ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ | | | ︽ᠭᠤᠷᠪᠠᠳᠡᠬᠢ ᠲᠠᠷᠢᠯᠭ᠎ᠠ︾ ᠶᠢᠨ ᠠᠵᠢᠯ ᠥᠷᠨᠢᠭᠦᠯᠬᠦ ᠲᠤᠬᠠᠶ ᠵᠠᠷᠯᠠᠯ | | ᠥᠷᠭᠡᠨ ᠤᠯᠠᠨ ᠰᠠᠭᠤᠭᠠᠯᠢ ᠠᠷᠠᠳ ᠲᠤ ᠄ | ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠮᠠᠨ ᠤ | ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠶᠢ | ᠴᠢᠩᠭᠠᠳᠬᠠᠬᠤ ᠠᠵᠢᠯ ᠢ ᠡᠬᠢᠯᠡᠭᠦᠯᠵᠦ᠂ ᠤᠳᠤ ᠬᠤᠯᠪᠣᠭᠳᠠᠯ ᠪᠥᠬᠦᠶ ᠵᠦᠢᠯᠡᠰ ᠢ ᠵᠠᠷᠯᠠᠶ᠎ᠠ᠄ | ᠨᠢᠭᠡ᠂ ᠲᠠᠷᠢᠯᠭ᠎ᠠ ᠬᠢᠬᠦ ᠡᠲᠡᠭᠡᠳ᠄ ᠨᠢᠭᠡᠨᠲᠡ ᠪᠦᠬᠦ ᠶᠠᠪᠤᠴᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ | ᠤᠨ ᠸᠢᠷᠦ᠋ᠰ ᠤᠨ ᠸᠠᠺᠼᠢᠨ ᠢ ᠳᠠᠷᠢᠵᠤ᠂ ᠲᠡᠷᠡᠴᠢᠯᠡᠨ ᠬᠤᠶᠠᠳᠠᠬᠢ ᠲᠠᠷᠢᠯᠭ᠎ᠠ ᠬᠢᠭᠡᠳ ᠪᠦᠬᠦᠯᠢ 6 ᠰᠠᠷ᠎ᠠ ᠪᠣᠯᠤᠭᠰᠠᠨ | 18 ᠨᠠᠰᠤ ᠵᠢᠴᠢ18 ᠨᠠᠰᠦᠨ ᠠᠴᠠ ᠳᠡᠭᠡᠭᠰᠢᠬᠢ ᠭᠤᠣᠯᠳᠠᠯᠭ᠎ᠠ ᠲᠠᠢ ᠬᠥᠮᠦᠰ ︵ᠬᠦᠢᠲᠡᠨ ᠬᠡᠯᠬᠢᠶ᠎ᠡ᠂ ᠲᠡᠭᠡᠭᠡᠪᠦᠷᠢ᠂ | ᠠᠯᠪᠠᠨ ᠤ ᠪᠠ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠵᠠᠰᠠᠭ ᠤᠨ | ᠣᠷᠳᠣᠨ ᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ᠂ ᠭᠠᠯ ᠰᠡᠷᠭᠡᠶᠢᠯᠡᠬᠦ᠂ ᠨᠡᠶᠢᠭᠡᠮ | ᠲᠣᠭᠤᠷᠢᠭ᠂ ᠤᠰᠤ᠂ ᠴᠠᠬᠢᠯᠭᠠᠨ᠂ ᠳᠤᠯᠠᠭᠠᠯᠠᠭ᠎ᠠ᠂ ᠨᠡᠭᠦᠷᠡᠰᠦ᠂ ᠬᠡᠢ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ | ᠪᠠᠷᠠᠭᠠᠨ ᠤ ᠭᠦᠢᠯᠭᠡᠭᠡ᠂ ᠨᠠᠰᠤᠵᠢᠯ᠂ ᠣᠷᠣᠰᠢᠭᠤᠯᠭ᠎ᠠ᠂ ᠰᠤᠷᠭᠠᠭᠤᠯᠢ ᠵᠡᠷᠭᠡ ᠠᠵᠢᠯ ᠲᠦᠷᠦᠯ ᠤᠨ ᠠᠵᠢᠯᠲᠠᠳ︶ | ᠲᠠᠷᠢᠯᠭ᠎ᠠ ᠶᠢᠨ ᠴᠡᠭ ᠲᠤ ᠬᠦᠷᠴᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ︽ | ᠭᠤᠷᠪᠠᠳᠠᠬᠢ ᠲᠠᠷᠢᠯᠭ᠎ᠠ︾ ᠶᠢ ᠳᠠᠷᠢᠵᠤ ᠪᠣᠯᠤᠨ᠎ᠠ ︵ᠲᠣᠰ ᠤᠳᠠᠭ᠎ᠠ ᠶᠢᠨ ᠴᠢᠩᠭᠠᠳᠬᠠᠬᠤ ᠲᠠᠷᠢᠯᠭ᠎ᠠ ᠨᠢ ᠳᠠᠭᠢᠵᠤ | ᠪᠠᠶᠢᠭᠤᠯᠤᠭᠰᠠᠨ ᠸᠠᠺᠼᠢᠨ ᠲᠠᠢ ᠬᠤᠯᠪᠣᠭᠳᠠᠬᠤ ᠥᠬᠡᠶ︶᠃ | ᠬᠤᠶᠠᠷ᠂ ᠲᠠᠷᠢᠯᠭ᠎ᠠ ᠬᠢᠬᠦ ᠭᠠᠵᠠᠷ᠄ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠢ ᠶᠢᠨ ᠡᠷᠡᠭᠦᠯ | ᠬᠠᠮᠠᠭᠠᠯᠠᠯ ᠤᠨ ᠬᠤᠷᠢᠶ᠎ᠠ᠂ ᠭᠠᠨᠵᠤᠭ᠎ᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠃ ᠵᠠᠷᠴᠢᠮ ᠳᠡᠭᠡᠷ᠎ᠡ ᠪᠠᠨ ᠲᠣᠰ ᠬᠥᠮᠦᠨ ᠤ ᠡᠷᠦᠬᠡ ᠠᠮᠠ ᠶᠢᠨ | ᠲᠠᠩᠰᠠ ᠶᠢᠨ ᠶᠣᠰᠣᠭᠠᠷ ᠬᠠᠷᠢᠶ᠎ᠠ ᠣᠷᠣᠨ ᠪᠤᠶᠤ ᠣᠶᠢᠷ᠎ᠠ ᠬᠠᠪᠢ ᠶᠢᠨ ᠲᠠᠷᠢᠯᠭ᠎ᠠ ᠶᠢᠨ ᠴᠡᠭ ᠲᠤ ᠣᠴᠢᠵᠤ ᠲᠠᠷᠢᠯᠭ᠎ᠠ | ᠬᠢᠨ᠎ᠡ᠃ | ᠭᠤᠷᠪᠠ᠂ ᠳᠣᠲᠣᠨᠣ ᠰᠠᠨᠠᠭᠤᠯᠤᠮᠵᠢ᠄ ᠲᠠᠷᠢᠯᠭ᠎ᠠ ᠬᠢᠬᠦ ᠠᠴᠠ ᠡᠮᠦᠨ᠎ᠡ᠂ ︽ᠡᠷᠡᠭᠦᠯ ᠡᠩᠬᠡ ᠲᠦᠩᠯᠢᠶᠣᠤ︾ ᠶᠢᠨ | ᠨᠡᠶᠢᠲᠡ ᠶᠢᠨ ᠳ᠋ᠤᠭᠠᠷ ᠲᠤ ᠭᠠᠷᠴᠤ ᠬᠤᠶᠠᠳᠠᠬᠢ ᠲᠠᠷᠢᠯᠭ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠠᠭ ᠢᠶᠠᠨ ᠪᠠᠶᠢᠴᠠᠭᠠᠨ ᠯᠠᠪᠯᠠᠵᠤ᠂ ᠬᠤᠶᠠᠳᠠᠬᠢ ᠲᠠᠷᠢᠯᠭ᠎ᠠ ᠬᠢᠬᠡᠳ | ᠪᠦᠬᠦᠯᠢ 6 ᠰᠠᠷ᠎ᠠ ᠪᠤᠯᠵᠥ ᠪᠠᠶᠢᠬᠤ ᠶᠢ ᠦᠨᠡᠨ ᠬᠦ ᠪᠠᠲᠤᠯᠠᠨ᠎ᠠ᠃ ᠲᠠᠷᠢᠯᠭ᠎ᠠ ᠬᠢᠬᠦ ᠳᠡᠭᠡᠨ ᠪᠡᠶ᠎ᠡ ᠶᠢᠨ ᠦᠨᠡᠮᠯᠡᠯ ᠢᠶᠠᠨ | ᠠᠪᠴᠤ ᠶᠠᠪᠤᠬᠤ ᠬᠡᠷᠡᠭᠲᠡᠶ ︵ᠠᠮᠠᠪᠴᠢ ᠵᠡᠭᠦᠵᠦ᠂ 1 ᠮᠧᠲᠷ ᠵᠠᠶ ᠲᠠᠢ ᠮᠥᠷᠯᠡᠨᠡ︶᠃ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | | | 2021 ᠣᠨ ᠤ 10 ᠰᠠᠷ᠎ᠠ ᠶᠢᠨ 20 ᠤ ᠡᠳᠦᠷ | |