ᠬᠤᠷᠸ᠎ᠠ ᠶᠢᠨ ᠲᠡᠦᠬᠡ ᠶᠢ ᠬᠦᠤᠷᠨᠢᠭᠰᠡᠨᠬᠤᠷᠴᠢᠨ ᠤ ᠦᠯᠢᠭᠡᠷᠲᠦ ᠠᠷᠠᠳ ᠤᠨ ᠳᠠᠭᠤᠤ | | | ᠊᠊᠊᠊᠊᠊᠊᠊᠊᠊ ᠬᠤᠷᠴᠢᠨ ᠤ ᠲᠠᠭᠤᠤ ᠬᠦᠭᠵᠢᠮ ᠤᠨ ᠰᠢᠭᠤᠳ ᠨᠡᠪᠳᠡᠷᠡᠭᠦᠯᠭᠡ ᠶᠢᠨ ᠭᠠᠷᠠᠭ ᠤᠨ | ᠡᠷᠬᠢᠴᠡᠭᠦᠯᠦᠯ | ᠰᠤᠷᠪᠤᠯᠵᠢᠯᠠᠭᠴᠢ ᠬᠦᠰᠡᠯᠡᠩ ᠤᠶᠤᠨᠳᠠᠨ᠎ᠠ | ᠬᠤᠷᠴᠢᠨ ᠤ ᠦᠯᠢᠭᠡᠷᠲᠦ ᠠᠷᠠᠳ ᠤᠨ ᠳᠠᠭᠤᠤ ᠪᠤᠯ ᠬᠤᠷᠴᠢᠨᠴᠤᠳ ᠤᠨ ᠦᠢᠯᠡᠳᠪᠦᠷᠢᠯᠡᠯ ᠠᠮᠢᠳᠤᠷᠠᠯ ᠤᠨ | ᠶᠠᠪᠤᠴᠠ ᠳᠤ ᠪᠤᠢ ᠪᠤᠯᠤᠭᠰᠠᠨ ᠪᠦᠭᠡᠳ ᠴᠠᠭᠠᠨ᠎ᠠ ᠪᠠᠨ ᠬᠤᠷᠴᠢᠨᠴᠤᠳ ᠤᠨ ᠡᠴᠢᠨ᠎ᠡ ᠭᠦᠨ ᠲᠡᠦᠭᠡ ᠶᠢᠨ ᠤᠴᠠᠷᠠᠯ | ᠪᠠ ᠬᠠᠶᠢᠷ᠎ᠠ ᠰᠡᠳᠬᠢᠯᠭᠡ ᠶᠢ ᠠᠭᠤᠯᠤᠭᠰᠠᠨ ᠪᠠᠶᠢᠳᠠᠭ᠃ ᠬᠤᠷᠴᠢᠨ ᠤ ᠦᠯᠢᠭᠡᠷᠲᠦ ᠠᠷᠠᠳ ᠤᠨ ᠳᠠᠭᠤᠤ ᠨᠢ ᠦᠨᠡᠨ | ᠬᠦᠮᠦᠨ ᠤ ᠦᠨᠡᠨ ᠬᠡᠷᠡᠭ ᠶᠠᠪᠤᠳᠠᠯ ᠢᠶᠠᠷ ᠰᠡᠳᠦᠪᠯᠡᠵᠦ᠂ ᠬᠦᠨᠳᠦ ᠶᠡᠭᠡ ᠨᠡᠶᠢᠭᠡᠮ ᠤᠨ ᠠᠰᠠᠭᠤᠳᠠᠯ ᠢ ᠬᠠᠷᠠᠭᠤᠯᠤᠨ᠂ | ᠬᠤᠷᠴᠢᠨ ᠨᠤᠲᠤᠭ ᠤᠨ ᠲᠡᠦᠬᠡᠨ ᠠᠬᠢᠴᠠ ᠶᠢ ᠲᠡᠮᠳᠡᠭᠯᠡᠵᠦ᠂ ᠬᠤᠷᠴᠢᠨ ᠮᠤᠩᠭᠤᠯᠴᠤᠳ ᠤᠨ ᠥᠪᠡᠷᠮᠢᠴᠡ ᠤᠨᠴᠠᠭᠠᠢ | ᠰᠡᠳᠬᠢᠯᠭᠡ ᠪᠠᠨ ᠢᠯᠡᠳᠭᠡᠬᠦ ᠤᠷᠠᠯᠢᠭ ᠤᠨ ᠠᠷᠭ᠎ᠠ ᠪᠠᠷᠢᠯ ᠪᠤᠯᠤᠭᠰᠠᠨ ᠪᠠᠶᠢᠨ᠎ᠠ᠃ ᠲᠡᠷᠡ ᠨᠢ ᠠᠮᠢᠳᠤᠯᠢᠭ ᠤᠨᠴᠠᠭᠠᠢ | ᠳᠦᠷᠢ ᠪᠠ ᠲᠦᠪᠡᠭ ᠪᠤᠳᠤᠯᠢᠶᠠᠨᠲᠠᠢ ᠦᠢᠯᠡ ᠶᠠᠪᠤᠳᠠᠯ ᠲᠠᠢ ᠪᠠᠶᠢᠵᠤ᠂ ᠤᠯᠠᠩᠬᠢ ᠳᠤ ᠪᠠᠨ ᠪᠠᠭᠠᠲᠤᠷ ᠢᠶᠠᠨ ᠮᠠᠭᠲᠠᠨ | ᠳᠠᠭᠤᠯᠠᠬᠤ᠂ ᠨᠡᠶᠢᠭᠡᠮ ᠤᠨ ᠭᠠᠵᠢᠭᠤ ᠪᠤᠷᠤᠭᠤ ᠶᠢ ᠰᠢᠭᠦᠮᠵᠢᠯᠡᠬᠦ᠂ ᠦᠷ᠎ᠡ ᠬᠡᠦᠬᠡᠳ ᠢᠶᠠᠨ ᠰᠠᠨᠠᠭᠠᠯᠵᠠᠬᠤ᠂ ᠢᠨᠠᠭ | ᠳᠤᠷᠠᠯᠠᠯ ᠤᠨ ᠳᠠᠭᠤᠤ ᠭᠡᠬᠦ ᠵᠡᠷᠭᠡ ᠠᠭᠤᠯᠭ᠎ᠠ ᠶᠢ ᠪᠠᠭᠲᠠᠭᠠᠵᠤ᠂ ᠤᠯᠠᠮᠵᠢᠯᠠᠭᠳᠠᠨ ᠳᠠᠭᠤᠯᠠᠭᠳᠠᠬᠤ ᠶᠠᠪᠤᠴᠠ ᠳᠤ ᠪᠠᠨ | ᠵᠠᠷᠢᠮ ᠳᠠᠭᠤᠤ ᠶᠢᠨ ᠦᠭᠡ ᠨᠢ ᠠᠩᠬ᠎ᠠ ᠵᠤᠬᠢᠶᠠᠭᠳᠠᠬᠤ ᠦᠶ᠎ᠡ ᠠᠴᠠ ᠪᠠᠨ ᠡᠷᠡᠰ ᠤᠨᠳᠤᠤ ᠪᠤᠯᠵᠤ ᠬᠤᠪᠢᠷᠠᠬᠤ ᠪᠤᠶᠤ | ᠠᠳᠠᠯᠢ ᠪᠤᠰᠤ ᠶᠢᠨ ᠭᠠᠵᠠᠷ ᠲᠤ ᠠᠳᠠᠯᠢ ᠪᠤᠰᠤ ᠪᠠᠷ ᠳᠠᠭᠤᠯᠠᠭᠳᠠᠳᠠᠭ ᠵᠡᠷᠭᠡ ᠤᠨᠴᠠᠯᠢᠭ ᠲᠠᠢ ᠪᠠᠶᠢᠳᠠᠭ᠃ ᠲᠤᠰ | ᠭᠠᠷᠠᠭ ᠲᠤ ᠥᠪᠥᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠤ | ᠰᠤᠷᠭᠠᠭᠤᠯᠢ ᠶᠢᠨ ᠪᠤᠶᠠᠨᠳᠤᠭᠳᠠᠬᠤ ᠫᠷᠤᠹᠧᠰᠰᠤᠷ ᠠᠴᠠ ᠲᠦᠡᠭᠯᠢᠶᠤᠤ ᠬᠤᠲᠠ ᠶᠢᠨ ᠦᠨᠳᠦᠰᠦᠳᠡᠨ ᠤ ᠳᠠᠭᠤᠤ | ᠪᠦᠵᠢᠭ ᠤᠨ ᠪᠦᠯᠬᠦᠮ ᠤᠨ ᠬᠡᠰᠡᠭ ᠲᠤᠭᠯᠠᠭᠴᠢᠳ ᠲᠠᠢ ᠬᠠᠮᠲᠤ ︽ᠬᠤᠷᠴᠢᠨ ᠤ ᠳᠠᠭᠤᠤ ᠬᠦᠭᠵᠢᠮ ᠤᠨ ᠰᠢᠭᠤᠳ | ᠨᠡᠪᠲᠡᠷᠡᠭᠦᠯᠭᠡ︾ ᠪᠠᠷ ᠳᠡᠮᠵᠢᠨ ︽ᠤᠭ᠍ᠶᠤᠳᠠᠢ︾᠂ ︽ᠵᠠᠭᠠᠨ᠎ᠠ ᠪᠠᠯᠵᠢᠨᠢᠮ᠎ᠠ︾ ᠭᠡᠬᠦ ᠬᠤᠶᠠᠷ ᠦᠯᠢᠭᠡᠷᠲᠦ | ᠠᠷᠠᠳ ᠤᠨ ᠳᠠᠭᠤᠤ ᠪᠠ ᠴᠠᠭᠠᠨᠠᠬᠢ ᠦᠯᠢᠭᠡᠷ ᠢ ᠨᠢ ᠦᠵᠡᠭᠴᠢ ᠤᠯᠠᠨ ᠳᠤ ᠪᠠᠨ ᠬᠦᠷᠭᠡᠭᠰᠡᠨ ᠪᠢᠯᠠ᠃ | ᠤᠭ᠍ᠶᠤᠳᠠᠢ ᠪᠤᠯ ᠤᠳᠤ ᠶᠢᠨ ᠬᠦᠷᠢᠶ᠎ᠡ ᠬᠤᠰᠢᠭᠤᠨ ᠤ ᠳᠡᠭᠡᠷ᠎ᠡ ᠶᠠᠩᠰᠢᠪ ᠤᠨ ᠠᠶᠢᠯ ᠤᠨ ᠬᠦᠮᠦᠨ᠂ ᠭᠤᠶᠤ | ᠲᠦᠷᠦᠭᠰᠡᠨ ᠢᠶᠠᠷ ᠢᠶᠠᠨ ᠬᠤᠯᠠ ᠤᠢᠢᠷ᠎ᠠ ᠳᠤ ᠪᠠᠨ ᠠᠯᠳᠠᠷᠰᠢᠭᠰᠠᠨ ᠪᠤᠯᠬᠤᠷ ᠤᠷᠤᠭ ᠭᠤᠶᠤᠬᠤ ᠪᠠᠷ ᠢᠷᠡᠭᠰᠡᠳ ᠮᠠᠰᠢ | ᠤᠯᠠᠨ ᠪᠠᠶᠢᠵᠠᠢ᠃ ᠲᠡᠭᠦᠨ ᠢ ᠠᠷᠪᠠᠭᠠᠳ ᠨᠠᠰᠤᠨ ᠳᠤ ᠨᠢ ᠨᠢᠭᠡ ᠪᠠᠶᠠᠨ ᠠᠶᠢᠯ ᠤᠨ ᠬᠦᠦ ᠲᠠᠢ ᠤᠷᠤᠭᠯᠠᠭᠤᠯᠬᠤ ᠪᠠᠷ | ᠪᠤᠯᠵᠤ᠂ ᠬᠦᠦ ᠶᠢᠨ ᠬᠤᠷᠢᠮ ᠤᠨ ᠡᠳᠦᠷ ᠨᠢ ᠤᠷᠤᠭ ᠤᠨ ᠬᠦᠮᠦᠰ ᠪᠠ ᠬᠦᠦ ᠶᠢᠨ ᠲᠠᠯ᠎ᠠ ᠶᠢᠨ ᠬᠢᠨ ᠡᠪᠳᠡᠷᠡᠯᠴᠡᠵᠦ᠂ | ᠤᠭ᠍ᠶᠤᠳᠠᠢ ᠶᠢ ᠳᠠᠬᠢᠨ ᠭᠡᠷ ᠲᠤ ᠪᠠᠨ ᠪᠤᠴᠠᠭᠠᠨ ᠠᠪᠴᠢᠷᠠᠭᠰᠠᠨ ᠪᠠᠶᠢᠨ᠎ᠠ᠃ ᠡᠨᠡ ᠶᠠᠪᠤᠳᠠᠯ ᠠᠴᠠ ᠪᠤᠯᠵᠤ᠂ | ᠤᠭ᠍ᠶᠤᠳᠠᠢ ᠶᠢᠨ ᠤᠷᠤᠭ ᠬᠤᠷᠢᠮ ᠤᠨ ᠶᠠᠪᠤᠳᠠᠯ ᠨᠢ ᠮᠠᠰᠢ ᠤᠷᠤᠭᠰᠢ ᠦᠭᠡᠢ ᠪᠤᠯᠵᠤ᠂ ᠬᠤᠷᠢ ᠭᠠᠷᠤᠭᠠᠳ ᠰᠠᠶ᠋ᠢ | ᠨᠤᠲᠤᠭ ᠤᠨ ᠢᠶᠠᠨ ᠪᠦᠬᠡᠳᠡᠯᠭᠡᠷ ᠭᠡᠭᠴᠢ ᠬᠦᠮᠦᠨ ᠲᠠᠢ ᠬᠤᠷᠢᠮᠯᠠᠵᠤ᠂ ᠵᠤᠯ ᠵᠢᠷᠭᠠᠯ ᠲᠠᠢ ᠠᠮᠢᠳᠤᠷᠠᠭᠰᠠᠨ ᠪᠠᠶᠢᠨ᠎ᠠ᠃ | ᠭᠡᠳᠡᠯ᠎ᠠ ᠭᠠᠢ ᠭᠠᠵᠠᠷ ᠳᠤᠤᠷ᠎ᠠ ᠠᠴᠠ ᠭᠡᠳᠡᠭᠴᠢᠯᠡᠨ᠂ ᠬᠠᠶᠢᠷᠠᠲᠠᠢ ᠬᠡᠦᠬᠡᠳ ᠨᠢ ᠭᠡᠭᠡᠭᠳᠡᠭᠰᠡᠨ ᠠᠴᠠ ᠲᠡᠷᠡ | ᠬᠤᠶᠠᠭᠤᠯᠠ ᠪᠠᠨ ᠨᠤᠲᠤᠭ ᠨᠡᠭᠦᠬᠦ ᠪᠠᠷ ᠪᠤᠯᠵᠤ᠂ ᠤᠷᠢᠳ ᠬᠤᠵᠢᠳ ᠬᠦᠷᠢᠶ᠎ᠡ ᠬᠤᠰᠢᠭᠤ ᠶᠢᠨ ᠬᠡᠭᠡᠷ ᠤᠨ ᠠᠶᠢᠯ᠂ | ᠠᠷᠤ ᠬᠤᠷᠴᠢᠨ ᠵᠡᠷᠭᠡ ᠭᠠᠵᠠᠷ ᠢᠶᠠᠷ ᠠᠮᠢᠳᠤᠷᠠᠯ ᠤᠨ ᠵᠠᠮ ᠬᠦᠭᠡᠭᠡᠭᠰᠡᠨ ᠪᠤᠯᠪᠠᠴᠤ᠂ ᠬᠢᠵᠢᠭ ᠠᠴᠠ ᠪᠤᠯᠵᠤ᠂ | ᠡᠴᠦᠰ ᠲᠤ ᠪᠠᠨ ᠬᠡᠭᠡᠷ ᠤᠨ ᠠᠶᠢᠯ ᠳᠤ ᠪᠠᠨ ᠪᠤᠴᠠᠵᠤ ᠠᠮᠢᠳᠤᠷᠠᠭᠰᠠᠨ ᠪᠠᠶᠢᠨ᠎ᠠ᠃ ᠡᠨᠡ ᠦᠶ᠎ᠡ ᠳᠤ ᠤᠭ᠍ᠶᠤᠳᠠᠢ ᠶᠢ | ᠰᠡᠮᠡᠭᠡᠷ ᠬᠠᠶᠢᠷᠠᠯᠠᠵᠤ ᠪᠠᠶᠢᠭᠰᠠᠨ ᠨᠢᠭᠡ ᠵᠠᠯᠠᠭᠤ ᠤᠭ᠍ᠶᠤᠳᠠᠢ ᠪᠦᠬᠡᠳᠡᠯᠭᠡᠷ ᠤᠨ ᠠᠵᠠ ᠵᠢᠷᠭᠠᠯ ᠲᠠᠢ ᠠᠮᠢᠳᠤᠷᠠᠵᠤ | ᠪᠠᠶᠢᠭ᠎ᠠ ᠶᠢ ᠦᠵᠡᠭᠡᠳ ᠠᠲᠠᠭᠠᠷᠬᠠᠨ ᠬᠤᠷᠤᠰᠴᠤ᠂ ᠤᠭ᠍ᠶᠤᠳᠠᠢ ᠶᠢ ᠡᠮᠡᠭᠲᠡᠢ ᠶᠢᠨ ᠶᠤᠰᠤᠨ ᠢ ᠵᠢᠷᠤᠮᠯᠠᠭᠰᠠᠨ ᠦᠭᠡᠢ | ᠬᠡᠮᠡᠨ ᠮᠠᠭᠤᠯᠠᠭᠰᠠᠨ ᠳᠠᠭᠤᠤ ᠵᠤᠬᠢᠶᠠᠯᠭᠠᠨ ᠳᠠᠭᠤᠯᠠᠭᠰᠠᠨ ᠪᠠᠶᠢᠨ᠎ᠠ᠃ ᠡᠳᠦᠷ ᠬᠤᠨᠤᠭ ᠤᠨ ᠥᠡᠭᠭᠡᠷᠡᠬᠦ ᠶᠢ | ᠳᠠᠭᠠᠯᠳᠤᠨ᠂ ︽ᠤᠭ᠍ᠶᠤᠳᠠᠢ︾ ᠭᠡᠬᠦ ᠳᠠᠭᠤᠤ ᠶᠢᠨ ᠦᠭᠡ ᠨᠢ ᠬᠠᠷᠢᠨ ᠬᠤᠪᠢᠷᠠᠭᠠᠳ ᠤᠭ᠍ᠶᠤᠳᠠᠢ ᠭᠡᠭᠴᠢ ᠭᠤᠶᠤ | ᠬᠡᠤᠭᠡᠨ ᠢ ᠰᠠᠨᠠᠵᠤ ᠪᠤᠳᠤᠬᠰᠠᠨ ᠬᠠᠶᠢᠷ᠎ᠠ ᠶᠢᠨ ᠳᠠᠭᠤᠤ ᠪᠤᠯᠤᠬᠰᠠᠨ ᠪᠠᠶᠢᠨ᠎ᠠ᠃ ᠬᠦᠮᠦᠨ ᠪᠤᠯᠭᠠᠨ ᠳᠤ ᠨᠢᠭᠡ | ᠬᠠᠶᠢᠷᠠᠯᠠᠵᠤ ᠰᠠᠨᠠᠳᠠᠭ ︽ᠤᠭ᠍ᠶᠤᠳᠠᠢ︾ ᠪᠠᠶᠢᠳᠠᠭ ᠢᠶᠠᠷ ᠢᠶᠠᠨ᠂ ᠲᠡᠷᠡ ᠬᠦ ︽ᠤᠭ᠍ᠶᠤᠳᠠᠢ︾ ᠶᠢᠨ ᠦᠢᠯᠡ | ᠤᠴᠠᠷᠠᠯ ᠨᠢ ᠬᠠᠶᠢᠷ᠎ᠠ ᠬᠠᠷᠠᠮᠰᠠᠯ ᠢᠶᠠᠷ ᠳᠦᠭᠦᠷᠦᠭᠰᠡᠨ ᠳᠤ ᠪᠠᠨ ︽ᠤᠭ᠍ᠶᠤᠳᠠᠢ︾ ᠭᠡᠭᠴᠢ ᠠᠷᠠᠳ ᠤᠨ ᠳᠠᠭᠤᠤ ᠨᠢ | ᠮᠤᠩᠭᠤᠯ ᠨᠤᠲᠤᠭ ᠲᠤ ᠦᠷᠭᠡᠨ ᠢᠶᠠᠷ ᠲᠠᠷᠬᠠᠨ ᠳᠡᠯᠭᠡᠷᠡᠭᠰᠡᠨ ᠶᠤᠮ᠃ | ᠵᠠᠭᠠᠨ᠎ᠠ ᠪᠠᠯᠵᠢᠨᠢᠮ᠎ᠠ 19 ᠳ᠋ᠤᠭᠡᠷ ᠵᠠᠭᠤᠨ ᠤ ᠰᠡᠭᠦᠯᠴᠢ 20 ᠳ᠋ᠤᠭᠠᠷ ᠵᠠᠭᠤᠨ ᠤ ᠡᠬᠢ ᠪᠠᠷ᠂ ᠤᠳᠤ ᠶᠢᠨ | ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠳᠤ ᠠᠮᠢᠳᠤᠷᠠᠵᠤ ᠪᠠᠶᠢᠪᠠ᠃ ᠳᠠᠳᠠ ᠬᠤᠶᠠᠭᠤᠯᠠ ᠪᠠᠨ | ᠭᠤᠷᠭᠤᠤᠯᠳᠠᠢ ᠶᠢᠨ ᠠᠶᠢᠯ ᠤᠨ ᠬᠦᠮᠦᠨ ᠪᠤᠯᠬᠤᠯᠠᠷ ︽ᠵᠠᠭᠠᠨ᠎ᠠ ᠪᠠᠯᠵᠢᠨᠢᠮ᠎ᠠ︾ ᠭᠡᠬᠦ ᠬᠤᠷᠴᠢᠨ ᠠᠷᠠᠳ ᠤᠨ | ᠳᠠᠭᠤᠤ ᠶᠢ ᠪᠠᠰᠠ ︽ᠭᠤᠷᠭᠤᠤᠯᠳᠠᠢ︾ ᠭᠡᠳᠡᠭ᠃ ᠵᠠᠭᠠᠨ᠎ᠠ ᠪᠠᠯᠵᠢᠨᠢᠮ᠎ᠠ ᠬᠤᠶᠠᠷ ᠪᠤᠯ ᠡᠪᠦᠭᠡ ᠨᠢᠭᠡᠲᠡᠢ ᠦᠶ᠎ᠡ | ᠬᠤᠷᠠᠭ ᠤᠨ ᠠᠬ᠎ᠠ ᠳᠡᠭᠦᠦ ᠪᠠᠶᠢᠵᠤ᠂ ᠶᠡᠷᠦ ᠠᠴᠠ ᠮᠤᠷᠢ ᠤᠨᠤᠵᠤ ᠠᠪᠠ ᠠᠪᠠᠯᠠᠬᠤ ᠳᠤᠷᠠᠲᠠᠢ᠃ | ᠲᠤᠬᠠᠢ ᠶᠢᠨ ᠦᠶ᠎ᠡ ᠶᠢᠨ ᠥᠪᠥᠷ ᠮᠤᠩᠭᠤᠯ ᠤᠷᠤᠨ ᠨᠢ ᠬᠠᠷᠢ ᠶᠢᠨ ᠳᠦᠷᠢᠮᠡᠭᠡᠶᠢᠯᠡᠯ ᠪᠠ ᠴᠢᠩ ᠤᠨ ᠢᠯᠵᠠᠷᠠᠮᠠᠯ | ᠵᠠᠰᠠᠭ ᠤᠨ ᠳᠠᠪᠬᠤᠷ ᠳᠠᠷᠤᠯᠠᠯ ᠳᠤᠤᠷ᠎ᠠ ᠠᠷᠠᠳ ᠤᠨ ᠠᠮᠢᠳᠤᠷᠠᠯ ᠮᠠᠰᠢ ᠬᠦᠴᠢᠷᠲᠡᠢ ᠪᠠᠶᠢᠵᠠᠢ᠃ 1904 ᠤᠨ ᠳᠤ᠂ | ᠤᠷᠤᠰ ᠬᠢᠭᠡᠳ ᠶᠠᠫᠤᠨ ᠳᠤᠮᠳᠠᠳᠤ ᠤᠯᠤᠰ ᠤᠨ ᠵᠡᠭᠦᠨ ᠬᠤᠶᠢᠲᠤ ᠤᠷᠤᠨ ᠳᠤ ᠬᠦᠴᠦᠨ ᠤ ᠬᠦᠷᠢᠶ᠎ᠠ ᠪᠤᠯᠢᠶᠠᠯᠳᠤᠬᠤ | ᠳᠠᠶᠢᠨ ᠡᠭᠦᠰᠭᠡᠵᠦ᠂ ᠤᠷᠤᠰ ᠠᠴᠠ ᠥᠪᠥᠷ ᠮᠤᠩᠭᠤᠯ ᠤᠷᠤᠨ ᠳᠤ ᠶᠡᠭᠡ ᠪᠠᠷ ᠤᠤᠯᠭᠠᠯᠠᠨ ᠳᠡᠭᠡᠷᠡᠮᠳᠡᠵᠦ ᠪᠠᠶᠢᠭᠰᠠᠨ | ᠪᠠᠶᠢᠨ᠎ᠠ᠃ ᠵᠠᠭᠠᠨ᠎ᠠ ᠪᠠᠯᠵᠢᠨᠢᠮ᠎ᠠ ᠬᠤᠶᠠᠭᠤᠯᠠ ᠶᠠᠭ ᠡᠨᠡ ᠦᠶ᠎ᠡ ᠳᠤ ᠤᠷᠤᠰ ᠴᠡᠷᠢᠭ ᠢ ᠡᠰᠡᠷᠭᠦᠴᠡᠵᠦ᠂ ᠠᠷᠭ᠎ᠠ | ᠪᠤᠰᠤ ᠳᠡᠭᠡᠷᠡᠮ ᠤᠨ ᠵᠠᠮ ᠢ ᠬᠦᠭᠡᠭᠡᠪᠠ᠃ | ᠳᠤᠬᠠᠢ ᠶᠢᠨ ᠦᠶ᠎ᠠ ᠳᠤ᠂ ᠵᠠᠭᠠᠨ᠎ᠠ ᠪᠠᠯᠵᠢᠨᠢᠮ᠎ᠠ ᠸᠠᠩ ᠬᠡᠷᠬᠢᠮᠳᠡᠳ᠂ ᠪᠠᠶᠠᠨ ᠨᠤᠶᠠᠳ ᠤᠨ ᠡᠳ᠋ ᠬᠦᠷᠦᠩᠭᠡ ᠶᠢ | ᠳᠤᠨᠤᠵᠤ ᠳᠡᠭᠡᠷᠡᠮᠳᠡᠳᠡᠭ ᠪᠠᠶᠢᠬᠰᠠᠨ ᠪᠤᠯᠪᠠᠴᠤ ᠠᠰᠢᠭ ᠤᠯᠵᠠ ᠶᠢ ᠬᠡᠵᠢᠶᠡᠳᠡ ᠪᠡᠶ᠎ᠡ ᠳᠤ ᠪᠠᠨ ᠦᠯᠡᠳᠡᠭᠡᠳᠡᠭ ᠦᠭᠡᠢ | ᠬᠠᠷᠢᠨ ᠶᠠᠳᠠᠭᠤ ᠵᠦᠳᠡᠬᠦᠦ ᠨᠤᠳᠤᠭ ᠤᠨ ᠤᠯᠠᠨ ᠳᠤ ᠪᠠᠨ ᠬᠤᠪᠢᠶᠠᠨ ᠥᠭᠳᠡᠭ ᠪᠠᠶᠢᠵᠠᠢ᠃ ᠶᠠᠬ ᠡᠶᠢᠮᠦ ᠠᠴᠠ᠂ | ᠵᠠᠭᠠᠨ᠎ᠠ ᠪᠠᠯᠵᠢᠨᠢᠮ᠎ᠠ ᠶᠢᠨ ᠡᠳᠡᠭᠡᠷ ᠦᠢᠯᠡ ᠠᠵᠢᠯᠯᠠᠭ᠎ᠠ ᠨᠢ ᠸᠠᠩ ᠨᠤᠶᠠᠨ ᠤ ᠬᠤᠷᠤᠰᠤᠯ ᠢ ᠳᠡᠭᠳᠡᠭᠡᠵᠦ᠂ | ᠡᠷᠳᠡᠨᠢᠪᠢᠯᠢᠭ ᠳᠦᠡᠭᠯᠢᠩ ᠢ ᠲᠤᠮᠢᠯᠠᠨ᠂ ᠲᠡᠳᠡ ᠬᠤᠶᠠᠭᠤᠯᠠ ᠶᠢ ᠠᠷᠭ᠎ᠠ ᠮᠡᠭᠡ ᠪᠠᠷ ᠫᠤᠤᠳᠠᠨ ᠠᠯᠠᠭᠰᠠᠨ ᠪᠠᠶᠢᠨ᠎ᠠ᠃ | ᠮᠤᠩᠭᠤᠯ ᠨᠤᠲᠤᠭ ᠲᠤ ᠰᠢᠯᠢ ᠶᠢᠨ ᠰᠠᠶᠢᠨ ᠡᠷ᠎ᠡ ᠶᠢᠨ ᠦᠯᠢᠭᠡᠷ ᠳᠤᠮᠤᠭ ᠦᠷᠭᠡᠨ ᠢᠶᠠᠷ ᠤᠯᠠᠮᠵᠢᠯᠠᠬᠳᠠᠵᠤ ᠪᠠᠶᠢᠳᠠᠭ᠃ | ︽ᠵᠠᠭᠠᠨ᠎ᠠ ᠪᠠᠯᠵᠢᠨᠢᠮ᠎ᠠ︾ ᠭᠡᠬᠦ ᠳᠠᠭᠤᠨ ᠳᠤ ᠭᠠᠷᠳᠠᠭ ᠰᠢᠭ᠋ ᠢᠶᠠᠷ ︽ᠵᠠᠰᠠᠭ ᠵᠤᠷᠭᠠᠨ ᠶᠠᠮᠤᠨ ᠳᠤ ᠪᠠᠨ ᠵᠠᠯᠢᠬᠠᠢ | ᠨᠡᠷ᠎ᠡ ᠶᠢ ᠤᠯᠪᠠᠴᠤ᠂ ᠵᠠᠬ᠎ᠠ ᠶᠢᠨ ᠤᠯᠠᠨ ᠮᠤᠩᠭᠤᠯᠴᠤᠳ ᠢᠶᠠᠨ ᠵᠤᠪᠠᠭᠠᠭᠰᠠᠨ ᠭᠠᠵᠠᠷ ᠭᠡᠵᠦ ᠪᠠᠶᠢᠨ᠎ᠠ ᠤᠤ ᠳ᠋ᠠ︾᠂ | ︽ᠪᠡᠭᠡᠵᠢᠩ ᠵᠤᠷᠭᠠᠨ ᠶᠠᠮᠤᠨ ᠳᠤ ᠪᠠᠨ ᠪᠤᠯᠬᠤ ᠦᠭᠡᠢ ᠨᠡᠷ᠎ᠡ ᠶᠢ ᠤᠯᠪᠠᠴᠤ᠂ ᠪᠦᠭᠦᠳᠡ ᠤᠯᠠᠨ ᠮᠤᠩᠭᠤᠯᠴᠤᠳ ᠢᠶᠠᠨ | ᠵᠤᠪᠠᠭᠠᠭᠰᠠᠨ ᠭᠠᠵᠠᠷ ᠭᠡᠵᠦ ᠪᠠᠶᠢᠨ᠎ᠠ ᠤᠤ ᠳ᠋ᠠ︾ ᠭᠡᠳᠡᠭᠴᠢᠯᠡᠨ᠂ ᠵᠠᠭᠠᠨ᠎ᠠ ᠪᠠᠯᠵᠢᠨᠢᠮ᠎ᠠ ᠬᠤᠶᠠᠷ ᠬᠡᠳᠦ᠋ᠢᠪᠡᠷ ᠳᠡᠭᠡᠷᠡᠮ | ᠨᠡᠷ᠎ᠡ ᠲᠠᠢ ᠪᠤᠯᠪᠠᠴᠤ᠂ ᠪᠠᠶᠠᠳ ᠨᠤᠶᠠᠳ ᠤᠨ ᠳᠡᠭᠡᠷᠡᠮ ᠪᠤᠯᠬᠤ ᠠᠴᠠ ᠪᠢᠰᠢ᠂ ᠶᠠᠳᠠᠭᠤ ᠵᠦᠳᠡᠬᠦᠦ ᠠᠷᠠᠳ ᠤᠨ | ᠳᠡᠭᠡᠷᠡᠮ ᠪᠢᠰᠢ ᠶᠤᠮ᠃ ᠡᠶᠢᠮᠦ ᠠᠴᠠ ᠠᠷᠠᠳ ᠤᠯᠠᠨ ᠨᠢ ᠲᠡᠳᠡᠨ ᠢ ᠳᠤᠷᠠᠰᠤᠨ ᠰᠠᠨᠠᠭᠠᠯᠵᠠᠵᠤ᠂ ᠡᠨᠡ ᠳᠠᠭᠤᠤ ᠨᠢ | ᠴᠤ ᠤᠳᠠᠭᠠᠨ ᠵᠢᠯ ᠢᠶᠠᠷ ᠤᠯᠠᠮᠵᠢᠯᠠᠬᠳᠠᠨ ᠳᠠᠭᠤᠯᠠᠬᠳᠠᠵᠤ ᠪᠠᠶᠢᠭ᠎ᠠ ᠶᠤᠮ᠃ | ᠬᠤᠷᠴᠢᠨ ᠤ ᠦᠯᠢᠭᠡᠷᠲᠦ ᠠᠷᠠᠳ ᠤᠨ ᠳᠠᠭᠤᠤ ᠶᠢ ᠰᠤᠨᠤᠰᠬᠤ ᠳᠤ ᠬᠡᠳᠦ᠋ᠢᠪᠡᠷ ᠬᠦᠭ ᠠᠶᠠᠯᠭᠤ᠂ ᠦᠭᠡ | ᠶᠠᠷᠢᠶ᠎ᠠ ᠨᠢ ᠳᠦᠭᠦᠮ ᠠᠪᠰᠠᠷᠬᠠᠨ ᠪᠤᠯᠪᠠᠴᠤ᠂ ᠲᠡᠷᠡ ᠨᠢ ᠵᠥᠪᠬᠡᠨ ᠮᠤᠩᠭᠤᠯᠴᠤᠳ ᠤᠨ ᠰᠡᠳᠬᠢᠯ ᠢᠶᠠᠨ ᠪᠠᠶᠠᠰᠬᠠᠬᠤ | ᠤᠷᠠᠯᠢᠭ ᠲᠡᠳᠦᠢ ᠪᠢᠰᠢ᠂ ᠬᠠᠷᠢᠨ ᠴᠠᠭᠠᠨ᠎ᠠ ᠪᠠᠨ ᠲᠡᠦᠬᠡ ᠶᠢᠨ ᠦᠨᠡᠨ᠂ ᠮᠤᠩᠭᠤᠯ ᠤᠨ ᠶᠤᠰᠤ ᠵᠠᠩᠰᠢᠯ ᠵᠡᠷᠭᠡ ᠶᠢ | ᠬᠠᠳᠠᠭᠠᠯᠠᠵᠤ ᠪᠠᠶᠢᠳᠠᠭ᠃ ᠦᠯᠢᠭᠡᠷᠲᠦ ᠠᠷᠠᠳ ᠤᠨ ᠳᠠᠭᠤᠤ ᠶᠢ ᠰᠤᠨᠤᠰᠬᠤ ᠪᠦ᠋ᠷᠢ᠂ ᠡᠬᠢᠯᠡᠬᠦ ᠳᠤ ᠪᠠᠨ ᠲᠡᠭᠦᠨ ᠤ | ᠢᠷᠠᠭᠤ ᠪᠠᠶᠠᠯᠢᠭ ᠢ ᠭᠠᠶᠢᠬᠠᠨ ᠪᠢᠰᠢᠷᠡᠳᠡᠭ ᠪᠤᠯ᠂ ᠰᠡᠭᠦᠯ ᠳᠤ ᠪᠠᠨ ᠲᠡᠭᠦᠨ ᠤ ᠠᠴᠢᠶᠠᠯᠠᠭᠰᠠᠨ ᠲᠡᠦᠬᠡ ᠶᠢᠨ ᠬᠦᠨᠳᠦ | ᠬᠡᠴᠡᠭᠦᠦ ᠳᠤ ᠨᠢ ᠵᠢᠷᠦᠬᠡ ᠰᠢᠮᠰᠢᠷᠡᠳᠡᠭ ᠡ᠃ ᠤᠳᠤ ᠪᠤᠯᠬᠤ ᠳᠤ᠂ ᠡᠳᠡᠭᠡᠷ ᠤᠯᠠᠨ ᠠᠷᠠᠳ ᠤᠨ ᠳᠠᠭᠤᠤ ᠨᠢ ᠴᠠᠭ | ᠦᠶ᠎ᠡ ᠲᠠᠢ ᠲᠤᠬᠢᠷᠠᠵᠤ᠂ ᠴᠠᠭᠯᠠᠰᠢ ᠦᠭᠡᠢ ᠠᠮᠢᠵᠢᠷᠠᠯ ᠤᠨ ᠬᠦᠴᠦᠨ ᠢᠶᠠᠷ ᠢᠶᠠᠨ ᠦᠷᠭᠡᠨ ᠤᠯᠠᠨ | ᠮᠤᠩᠭᠤᠯᠴᠤᠳ ᠤᠨ ᠢᠶᠠᠨ ᠴᠢᠬᠢᠨ ᠤ ᠴᠢᠮᠡᠭ ᠪᠤᠯᠵᠤ ᠤᠯᠠᠮᠵᠢᠯᠠᠬᠳᠠᠨ ᠳᠠᠭᠤᠯᠠᠬᠳᠠᠬᠰᠠᠭᠠᠷ ᠪᠠᠶᠢᠭ᠎ᠠ ᠶᠤᠮ ᠡ ᠁ | |