ᠬᠤᠶᠢᠳᠤ ᠰᠡᠷᠭᠡᠶᠢᠯᠡᠯᠳᠡ ᠶᠢᠨ ᠵᠢᠯᠤᠭᠤᠳᠬᠤ ᠬᠡᠯᠳᠡᠰ ᠤᠨ | ᠲᠠᠷᠬᠠᠭᠠᠭᠰᠠᠨ〔 2021〕32 ᠳ᠋ᠤᠭᠠᠷ ᠲᠤᠭᠠᠳᠤ | | ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ | | ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ᠂ ᠡᠯ᠎ᠡ ᠲᠤᠰᠬᠠᠶ ᠠᠵᠢᠯ ᠤᠨ ᠳᠤᠭᠤᠶᠢᠯᠠᠩ᠄ ᠣᠳᠣᠬᠠᠨ | ᠳᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠥᠨ ᠬᠦ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ | ᠳᠤ ᠬᠡᠰᠡᠭ ᠪᠤᠰᠠᠭ ᠢᠶᠠᠷ ᠡᠪᠡᠳᠴᠢᠨ ᠤ ᠵᠢᠱᠢᠶ᠎ᠡ ᠢᠯᠡᠷᠡᠬᠦ ᠪᠠ ᠬᠡᠰᠡᠭ ᠭᠠᠵᠠᠷ ᠲᠤ ᠬᠢᠵᠢᠭ ᠤᠨ ᠪᠠᠶᠢᠳᠠᠯ ᠡᠭᠦᠰᠬᠦ | ᠠᠶᠤᠯ ᠲᠦᠭᠰᠢᠭᠦᠷᠢ ᠢᠮᠠᠭᠲᠠ ᠣᠷᠣᠰᠢᠵᠤ ᠪᠠᠶᠢᠬᠤ ᠪᠥᠭᠡᠳ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠨ ᠤ | ᠤᠷᠤᠰᠬᠠᠯ᠂ ᠪᠠᠷᠠᠭᠠᠨ ᠤ ᠭᠦᠶᠯᠭᠡᠭᠡ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ | ᠬᠦ ᠬᠦᠨᠳᠦ ᠨᠣᠴᠢᠲᠠᠶ ᠪᠠᠶᠢᠨ᠎ᠠ᠃ ᠮᠠᠨ ᠤ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ | ᠳᠡᠯᠭᠡᠷᠡᠬᠦ ᠶᠢ ᠴᠢᠩᠭ᠎ᠠ ᠰᠡᠷᠭᠡᠶᠢᠯᠡᠵᠦ᠂ ᠥᠷᠭᠡᠨ ᠣᠯᠠᠨ ᠠᠷᠠᠳ ᠲᠦᠮᠡᠨ ᠢ ᠡᠷᠡᠭᠦᠯ ᠮᠡᠨᠳᠦ ᠠᠮᠤᠷ ᠠᠮᠤᠭᠤᠯᠠᠩ | ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ | ᠮᠡᠳᠡᠭᠳᠡᠶ᠎ᠡ᠄ | ᠨᠢᠭᠡ᠂ ᠪᠠᠶᠢᠳᠠᠯ ᠢ ᠤᠶᠢᠯᠠᠭᠠᠬᠤ᠂ ᠲᠤᠮᠤ ᠪᠠᠶᠢᠴᠭᠠᠯᠳᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ | ᠬᠡᠷᠡᠭᠲᠡᠶ᠃ ᠡᠯ᠎ᠡ ᠭᠠᠵᠠᠷ ᠤᠨ ᠬᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠤ ᠦᠶᠯᠡᠳᠦᠯ ᠢ | ᠭᠦᠶᠴᠡᠳ ᠪᠠᠳᠠᠷᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠪᠤᠴᠠᠵᠤ ᠢᠷᠡᠭᠰᠡᠨ | ᠬᠥᠮᠦᠰ ᠢ ᠴᠢᠩᠭ᠎ᠠ ᠪᠠᠶᠢᠴᠠᠭᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠲᠤᠮᠳᠠ᠂ ᠦᠨᠳᠦᠷ | ᠲᠦᠭᠰᠢᠬᠦᠷᠢᠳᠦ ᠭᠠᠵᠠᠷ ᠣᠷᠣᠨ ᠠᠴᠠ ᠢᠷᠡᠭᠰᠡᠨ ᠬᠥᠮᠦᠰ ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ᠬᠤᠶᠠᠷ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ | ᠴᠢᠩᠭᠠᠷᠠᠭᠤᠯᠬᠤ ᠭᠡᠷᠡᠭᠳᠡᠢ᠃ ᠵᠠᠬ᠎ᠠ ᠳᠡᠯᠭᠡᠭᠦᠷ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠵᠠᠮ | ᠬᠠᠷᠢᠯᠴᠠᠭ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ᠵᠡᠷᠭᠡ ᠡᠯ᠎ᠡ ᠬᠤᠯᠪᠣᠭᠳᠠᠯ ᠪᠥᠬᠦᠶ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠳᠠᠯᠳᠤᠭᠠᠨ ᠤ ᠲᠠᠯᠠᠪᠠᠶ᠂ ᠬᠡᠲᠦ ᠳᠡᠯᠭᠡᠭᠦᠷ᠂ | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ KTV᠂ ᠠᠷᠢᠬᠢᠨ ᠪᠠᠭᠠᠷ᠂ ᠰᠦᠯᠵᠢᠶᠡᠨ ᠤ | ᠪᠠᠭᠠᠷ᠂ ᠺᠢᠨᠣ᠋ ᠶᠢᠨ ᠣᠷᠳᠣᠨ᠂ ᠨᠣᠮ ᠤᠨ ᠰᠠᠩ᠂ ᠮᠦᠽᠧᠶ᠂ ᠪᠡᠶ᠎ᠡ ᠶᠢᠨ ᠲᠠᠮᠢᠷ ᠤᠨ ᠤᠷᠳᠤᠨ᠂ ᠵᠢᠭᠤᠯᠴᠢᠯᠠᠯ ᠤᠨ | ᠦᠵᠡᠮᠵᠢ ᠶᠢᠨ ᠣᠷᠣᠨ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠬᠦᠮᠦᠰ ᠤᠨ ᠪᠡᠶ᠎ᠡ ᠶᠢᠨ ᠳᠤᠯᠠᠭᠠᠨ ᠢ | ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠷᠢᠭᠤᠳᠬᠠᠬᠤ | ᠤᠳᠠᠭ᠎ᠠ ᠶᠢ ᠨᠡᠮᠡᠭᠳᠡᠭᠦᠯᠦᠨ᠂ ᠲᠦᠷ ᠵᠠᠭᠤᠷ᠎ᠠ ᠶᠢᠨ ᠠᠶᠠᠨᠴᠢᠳ ᠤᠨ ᠲᠤᠭ᠎ᠠ ᠬᠡᠮᠵᠢᠶ᠎ᠡ ᠶᠢ ᠬᠢᠵᠠᠭᠠᠷᠯᠠᠵᠤ᠂ | ᠭᠥᠯᠢᠶᠡᠨ ᠠᠪᠬᠤ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠶᠢᠨ 75 % ᠠᠴᠠ | ᠬᠡᠲᠦᠷᠡᠭᠦᠯᠵᠦ ᠪᠣᠯᠬᠤ ᠥᠬᠡᠶ᠃ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ | ᠭᠢᠨᠳᠠᠨ ᠤ ᠭᠠᠵᠠᠷ ᠪᠠ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠣᠨᠴᠠᠭᠠᠶ | ᠲᠠᠯᠠᠪᠤᠷ ᠭᠠᠵᠠᠷ ᠤᠨ ᠪᠢᠲᠡᠭᠦᠮᠵᠢᠯᠡᠭᠰᠡᠨ ᠮᠠᠶ᠋ᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ | ᠶᠢᠨ ᠠᠵᠢᠯ ᠢ ᠲᠣᠰ ᠲᠣᠰ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠲᠣᠮᠣ ᠬᠡᠯᠪᠡᠷᠢ ᠶᠢᠨ ᠬᠤᠳᠠᠯᠳᠤᠭᠠᠨ ᠤ | ᠬᠡᠲᠦ ᠳᠡᠯᠭᠡᠭᠦᠷ᠂ ᠪᠠᠷᠠᠭᠠᠨ ᠤ ᠭᠦᠶᠯᠭᠡᠭᠡᠨ ᠤ ᠲᠦᠷᠭᠡᠨ ᠬᠦᠷᠭᠡᠬᠦ ᠦᠶᠯᠡᠰ ᠲᠤ ᠣᠷᠣᠯᠴᠠᠬᠤ ᠵᠢᠵᠢᠬᠦᠷ ᠺᠠᠳ᠋ᠷ ᠢ | ᠰᠣᠩᠭᠤᠨ ᠲᠤᠬᠢᠷᠠᠭᠤᠯᠵᠥ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠢᠵᠢᠭᠦᠷᠯᠡᠬᠦ ᠠᠵᠢᠯ ᠢ ᠴᠢᠩᠭᠠᠳᠬᠠᠬᠤ | ᠬᠡᠷᠡᠭᠲᠡᠶ᠃ | ᠭᠤᠷᠪᠠ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠤᠳ ᠳᠣᠲᠣᠭᠠᠳᠤ ᠶᠢᠨ ᠬᠠᠮᠲᠤ ᠶᠢᠨ ᠵᠣᠯᠭᠠᠯᠲᠠ ᠪᠠ ᠲᠣᠮᠣ ᠬᠡᠯᠪᠡᠷᠢ ᠶᠢᠨ ᠲᠣᠬᠤᠨᠢᠭᠤᠯᠤᠯ | ᠂ ᠬᠠᠮᠲᠤᠷᠠᠭᠰᠠᠨ ᠨᠠᠶᠢᠷ᠂ ᠬᠠᠮᠲᠤ ᠶᠢᠨ ᠬᠤᠭᠤᠯᠠ᠂ ᠣᠨ ᠤ ᠬᠤᠷᠠᠯ ᠵᠡᠷᠭᠡ ᠠᠵᠢᠯᠯᠠᠭ᠎ᠠ ᠡᠷᠭᠢᠯᠡᠬᠦ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠴᠤᠭᠯᠠᠷᠠᠯ ᠤᠨ ᠴᠢᠨᠠᠷᠲᠠᠢ ᠳᠠᠶᠢᠯᠠᠯᠭ᠎ᠠ ᠶᠢᠨ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ 《 | ᠬᠤᠷᠢᠮ ᠨᠠᠶᠢᠷ 》 ᠢ ᠠᠯᠭᠤᠷᠯᠠᠨ ᠰᠢᠢᠳᠪᠦᠷᠢᠯᠡᠬᠦ ᠶᠢ ᠰᠠᠨᠠᠭᠠᠴᠢᠯᠠᠵᠤ᠂ 《 ᠪᠤᠶᠠᠨ ᠨᠤᠮ》 ᠢ ᠳᠥᠭᠦᠮᠴᠢᠯᠡᠨ᠂ | ᠭᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠵᠡᠷᠭᠡ ᠶᠢ 10 ᠬᠥᠮᠦᠨ ᠤ ᠳᠣᠲᠣᠷ᠎ᠠ ᠬᠢᠵᠠᠭᠠᠷᠯᠠᠨ᠎ᠠ᠃ ᠦᠨᠡᠨ ᠬᠦ | ᠡᠷᠭᠢᠯᠡᠬᠦ ᠴᠢᠬᠤᠯᠠᠲᠠᠶ ᠪᠣᠯ᠂ ᠬᠤᠰᠢᠭᠤᠨ ᠤ ᠬᠢᠵᠢᠭ ᠤᠨ ᠪᠠᠶᠢᠳᠠᠯ ᠢ ᠵᠢᠯᠣᠭᠤᠳᠬᠤ ᠭᠠᠵᠠᠷ ᠤᠨ ᠪᠠᠭᠤᠯᠭᠠᠭᠰᠠᠨ 《 | ᠴᠤᠭᠯᠠᠷᠠᠯ ᠤᠨ ᠴᠢᠨᠠᠷᠲᠠᠶ ᠳᠠᠶᠢᠯᠠᠯᠭ᠎ᠠ ᠶᠢ ᠴᠢᠩᠭ᠎ᠠ ᠬᠢᠵᠠᠭᠠᠷᠯᠠᠬᠤ ᠲᠤᠬᠠᠶ ᠮᠡᠳᠡᠭᠳᠡᠯ 》 ᠤᠨ ᠳᠣᠲᠣᠷᠠᠬᠢ 《 | ᠡᠷᠭᠢᠯᠡᠨ ᠬᠢᠭᠴᠢ ᠪᠠ ᠳᠠᠭᠠᠭᠠᠴᠢᠯᠠᠨ ᠡᠷᠭᠢᠯᠡᠭᠰᠡᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭᠠᠲᠠᠨ | ᠴᠥᠮ 〈 ᠴᠤᠭᠯᠠᠷᠠᠯ ᠤᠨ ᠴᠢᠨᠠᠷᠲᠠᠶ ᠳᠠᠶᠢᠯᠠᠯᠭ᠎ᠠ ᠶᠢᠨ ᠠᠵᠢᠯᠯᠠᠭ᠎ᠠ ᠶᠢᠨ ᠮᠡᠳᠡᠭᠦᠯᠦᠨ ᠳᠠᠩᠰᠠᠯᠠᠭᠤᠯᠬᠤ ᠶᠢ ᠬᠢᠨᠠᠨ | ᠵᠥᠪᠰᠢᠶᠡᠷᠡᠭᠦᠯᠬᠦ ᠬᠦᠰᠦᠨᠦᠭᠲᠦ 〉 ᠶᠢ ᠲᠠᠭᠯᠠᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠰᠤᠮᠤ ᠪᠠᠯᠭᠠᠰᠤ | ᠲᠠᠯᠠᠪᠠᠶ ( ᠨᠡᠶᠢᠭᠡᠮ ᠲᠣᠭᠤᠷᠢᠭ ) ᠪᠠ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷ ᠭᠦᠶᠴᠡᠳᠬᠡᠯ ᠢ | ᠭᠦᠶᠴᠡᠳᠬᠡᠬᠦ 》 ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠳᠥᠷᠪᠡ᠂ ᠭᠠᠳᠠᠭᠠᠳᠤ ᠠᠴᠠ ᠣᠷᠣᠭᠤᠯᠬᠤ ᠬᠦᠶᠲᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠶᠢ ᠪᠥᠬᠦ ᠲᠠᠯ᠎ᠠ | ᠪᠠᠷ ᠴᠢᠩᠭᠠᠳᠬᠠᠬᠤ ᠭᠡᠷᠡᠭᠳᠡᠢ᠃ ᠬᠠᠷᠢ ᠤᠯᠤᠰ ᠠᠴᠠ ᠤᠷᠤᠵᠥ ᠢᠷᠡᠭᠰᠡᠨ ᠪᠤᠶᠤ ᠤᠯᠤᠰ ᠤᠨ ᠳᠣᠲᠣᠭᠠᠳᠤ ᠶᠢᠨ | ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠣᠷᠣᠵᠤ ᠢᠷᠡᠭᠰᠡᠨ ᠬᠦᠶᠲᠡᠨ | ᠬᠡᠯᠬᠢᠶᠡᠲᠦ ᠢᠳᠡᠭᠡᠨ ᠳᠤ ᠲᠥᠪᠯᠡᠷᠡᠭᠦᠯᠦᠨ ᠬᠥᠮᠥᠷᠭᠡᠯᠡᠬᠦ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ | ᠵᠠᠬ᠎ᠠ ᠳᠡᠯᠭᠡᠭᠦᠷ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ | ᠶᠢᠨ ᠵᠢᠷᠤᠮᠵᠢᠯ ᠶᠣᠰᠣᠭᠠᠷ ᠲᠥᠪᠯᠡᠷᠡᠭᠦᠯᠦᠭᠰᠡᠨ ᠬᠥᠮᠥᠷᠭᠡ ᠶᠢ ᠰᠠᠶᠢᠲᠤᠷ ᠬᠠᠮᠢᠶᠠᠷᠴᠤ᠂ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ᠂ ᠪᠥᠬᠦ ᠶᠠᠪᠤᠴᠠ ᠶᠢᠨ ᠣᠭ ᠢᠷᠡᠯᠲᠡ ᠶᠢ ᠨᠢ ᠮᠥᠷᠳᠡᠨ ᠬᠢᠨᠠᠨ ᠬᠠᠮᠢᠶᠠᠷᠬᠤ᠂ ᠪᠥᠬᠦ | ᠶᠠᠪᠤᠴᠠ ᠳᠤ ᠪᠢᠲᠡᠭᠦᠮᠵᠢᠯᠡᠭᠰᠡᠨ ᠠᠷᠢᠭᠤᠳᠬᠠᠯ ᠢ ᠰᠠᠶᠢᠲᠤᠷ ᠨᠠᠶᠢᠳᠠᠪᠤᠷᠢᠵᠢᠭᠤᠯᠤᠨ᠂ ᠠᠵᠢᠯ ᠡᠷᠭᠢᠯᠡᠭᠰᠡᠳ ᠤᠨ | ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ 《 | ᠪᠠᠶᠢᠴᠠᠭᠠᠪᠠᠰᠤ ᠵᠣᠬᠢᠬᠤ ᠶᠢ ᠨᠢ ᠪᠦᠬᠦᠨ ᠢ ᠪᠠᠶᠢᠴᠠᠭᠠᠬᠤ 》 ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠢᠷᠦ᠋ᠰ ᠤᠨ ᠸᠠᠺᠼᠢᠨ ᠢ 《 ᠳᠠᠷᠢᠪᠠᠰᠤ ᠵᠣᠬᠢᠬᠤ ᠶᠢ ᠨᠢ ᠪᠦᠬᠦᠨ ᠢ ᠳᠠᠷᠢᠬᠤ 》 ᠶᠢ ᠴᠢᠩᠭᠠᠳᠬᠠᠨ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠪᠣᠳᠠᠰ ᠵᠢᠴᠢ ᠬᠥᠮᠦᠨ ᠳᠤ ᠬᠠᠯᠳᠠᠪᠤᠷᠢᠯᠠᠬᠤ ᠶᠢ ᠰᠡᠷᠭᠡᠶᠢᠯᠡᠵᠦ | ᠂ ᠠᠰᠠᠭᠤᠳᠠᠯ ᠲᠠᠢ ᠪᠠᠷᠠᠭ᠎ᠠ ᠶᠢᠨ ᠵᠠᠬ᠎ᠠ ᠳᠡᠯᠭᠡᠭᠦᠷ ᠲᠤ ᠤᠷᠤᠵᠥ ᠢᠷᠡᠬᠦ ᠶᠢ ᠡᠷᠡᠰ ᠬᠤᠷᠢᠬᠯᠠᠬᠤ ᠭᠡᠷᠡᠭᠳᠡᠢ᠃ | ᠲᠠᠪᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠤᠯᠠᠷᠠᠰᠢ ᠥᠬᠡᠶ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠬᠤ ᠡᠭᠦᠳᠡᠨ ᠡᠮᠨᠡᠯᠭᠡ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠬᠠᠯᠠᠭᠤᠷᠠᠭᠰᠠᠨ ᠡᠪᠡᠳᠴᠢᠲᠡᠨ ᠢ ᠰᠢᠭᠰᠢᠨ ᠪᠠᠶᠢᠴᠠᠭᠠᠵᠤ ᠠᠪᠤᠷᠠᠨ ᠵᠠᠰᠠᠬᠤ | ᠠᠵᠢᠯ ᠢ ᠬᠢᠨᠠᠮᠠᠭᠠᠶ ᠰᠠᠶᠢᠲᠤᠷ ᠬᠢᠵᠦ᠂ ᠡᠮᠨᠡᠯᠭᠡ ᠳᠤ ᠰᠠᠭᠤᠭᠰᠠᠨ ᠡᠪᠡᠳᠴᠢᠲᠡᠨ ᠢ ᠬᠠᠷᠠᠵᠤ ᠰᠤᠪᠢᠯᠠᠬᠤ᠂ ᠡᠷᠭᠢᠵᠦ | ᠦᠵᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠯᠳᠠᠪᠤᠷᠢᠯᠠᠯ ᠢ | ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠮᠴᠢᠯᠡᠭᠡᠨ ᠤ ᠠᠵᠢᠯᠲᠠᠨ ᠠᠮᠠᠷᠠᠯᠲᠠ ᠶᠢᠨ ᠬᠤᠭᠤᠴᠠᠭᠠᠨ | ᠳᠠᠭᠠᠨ ᠬᠢᠵᠢᠭ ᠤᠨ ᠪᠠᠶᠢᠳᠠᠯ ᠲᠤᠮᠳᠠ᠂ ᠦᠨᠳᠦᠷ ᠲᠦᠭᠰᠢᠬᠦᠷᠢᠳᠦ ᠭᠠᠵᠠᠷ ᠣᠷᠣᠨ ᠳᠤ ᠬᠦᠷᠴᠦ ᠪᠣᠯᠬᠤ ᠥᠬᠡᠶ᠃ | ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯᠲᠠᠨ ᠤ ᠵᠢᠵᠢᠭᠦᠷ ᠢ ᠰᠠᠶᠢᠲᠤᠷ ᠲᠣᠬᠢᠷᠠᠭᠤᠯᠵᠤ᠂ ᠴᠠᠭᠠᠨ ᠰᠠᠷ᠎ᠠ | ᠶᠢᠨ ᠬᠤᠭᠤᠴᠠᠭᠠᠨ ᠳᠠᠬᠢ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ ᠬᠡᠪ ᠤᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨ ᠬᠦ ᠪᠠᠳᠤᠯᠠᠬᠤ ᠭᠡᠷᠡᠭᠳᠡᠢ᠃ | ᠵᠢᠷᠭᠤᠭ᠎ᠠ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠭᠡᠷᠡᠭᠳᠡᠢ᠃ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠠᠮᠢᠳᠤᠷᠠᠯ ᠤᠨ ᠡᠳ᠋ ᠪᠣᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠴᠢᠩᠭᠠᠳᠬᠠᠬᠤ ᠬᠡᠷᠡᠭᠲᠡᠶ᠃ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ᠂ ᠭᠤᠯᠢᠷ ᠲᠤᠰᠤ᠂ | ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠬᠠᠩᠭᠠᠯᠭ᠎ᠠ ᠶᠢ ᠭᠤᠣᠯᠳᠠᠯᠭ᠎ᠠ ᠲᠠᠢ ᠪᠠᠳᠤᠯᠠᠬᠤ ᠭᠡᠷᠡᠭᠳᠡᠢ︔ ᠬᠤᠳᠠᠯᠳᠤᠭᠠᠨ ᠤ ᠲᠠᠯᠠᠪᠠᠢ᠂ ᠴᠢᠯᠥᠭᠡᠲᠦ ᠳᠡᠯᠭᠡᠭᠦᠷ | ᠢ ᠵᠣᠬᠢᠶᠠᠨ ᠪᠠᠶᠢᠭᠤᠯᠬᠤ ᠪᠠ ᠬᠦᠳᠦᠯᠥᠨ ᠳᠠᠭᠠᠭᠤᠯᠵᠤ ᠪᠠᠶᠠᠷ ᠤᠨ ᠡᠳᠦᠷ ᠤᠨ ᠬᠡᠷᠡᠭᠴᠡᠭᠡ ᠪᠠᠷ ᠶᠡᠭᠡ ᠪᠠᠷᠠᠭ᠎ᠠ | ᠲᠠᠸᠠᠷ ᠤᠨ ᠢᠷᠡᠯᠳᠡ ᠶᠢ ᠤᠷᠢᠳᠴᠢᠯᠠᠨ ᠪᠡᠯᠡᠳᠭᠡᠵᠥ᠂ ᠠᠵᠢᠯᠳᠠᠨ ᠠᠵᠢᠯᠴᠢᠨ ᠢ ᠭᠦᠢᠴᠡᠳ ᠦᠯᠡᠳᠡᠭᠡᠵᠦ᠂ ᠡᠳ᠋ | ᠪᠠᠷᠠᠭ᠎ᠠ ᠶᠢ ᠭᠦᠢᠴᠡᠳ ᠪᠡᠯᠡᠳᠬᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠲᠠᠰᠤᠯᠳᠠᠬᠤ ᠦᠭᠡᠢ᠂ ᠪᠣᠷᠣᠯᠠᠭᠤᠯᠭ᠎ᠠ | ᠲᠠᠰᠤᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠢ ᠰᠠᠮᠠᠭᠤᠷᠠᠭᠤᠯᠬᠤ ᠠᠵᠢᠯᠯᠠᠭ᠎ᠠ ᠳᠤ | ᠴᠢᠩᠭ᠎ᠠ ᠴᠣᠬᠢᠯᠲᠠ ᠦᠭᠬᠦ ᠭᠡᠷᠡᠭᠳᠡᠢ ᠃ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠭᠤᠤᠯᠳᠠᠯᠭ᠎ᠠ ᠲᠠᠢ ᠡᠮᠴᠢᠯᠡᠭᠡᠨ ᠤ ᠡᠳ᠋ ᠪᠣᠳᠠᠰ ᠤᠨ ᠬᠠᠩᠭᠠᠯᠭ᠎ᠠ | ᠶᠢ ᠪᠠᠲᠤᠯᠠᠬᠤ ᠲᠥᠰᠦᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠳᠣᠬᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠡᠮᠴᠢᠯᠡᠭᠡᠨ ᠤ ᠡᠳ᠋ ᠪᠣᠳᠠᠰ | ᠤᠨ ᠭᠦᠶᠴᠡᠳ ᠬᠡᠮᠵᠢᠶᠡᠨ ᠤ ᠪᠣᠳᠠᠲᠤ ᠪᠣᠳᠠᠰ ᠤᠨ ᠨᠥᠭᠡᠴᠡ ᠶᠢ ᠪᠠᠲᠤᠯᠠᠵᠤ᠂ ᠪᠥᠭᠡᠮ ᠬᠦᠴᠢᠯ ᠢ ᠰᠢᠯᠭᠠᠨ | ᠪᠠᠶᠢᠴᠠᠭᠠᠬᠤ ᠲᠥᠬᠦᠭᠡᠷᠦᠮᠵᠢ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠮ ᠵᠡᠷᠭᠡ ᠡᠮᠴᠢᠯᠡᠭᠡᠨ | ᠤ ᠡᠳ᠋ ᠪᠣᠳᠠᠰ ᠤᠨ ᠬᠡᠰᠡᠭ ᠭᠠᠵᠠᠷ ᠲᠤ ᠲᠦᠷ ᠵᠠᠭᠤᠷ᠎ᠠ ᠳᠤᠲᠠᠭᠳᠠᠵᠤ ᠮᠡᠳᠡᠬᠦ ᠵᠡᠷᠭᠡ ᠪᠠᠴᠢᠮ ᠪᠠᠶᠢᠳᠠᠯ ᠢ | ᠤᠷᠢᠳᠴᠢᠯᠠᠨ ᠪᠡᠯᠡᠳᠬᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠶᠢ ᠭᠤᠤᠯᠳᠠᠯᠭ᠎ᠠ ᠲᠠᠢ | ᠴᠢᠩᠭᠠᠳᠬᠠᠵᠤ᠂ ᠠᠵᠢᠯ ᠤᠨ ᠬᠡᠷᠡᠭᠴᠡᠭᠡ ᠶᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠳᠣᠯᠤᠭ᠎ᠠ᠂ ᠵᠠᠮ ᠬᠠᠷᠢᠯᠴᠠᠭᠠᠨ ᠤ ᠲᠠᠯᠠᠪᠤᠷ ᠥᠷᠲᠡᠭᠡ ᠶᠢᠨ ᠬᠠᠮᠢᠶᠠᠷᠤᠯᠲᠠ ᠵᠢᠴᠢ ᠪᠠᠷᠠᠭ᠎ᠠ ᠶᠢᠨ ᠲᠡᠭᠡᠭᠡᠪᠦᠷᠢ | ᠶᠢᠨ ᠰᠠᠭᠠᠳ ᠥᠬᠡᠶ ᠨᠡᠪᠲᠡᠷᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠤᠳ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠳ᠋ ᠪᠣᠳᠠᠰ ᠤᠨ ᠲᠡᠭᠡᠭᠡᠪᠦᠷᠢ ᠶᠢᠨ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠴᠠᠭ | ᠲᠤᠬᠠᠶ ᠳᠤᠨᠢ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠵᠤ᠂ ᠪᠠᠷᠠᠭᠠᠨ ᠤ ᠲᠡᠭᠡᠭᠡᠪᠦᠷᠢ ᠶᠢᠨ ᠪᠠᠷᠠᠭᠠᠨ ᠤ ᠭᠦᠶᠯᠭᠡᠭᠡ | ᠶᠢᠨ ᠬᠦᠷᠢᠶᠡᠨ ᠳᠠᠬᠢ ᠠᠵᠢᠯᠲᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠪᠠᠶᠢᠳᠠᠯ | ᠢ ᠰᠠᠶᠢᠨ ᠳᠤᠷ᠎ᠠ ᠠᠴᠠ ᠪᠠᠨ ᠮᠡᠳᠡᠭᠰᠡᠨ ᠰᠠᠭᠤᠷᠢᠨ ᠳᠡᠭᠡᠷ᠎ᠡ᠂ ᠵᠢᠯᠣᠭᠤᠴᠢ ᠵᠡᠷᠭᠡ ᠨᠢᠭᠡᠳᠦᠭᠡᠷ ᠹᠷᠣᠨᠲ ᠤᠨ ᠪᠠᠷᠠᠭᠠᠨ | ᠤ ᠲᠡᠭᠡᠭᠡᠪᠦᠷᠢ ᠶᠢᠨ ᠠᠵᠢᠯᠲᠠᠳ ᠢ ᠵᠣᠬᠢᠶᠠᠨ ᠪᠠᠶᠢᠭᠤᠯᠵᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠤᠯᠬᠤ | ᠬᠡᠷᠡᠭᠲᠡᠶ᠃ | ᠨᠠᠶᠮᠠ᠂ ᠤᠰᠤ ᠴᠠᠬᠢᠯᠭᠠᠨ ᠰᠢᠲᠠᠮᠠᠬᠠᠶ ᠬᠡᠶ ᠲᠤᠯᠠᠭᠠᠯᠠᠮᠵᠢ ᠮᠡᠳᠡᠭᠡ ᠵᠠᠩᠭᠢ ᠶᠢᠨ ᠪᠠᠲᠤᠯᠠᠭ᠎ᠠ ᠶᠢᠨ ᠠᠵᠢᠯ ᠢ | ᠴᠢᠩᠭᠠᠳᠬᠠᠬᠤ ᠬᠡᠷᠡᠭᠲᠡᠶ᠃ ᠬᠤᠰᠢᠭᠤᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠤᠰᠤᠨ ᠤ | ᠶᠠᠪᠤᠳᠠᠯ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠭᠠᠵᠤ | ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠶᠢ ᠤᠯᠠᠮ ᠨᠢᠭᠡ ᠠᠯᠬᠤᠮ | ᠤᠶᠢᠯᠠᠭᠠᠨ ᠪᠦᠷᠢᠳᠬᠡᠵᠦ᠂ ᠪᠣᠳᠠᠲᠠᠶ ᠲᠠᠢ ᠪᠠᠨ ᠤᠶᠠᠯᠳᠤᠭᠤᠯᠤᠨ ᠳᠤᠲᠠᠭᠤᠳᠠᠯ ᠢᠶᠠᠨ ᠪᠠᠶᠢᠴᠠᠭᠠᠨ ᠨᠥᠬᠦᠪᠥᠷᠢᠯᠡᠵᠦ᠂ | ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ | ᠬᠡᠪ ᠤᠨ ᠦᠶᠯᠡᠳᠪᠦᠷᠢᠯᠡᠯ ᠠᠮᠢᠳᠤᠷᠠᠯ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠬᠤ ᠬᠡᠷᠡᠭᠲᠡᠶ᠃ | ᠶᠢᠰᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠶᠢ ᠦᠷᠭᠦᠯᠵᠢᠯᠡᠨ ᠴᠢᠩᠭᠠᠳᠬᠠᠬᠤ ᠭᠡᠷᠡᠭᠳᠡᠢ᠃ ᠥᠷᠭᠡᠨ ᠣᠯᠠᠨ ᠲᠦᠮᠡᠨ ᠤ ᠳᠤᠲᠠᠭᠤ ᠠᠶᠢᠯᠴᠢᠯᠠᠬᠤ᠂ | ᠳᠤᠲᠠᠭᠤ ᠴᠤᠬᠯᠠᠷᠠᠬᠤ ᠪᠠ ᠴᠤᠭᠯᠠᠷᠠᠬᠤ ᠥᠬᠡᠶ ᠪᠠᠶᠢᠬᠤ ᠶᠢ ᠬᠦᠳᠦᠯᠦᠨ ᠵᠢᠯᠣᠭᠤᠳᠴᠤ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠬᠡᠯᠪᠡᠷᠢ ᠶᠢ ᠤᠬᠠᠮᠰᠠᠷ ᠠᠴᠠ ᠪᠠᠨ ᠪᠣᠶ ᠪᠤᠯᠭᠠᠬᠤ ᠭᠡᠷᠡᠭᠳᠡᠢ ᠃ | ᠠᠷᠪᠠ᠂ ᠵᠢᠵᠢᠭᠦᠷᠯᠡᠬᠦ ᠪᠠ ᠮᠡᠳᠡᠭᠡ ᠵᠠᠩᠭᠢ ᠶᠢ ᠰᠠᠭᠠᠳ ᠥᠬᠡᠶ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠶ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ 24 ᠴᠠᠭ ᠢᠶᠠᠷ ᠲᠤᠰᠬᠠᠶ ᠬᠥᠮᠦᠨ ᠵᠢᠵᠢᠭᠦᠷᠯᠡᠬᠦ ᠪᠠ | ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠵᠢᠵᠢᠭᠦᠷ ᠳᠠᠭᠠᠭᠤᠯᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ | ᠠᠮᠠᠷᠠᠯᠲᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠡᠪ | ᠤᠨ ᠶᠣᠰᠣᠭᠠᠷ ᠠᠵᠢᠯᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠪ ᠤᠨ ᠶᠣᠰᠣᠭᠠᠷ | ᠶᠠᠪᠤᠭᠳᠠᠬᠤ ᠶᠢ ᠪᠠᠲᠤᠯᠠᠵᠤ᠂ ᠪᠠᠴᠢᠮ ᠪᠠᠶᠢᠳᠠᠯ ᠪᠤᠶᠤ ᠭᠡᠨᠡᠳᠲᠡ ᠶᠢᠨ ᠬᠡᠷᠡᠭ ᠲᠣᠬᠢᠶᠠᠯᠳᠤᠪᠠᠯ ᠳᠠᠷᠤᠶᠢᠬᠠᠨ ᠵᠢᠭᠠᠪᠤᠷᠢ | ᠠᠪᠴᠤ ᠮᠡᠳᠡᠭᠦᠯᠦᠨ᠂ ᠲᠣᠬᠢᠲᠠᠶ ᠠᠷᠭᠠᠴᠠᠭᠠᠨ ᠰᠢᠶᠳᠪᠦᠷᠢᠯᠡᠬᠦ ᠬᠡᠷᠡᠭᠲᠡᠶ᠂ ᠣᠷᠬᠢᠭᠳᠠᠭᠤᠯᠤᠨ ᠮᠡᠳᠡᠭᠦᠯᠬᠦ᠂ | ᠮᠡᠳᠡᠬᠦᠯᠬᠦ ᠠᠴᠠ ᠨᠢᠭᠤᠬᠤ ᠵᠡᠷᠭᠡ ᠪᠠᠶᠢᠳᠠᠯ ᠭᠠᠷᠭᠠᠵᠤ ᠪᠣᠯᠬᠤ ᠥᠬᠡᠶ᠃ ᠬᠡᠷᠪᠡ ᠴᠠᠭ ᠲᠤᠬᠠᠶ ᠳᠤᠨᠢ ᠮᠡᠳᠡᠭᠦᠯᠦᠭᠰᠡᠨ | ᠥᠬᠡᠶ ᠠᠴᠠ ᠪᠣᠯᠵᠣ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ | ᠭᠡᠷᠡᠭᠳᠡᠢ᠃ | | 2021 ᠤᠨ ᠤ 2 ᠳ᠋ᠤᠭᠠᠷ ᠰᠠᠷ᠎ᠠ ᠶᠢᠨ 9 ᠤ ᠡᠳᠦᠷ |