ᠰᠦᠯᠵᠢᠶᠡᠨ ᠤ ᠰᠤᠷᠪᠤᠯᠵᠢᠯᠠᠭ᠎ᠠ | | | ᠰᠤᠷᠪᠤᠯᠵᠢᠯᠠᠭ᠎ᠠ ᠶᠢᠨ ᠭᠠᠷᠴᠠᠭ᠄ | ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠰᠤᠷᠪᠤᠯᠵᠢᠯᠠᠭᠰᠠᠨ ᠴᠠᠭ᠄ 2021 — 10 — 11 16᠄ 09 | ᠰᠤᠷᠪᠤᠯᠵᠢᠯᠠᠭᠰᠠᠨ ᠵᠣᠴᠢᠨ᠄ ᠮᠠ ᠰᠢᠨ | ᠰᠤᠷᠪᠤᠯᠵᠢᠯᠠᠭ᠎ᠠ ᠶᠢᠨ ᠪᠠᠶᠢᠳᠠᠯ᠄ ᠨᠢᠭᠡᠨᠲᠡ ᠳᠠᠭᠤᠰᠪᠠ | ᠭᠤᠣᠯ ᠠᠭᠤᠯᠭ᠎ᠠ᠄ | ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ﹇ᠬᠥᠲᠥᠯᠥᠭᠴᠢ﹈ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ᠂ ᠲᠤᠰ ᠬᠤᠭᠤᠴᠠᠭᠠᠨ ᠤ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ︾ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ | ᠥᠨᠥᠳᠦᠷ ᠪᠢᠳᠡ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠮᠠ ᠰᠢᠨ ᠢ ᠤᠷᠢᠵᠤ᠂ ︽ᠬᠤᠲᠠ | ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ︾ ᠲᠤᠬᠠᠶ ᠣᠯᠠᠨ ᠲᠠᠢ ᠰᠦᠯᠵᠢᠶᠡᠨ ᠳᠡᠭᠡᠷ᠎ᠡ | ᠰᠠᠨᠠᠯ ᠢᠶᠠᠨ ᠰᠣᠯᠢᠯᠴᠠᠬᠤ ᠪᠣᠯᠤᠨ᠎ᠠ᠃ ᠮᠠ ᠲᠣᠪᠴᠢᠶᠠᠨ ᠳᠠᠷᠤᠭ᠎ᠠ ᠠ᠂ ᠲᠠᠨ ᠢ ᠪᠠᠶᠠᠷᠯᠠᠨ ᠤᠭᠲᠤᠶ᠎ᠠ︕ | ﹇ᠮᠠ ᠰᠢᠨ﹈ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ | ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠰᠦᠯᠵᠢᠶᠡᠨ ᠤ ᠠᠨᠳᠠ ᠨᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠠᠶᠢᠭᠤᠯᠤᠯᠲᠠ ᠶᠢᠨ ᠠᠵᠢᠯ ᠢ | ᠢᠮᠠᠭᠲᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕ | ﹇ᠬᠥᠲᠥᠯᠥᠭᠴᠢ﹈ ᠮᠠ ᠲᠣᠪᠴᠢᠶᠠᠨ ᠳᠠᠷᠤᠭ᠎ᠠ ᠡ᠂ ᠣᠶᠢᠷ᠎ᠠ ᠶᠢᠨ ᠵᠢᠯ ᠠᠴᠠ ᠨᠠᠰᠢ ᠭᠠᠨᠵᠤᠭ᠎ᠠ ᠪᠠᠯᠭᠠᠰᠤᠨ ᠤ | ᠭᠤᠣᠯ ᠬᠤᠲᠠ ᠶᠢᠨ ᠲᠣᠭᠤᠷᠢᠭ ᠤᠨ ᠵᠠᠮ ᠤᠨ ᠲᠣᠣᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠠᠮᠠᠷ ᠶᠠᠮᠠᠷ | ᠠᠮᠵᠢᠯᠲᠠ ᠪᠦᠲᠦᠮᠵᠢ ᠣᠯᠤᠭᠰᠠᠨ ᠲᠤᠬᠠᠶ ᠶᠠᠷᠢᠭᠠᠳ ᠥᠭᠭᠦᠨ᠎ᠡ ᠤᠤ︖ | ﹇ᠮᠠ ᠰᠢᠨ﹈ ᠤᠢᠢᠷ᠎ᠠ ᠶᠢᠨ ᠵᠢᠯ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠨ | ᠵᠠᠮ ᠤᠨ ᠲᠣᠣᠷ ᠤᠨ ᠰᠢᠰᠲ᠋ᠧᠮ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠪᠠᠷ ᠲᠠᠮᠵᠢᠨ᠂ ᠭᠤᠣᠯ | ᠬᠤᠲᠠ ᠶᠢᠨ ᠲᠣᠭᠤᠷᠢᠭ ᠤᠨ ᠭᠤᠣᠯ ᠵᠠᠮ ᠤᠨ ᠳᠠᠭᠠᠭᠠᠴᠠ ᠶᠢᠨ ᠴᠢᠳᠠᠪᠤᠷᠢ ᠳᠤ ᠲᠦᠢᠯ ᠤᠨ ᠶᠡᠭᠡ ᠬᠤᠪᠢᠷᠠᠯᠲᠠ | ᠭᠠᠷᠴᠤ᠂ ᠬᠡᠰᠡᠭ ᠵᠠᠮ ᠤᠨ ᠲᠦᠭᠵᠢᠷᠡᠯ ᠬᠡᠰᠡᠭ ᠢ ᠪᠦᠲᠦᠮᠵᠢᠲᠡᠢ ᠨᠠᠮᠳᠠᠭᠤᠯᠵᠠᠢ᠃ ᠡᠭᠦᠨ ᠤ ᠭᠤᠣᠯ ᠢᠯᠡᠷᠡᠯ ᠨᠢ | ᠭᠡᠪᠡᠯ᠂ ᠨᠢᠳᠤᠨᠤᠨ ᠵᠢᠯ ᠮᠠᠯᠴᠢᠨ ᠵᠡᠭᠡᠯᠢ ᠶᠢᠨ ᠵᠠᠰᠠᠮᠠᠯ ᠵᠠᠮ ᠤᠨ ᠲᠡᠮᠦᠷ ᠵᠠᠮ ᠤᠨ ᠵᠦᠷᠢᠯᠢᠭ ᠬᠥᠭᠦᠷᠭᠡ ᠪᠣᠯᠤᠨ | ᠬᠤᠷᠴᠢᠨ ᠶᠡᠭᠡ ᠵᠡᠭᠡᠯᠢ ᠶᠢᠨ ᠵᠠᠰᠠᠮᠠᠯ ᠵᠠᠮ ᠤᠨ ᠲᠡᠮᠦᠷ ᠵᠠᠮ ᠤᠨ ᠵᠦᠷᠢᠯᠢᠭ ᠬᠥᠭᠦᠷᠭᠡ ᠲᠡᠷᠭᠡ ᠨᠡᠪᠲᠡᠷᠡᠵᠦ᠂ ᠭᠤᠣᠯ | ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠲᠦᠭᠵᠢᠷᠡᠯ ᠤᠨ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ | ᠵᠠᠮ ᠬᠠᠷᠢᠯᠴᠠᠭᠠᠨ ᠤ ᠲᠡᠷᠭᠡᠨ ᠤ ᠤᠷᠤᠰᠬᠠᠯ᠂ ᠪᠣᠳᠠᠰ ᠤᠨ ᠭᠦᠢᠯᠭᠡᠭᠡ ᠪᠠ ᠬᠥᠮᠦᠨ ᠤ ᠤᠷᠤᠰᠬᠠᠯ ᠢ ᠨᠡᠪᠲᠡᠷᠡᠭᠦᠯᠵᠦ᠂ | ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠳᠦᠬᠦᠮ ᠦᠵᠡᠭᠦᠯᠬᠦ ᠳᠤ | ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠬᠦᠯᠪᠡ᠂ ᠡᠨᠡ ᠨᠢ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ | ᠲᠡᠭᠡᠭᠡᠪᠦᠷᠢ ᠶᠢᠨ ᠴᠢᠳᠠᠪᠬᠢ ᠶᠢ ᠴᠢᠩᠬᠠᠳᠬᠠᠨ᠂ ᠳᠠᠭᠠᠭᠠᠴᠠ ᠶᠢ ᠳᠡᠭᠡᠭᠰᠢᠯᠡᠭᠦᠯᠵᠦ᠂ ᠠᠵᠤ ᠠᠬᠤᠶ ᠪᠠ ᠨᠡᠶᠢᠭᠡᠮ ᠤᠨ | ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠪᠠ ᠠᠯᠤᠰ | ᠬᠡᠲᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ᠬᠤᠶᠠᠷ ᠰᠠᠭᠤᠷᠢ ᠵᠦᠷᠢᠯᠢᠭ ᠬᠥᠭᠦᠷᠭᠡ ᠶᠢ ᠪᠠᠶᠢᠭᠤᠯᠵᠤ | ᠲᠡᠷᠭᠡ ᠨᠡᠪᠲᠡᠷᠡᠭᠦᠯᠦᠭᠰᠡᠨ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠳᠦᠷᠢ ᠲᠥᠷᠬᠦ ᠶᠢ | ᠱᠤᠭᠤᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠴᠤ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠵᠠᠮ ᠤᠨ ᠪᠥᠲᠥᠭᠡᠨ ᠪᠠᠶᠢᠭᠤᠯᠤᠯᠲᠠ ᠶᠢᠨ ᠨᠢᠭᠡᠨ ᠰᠢᠨ᠎ᠡ ᠬᠥᠰᠢᠶ᠎ᠡ ᠲᠡᠮᠳᠡᠭ | ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠳᠦᠬᠦᠮ | ᠦᠵᠡᠭᠦᠯᠬᠦ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠨ ᠲᠥᠯᠥᠪᠯᠡᠭᠡ ᠲᠠᠢ ᠪᠠᠷ | ᠠᠯᠬᠤᠮ ᠠᠯᠬᠤᠮ ᠢᠶᠠᠷ ᠵᠠᠮ ᠵᠠᠰᠠᠵᠤ᠂ ᠵᠢᠯ ᠪᠦᠷᠢ ᠬᠠᠨᠳᠤᠯᠭᠠᠲᠤ ᠴᠢᠨᠠᠷᠲᠠᠶ ᠵᠠᠮ ᠵᠠᠰᠠᠬᠤ ᠢᠨᠵᠧᠨᠧᠷᠢᠩ ᠢ | ᠬᠡᠷᠡᠭᠵᠢᠭᠦᠯᠵᠦ ᠪᠠᠶᠢᠨ᠎ᠠ᠃ 2019 ᠣᠨ ᠳᠤ᠂ ᠭᠤᠤᠯ ᠬᠤᠲᠠ ᠶᠢᠨ ᠲᠣᠭᠤᠷᠢᠭ ᠤᠨ ᠬᠠᠷ᠎ᠠ ᠵᠠᠮ ᠤᠨ | ᠭᠠᠳᠠᠷᠭᠤ ᠶᠢ 1000 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ᠂ ᠱᠤᠩᠬᠤᠷ ᠴᠡᠴᠡᠷᠯᠢᠭ ᠤᠨ ᠬᠤᠶᠢᠲᠤ | ᠲᠠᠯ᠎ᠠ ᠶᠢᠨ ᠠᠷᠠᠳ ᠲᠤ ᠲᠥᠬᠦᠮ ᠦᠵᠡᠭᠦᠯᠬᠦ ᠱᠦᠢᠨᠢ ᠵᠠᠮ ᠢ 1602 ᠲᠡᠭᠰᠢ ᠳᠥᠷᠪᠡᠯᠵᠢᠨ ᠮᠧᠲᠷ ᠳᠡᠪᠢᠰᠴᠦ᠂ | ᠴᠥᠮᠥᠷᠡᠭᠰᠡᠨ ᠵᠠᠮ ᠤᠨ ᠭᠠᠳᠠᠷᠭᠤ᠂ ᠶᠠᠪᠠᠭᠠᠨ ᠬᠥᠮᠦᠨ ᠤ ᠵᠠᠮ ᠢ 1640 ᠲᠡᠭᠰᠢ ᠳᠥᠷᠪᠡᠯᠵᠢᠨ ᠮᠧᠲᠷ ᠰᠡᠯᠪᠢᠨ | ᠵᠠᠰᠠᠪᠠ︔ 2020 ᠣᠨ ᠳᠤ ᠭᠤᠣᠯ ᠬᠤᠳᠠ ᠶᠢᠨ ᠲᠣᠭᠤᠷᠢᠭ ᠤᠨ ᠡᠪᠳᠡᠷᠡᠵᠦ ᠰᠦᠢᠳᠦᠭᠰᠡᠨ ᠶᠠᠪᠠᠭᠠᠨ ᠬᠥᠮᠦᠨ ᠤ | ᠵᠠᠮ ᠢ ᠰᠡᠯᠪᠢᠨ ᠵᠠᠰᠠᠪᠠ︔ ᠡᠨᠡ ᠵᠢᠯ ᠡᠪᠳᠡᠷᠡᠵᠦ ᠰᠦᠢᠳᠦᠭᠰᠡᠨ ᠵᠠᠮ ᠪᠣᠯᠤᠨ ᠶᠠᠪᠠᠭᠠᠨ ᠬᠥᠮᠦᠨ ᠤ ᠵᠠᠮ ᠢ | ᠦᠷᠭᠦᠯᠵᠢᠯᠡᠨ ᠵᠠᠰᠠᠵᠤ᠂ ᠣᠳᠣᠬᠠᠨ ᠳᠤ ᠨᠢᠭᠡᠨᠲᠡ ᠭᠠᠨᠵᠤᠭ᠎ᠠ ᠪᠠᠯᠭᠠᠰᠤᠨ ᠤ ᠶᠠᠪᠠᠭᠠᠨ ᠵᠡᠭᠡᠯᠢ᠂ ᠵᠠᠰᠠᠭ ᠤᠨ | ᠣᠷᠳᠣᠨ ᠤ ᠡᠮᠦᠨ᠎ᠡ ᠲᠠᠯᠠᠪᠠᠶ ᠳᠤ ᠥᠭᠡᠷᠡᠴᠢᠯᠡᠯᠲᠡ ᠬᠢᠵᠦ᠂ ᠮᠠᠯᠴᠢᠨ ᠵᠡᠭᠡᠯᠢ᠂ ᠪᠥᠸᠧ ᠸᠠᠩ ᠶᠡᠭᠡ ᠵᠡᠭᠡᠯᠢ ᠵᠡᠷᠭᠡ | ᠡᠪᠳᠡᠷᠡᠵᠦ ᠰᠦᠢᠳᠦᠭᠰᠡᠨ ᠶᠠᠪᠠᠭᠠᠨ ᠬᠥᠮᠦᠨ ᠤ ᠵᠠᠮ ᠢ ᠰᠢᠨᠡᠳᠬᠡᠨ ᠥᠭᠡᠷᠡᠴᠢᠯᠡᠵᠦ᠂ ᠪᠦᠯᠬᠦᠮᠳᠡᠯ ᠵᠠᠮ ᠤᠨ ᠡᠮᠦᠨ᠎ᠡ | ᠬᠡᠰᠡᠭ ᠵᠡᠷᠭᠡ ᠡᠪᠳᠡᠷᠡᠵᠦ ᠰᠦᠢᠳᠦᠭᠰᠡᠨ ᠵᠠᠮ ᠢ ᠪᠦᠷᠬᠦᠬᠦ ᠶᠢᠨ ᠵᠡᠷᠭᠡ ᠳᠤ ᠭᠠᠨᠵᠤᠭ᠎ᠠ ᠭᠤᠷᠪᠠᠳᠤᠭᠠᠷ ᠲᠤᠮᠳᠠᠳᠤ | ᠰᠤᠷᠭᠠᠭᠤᠯᠢ᠂ ᠭᠠᠨᠵᠤᠭ᠎ᠠ ᠬᠤᠶᠠᠳᠤᠭᠠᠷ ᠪᠠᠭ᠎ᠠ ᠰᠤᠷᠭᠠᠭᠤᠯᠢ ᠶᠢᠨ ᠬᠠᠪᠢ ᠶᠢᠨ ᠵᠠᠮ ᠤᠨ ᠭᠠᠳᠠᠷᠭᠤ ᠳᠤ ᠤᠰᠤ | ᠬᠤᠷᠠᠬᠤ ᠠᠰᠠᠭᠤᠳᠠᠯ ᠢ ᠢᠳᠡᠪᠬᠢᠲᠡᠶ ᠰᠢᠢᠳᠪᠦᠷᠢᠯᠡᠪᠡ᠃ | ﹇ᠬᠥᠲᠥᠯᠥᠭᠴᠢ﹈ ᠮᠠ ᠲᠣᠪᠴᠢᠶᠠᠨ ᠳᠠᠷᠤᠭ᠎ᠠ ᠡ᠂ ᠣᠳᠣᠬᠠᠨ ᠳᠤ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠢᠨ ᠬᠡᠰᠡᠭ ᠬᠠᠭᠤᠴᠢᠨ ᠵᠢᠵᠢᠭ ᠲᠣᠭᠤᠷᠢᠭ ᠲᠤ ᠥᠭᠡᠷᠡᠴᠢᠯᠡᠯᠲᠡ ᠬᠢᠵᠦ ᠪᠠᠶᠢᠨ᠎ᠠ᠂ ᠬᠠᠭᠤᠴᠢᠨ | ᠵᠢᠵᠢᠭ ᠲᠣᠭᠤᠷᠢᠭ ᠲᠤ ᠶᠠᠮᠠᠷ ᠶᠠᠮᠠᠷ ᠠᠭᠤᠯᠭ᠎ᠠ ᠲᠠᠢ ᠪᠤᠶ︖ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠬᠦ ᠶᠠᠪᠤᠴᠠ ᠳᠤ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠦᠷ᠎ᠡ ᠪᠦᠲᠦᠮᠵᠢ | ᠣᠯᠤᠭᠰᠠᠨ ᠪᠣᠶ︖ | ﹇ᠮᠠ ᠰᠢᠨ﹈ ᠣᠳᠣᠬᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢ ᠰᠠᠭᠤᠷᠢ ᠲᠥᠷᠥᠯ ᠪᠠ ᠲᠡᠭᠦᠯᠳᠡᠷᠵᠢᠭᠦᠯᠦᠯᠲᠡ ᠶᠢᠨ ᠲᠥᠷᠥᠯ ᠭᠡᠵᠦ ᠬᠤᠶᠠᠷ | ᠲᠥᠷᠥᠯ ᠤᠨ ᠥᠭᠡᠷᠡᠴᠢᠯᠡᠯᠲᠡ ᠶᠢᠨ ᠡᠭᠦᠷᠭᠡ ᠪᠣᠯᠭᠠᠨ ᠬᠤᠪᠢᠶᠠᠪᠠ᠃ ᠰᠠᠭᠤᠷᠢ ᠲᠥᠷᠥᠯ ᠵᠦᠢᠯ ᠳᠤ᠄ ᠵᠠᠮ | ᠬᠠᠲᠠᠭᠤᠷᠠᠭᠤᠯᠬᠤ᠂ ᠤᠰᠤ ᠲᠠᠲᠠᠷᠠᠭᠤᠯᠬᠤ ᠬᠤᠭᠤᠯᠠᠶ ᠶᠢᠨ ᠲᠣᠤᠷ᠂ ᠤᠰᠤ ᠬᠠᠩᠭᠠᠬᠤ ᠬᠤᠭᠤᠯᠠᠶ ᠶᠢᠨ ᠲᠣᠤᠷ᠂ | ᠢᠯᠴᠢ ᠬᠠᠩᠭᠠᠬᠤ ᠬᠤᠭᠤᠯᠠᠶ ᠶᠢᠨ ᠲᠣᠤᠷ᠂ ᠴᠠᠬᠢᠯᠭᠠᠨ ᠬᠦᠴᠦᠨ ᠤ ᠬᠤᠭᠤᠯᠠᠶ᠂ ᠴᠢᠮᠡᠭᠡ ᠬᠤᠯᠪᠣᠭᠠᠨ ᠤ ᠬᠤᠭᠤᠯᠠᠶ | ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠪᠡᠯᠡᠳᠬᠡᠮᠵᠢ᠂ ᠠᠮᠢᠳᠤᠷᠠᠯ ᠤᠨ ᠬᠤᠭ ᠨᠣᠪᠰᠢ ᠶᠢᠨ | ᠬᠠᠶᠢᠷᠴᠠᠭ ᠤᠭᠰᠠᠷᠠᠬᠤ᠂ ᠬᠡᠷ ᠤᠨ ᠭᠠᠳᠠᠨᠠᠬᠢ ᠰᠤᠯᠠ ᠴᠠᠬᠢᠯᠭᠠᠨ ᠬᠥᠭᠦᠷᠭᠡ ᠶᠢᠨ ᠵᠢᠶᠠᠰᠠ ᠵᠡᠷᠭᠡ 9 ᠵᠦᠢᠯ ᠤᠨ | ᠥᠭᠡᠷᠡᠴᠢᠯᠡᠯᠲᠡ ᠶᠢᠨ ᠠᠭᠤᠯᠭ᠎ᠠ ᠪᠠᠭᠲᠠᠨ᠎ᠠ︔ ᠲᠡᠭᠦᠯᠳᠡᠷᠵᠢᠭᠦᠯᠬᠦ ᠲᠥᠷᠥᠯ ᠳᠤ᠄ ᠬᠡᠷ ᠤᠨ ᠣᠷᠣᠶ ᠶᠢᠨ ᠤᠰᠤ ᠶᠢ | ᠰᠡᠷᠭᠡᠶᠢᠯᠡᠬᠦ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠭᠠᠳᠠᠷ ᠬᠡᠷᠡᠮ ᠳᠤ ᠰᠢᠷ ᠪᠤᠳᠤᠭ ᠣᠷᠣᠭᠤᠯᠬᠤ᠂ | ᠠᠰᠠᠷ ᠤᠨ ᠬᠤᠩᠭᠢᠯ ᠤᠨ ᠴᠣᠩᠬᠤ ᠶᠢ ᠰᠣᠯᠢᠬᠤ᠂ ᠰᠠᠭᠤᠭᠠᠯᠢ ᠡᠷᠦᠬᠡ ᠶᠢᠨ ᠴᠣᠩᠬᠤ ᠪᠠ ᠡᠭᠦᠳᠡ ᠬᠠᠭᠠᠯᠭ᠎ᠠ ᠶᠢ | ᠰᠣᠯᠢᠬᠤ᠂ ᠵᠠᠮ ᠤᠨ ᠳ᠋ᠧᠩ ᠢ ᠰᠣᠯᠢᠬᠤ᠂ ᠤᠰᠤᠨ ᠬᠤᠭᠤᠯᠠᠶ ᠶᠢ ᠰᠣᠯᠢᠬᠤ ᠵᠡᠷᠭᠡ 8 ᠵᠦᠢᠯ ᠤᠨ ᠥᠭᠡᠷᠡᠴᠢᠯᠡᠬᠦ | ᠠᠭᠤᠯᠭ᠎ᠠ ᠪᠠᠭᠲᠠᠨ᠎ᠠ᠃ | ﹇ᠮᠠ ᠰᠢᠨ﹈ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠨᠡᠩ | ᠰᠠᠶᠢᠳᠦᠷ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ | ᠲᠥᠯᠥᠭᠡ᠂ ᠪᠣᠳᠠᠲᠠᠢ ᠬᠡᠷᠡᠭᠵᠢᠭᠦᠯᠬᠦ ᠶᠠᠪᠤᠴᠠ ᠳᠤ᠂ ᠪᠢᠳᠡ ᠪᠣᠳᠠᠲᠠᠢ ᠳᠤ ᠰᠠᠭᠤᠷᠢᠯᠠᠵᠤ᠂ ᠠᠯᠢ ᠤᠯᠠᠨ ᠠᠷᠭ᠎ᠠ | ᠬᠡᠮᠵᠢᠶ᠎ᠡ ᠠᠪᠤᠪᠠ᠃ ᠵᠢᠱᠢᠶᠡᠯᠡᠪᠡᠯ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ︔ ᠵᠢᠵᠢᠭ ᠲᠣᠭᠤᠷᠢᠭ ᠤᠨ ᠥᠮᠴᠢᠲᠡᠨ ᠤ ᠰᠠᠨᠠᠯ ᠢ | ᠢᠳᠡᠪᠬᠢᠲᠡᠶ ᠬᠤᠷᠢᠶᠠᠵᠤ᠂ ᠣᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ ᠳᠤ ᠴᠢᠭᠯᠡᠭᠦᠯᠦᠨ ᠴᠠᠭ ᠲᠤᠬᠠᠶ ᠳᠤᠨᠢ | ᠰᠢᠢᠳᠪᠦᠷᠢᠯᠡᠪᠡ᠃ ᠨᠢᠳᠤᠨᠤᠨ᠂ ᠹᠦ᠋ ᠮᠢᠨ ᠵᠢᠵᠢᠭ ᠲᠣᠭᠤᠷᠢᠭ᠂ ᠨᠥᠬᠦᠷᠯᠡᠯ ᠶᠡᠷᠦᠩᠬᠡᠶᠢᠯᠡᠭᠰᠡᠨ ᠠᠰᠠᠷ ᠤᠨ ᠵᠢᠵᠢᠭ | ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠴᠠ ᠳᠤ᠂ ᠥᠮᠴᠢᠲᠡᠨ ᠤ ᠰᠠᠨᠠᠯ ᠢ ᠬᠤᠷᠢᠶᠠᠵᠤ᠂ ᠵᠢᠵᠢᠭ | ᠲᠣᠭᠤᠷᠢᠭ ᠤᠨ ᠬᠥᠮᠥᠷᠭᠡ ᠳᠤ ᠴᠠᠬᠢᠯᠭᠠᠨ ᠡᠭᠦᠰᠭᠡᠭᠴᠢ ᠤᠭᠰᠠᠷᠠᠵᠤ᠂ ᠰᠠᠭᠤᠭᠠᠯᠢ ᠠᠷᠠᠳ ᠤᠨ ᠬᠡᠷᠡᠭᠯᠡᠬᠦ ᠳᠤ | ᠲᠥᠬᠦᠮ ᠪᠣᠯᠭᠠᠪᠠ︔ ᠨᠡᠶᠢᠭᠡᠮ ᠲᠣᠭᠤᠷᠢᠭ᠂ ᠠᠳᠠᠯ ᠠᠬᠤᠶ ᠶᠢᠨ ᠠᠵᠤ ᠠᠬᠤᠶᠢᠯᠠᠯ᠂ ᠤᠰᠤ᠂ ᠴᠠᠬᠢᠯᠭᠠᠨ᠂ ᠬᠡᠶ᠂ | ᠳᠤᠯᠠᠭᠠᠯᠠᠭ᠎ᠠ᠂ ᠴᠢᠮᠡᠭᠡ ᠨᠡᠪᠲᠡᠷᠡᠯᠭᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤᠭᠤᠶᠢᠯᠠᠩ | ᠪᠠᠶᠢᠭᠤᠯᠬᠤ ᠶᠢᠨ ᠬᠠᠮᠲᠤ᠂ ᠸᠢᠴᠠᠲ ᠤᠨ ᠬᠤᠯᠪᠤᠭ᠎ᠠ ᠪᠠᠶᠢᠭᠤᠯᠵᠤ᠂ ᠪᠠᠷᠢᠯᠭ᠎ᠠ ᠶᠢᠨ ᠠᠵᠢᠯ ᠤᠨ ᠳᠤᠮᠳᠠ | ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠪᠠᠷᠢᠯᠭ᠎ᠠ ᠶᠢᠨ ᠶᠠᠰᠤ ᠴᠢᠨᠠᠷ | ᠲᠤᠭ᠎ᠠ ᠬᠡᠮᠵᠢᠶ᠎ᠡ ᠶᠢ ᠪᠠᠲᠤᠯᠠᠨ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠳᠠᠭᠤᠰᠬᠠᠬᠤ ᠶᠢ ᠦᠨᠡᠨᠬᠦ ᠪᠠᠳᠤᠯᠠᠪᠠ᠃ | | ﹇ᠮᠠ ᠰᠢᠨ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢᠨ ᠲᠥᠷᠥᠯ ᠵᠦᠢᠯ ᠢ 2019 ᠣᠨ ᠳᠤ ᠡᠬᠢᠯᠡᠨ ᠬᠡᠷᠡᠭᠵᠢᠭᠦᠯᠵᠦ᠂ ᠣᠳᠣᠬᠠᠨ ᠳᠤ᠂ 2019 | ᠣᠨ ᠤ ᠥᠭᠡᠷᠡᠴᠢᠯᠡᠯᠲᠡ ᠶᠢᠨ ᠲᠥᠷᠥᠯ ᠵᠦᠢᠯ ᠳᠤ ᠵᠢᠭᠰᠠᠭᠠᠭᠳᠠᠭᠰᠠᠨ 6 ᠵᠢᠵᠢᠭ ᠲᠣᠭᠤᠷᠢᠭ ᠤᠨ 17 ᠰᠠᠭᠤᠷᠢ | ᠠᠰᠠᠷ ᠨᠢᠭᠡᠨᠲᠡ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠪᠡ︔ 2020 ᠣᠨ ᠤ ᠥᠭᠡᠷᠡᠴᠢᠯᠡᠨ ᠪᠠᠶᠢᠭᠤᠯᠬᠤ | ᠲᠥᠷᠥᠯ ᠵᠦᠢᠯ ᠳᠤ 15 ᠵᠢᠵᠢᠭ ᠲᠣᠭᠤᠷᠢᠭ᠂ 28 ᠰᠠᠭᠤᠷᠢ ᠠᠰᠠᠷ ᠪᠠᠶᠢᠵᠤ᠂ ᠨᠢᠭᠡᠨᠲᠡ ᠱᠠᠭᠠᠷᠳᠠᠯᠭ᠎ᠠ ᠶᠣᠰᠣᠭᠠᠷ | ᠲᠤᠬᠠᠶ ᠶᠢᠨ ᠵᠢᠯ ᠤᠨ ᠪᠠᠷᠢᠯᠭ᠎ᠠ ᠶᠢᠨ ᠬᠡᠮᠵᠢᠶ᠎ᠡ ᠶᠢ ᠪᠡᠶᠡᠯᠡᠭᠦᠯᠪᠡ︔ ᠡᠨᠡ ᠵᠢᠯ ᠥᠭᠡᠷᠡᠴᠢᠯᠡᠬᠦ ᠲᠥᠯᠥᠪᠯᠡᠭᠡ ᠳᠤ | ᠣᠷᠣᠭᠤᠯᠤᠭᠰᠠᠨ ᠬᠠᠭᠤᠴᠢᠨ ᠪᠠ ᠬᠠᠭᠤᠴᠢᠨ ᠲᠣᠭᠤᠷᠢᠭ ᠤᠨ ᠨᠡᠶᠢᠲᠡ 20᠂ 30 ᠰᠠᠭᠤᠷᠢ ᠠᠰᠠᠷ ᠢ ᠣᠳᠣ | ᠨᠢᠭᠡᠨᠲᠡ ᠪᠠᠷᠢᠵᠤ ᠡᠬᠢᠯᠡᠭᠰᠡᠨ ᠪᠠᠶᠢᠨ᠎ᠠ᠃ ᠥᠭᠡᠷᠡᠴᠢᠯᠡᠬᠦ ᠲᠥᠯᠥᠪᠯᠡᠭᠡ ᠳᠤ ᠣᠷᠣᠭᠤᠯᠤᠭᠰᠠᠨ ᠬᠠᠭᠤᠴᠢᠨ ᠪᠠ | ᠬᠠᠭᠤᠴᠢᠨ ᠲᠣᠭᠤᠷᠢᠭ ᠤᠨ ᠣᠷᠣᠨ ᠲᠤᠭ᠎ᠠ ᠨᠡᠶᠢᠲᠡ 20᠂ 30 ᠰᠠᠭᠤᠷᠢ ᠠᠰᠠᠷ ᠢ ᠣᠳᠣ ᠨᠢᠭᠡᠨᠲᠡ ᠪᠠᠷᠢᠵᠤ | ᠡᠬᠢᠯᠡᠭᠰᠡᠨ ᠪᠠᠶᠢᠨ᠎ᠠ᠃ ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ | ᠵᠦᠶ᠋ᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠤᠨ ᠤᠰᠤ | ᠲᠠᠲᠠᠷᠠᠭᠤᠯᠬᠤ ᠬᠤᠭᠤᠯᠠᠶ ᠶᠢᠨ ᠲᠣᠤᠷ᠂ ᠪᠣᠬᠢᠷ ᠤᠰᠤᠨ ᠤ ᠬᠤᠭᠤᠯᠠᠶ ᠶᠢᠨ ᠲᠣᠤᠷ᠂ ᠵᠠᠮ ᠤᠨ ᠬᠠᠲᠠᠭᠤᠷᠠᠯ ᠵᠡᠷᠭᠡ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠡᠷ ᠪᠠᠶᠢᠰᠢᠩ ᠤᠨ ᠤᠰᠤ ᠶᠢ | ᠰᠡᠷᠭᠡᠶᠢᠯᠡᠬᠦ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠵᠡᠷᠭᠡ ᠰᠠᠭᠤᠭᠠᠯᠢ ᠠᠷᠠᠳ ᠤᠨ ᠠᠮᠢᠳᠤᠷᠠᠯ ᠢ ᠣᠷᠳᠣ | ᠬᠤᠭᠤᠴᠠᠭ᠎ᠠ ᠪᠠᠷ ᠬᠠᠷᠰᠢᠯᠠᠵᠤ ᠪᠠᠶᠢᠭᠰᠠᠨ ᠠᠰᠠᠭᠤᠳᠠᠯ ᠢ ᠰᠢᠢᠳᠪᠦᠷᠢᠯᠡᠨ᠂ ᠰᠠᠭᠤᠭᠠᠯᠢ ᠠᠷᠠᠳ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ | ᠲᠦᠷᠦᠭᠳᠡᠯ ᠪᠠ ᠬᠠᠨᠤᠮᠵᠢᠲᠠᠶ ᠲᠥᠷᠥᠭᠳᠡᠯ ᠢ ᠳᠡᠭᠡᠭᠰᠢᠯᠡᠭᠦᠯᠪᠡ᠃ | ﹇ᠬᠥᠲᠥᠯᠥᠭᠴᠢ﹈ ᠮᠠ ᠲᠣᠪᠴᠢᠶᠠᠨ ᠳᠠᠷᠤᠭ᠎ᠠ ᠡ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠵᠠᠰᠠᠬᠤ ᠶᠢᠨ ᠠᠴᠢ ᠬᠤᠯᠪᠣᠭᠳᠠᠯ ᠢ ᠶᠠᠷᠢᠨ᠎ᠠ ᠤᠤ︖ | ﹇ᠮᠠ ᠰᠢᠨ﹈ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠠᠴᠠ ᠰᠠᠯᠵᠤ ᠴᠢᠳᠠᠬᠤ ᠦᠭᠡᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠦᠳᠦᠭᠡᠨ ᠪᠠᠶᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠪᠡᠶᠡᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠶᠢ | ᠠᠬᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠲᠤᠤᠱᠯᠠᠭᠤᠯᠬᠤ ᠶᠢᠨ ᠴᠢᠬᠤᠯᠠ ᠰᠠᠭᠤᠷᠢ ᠪᠣᠯᠤᠨ᠎ᠠ᠂ ᠮᠥᠨᠴᠦ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ | ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠬᠤᠳᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ﹇ᠮᠠ ᠰᠢᠨ﹈ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠪᠣᠯ | ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠣᠯᠠᠨ ᠲᠦᠮᠡᠨ ᠤ ᠡᠷᠡᠭᠦᠯ ᠮᠡᠨᠳᠦ ᠶᠢ | ᠪᠠᠲᠤᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠬᠦ ᠪᠠᠷ ᠵᠣᠷᠢᠯᠲᠠ ᠪᠣᠯᠭᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠪᠣᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶ ᠪᠣᠯᠭᠠᠨ | ᠰᠢᠢᠳᠪᠦᠷᠢᠯᠡᠬᠦ ᠶᠢ ᠪᠡᠶᠡᠯᠡᠭᠦᠯᠵᠦ᠂ ᠬᠥᠮᠦᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠪᠠ | ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ | ᠠᠬᠢᠭᠤᠯᠬᠤ ᠶᠢᠨ ᠲᠥᠯᠥᠭᠡ ᠶᠤᠮ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ | ᠵᠠᠰᠠᠯᠲᠠ ᠶᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠰᠠᠶᠢᠵᠢᠷᠠᠭᠤᠯᠵᠤ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠦᠨ᠎ᠡ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠨᠢ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ | ᠬᠤᠯᠪᠣᠭᠳᠠᠵᠤ᠂ ᠣᠯᠠᠨ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠲᠠᠢ ᠬᠤᠯᠪᠣᠭᠳᠠᠨ᠎ᠠ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ | ᠪᠣᠯ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠥᠮᠦᠨ ᠪᠦᠷᠢ ᠶᠢᠨ ᠳᠤᠮᠳᠠᠴᠢ ᠠᠮᠢ ᠨᠠᠰᠤ ᠶᠢ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠰᠠᠶᠢᠲᠤᠷ | ᠬᠢᠵᠦ᠂ ᠬᠡᠷ ᠣᠷᠣᠨ ᠢᠶᠠᠨ ᠭᠤᠶᠤᠵᠢᠭᠤᠯᠤᠨ᠂ ᠪᠠᠶᠠᠨ ᠴᠢᠨᠡᠭᠡᠯᠢᠭ᠂ ᠪᠣᠯᠪᠠᠰᠤᠨ᠂ ᠡᠶ᠎ᠡ ᠵᠣᠬᠢᠴᠠᠯ ᠲᠠᠢ ᠰᠢᠨ᠎ᠡ | ᠬᠥᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠢ ᠪᠥᠲᠥᠭᠡᠨ ᠪᠠᠶᠢᠭᠤᠯᠬᠤ ᠶᠢᠨ ᠲᠥᠯᠥᠭᠡ ᠶᠤᠮ᠃ ᠡᠶᠢᠮᠦ ᠠᠴᠠ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠨᠢ ᠢᠳᠡᠪᠬᠢᠲᠡᠶ ᠠᠴᠢ | ᠬᠤᠯᠪᠣᠭᠳᠠᠯ ᠲᠠᠢ ᠶᠤᠮ᠃ | ﹇ᠬᠥᠲᠥᠯᠥᠭᠴᠢ﹈ ᠮᠠ ᠲᠣᠪᠴᠢᠶᠠᠨ ᠳᠠᠷᠤᠭ᠎ᠠ ᠡ᠂ ᠣᠳᠣᠬᠠᠨ ᠳᠤ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠵᠠᠰᠠᠬᠤ ᠠᠵᠢᠯ ᠬᠢᠷᠢ ᠵᠡᠷᠭᠡ ᠶᠠᠪᠤᠭᠳᠠᠵᠤ | ᠪᠠᠶᠢᠬᠤ ᠪᠤᠢ︖ | ﹇ᠮᠠ ᠰᠢᠨ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠬᠤᠭ | ᠨᠣᠪᠰᠢ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠤᠯᠤᠰ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠴᠠ ᠨᠠᠰᠢ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠵᠠᠰᠠᠬᠤ ᠠᠵᠢᠯ ᠢ ᠨᠠᠩ | ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠦᠨᠡᠨᠬᠦ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠰᠠᠶᠢᠵᠢᠷᠠᠭᠤᠯᠤᠭᠰᠠᠨ ᠪᠠᠶᠢᠨ᠎ᠠ᠃ 2019 ᠣᠨ ᠳᠤ᠂ ᠨᠤᠭᠤᠰᠤᠳᠠᠢ ᠪᠠᠯᠭᠠᠰᠤ ᠶᠢᠨ ᠲᠤᠨᠤ ᠶᠢᠨ ᠠᠶᠢᠯ ᠭᠠᠴᠠᠭ᠎ᠠ᠂ | ᠪᠠᠭᠠᠳᠠᠯ᠎ᠠ ᠰᠤᠮᠤ ᠶᠢᠨ ᠪᠠᠭᠠᠳᠠᠯ᠎ᠠ ᠭᠠᠴᠠᠭ᠎ᠠ ᠪᠠ ᠠᠭᠤᠯᠠ ᠪᠠᠯᠭᠠᠰᠤ ᠶᠢᠨ ᠠᠭᠤᠯᠠ ᠭᠠᠴᠠᠭ᠎ᠠ ᠳᠤ 3 ᠬᠤᠭ ᠨᠣᠪᠰᠢ | ᠰᠢᠢᠳᠪᠦᠷᠢᠯᠡᠬᠦ ᠲᠠᠯᠠᠪᠠᠶ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠤᠷᠤᠭᠤᠯᠪᠠ᠃ 2020 ᠣᠨ ᠳᠤ᠂ | ᠪᠠᠭᠠᠳᠠᠯ᠎ᠠ ᠰᠤᠮᠤ ᠶᠢᠨ ᠬᠠᠯᠠᠭᠤᠨᠬᠤᠳᠤᠭ ᠭᠠᠴᠠᠭ᠎ᠠ ᠵᠡᠷᠭᠡ 10 ᠭᠠᠴᠠᠭ᠎ᠠ ᠲᠣᠰᠬᠤᠨ ᠳᠤ᠂ ᠠᠮᠢᠳᠤᠷᠠᠯ ᠤᠨ ᠬᠤᠭ | ᠨᠣᠪᠰᠢ ᠰᠢᠢᠳᠪᠦᠷᠢᠯᠡᠬᠦ 10 ᠦᠢᠯᠡᠳᠪᠦᠷᠢ ᠶᠢᠨ ᠬᠡᠷ ᠪᠠᠶᠢᠰᠢᠩ ᠰᠢᠨ᠎ᠡ ᠪᠠᠶᠢᠭᠤᠯᠵᠤ᠂ 10 ᠠᠭᠤᠷᠰᠢᠯᠳᠤ | ᠠᠭᠤᠷᠬᠠᠶ ᠶᠢᠨ ᠵᠠᠳᠠᠯᠤᠯᠲᠠ ᠶᠢᠨ ᠵᠤᠤᠬ᠎ᠠ ᠬᠤᠳᠠᠯᠳᠤᠨ ᠠᠪᠴᠤ᠂ 2 ᠡᠯᠭᠦᠭᠡ ᠰᠠᠭᠤᠯᠠᠭ᠎ᠠ ᠮᠠᠶ᠋ᠢᠭ ᠤᠨ ᠠᠦ᠋ᠲ᠋ᠣ᠋ | ᠠᠴᠢᠵᠤ ᠪᠠᠭᠤᠯᠭᠠᠬᠤ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠤᠳᠠᠯᠳᠤᠨ ᠠᠪᠴᠤ᠂ 1182 ᠲᠥᠷᠥᠯ | ᠬᠤᠪᠢᠶᠠᠭᠰᠠᠨ ᠬᠤᠭ ᠨᠣᠪᠰᠢ ᠶᠢᠨ ᠰᠠᠪᠠ ᠬᠤᠳᠠᠯᠳᠤᠨ ᠠᠪᠤᠪᠠ᠃ ᠡᠭᠦᠨ ᠤ ᠬᠠᠮᠲᠤ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠬᠤᠭ ᠨᠣᠪᠰᠢ ᠶᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠦᠢᠯᠡᠳᠪᠦᠷᠢ ᠪᠠᠷ ᠲᠥᠪ | ᠪᠣᠯᠭᠠᠵᠤ᠂ 20 ᠺᠢᠯᠣᠮᠧᠲᠷ ᠤᠨ ᠬᠡᠪᠴᠢᠶ᠎ᠡ ᠳᠣᠲᠣᠷᠠᠬᠢ ᠬᠤᠭ ᠨᠣᠪᠰᠢ ᠶᠢ ᠲᠣᠰ ᠦᠢᠯᠡᠳᠪᠦᠷᠢ ᠳᠤ ᠰᠢᠯᠵᠢᠭᠦᠯᠦᠨ | ᠠᠪᠠᠴᠢᠵᠤ ᠰᠢᠢᠳᠪᠦᠷᠢᠯᠡᠵᠦ ᠪᠣᠯᠤᠨ᠎ᠠ᠃ ᠣᠳᠣᠬᠠᠨ ᠳᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠤᠭᠳᠠᠯᠴᠠᠭ᠎ᠠ ᠶᠢᠨ ᠪᠦᠷᠬᠦᠴᠡ ᠶᠢᠨ | ᠨᠣᠷᠮ᠎ᠠ ᠵᠠᠭᠤᠨ ᠤ ᠬᠤᠷᠢ ᠠᠴᠠ ᠶᠢ ᠲᠠᠪᠠᠪᠠ᠃ ᠡᠨᠡ ᠵᠢᠯ ᠬᠤᠷᠴᠢᠨ ᠵᠡᠭᠦᠨ ᠭᠠᠷᠤᠨ ᠬᠤᠶᠢᠲᠤ | ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ | ᠱᠤᠸᠠᠩ ᠱᠧᠩ ᠪᠠᠯᠭᠠᠰᠤᠨ ᠤ ᠵᠢᠶ ᠪᠢᠨ ᠲᠣᠰᠬᠤᠨ᠂ ᠵᠢᠶᠠᠨ ᠭᠠᠩ ᠲᠣᠰᠬᠤᠨ ᠪᠠ ᠴᠢ ᠵᠢᠶᠠ ᠽᠢ ᠲᠣᠰᠬᠤᠨ ᠵᠡᠷᠭᠡ | 3 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠳᠤ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ 3 ᠦᠢᠯᠡᠳᠪᠦᠷᠢ ᠶᠢᠨ ᠬᠡᠷ ᠪᠠᠶᠢᠰᠢᠩ ᠢ ᠰᠢᠨ᠎ᠡ | ᠪᠠᠶᠢᠭᠤᠯᠵᠤ᠂ ᠠᠭᠤᠷᠰᠢᠯᠳᠤ ᠠᠭᠤᠷᠬᠠᠶ ᠶᠢᠨ ᠵᠠᠳᠠᠯᠤᠯᠳᠠ ᠶᠢᠨ ᠵᠤᠤᠬ᠎ᠠ ᠶᠢ 3 ᠬᠤᠳᠠᠯᠳᠤᠨ ᠠᠪᠴᠤ᠂ ᠭᠤᠬ᠎ᠠ ᠲᠠᠢ | ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ 4᠂ ᠭᠤᠬ᠎ᠠ ᠲᠠᠢ ᠬᠤᠭ ᠨᠣᠪᠰᠢ ᠶᠢᠨ ᠠᠪᠳᠠᠷ᠎ᠠ ᠶᠢ 70 | ᠬᠤᠳᠠᠯᠳᠤᠨ ᠠᠪᠬᠤ ᠪᠠᠷ ᠪᠠᠶᠢᠨ᠎ᠠ᠃ ᠣᠳᠣᠬᠠᠨ ᠳᠤ᠂ 3 ᠵᠢᠱᠢᠶ᠎ᠡ ᠦᠵᠡᠭᠦᠯᠬᠦ ᠲᠣᠰᠬᠤᠨ ᠤ ᠪᠦᠳᠦᠭᠡᠨ | ᠪᠠᠶᠢᠭᠤᠯᠤᠯᠲᠠ ᠶᠢ ᠨᠢᠭᠡᠨᠲᠡ ᠡᠬᠢᠯᠡᠭᠦᠯᠵᠡᠢ᠃ | ﹇ᠬᠥᠲᠥᠯᠥᠭᠴᠢ﹈ ᠪᠠᠶᠠᠷᠯᠠᠯ᠎ᠠ᠂ ᠮᠠ ᠲᠣᠪᠴᠢᠶᠠᠨ ᠳᠠᠷᠤᠭ᠎ᠠ ᠮᠠᠨ ᠤ ᠰᠦᠯᠵᠢᠶᠡᠨ ᠤ ᠰᠤᠷᠪᠤᠯᠵᠢᠯᠠᠭ᠎ᠠ ᠶᠢᠨ | ᠪᠤᠯᠤᠩ ᠳᠤ ᠢᠷᠡᠭᠰᠡᠨ ᠳᠤ ᠲᠤᠩ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠢ | ᠲᠠᠲᠠᠭᠰᠠᠨ ᠳᠤ ᠴᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ | |