠯᠲᠠ ᠲᠤᠭᠲᠠᠭᠠᠵᠤ᠂ ᠵᠠᠪᠠᠯ ᠨᠤᠲᠤᠬ ᠤᠨ | ᠲᠦᠮᠡᠨ ᠳᠤ ᠪᠠᠨ ᠵᠤᠯ ᠵᠢᠷᠭᠠᠯᠲᠤ ᠠᠮᠢᠳᠤᠷᠠᠯ ᠡᠳ᠋ᠯᠡᠭᠦᠯᠬᠦ ᠴᠢᠩᠭ᠎ᠠ ᠬᠠᠷᠢᠭᠤᠴᠠᠯᠭᠠᠲᠦ ᠰᠡᠳᠬᠢᠯᠬᠡ ᠶᠢ ᠡᠪᠤᠷᠯᠡᠨ᠂ | ᠨᠢᠭᠡ ᠰᠡᠳᠭᠢᠯ ᠨᠢᠬᠡ ᠵᠤᠷᠢᠭ ᠢᠶᠠᠷ ᠮᠠᠯᠴᠢᠨ ᠲᠠᠷᠢᠶᠠᠴᠢᠨ ᠤ ᠲᠦᠯᠦᠭᠡ ᠵᠢᠳᠭᠦᠭᠰᠡᠭᠡᠷ ᠢᠷᠡᠵᠡᠢ᠃ | ᠪᠤᠤ ᠭᠦᠸᠧ ᠴᠢᠩ ᠪᠦᠬᠦ ᠪᠠᠯᠭᠠᠰᠤᠨ ᠤ 2.4 ᠲᠦᠮᠡᠨ ᠺᠠᠳ᠋ᠷ ᠤᠯᠠᠨ ᠲᠦᠮᠡᠨ ᠢ ᠳᠠᠶᠢᠴᠢᠯᠠᠨ ᠬᠦᠴᠦ ᠪᠠᠨ | ᠬᠠᠮᠳᠤᠳᠬᠠᠨ ᠴᠢᠷᠮᠠᠶᠢᠨ ᠲᠡᠮᠡᠴᠡᠵᠦ᠂ ᠪᠦᠬᠦ ᠪᠠᠯᠭᠠᠰᠤᠨ ᠤ ᠶᠠᠳᠠᠭᠤᠷᠠᠯ ᠤᠨ ᠨᠤᠷᠮ᠎ᠠ ᠶᠢ 2014 ᠤᠨ ᠤ 12. | 46% ᠪᠠᠶᠢᠭᠰᠠᠨ ᠠᠴᠠ 0.06% ᠪᠤᠯᠭᠠᠨ ᠪᠠᠭᠤᠷᠠᠭᠤᠯᠤᠭᠰᠠᠨ ᠪᠠᠶᠢᠨ᠎ᠠ᠃ ᠡᠨᠡ ᠨᠢ ᠬᠡᠲᠦ᠋ᠢᠪᠠᠷ ᠲᠡᠬᠦᠨ ᠤ | ᠭᠠᠭᠴᠠ ᠬᠦᠮᠤᠨ ᠤ ᠠᠮᠵᠢᠯᠲᠡ ᠪᠢᠰᠢ ᠪᠤᠯᠪᠠᠴᠤ ᠲᠡᠬᠦᠨ ᠤ ᠭᠤᠤᠯ ᠦᠢᠯᠠᠲᠦᠯ ᠠᠴᠠ ᠬᠡᠷᠬᠢᠨ ᠰᠠᠯᠵᠤ ᠪᠤᠯᠬᠤ ᠠᠵᠢ | ᠃ ᠲᠡᠷᠡ ᠪᠠᠷ ᠤᠷᠢᠳ ᠬᠤᠵᠢᠳ ᠦᠪᠦᠷ ᠮᠤᠩᠭᠤᠯ ᠤᠨ ᠵᠠᠯᠠᠭᠤᠴᠤᠳ ᠤᠨ ᠰᠢᠨ᠎ᠠ ᠶᠢ ᠡᠭᠦᠳᠴᠤ ᠦᠢᠯᠡᠰ | ᠪᠤᠰᠬᠠᠬᠰᠡᠨ ᠰᠢᠯᠢᠳᠡᠭ ᠵᠢᠱᠢᠶᠡᠴᠢ᠂ ᠲᠦᠡᠭᠯᠢᠶᠤᠤ ᠬᠤᠲᠠ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ | ᠴᠤᠯᠠ ᠶᠢ ᠬᠦᠷᠲᠡᠪᠡ︔ 2018 ᠤᠨ ᠳᠤ ᠬᠠᠯᠢᠭᠤᠲᠤ ᠪᠠᠯᠭᠠᠰᠤᠨ ᠤ ᠨᠠᠮ ᠤᠨ ᠬᠤᠷᠢᠶ᠎ᠠ ᠨᠢ ᠲᠦᠡᠭᠯᠢᠶᠤᠤ | ᠬᠤᠲᠠ ᠶᠢᠨ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ︾ ᠲᠡᠷᠢᠭᠦᠨ ᠤ ᠨᠠᠮ ᠤᠨ ᠬᠤᠷᠢᠶ᠎ᠠ ᠶᠢᠨ | ᠢᠷᠠᠭᠤ ᠠᠯᠳᠠᠷ ᠢ ᠬᠦᠷᠲᠡᠵᠦ᠂ 2019 ᠤᠨ ᠳᠤ ᠬᠠᠯᠢᠭᠤᠲᠤ ᠪᠠᠯᠭᠠᠰᠤᠨ ᠤ ᠶᠠᠳᠠᠭᠤ ᠶᠢ ᠳᠡᠳᠭᠦᠬᠦ ᠠᠯᠪᠠᠨ ᠭᠡᠷ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠬᠦ ᠰᠢᠰᠲ᠋ᠧᠮ ᠤᠨ ᠲᠡᠷᠢᠭᠦᠨ ᠤ ᠬᠠᠮᠲᠤ | ᠨᠡᠶᠢᠲᠡ ᠪᠠᠷ ᠦᠨᠡᠯᠡᠭᠳᠡᠪᠡ᠃ | ᠬᠦᠭᠵᠢᠯᠲᠡ ᠶᠢᠨ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠪᠤᠳᠠᠲᠠᠢ ᠠᠵᠢᠯ | ᠬᠢᠵᠡᠢ | ᠪᠤᠤ ᠭᠦᠸᠧ ᠴᠢᠩ ᠪᠦᠬᠦ ᠪᠠᠯᠭᠠᠰᠤᠨ ᠤ 19 ᠭᠠᠴᠠᠭ᠎ᠠ ᠲᠤᠰᠬᠤᠨ ᠤ 1200 ᠭᠠᠷᠤᠢ ᠡᠷᠦᠬᠡ ᠪᠠᠷ | ᠲᠤᠭᠤᠷᠢᠨ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠨᠢᠭᠡᠳᠤᠭᠡᠷ ᠮᠠᠲ᠋ᠧᠷᠢᠶᠠᠯ ᠢ | ᠡᠵᠡᠮᠰᠢᠭᠰᠡᠨ ᠪᠠᠶᠢᠨ᠎ᠠ᠃ ᠲᠡᠷᠡ ᠪᠦᠬᠦ ᠪᠠᠯᠭᠠᠰᠤᠨ ᠤ ᠶᠠᠳᠠᠭᠤᠷᠠᠯ ᠤᠨ ᠰᠢᠯᠲᠠᠭᠠᠨ ᠢ ᠶᠡᠷᠦᠩᠬᠡᠶᠢᠯᠡᠨ ᠵᠠᠳᠠᠯᠵᠤ᠂ ︽ | ᠨᠢᠭᠡ ᠬᠤᠪᠢᠷᠠᠭᠤᠯᠬᠤ᠂ ᠬᠤᠶᠠᠷ ᠲᠤᠬᠢᠷᠠᠭᠤᠯᠬᠤ᠂ ᠭᠤᠷᠪᠠ ᠬᠦᠮᠦᠵᠢᠭᠦᠯᠬᠦ᠂ ᠳᠦᠷᠪᠡ ᠨᠡᠮᠡᠭᠳᠡᠭᠦᠯᠬᠦ︾ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠰᠡᠳᠭᠢᠴᠡ ᠶᠢ ᠳᠤᠷᠠᠳᠴᠠᠢ᠃ | 2016 ᠤᠨ ᠠᠴᠠ ᠨᠠᠭᠠᠰᠢ᠂ ᠪᠤᠤ ᠭᠦᠸᠧ ᠴᠢᠩ ᠲᠤᠯᠤᠭᠠᠢᠢᠯᠠᠨ ᠮᠦᠡᠭᠭᠦᠨ ᠭᠦᠢᠯᠭᠡᠭᠡᠨ ᠤ ᠶᠠᠳᠠᠭᠤ ᠶᠢ ᠳᠡᠳᠭᠦᠬᠦ | ᠵᠢᠭᠡᠯᠡᠯᠬᠡ 4056 ᠲᠦᠮᠡᠨ ᠲᠦᠭᠦᠷᠢᠭ ᠢ ᠵᠤᠬᠢᠴᠠᠭᠤᠯᠤᠨ ᠲᠡᠮᠡᠴᠡᠨ ᠤᠯᠵᠤ᠂ 839 ᠶᠠᠳᠠᠭᠤ ᠬᠦᠴᠢᠷᠳᠡᠯᠲᠡᠢ | ᠡᠷᠦᠬᠡ ᠳᠤ ᠲᠠᠷᠬᠠᠭᠠᠨ ᠦᠭᠴᠦ᠂ ᠵᠢᠭᠡᠯᠡᠯᠭᠡ ᠶᠢᠨ ᠨᠦᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠡᠷᠦᠬᠡ ᠶᠢᠨ | ᠵᠢᠭᠡᠯᠡᠯᠭᠡ ᠶᠢᠨ ᠪᠦᠷᠬᠦᠴᠡ ᠶᠢᠨ ᠨᠤᠷᠮ᠎ᠠ 99.6% ᠳᠤ ᠬᠦᠷᠴᠦ᠂ 4400 ᠲᠦᠮᠡᠨ ᠲᠦᠭᠦᠷᠢᠭ ᠤᠨ ᠠᠵᠤ | ᠦᠢᠯᠡᠰ ᠢᠶᠠᠷ ᠳᠡᠳᠭᠦᠬᠦ ᠪᠡᠯᠡ ᠮᠦᠡᠭᠭᠦ ᠶᠢ ᠨᠠᠶᠢᠳᠠᠪᠤᠷᠢᠵᠢᠭᠤᠯᠵᠤ᠂ ᠭᠤᠤᠯᠲᠠᠭᠤ ᠮᠠᠯ ᠬᠤᠳᠠᠯᠳᠤᠨ ᠠᠪᠴᠤ | ᠦᠢᠯᠡᠳᠪᠦᠷᠢᠯᠡᠯ ᠢᠶᠠᠨ ᠬᠦᠭᠵᠢᠭᠦᠯᠬᠦ ᠳᠤ ᠬᠡᠷᠡᠭᠯᠡᠵᠡᠢ᠃ ᠤᠳᠤᠬᠠᠨ ᠳᠤ᠂ ᠪᠦᠬᠦ ᠪᠠᠯᠭᠠᠰᠤᠨ ᠤ ᠦᠬᠡᠷ ᠤᠨ ᠲᠤᠭ᠎ᠠ | 6.6 ᠲᠦᠮᠡ ᠳᠤ ᠬᠦᠷᠴᠦ᠂ 2016 ᠤᠨ ᠤ ᠬᠢ ᠠᠴᠠ 3.8 ᠲᠦᠮᠡᠨ ᠲᠤᠯᠤᠭᠠᠢ ᠨᠡᠮᠡᠭᠳᠡᠵᠦ᠂ ᠬᠦᠮᠦᠨ | ᠳᠤᠮᠳᠠᠴᠢ ᠳᠤ 2.8 ᠲᠤᠯᠤᠭᠠᠢ ᠦᠬᠡᠷ᠂ 3 ᠬᠤᠨᠢ ᠨᠤᠭᠳᠠᠭᠰᠠᠨ ᠪᠠᠶᠢᠨ᠎ᠠ᠃ | ᠪᠠᠷᠢᠮᠵᠢᠶ᠎ᠠ ᠶᠢ ᠴᠢᠩᠭ᠎ᠠ ᠠᠳᠬᠤᠵᠤ᠂ ᠢᠯᠡ ᠪᠤᠯᠭᠠᠬᠤ ᠶᠢ ᠴᠢᠬᠤᠯᠠᠴᠢᠯᠠᠨ᠂ ᠦᠵᠦᠭᠦᠷ ᠲᠤ ᠨᠢ ᠬᠦᠷᠲᠡᠯ᠎ᠡ | ᠪᠠᠶᠢᠴᠠᠭᠠᠪᠡ | ᠬᠠᠯᠢᠭᠤᠲᠤ ᠪᠠᠯᠭᠠᠰᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠤᠯᠠᠨ᠂ ᠶᠠᠳᠠᠭᠤᠷᠠᠯ ᠤᠨ ᠰᠢᠯᠲᠠᠭᠠᠨ | ᠪᠤᠳᠤᠯᠢᠶᠠᠨᠲᠠᠢ᠂ ᠶᠠᠳᠠᠭᠤ ᠠᠴᠠ ᠠᠩᠭᠢᠵᠢᠷᠠᠭᠤᠯᠬᠤ ᠬᠦᠴᠢᠷᠳᠡᠯ ᠶᠡᠭᠡ ᠤᠴᠢᠷ ᠠᠴᠠ ︽ᠬᠡᠨ ᠢ ᠳᠡᠳᠭᠦᠬᠦ︾᠂ ︽ | ᠬᠡᠷᠬᠢᠨ ᠳᠡᠳᠭᠦᠬᠦ︾ ᠨᠢ ᠬᠠᠯᠢᠭᠤᠳᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠠᠵᠢᠯ ᠤᠨ ᠲᠡᠷᠢᠭᠦᠨ ᠴᠢᠬᠤᠯᠠ ᠬᠦᠴᠢᠷ ᠠᠰᠠᠭᠤᠳᠠᠯ ᠪᠤᠯᠪᠠ᠃ | ᠶᠠᠳᠠᠭᠤ ᠬᠦᠴᠢᠷᠳᠡᠯᠲᠡᠢ ᠡᠷᠦᠬᠡ ᠶᠢ ᠢᠯᠭᠠᠨ ᠲᠠᠨᠢᠬᠤ ᠲᠠᠯ᠎ᠠ ᠪᠠᠷ᠂ ᠲᠡᠷᠡ ᠬᠦᠳᠡᠯᠦᠩᠭᠦᠢ ᠬᠠᠮᠢᠶᠠᠷᠤᠯᠲᠠ ᠶᠢ | ᠪᠠᠷᠢᠮᠲᠠᠯᠠᠵᠤ᠂ ᠤᠷᠤᠭᠤᠯᠵᠤ ᠭᠠᠷᠭᠠᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠡᠯ᠎ᠡ ᠲᠤᠰᠬᠤᠨ ᠳᠤ ᠰᠠᠭᠤᠭ᠎ᠠ | ᠠᠵᠢᠯᠯᠠᠬᠤ ᠠᠩᠭᠢ ᠪᠤᠯᠤᠨ ᠪᠠᠯᠭᠠᠰᠤ ᠲᠤᠰᠬᠤᠨ ᠬᠤᠶᠠᠷ ᠱᠠᠲᠤᠨ ᠤ ᠬᠠᠮᠲᠤᠷᠠᠭᠰᠠᠨ ᠬᠢᠨᠠᠨ ᠪᠠᠶᠢᠴᠠᠭᠠᠬᠤ | ᠳᠤᠭᠤᠢᠢᠯᠠᠩ ᠤᠨ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠢᠯᠭᠠᠨ ᠲᠠᠨᠢᠬᠤ ᠪᠤᠶᠤ ᠭᠠᠷᠬᠤ ᠭᠡᠵᠦ ᠪᠠᠶᠢᠭ᠎ᠠ | ᠡᠷᠦᠬᠡ ᠶᠢ ᠪᠠᠯᠭᠠᠰᠤᠨ ᠤ ᠳᠤᠲᠤᠷ᠎ᠠ ᠰᠤᠯᠪᠢᠴᠠᠭᠤᠯᠤᠨ ᠬᠠᠷᠢᠯᠴᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠬᠢᠨ ᠨᠢᠭᠡ | ᠤᠳᠠᠭ᠎ᠠ ᠡᠷᠦᠬᠡ ᠭᠡᠷ ᠢᠶᠠᠷ ᠨᠢ ᠤᠷᠤᠵᠤ ᠬᠢᠨᠠᠨ ᠪᠠᠶᠢᠴᠠᠭᠠᠵᠠᠢ᠃ ᠡᠯ᠎ᠡ ᠭᠠᠴᠠᠭᠠᠨ ᠤ ᠬᠤᠭᠤᠷᠤᠨᠲᠤᠬᠢ | ᠪᠠᠷᠢᠮᠵᠢᠶ᠎ᠠ ᠨᠢ ᠠᠳᠠᠯᠢ ᠦᠭᠡᠢ ᠠᠴᠠ ᠪᠤᠯᠵᠤ ᠦᠨᠡᠯᠡᠯᠲᠡ ᠠᠴᠠ ᠭᠤᠭᠤᠵᠢᠭᠳᠠᠬᠤ ᠪᠤᠶᠤ ᠪᠤᠷᠤᠭᠤ ᠭᠠᠷᠭᠠᠬᠤ ᠠᠴᠠ | ᠰᠡᠷᠭᠡᠶᠢᠯᠡᠭᠰᠡᠨ ᠪᠠᠶᠢᠨ᠎ᠠ᠃ ᠡᠭᠦᠨ ᠤ ᠬᠠᠮᠲᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ | ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠦᠷᠭᠡᠳᠬᠡᠵᠦ᠂ 19 ᠵᠠᠰᠠᠭ ᠵᠠᠬᠢᠷᠭᠠᠨ ᠤ | ᠲᠤᠰᠬᠤᠨ ᠳᠤ ᠭᠡᠷ ᠤᠨ ᠭᠠᠳᠠᠨᠠᠬᠢ ᠢᠯᠡᠴᠢᠯᠡᠨ ᠮᠡᠳᠡᠭᠦᠯᠬᠦ ᠬᠠᠶᠢᠷᠴᠠᠭ ᠡᠯᠭᠦᠵᠦ᠂ 60 ᠪᠠᠶᠢᠭᠠᠯᠢᠯᠢᠭ ᠲᠤᠰᠬᠤᠨ ᠤ | ᠢᠯᠡ ᠨᠡᠶᠢᠲᠡᠯᠡᠬᠦ ᠪᠤᠯᠤᠩ ᠢ ᠪᠦᠬᠦᠨ ᠢ ᠪᠦᠷᠬᠦᠭᠦᠯᠵᠦ᠂ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠠᠯᠪᠠᠨ ᠵᠠᠷ ᠨᠠᠭᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠢ ᠢᠯᠡ | ᠨᠡᠶᠢᠲᠡᠯᠡᠵᠠᠢ᠃ | ᠶᠠᠳᠠᠭᠤ ᠶᠢ ᠳᠡᠳᠭᠦᠬᠦ ᠲᠦᠷᠦᠯ ᠵᠦᠢᠯ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠲᠦᠷᠦᠯ ᠬᠤᠪᠢᠶᠠᠨ ᠳᠡᠰ | ᠬᠤᠪᠢᠶᠠᠬᠤ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ︽ᠡᠭᠡᠭᠡ ᠠᠳᠠᠯᠢ ᠪᠠᠶᠢᠯᠭᠠᠬᠤ︾ ᠪᠠ ︽ | ᠲᠡᠭᠰᠢᠳᠭᠡᠬᠦ ᠦᠵᠡᠯ︾ ᠢ ᠲᠡᠪᠴᠢᠵᠦ᠂ ᠶᠠᠳᠠᠭᠤ ᠬᠦᠴᠢᠷᠳᠡᠯᠲᠠᠢ ᠡᠷᠦᠬᠡ ᠶᠢᠨ ᠪᠤᠳᠠᠲᠤ ᠪᠠᠶᠢᠳᠠᠯ ᠲᠠᠢ | ᠤᠶᠠᠯᠳᠤᠭᠤᠯᠤᠨ ᠠᠵᠤ ᠦᠢᠯᠡᠰ ᠤᠨ ᠳᠡᠳᠭᠦᠨ ᠳᠡᠮᠵᠢᠬᠦ ᠪᠡᠯᠡ ᠮᠦᠡᠭᠭᠦ ᠶᠢ ᠨᠠᠶᠢᠳᠠᠪᠤᠷᠢᠵᠢᠭᠤᠯᠵᠤ᠂ ︽ᠶᠡᠭᠡ | ᠤᠰᠤ ᠪᠠᠷ ᠨᠡᠯᠦ᠋ᠢᠯᠬᠡᠨ ᠤᠰᠤᠯᠠᠬᠤ︾ ᠠᠴᠠ ︽ᠨᠠᠷᠢᠯᠢᠭ ᠤᠨᠤᠴᠠᠲᠠᠢ ᠪᠠᠷ ᠳᠤᠰᠤᠯᠭᠠᠨ ᠤᠰᠤᠯᠠᠬᠤ︾ ᠪᠤᠯᠭᠠᠨ | ᠬᠤᠪᠢᠷᠠᠭᠤᠯᠪᠠ᠃ | ᠶᠠᠳᠠᠭᠤ ᠬᠦᠴᠢᠷᠳᠡᠯᠲᠡᠢ ᠡᠷᠦᠬᠡ ᠶᠢᠨ ᠤᠷᠤᠨ ᠰᠠᠭᠤᠴᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ | ᠲᠦᠯᠦᠭᠡ᠂ ᠪᠤᠤ ᠭᠦᠸᠧ ᠴᠢᠩ 360 ᠨᠤᠷᠠᠬᠤ ᠠᠶᠤᠯᠲᠠᠢ ᠭᠡᠷ ᠪᠠᠶᠢᠰᠢᠩ ᠢ ᠪᠡᠶ᠎ᠠ ᠪᠠᠷ ᠢᠶᠠᠨ ᠲᠤᠭᠤᠷᠢᠨ | ᠪᠠᠶᠢᠴᠠᠭᠠᠵᠤ᠂ ᠪᠠᠶᠢᠳᠠᠯ ᠢ ᠨᠢ ᠨᠠᠷᠢᠨ ᠤᠢᠢᠯᠠᠭᠠᠵᠤ᠂ ᠰᠢᠨ᠎ᠡ ᠪᠠᠷ ᠪᠠᠷᠢᠬᠤ᠂ ᠦᠭᠡᠷᠡᠴᠢᠯᠡᠨ ᠪᠠᠶᠢᠭᠤᠯᠬᠤ᠂ | ᠦᠷᠭᠡᠳᠭᠡᠨ ᠪᠠᠶᠢᠭᠤᠯᠬᠤ᠂ ᠰᠡᠯᠪᠢᠨ ᠵᠠᠰᠠᠬᠤ ᠲᠦᠰᠦᠯ ᠢ ᠲᠤᠭᠲᠠᠭᠠᠵᠤ᠂ ᠤᠯᠠᠨ ᠲᠦᠮᠡᠨ ᠤ ᠤᠷᠤᠨ | ᠰᠠᠭᠤᠴᠠ ᠶᠢᠨ ᠠᠮᠤᠷ ᠲᠦᠪᠰᠢᠨ ᠢ ᠪᠠᠲᠤᠯᠠᠵᠦ ᠤᠯᠠᠨ ᠲᠦᠮᠡᠨ ᠤ ᠬᠦᠷᠢᠶᠡᠯᠡᠯ ᠢ ᠤᠯᠤᠭᠰᠠᠨ ᠪᠠᠶᠢᠨ᠎ᠠ᠃ | ᠪᠦᠲᠦᠴᠡ ᠳᠤ ᠲᠤᠬᠢᠷᠠᠭᠤᠯᠤᠯᠲᠠ ᠬᠢᠵᠦ᠂ ᠠᠷᠭ᠎ᠠ ᠮᠠᠶ᠋ᠢᠭ ᠢᠶᠠᠨ ᠬᠤᠪᠢᠷᠠᠭᠤᠯᠤᠨ ᠤᠯᠠᠨ ᠲᠦᠮᠡᠨ ᠳᠤ ᠠᠰᠢᠭ | ᠬᠦᠷᠲᠡᠭᠡᠵᠦ ᠤᠷᠤᠯᠭ᠎ᠠ ᠶᠢ ᠨᠢ ᠨᠡᠮᠡᠭᠳᠡᠬᠦᠯᠵᠠᠢ | ᠬᠠᠯᠢᠭᠤᠲᠤ ᠪᠠᠯᠭᠠᠰᠤ ᠪᠤᠯ ᠤᠯᠠᠮᠵᠢᠯᠠᠯᠲᠤ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠪᠤᠯᠤᠨ᠎ᠠ᠃ | ᠲᠠᠷᠢᠮᠠᠯ ᠤᠨ ᠪᠦᠲᠦᠴᠡ ᠳᠠᠩ ᠴᠤᠯᠭᠤᠢ ᠮᠦᠷᠲᠡᠭᠡᠨ ᠪᠦᠳᠦᠭᠦᠯᠢᠭ᠂ ᠲᠠᠷᠢᠶᠠᠯᠠᠩ ᠤᠨ ᠰᠠᠭᠤᠷᠢ ᠲᠦᠬᠦᠭᠡᠷᠦᠮᠵᠢ | ᠬᠤᠴᠤᠷᠤᠩᠭᠤᠢ᠂ ᠳᠤᠤᠷ᠎ᠠ ᠤᠨᠠᠯᠲᠠ ᠲᠠᠢ ᠲᠠᠷᠢᠶᠠᠨ ᠭᠠᠵᠠᠷ ᠢ ᠦᠭᠡᠷᠡᠴᠢᠯᠡᠵᠦ᠂ ᠪᠡᠯᠡᠳᠭᠡᠮᠵᠢᠲᠦ ᠲᠠᠷᠢᠶᠠᠯᠠᠩ ᠢ | ᠪᠦᠲᠦᠭᠡᠨ ᠪᠠᠶᠢᠭᠤᠯᠬᠤ ᠨᠢ ᠪᠤᠤ ᠭᠦᠸᠧ ᠴᠢᠩ ᠤᠨ ᠲᠡᠷᠢᠭᠦᠨ ᠴᠢᠬᠤᠯᠠ ᠡᠬᠦᠷᠬᠡ ᠪᠤᠯᠪᠠ᠃ ᠲᠡᠷᠡ ᠶᠠᠳᠠᠭᠤ ᠶᠢ | ᠳᠡᠳᠭᠦᠬᠦ ᠲᠦᠷᠦᠯ ᠵᠦᠢᠯ᠂ ᠪᠡᠯᠡ ᠮᠦᠡᠭᠭᠦ᠂ ᠲᠦᠷᠦ ᠶᠢᠨ ᠪᠤᠳᠤᠯᠭ᠎ᠠ ᠶᠢ ᠢᠳᠡᠪᠬᠢᠲᠡᠢ ᠲᠡᠮᠡᠴᠡᠨ ᠤᠯᠵᠤ᠂ ᠪᠦᠬᠦ | ᠪᠠᠯᠭᠠᠰᠤᠨ ᠤ 1.5 ᠲᠦᠮᠡᠨ ᠮᠦ ᠭᠠᠨᠭ᠌ ᠬᠠᠭᠤᠷᠠᠢ ᠲᠠᠷᠢᠶᠠᠨ ᠭᠠᠵᠠᠷ ᠲᠤ ᠬᠤᠳᠳᠤᠭ ᠮᠠᠯᠳᠠᠨ ᠦᠭᠴᠤ᠂ ᠪᠦᠬᠦ | ᠪᠠᠯᠭᠠᠰᠤᠨ ᠤ ᠲᠠᠷᠢᠶᠠᠯᠠᠩ ᠦᠢᠯᠡᠳᠪᠦᠷᠢᠯᠡᠯ ᠤᠨ ᠡᠯᠪᠡᠭ ᠬᠤᠷᠢᠶᠠᠯᠲᠠ ᠤᠯᠬᠤ ᠶᠢ ᠦᠨᠡᠨ ᠬᠦ ᠪᠠᠲᠤᠯᠠᠵᠤ ᠴᠢᠳᠠᠵᠠᠢ᠃ | | ᠪᠤᠤ ᠭᠦᠸᠧ ᠴᠢᠩ ︽ᠭᠤᠷᠪᠠ ᠶᠢ ᠳᠠᠶᠢᠴᠢᠯᠠᠵᠤ ᠨᠢᠭᠡ ᠶᠢ ᠲᠤᠬᠢᠷᠠᠭᠤᠯᠬᠤ︾ ᠬᠡᠪ ᠵᠠᠭᠪᠤᠷ ᠢ ᠶᠡᠭᠡ ᠪᠠᠷ | ᠬᠡᠷᠡᠭᠵᠢᠭᠦᠯᠵᠦ᠂ ᠭᠠᠷ ᠤᠷᠠᠯᠠᠯ ᠤᠨ ᠪᠦᠲᠦᠭᠡᠭᠳᠡᠭᠦᠨ ᠤ ᠬᠤᠷᠰᠢᠶᠠᠵᠢᠯ 3᠂ ᠲᠠᠷᠢᠵᠤ ᠲᠡᠵᠢᠭᠡᠨ ᠦᠷᠡᠵᠢᠬᠦᠯᠬᠦ | ᠬᠤᠷᠰᠢᠶᠠᠵᠢᠯ 65 ᠪᠠᠶᠢᠭᠤᠯᠵᠤ᠂ ᠨᠡᠶᠢᠲᠡ ᠵᠠᠭᠤ ᠰᠢᠬᠠᠮ ᠲᠠᠷᠢᠶᠠᠯᠠᠬᠤ ᠡᠷᠦᠬᠡ ᠶᠢᠨ ᠠᠵᠢᠯ ᠤᠯᠭᠤᠬᠤ ᠶᠢ | ᠳᠠᠶᠢᠴᠢᠯᠠᠪᠠ᠃ ᠲᠡᠷᠡ ᠪᠠᠷ ᠪᠠᠰᠠ ᠲᠠᠷᠢᠶᠠᠯᠠᠩ ᠤᠨ ᠮᠠᠰᠢᠨ ᠤ ᠲᠤᠮᠤ ᠬᠦᠷᠢᠶ᠎ᠡ ᠶᠢ ᠪᠠᠶᠢᠭᠤᠯᠵᠤ᠂ ︽ᠶᠠᠳᠠᠭᠤ ᠶᠢ | ᠳᠡᠳᠭᠦᠬᠦ ᠦᠢᠯᠡᠳᠪᠦᠷᠢ ᠶᠢᠨ ᠲᠠᠰᠤᠭ + ᠲᠠᠷᠢᠶᠠᠯᠠᠩ ᠤᠨ ᠮᠠᠰᠢᠨ ᠤ ᠲᠤᠮᠤ ᠬᠦᠷᠢᠶ᠎ᠡ + ᠬᠠᠶᠢᠷ᠎ᠠ ᠬᠠᠯᠠᠮᠵᠢᠲᠤ | ᠬᠡᠳᠦ ᠳᠡᠯᠭᠡᠭᠦᠷ︾ ᠤᠨ ᠶᠠᠳᠠᠭᠤ ᠶᠢ ᠳᠡᠳᠭᠦᠬᠦ ᠦᠷᠲᠡᠭᠡ ᠶᠢ ᠪᠦᠷᠢᠯᠳᠦᠭᠦᠯᠵᠦ᠂ ᠪᠦᠬᠦ ᠪᠠᠯᠭᠠᠰᠤᠨ ᠤ ᠶᠠᠳᠠᠭᠤ | ᠬᠦᠴᠢᠷᠳᠡᠯᠲᠡᠢ ᠡᠷᠦᠬᠡ ᠶᠢ ᠵᠤᠬᠢᠶᠠᠨ ᠪᠠᠶᠢᠭᠤᠯᠤᠨ ᠠᠵᠢᠯ ᠤᠯᠭᠤᠬᠤ ᠪᠤᠯᠪᠠᠰᠤᠷᠠᠯ ᠦᠷᠨᠢᠭᠦᠯᠵᠦ᠂ 11000 | ᠭᠠᠷᠤᠢ ᠬᠦᠮᠦᠨ ᠤᠳᠠᠭ᠎ᠠ ᠶᠢᠨ ᠠᠵᠢᠯ ᠤᠯᠭᠤᠬᠤ ᠪᠤᠯᠪᠠᠰᠤᠷᠠᠯ ᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ | ᠬᠦᠳᠡᠯᠮᠦᠷᠢ ᠬᠦᠴᠦᠨ ᠢ 3000 ᠭᠠᠷᠤᠢ ᠬᠦᠮᠦᠨ ᠤᠳᠠᠭ᠎ᠠ ᠰᠢᠯᠵᠢᠭᠦᠯᠦᠨ ᠠᠵᠢᠯ ᠤᠯᠭᠤᠬᠤ ᠶᠢ ᠪᠡᠶᠡᠯᠡᠭᠦᠯᠵᠦ᠂ | ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠠᠢ ᠬᠦᠮᠦᠨ ᠠᠮᠠ ᠶᠢᠨ 100% ᠪᠠᠷ ᠠᠵᠢᠯ ᠤᠯᠭᠤᠬᠤ ᠶᠢ | ᠪᠡᠶᠡᠯᠡᠭᠦᠯᠪᠡ᠃ | ᠪᠤᠤ ᠭᠦᠸᠧ ᠴᠢᠩ ︽ᠬᠤᠶᠠᠷ ᠵᠦᠪᠯᠡᠯ︾ ᠤᠨ ᠤᠳᠤᠷᠢᠳᠬᠤ ᠪᠠᠭ ᠢ ᠲᠠᠷᠢᠶᠠᠴᠢᠨ ᠡᠷᠦᠬᠡ ᠶᠢ ᠳᠠᠶᠢᠴᠢᠯᠠᠨ | ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠭᠵᠢᠭᠦᠯᠬᠦ ᠶᠢ ᠰᠠᠨᠠᠭᠠᠴᠢᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ | ︽ᠵᠤᠭᠤᠰ ᠵᠠᠷᠤᠴᠠᠭᠤᠯᠵᠤ ᠨᠤᠭᠤᠭ᠎ᠠ ᠬᠤᠳᠠᠯᠳᠤᠨ ᠠᠪᠬᠤ︾ ᠶᠢ ︽ᠨᠤᠭᠤᠭ᠎ᠠ ᠬᠤᠳᠠᠯᠳᠤᠵᠤ ᠤᠷᠤᠯᠭ᠎ᠠ ᠪᠠᠨ | ᠨᠡᠮᠡᠭᠳᠡᠭᠦᠯᠬᠦ︾ ᠪᠤᠯᠭᠠᠨ ᠬᠤᠪᠢᠷᠠᠭᠤᠯᠬᠤ ᠪᠠᠷ ᠬᠦᠴᠦᠯᠡᠪᠡ᠃ ᠪᠦᠬᠦ ᠪᠠᠯᠭᠠᠰᠤ ᠪᠠᠷ ᠢᠶᠠᠨ ︽ᠨᠠᠮ ᠤᠨ ᠡᠭᠦᠷ + | ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠬᠡᠪ ᠵᠠᠭᠪᠤᠷ ᠢᠶᠠᠷ ᠲᠠᠮᠵᠢᠨ᠂ ᠬᠦᠷᠢᠶ᠎ᠡ ᠬᠠᠰᠢᠶ᠎ᠠ ᠪᠠᠨ ᠠᠰᠢᠭᠯᠠᠨ | ᠢᠳᠡᠰᠢᠨ ᠨᠤᠭᠤᠭ᠎ᠠ ᠲᠠᠷᠢᠵᠤ᠂ ᠤᠳᠤᠬᠠᠨ ᠳᠤ ᠨᠢᠭᠡᠨᠲᠡ 2460 ᠮᠦ ᠬᠦᠷᠢᠶ᠎ᠡ ᠬᠠᠰᠢᠶ᠎ᠠ ᠪᠠᠨ ᠲᠠᠷᠢᠵᠤ | ᠳᠠᠭᠤᠰᠬᠠᠪᠠ᠃ ᠡᠭᠦᠨ ᠳᠤ ᠶᠠᠳᠠᠭᠤ ᠬᠦᠴᠢᠷᠳᠡᠯᠲᠡᠢ ᠡᠷᠦᠬᠡ 1402 ᠮᠦ ᠭᠠᠵᠠᠷ ᠪᠠᠶᠢᠵᠤ᠂ ᠡᠷᠦᠬᠡ ᠪᠦᠷᠢ | ᠳᠤᠮᠳᠠᠴᠢ ᠪᠠᠷ 2000 ᠲᠦᠭᠦᠷᠢᠭ ᠤᠷᠴᠢᠮ ᠤᠷᠤᠯᠭ᠎ᠠ ᠨᠡᠮᠡᠭᠳᠡᠬᠦ ᠪᠤᠯᠤᠭᠰᠠᠨ ᠪᠠᠶᠢᠨ᠎ᠠ᠃ | ᠶᠠᠳᠠᠭᠤ ᠠᠴᠠ ᠠᠩᠭᠢᠵᠢᠷᠠᠭᠤᠯᠬᠤ ᠬᠦᠨᠳᠦ ᠴᠢᠬᠤᠯᠠ ᠡᠬᠦᠷᠬᠡ ᠶᠢ ᠪᠡᠶᠡᠯᠡᠭᠦᠯᠦᠭᠰᠡᠨ ᠤ ᠳᠠᠷᠠᠭ᠎ᠠ᠂ ᠪᠤᠤ ᠭᠦᠸᠧ | ᠴᠢᠩ ︽ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠬᠡᠷᠬᠢᠨ ᠨᠡᠩ ᠰᠠᠶᠢᠨ ᠪᠠᠬᠢᠵᠢᠭᠦᠯᠵᠦ ᠴᠢᠳᠠᠬᠤ | ︾ ᠶᠢ ᠪᠤᠳᠤᠯᠬᠢᠯᠠᠵᠤ᠂ ᠪᠠᠶᠢᠴᠠᠭᠠᠨ ᠰᠤᠳᠤᠯᠤᠯᠲᠠ ᠪᠠᠷ ᠲᠠᠮᠵᠢᠨ᠂ ᠮᠠᠰᠢ ᠤᠯᠠᠨ ᠶᠠᠳᠠᠭᠤ ᠬᠦᠴᠢᠷᠳᠡᠯᠲᠡᠢ | ᠡᠷᠦᠬᠡ ᠶᠢᠨ ᠬᠢᠨ ᠪᠦᠷ ᠮᠠᠯ ᠤᠨᠤᠭ᠎ᠠ ᠲᠠᠢ᠂ ᠨᠠᠰᠤᠲᠠᠶᠢᠴᠤᠳ ᠢᠶᠠᠨ ᠬᠠᠷᠠᠭᠠᠯᠵᠠᠬᠤ ᠴᠢᠬᠤᠯᠠᠲᠠᠢ᠂ ᠤᠷᠲᠤ | ᠬᠤᠭᠤᠴᠠᠭ᠎ᠠ ᠪᠠᠷ ᠭᠠᠳᠠᠭᠰᠢ ᠭᠠᠷᠴᠤ ᠬᠦᠴᠦ ᠶᠠᠪᠤᠵᠤ ᠳᠡᠶᠢᠯᠬᠦ ᠦᠭᠡᠢ᠃ ᠤᠯᠠᠨ ᠲᠦᠮᠡᠨ ᠤ ᠤᠷᠤᠯᠭ᠎ᠠ ᠶᠢ | ᠨᠡᠮᠡᠭᠳᠡᠭᠦᠯᠬᠦ ᠶᠢᠨ ᠲᠦᠯᠦᠭᠡ᠂ ᠲᠡᠷᠡ ᠬᠠᠷ᠎ᠠ ᠤᠰᠤ᠂ ᠠᠯᠢᠰᠤᠨ᠋ᠦ᠋ᠨᠳᠦᠷ ᠬᠤᠶᠠᠷ ᠶᠠᠳᠠᠭᠤ ᠬᠦᠴᠢᠷᠳᠡᠯᠲᠡᠢ ᠡᠷᠦᠬᠡ | ᠤᠯᠠᠨ ᠪᠠᠶᠢᠳᠠᠭ ᠭᠠᠴᠠᠭᠠᠨ ᠳᠤ ᠶᠠᠳᠠᠭᠤ ᠶᠢ ᠳᠡᠳᠭᠦᠬᠦ ᠲᠠᠰᠤᠭ ᠪᠠᠶᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ | ᠵᠤᠬᠢᠶᠠᠨ ᠪᠠᠶᠢᠭᠤᠯᠤᠨ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠭᠠᠷ ᠤᠷᠠᠯᠠᠯ ᠦᠢᠯᠡᠳᠬᠦ ᠪᠠ ᠬᠠᠳᠬᠤᠮᠠᠯ | ᠨᠡᠬᠡᠮᠡᠯ ᠬᠢᠯᠭᠡᠭᠰᠡᠨ ᠪᠠᠶᠢᠨ᠎ᠠ᠃ ᠡᠯ᠎ᠡ ᠲᠦᠷᠦᠯ ᠤᠨ ᠵᠠᠬᠢᠶᠠᠯᠠᠭ᠎ᠠ ᠶᠢᠨ ᠬᠠᠭᠤᠳᠠᠰᠤ ᠪᠠ ᠪᠤᠯᠪᠠᠰᠤᠷᠠᠭᠤᠯᠤᠯ ᠤᠨ | ᠪᠠᠶᠢᠭᠤᠯᠤᠮᠵᠢ ᠲᠠᠢ ᠢᠳᠡᠪᠬᠢᠲᠡᠢ ᠵᠤᠯᠭᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠭᠡᠷ ᠤᠨ ᠡᠭᠦᠳᠡᠨ ᠳᠤ ᠪᠠᠨ | ᠠᠵᠢᠯ ᠤᠯᠭᠤᠬᠤ ᠶᠢ ᠪᠡᠶᠡᠯᠡᠭᠦᠯᠪᠡ᠃ | ᠠᠷᠠᠳ ᠢᠶᠠᠨ ᠲᠡᠬᠡᠲᠦᠯᠡᠨ ᠬᠠᠶᠢᠷ᠎ᠠ ᠪᠠᠨ ᠶᠡᠬᠦᠯᠡᠨᠠ | ᠨᠠᠮ ᠤᠨ ᠬᠤᠷᠢᠶᠠᠨ ᠤ ᠱᠦᠵᠢ ᠪᠤᠯᠤᠭᠰᠠᠨ ᠤ ᠬᠤᠪᠢ ᠳᠤ᠂ ᠲᠡᠷᠡ ᠴᠠᠭ ᠢᠮᠠᠭᠲᠠ ᠤᠯᠠᠨ ᠲᠦᠮᠡᠨ᠂ | ᠢᠯᠠᠩᠭᠤᠶ᠎ᠠ ᠶᠠᠳᠠᠭᠤ ᠬᠦᠴᠢᠷᠳᠡᠯᠲᠡᠢ ᠡᠷᠦᠬᠡ ᠶᠢ ᠪᠤᠳᠤᠵᠤ ᠪᠠᠶᠢᠳᠠᠭ᠃ ᠲᠡᠷᠡ᠄ ︽ᠬᠠᠮᠤᠭ ᠤᠨ ᠬᠦᠴᠢᠷᠳᠡᠯᠲᠡᠢ | ᠤᠯᠠᠨ ᠲᠦᠮᠡᠨ ᠳᠤ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠤᠷᠢᠳ ᠢᠶᠠᠷ ᠬᠦᠷᠲᠡᠭᠡᠬᠦ ᠬᠡᠷᠡᠭᠲᠡᠢ︾ | ᠭᠡᠵᠦ ᠦᠷᠭᠦᠯᠵᠢ ᠬᠡᠯᠡᠳᠡᠭ᠃ 2019 ᠤᠨ ᠤ 4 ᠰᠠᠷ᠎ᠠ ᠶᠢᠨ 15 ᠤ ᠡᠳᠦᠷ᠂ ᠲᠡᠷᠡ ᠪᠠᠷ ᠲᠠᠪᠤᠨ ᠨᠤᠶᠠᠳ | ᠭᠠᠴᠠᠭᠠᠨ ᠤ ᠰᠠᠷ᠎ᠠ ᠶᠢᠨ ᠬᠤᠷᠠᠯ ᠳᠤ ᠤᠷᠤᠯᠴᠠᠬᠤ ᠳᠤ ᠪᠠᠨ ᠶᠠᠳᠠᠭᠤ ᠬᠦᠴᠢᠷᠳᠡᠯᠲᠡᠢ ᠡᠷᠦᠬᠡ ᠶᠢᠨ ᠮᠤᠤᠭᠠᠡᠭᠭᠠᠮᠦ᠋ᠷᠡᠨ | ᠲᠠᠷᠢᠬᠢᠨ ᠤ ᠬᠠᠪᠤᠳᠠᠷ ᠤᠨ ᠡᠪᠡᠳᠴᠢᠨ ᠤᠯᠤᠭᠰᠠᠨ ᠢ ᠮᠡᠳᠡᠭᠡᠳ᠂ ᠲᠡᠷᠡ ᠳᠠᠷᠦ᠋ᠢᠬᠠᠨ ᠮᠤᠤᠭᠠᠡᠭᠭᠠᠮᠦ᠋ᠷᠡᠨ ᠤ ᠭᠡᠷ ᠲᠤ | ᠬᠦᠷᠴᠦ ᠪᠠᠶᠢᠳᠠᠯ ᠢ ᠤᠢᠢᠯᠠᠭᠠᠭᠰᠠᠨ ᠤ ᠬᠠᠮᠲᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠤ ᠡᠮ | ᠡᠮᠨᠡᠯᠭᠡ ᠶᠢᠨ ᠰᠦᠢᠳᠭᠡᠯ ᠴᠤᠭᠯᠠᠭᠤᠯᠵᠤ ᠦᠭᠴᠡᠢ᠃ ᠲᠡᠷᠡ ᠮᠦᠷᠲᠡᠭᠡᠨ ᠮᠠᠰᠢᠨ ᠳᠦᠷᠢᠶᠡᠰᠦᠯᠡᠨ ᠪᠡᠶ᠎ᠡ ᠪᠠᠷ ᠢᠶᠠᠨ | ᠮᠤᠤᠭᠠᠡᠭᠭᠠᠮᠦ᠋ᠷᠡᠨ ᠢ ᠱᠧᠨᠶᠠᠩ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠳᠤ | ᠬᠦᠷᠭᠡᠵᠦ ᠮᠡᠰᠡ ᠵᠠᠰᠠᠯ ᠬᠢᠯᠭᠡᠪᠡ᠃ ᠮᠤᠤᠭᠠᠡᠭᠭᠠᠮᠦ᠋ᠷᠡᠨ᠄ ︽ᠪᠤᠤ ᠬᠦᠸᠧ ᠴᠢᠩ ᠱᠦᠵᠢ ᠶᠢᠨ ᠰᠠᠶᠢᠨ ᠢᠶᠠᠷ ᠪᠢ | ᠡᠷᠡᠬᠦᠯᠵᠢᠵᠦ᠂ ᠠᠵᠢᠯ ᠠᠮᠢᠳᠤᠷᠠᠯ ᠢᠶᠠᠨ ᠲᠤᠳᠤᠮᠳᠠᠵᠦ᠂ ᠡᠷᠦᠬᠡ ᠬᠡᠷ ᠢᠶᠠᠨ ᠬᠠᠷᠠᠭᠠᠯᠵᠠᠵᠦ ᠠᠮᠢᠳᠤᠷᠠᠯ ᠢᠶᠠᠨ | ᠦᠭᠡᠲᠠ ᠲᠠᠳᠠᠵᠦ ᠶᠠᠪᠤᠬᠤ ᠴᠢᠳᠠᠯ ᠲᠠᠢ ᠪᠤᠯᠵᠠᠢ︾ ᠬᠡᠮᠡᠨ ᠲᠤᠭᠲᠤᠯᠤᠨ ᠶᠠᠷᠢᠨ᠎ᠠ᠃ ᠪᠤᠤ ᠬᠦᠸᠧ ᠴᠢᠩ | ᠨᠦᠬᠦᠷ ᠤᠨ ᠶᠠᠪᠤᠭᠰᠠᠨ ᠵᠠᠮ᠂ ᠬᠢᠭᠰᠡᠨ ᠠᠵᠢᠯ ᠢ ᠨᠢᠬᠡᠳ ᠨᠢᠬᠡ ᠪᠠᠷ ᠬᠡᠯᠡᠬᠡᠳ ᠪᠠᠷᠡᠬᠤ ᠦᠬᠡᠢ᠃ | ᠪᠤᠤ ᠭᠦᠸᠧ ᠴᠢᠩ ᠬᠠᠯᠢᠭᠤᠲᠤ ᠪᠠᠯᠭᠠᠰᠤᠨ ᠳᠤ ᠲᠤᠰᠢᠶᠠᠯ ᠬᠠᠷᠢᠭᠤᠴᠠᠭᠰᠠᠨ ᠠᠴᠠ ᠨᠠᠭᠠᠰᠢ᠂ ᠨᠡᠶᠢᠲᠡ | 1279 ᠶᠠᠳᠠᠭᠤ ᠬᠦᠴᠢᠷᠳᠡᠯᠲᠡᠢ ᠡᠷᠦᠬᠡ ᠪᠠᠷ ᠤᠷᠤᠨ ᠲᠤᠭᠤᠷᠢᠨ ᠰᠤᠷᠪᠤᠯᠵᠢᠯᠠᠵᠤ᠂ ᠤᠯᠠᠨ ᠲᠦᠮᠡᠨ ᠳᠤ 1486 | ᠬᠤᠪᠢ ᠪᠤᠳᠠᠲᠠᠢ ᠠᠰᠠᠭᠤᠳᠠᠯ ᠢ ᠰᠢᠢᠳᠪᠦᠷᠢᠯᠡᠵᠦ ᠦᠭᠴᠡᠢ᠃ ᠲᠡᠬᠦᠨ ᠤ ᠪᠦᠬᠦ ᠰᠡᠳᠭᠢᠯ ᠪᠦᠬᠦ ᠵᠤᠷᠢᠭ ᠢᠶᠠᠷ ᠢᠶᠠᠨ | ᠵᠢᠳᠭᠦᠭᠰᠡᠨ ᠠᠴᠠ᠂ ᠪᠦᠬᠦ ᠪᠠᠯᠭᠠᠰᠤᠨ ᠤ 2.4 ᠲᠦᠮᠡᠨ ᠺᠠᠳ᠋ᠷ ᠤᠯᠠᠨ ᠲᠦᠮᠡᠨ ᠤ ᠴᠢᠷᠠᠢ ᠳᠤ ᠵᠤᠯ ᠵᠢᠷᠭᠠᠯᠲᠤ | ᠢᠨᠢᠶᠡᠮᠰᠦᠭᠯᠡᠯ ᠪᠢᠯᠬᠠᠯ᠎ᠠ᠃ ᠪᠤᠤ ᠭᠦᠸᠧ ᠴᠢᠩ ᠪᠤᠳᠠᠲᠤ ᠠᠵᠢᠯᠯᠠᠭ᠎ᠠ ᠪᠠᠷ ᠢᠶᠠᠨ ᠨᠢᠭᠡᠨ ᠨᠠᠮ ᠤᠨ ᠬᠡᠰᠢᠬᠦᠨ ᠤ | ᠬᠠᠷᠢᠭᠤᠴᠠᠯᠭ᠎ᠠ ᠬᠠᠶᠢᠷ᠎ᠠ ᠶᠢ ᠪᠢᠴᠢᠭᠯᠡᠨ᠎ᠠ᠃ | | |