ᠦᠨᠳᠦᠰᠦᠳᠡᠨ ᠤ ᠢᠵᠠᠭᠤᠷ ᠣᠷᠠᠯᠢᠬ ᠢᠶᠠᠨ ᠦᠪᠯᠡᠨ ᠣᠯᠠᠮᠵᠢᠯᠠᠬᠴᠢ ᠊᠊᠊᠊᠊᠊ ᠵᠠᠩ ᠱᠦ ᠭᠤᠸᠠᠩ | | ᠵᠠᠩ ᠱᠦ ᠭᠤᠸᠠᠩ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤ ᠶᠢᠨ | ᠲᠦᠩᠰᠢᠭ ᠭᠠᠴᠠᠭ᠎ᠠ ᠶᠢᠨ ᠬᠦᠮᠤᠨ᠃ 2006 ᠣᠨ ᠠᠴᠠ 2009 ᠣᠨ ᠤ ᠬᠤᠭᠤᠷᠣᠨᠳᠣ᠂ ᠲᠠᠭᠤᠤ | ᠬᠦᠭᠵᠢᠮ ᠤᠨ ᠮᠡᠷᠭᠡᠵᠢᠯ ᠢᠶᠠᠷ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠠᠴᠠ ᠰᠤᠷᠤᠯᠭ᠎ᠠ | ᠲᠡᠬᠦᠰᠭᠡᠵᠡᠢ᠃ | | ᠬᠦᠮᠤᠨ ᠤ ᠬᠤᠪᠢ ᠵᠠᠶᠠᠭ᠎ᠠ ᠭᠡᠵᠦ ᠴᠠᠭᠠᠨ᠎ᠠ ᠠᠴᠠ ᠪᠠᠨ ᠲᠤᠭᠳᠠᠭᠰᠠ ᠴᠤ ᠶᠤᠮ ᠤᠤ ᠪᠤᠤ ᠮᠡᠳᠡ᠃ ᠰᠠᠶ᠋ᠢᠬᠠᠨ | ᠰᠤᠷᠭᠠᠭᠤᠯᠢ ᠪᠠᠨ ᠲᠡᠬᠦᠰᠭᠡᠭᠰᠡᠨ ᠵᠠᠩ ᠱᠦ ᠭᠤᠸᠠᠩ ᠲᠡᠷᠡ ᠵᠢᠯ ᠤᠨ ᠬᠢᠨᠢ ᠡᠪᠤᠯ ᠳᠤ ᠬᠦᠮᠤᠨ ᠤ ᠠᠮᠢᠳᠤᠷᠠᠯ ᠤᠨ | ᠲᠤᠮᠳᠠᠬᠢ ᠬᠤᠶᠠᠷ ᠶᠡᠭᠡ ᠶᠠᠪᠤᠳᠠᠯ ᠢᠶᠠᠨ ᠪᠦᠷ ᠬᠦᠢᠴᠡᠭᠡᠵᠦ ᠠᠮᠵᠢᠭᠰᠠᠨ ᠪᠢᠯᠡ᠃ ᠰᠤᠷᠤᠭᠰᠠᠨ ᠮᠡᠷᠭᠡᠵᠢᠯ ᠢᠶᠠᠷ ᠢᠶᠠᠨ | ᠰᠢᠯᠭᠠᠯᠳᠠ ᠪᠠᠷ ᠲᠠᠮᠵᠢᠨ ᠠᠵᠢᠯ ᠤᠨ ᠡᠬᠢᠨ ᠤ ᠭᠠᠷᠤᠭ᠎ᠠ ᠪᠠᠨ ᠠᠷᠠᠳ ᠤᠨ ᠪᠠᠭᠰᠢ ᠶᠢᠨ ᠠᠵᠢᠯ ᠤᠯᠤᠭᠰᠠᠨ | ᠮᠦᠷᠳᠡᠭᠡᠨ ᠶᠡᠭᠡ ᠰᠤᠷᠭᠠᠭᠤᠯᠢ ᠳᠤ ᠪᠠᠨ ᠪᠠᠶᠢᠬᠤ ᠳᠤ ᠪᠠᠨ ᠢᠨᠠᠭᠯᠠᠵᠦ ᠶᠠᠪᠤᠭᠰᠠᠨ ᠡᠮᠡᠭᠳᠡᠢ ᠨᠠᠶᠢᠵᠠ | ᠮᠦᠡᠭᠭᠦᠨᠳᠡᠨᠠ ᠲᠠᠢ ᠪᠠᠨ ᠠᠶᠢᠯ ᠭᠡᠷ ᠪᠤᠰᠬᠠᠵᠦ ᠬᠦᠮᠤᠨ ᠤ ᠠᠮᠢᠳᠤᠷᠠᠯ ᠤᠨ ᠨᠡᠶᠢᠭᠡᠮ ᠤᠨ ᠲᠦᠷᠢ ᠬᠤᠪᠢᠷᠠᠯᠳᠠ ᠪᠠᠨ | ᠡᠨᠡ ᠬᠦ ᠠᠵᠠᠳᠠᠶᠢᠬᠠᠨ ᠰᠢᠯᠤᠭᠤᠬᠠᠨ ᠠᠯᠬᠤᠭᠰᠠᠨ ᠪᠢᠯᠡ᠃ | ᠬᠠᠷᠠᠬᠠᠨ ᠪᠠᠭ᠎ᠠ ᠠᠴᠠ ᠪᠠᠨ ᠬᠤᠷᠴᠢᠨ ᠦᠯᠢᠭᠡᠷᠳᠤ ᠠᠷᠠᠳ ᠤᠨ ᠲᠠᠭᠤᠤ᠂ ᠬᠤᠭᠤᠷ ᠤᠨ ᠦᠯᠢᠭᠡᠷ ᠤᠨ | ᠰᠤᠶᠤᠯ ᠳᠤ ᠤᠮᠳᠠᠯᠠᠬᠳᠠᠨ ᠦᠰᠦᠭᠰᠡᠨ ᠲᠡᠬᠦᠨ ᠳᠤ ᠠᠪᠴᠤ ᠬᠡᠯᠡᠪᠡᠯ ᠲᠦᠷᠪᠡᠨ ᠤᠳᠠᠰᠤᠳᠤ ᠬᠤᠭᠤᠷ ᠤᠨ ᠬᠦᠭ | ᠠᠶᠠᠯᠭᠤ ᠨᠢ ᠴᠢᠮᠦᠭᠡᠨ ᠳᠤ ᠨᠢ ᠤᠷᠤᠵᠦ ᠲᠦᠷᠪᠡᠨ ᠤᠳᠠᠰᠤᠳᠤ ᠬᠤᠭᠤᠷ ᠢ ᠬᠤᠭᠤᠷᠳᠠᠵᠦ ᠰᠤᠷᠬᠤ ᠶᠢ ᠬᠦᠰᠡᠭᠰᠡᠭᠡᠷ | ᠢᠷᠡᠵᠡᠢ᠃ ᠠᠵᠠ ᠪᠠᠷ᠂ 2009 ᠣᠨ ᠠᠴᠠ 2012 ᠣᠨ ᠪᠣᠯᠲᠠᠯ᠎ᠠ ᠥᠪᠥᠷ ᠮᠣᠩᠭᠤᠯ ᠤᠨ ᠦᠨᠳᠦᠰᠦᠲᠡᠨ ᠤ | ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠰᠤᠷᠭᠠᠨ ᠬᠥᠮᠦᠵᠢᠯ ᠢ ᠰᠢᠯᠭᠠᠵᠦ᠂ ᠲᠦᠷᠪᠡᠨ ᠤᠳᠠᠰᠤᠳᠤ | ᠬᠤᠭᠤᠷ ᠤᠨ ᠲᠤᠰᠬᠠᠢ ᠮᠡᠷᠭᠡᠵᠢᠯ ᠢ ᠰᠢᠰᠲ᠋ᠧᠮ ᠲᠠᠢ ᠰᠤᠷᠤᠯᠴᠠᠵᠦ ᠰᠠᠨᠠᠭᠰᠠᠨ ᠳᠤ ᠪᠠᠨ ᠬᠦᠷᠦᠭᠰᠡᠨ ᠪᠠᠶᠢᠨ᠎ᠠ᠃ | ᠲᠡᠷᠡ ᠪᠠᠷ 2009 ᠣᠨ ᠤ 11 ᠰᠠᠷ᠎ᠠ ᠳᠤ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ | ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠲᠠᠭᠤᠤ ᠬᠦᠭᠵᠢᠮ ᠤᠨ ᠪᠠᠭᠰᠢ ᠪᠠᠷ ᠰᠢᠯᠭᠠᠨ ᠤᠷᠤᠭᠰᠠᠨ ᠠᠴᠠ ᠤᠳᠤ | ᠪᠤᠯᠳᠠᠯ᠎ᠠ ᠮᠦᠨ ᠲᠤᠰ ᠰᠤᠷᠭᠠᠭᠤᠯᠢ ᠳᠤ ᠪᠠᠨ ᠪᠠᠭᠰᠢᠯᠠᠭᠰᠠᠭᠠᠷ ᠪᠢᠯᠡ᠃ ᠦᠰᠪᠤᠷᠢ ᠶᠢᠨ ᠬᠡᠤᠬᠡᠳ ᠲᠤ ᠪᠠᠨ ᠲᠠᠭᠤᠤ | ᠬᠦᠭᠵᠢᠮ᠂ ᠠᠶ᠎ᠠ ᠨᠤᠲ ᠵᠢᠭᠠᠨ ᠰᠤᠷᠭᠠᠬᠤ ᠶᠢᠨ ᠲᠠᠭᠠᠤ ᠰᠤᠷᠭᠠᠭᠤᠯᠢ ᠶᠢᠨ ᠢᠶᠠᠨ ᠲᠦᠷᠪᠡᠨ ᠤᠳᠠᠰᠤᠳᠤ | ᠬᠤᠭᠤᠷ ᠤᠨ ᠤᠨᠴᠠᠯᠢᠭᠳᠤ ᠠᠩᠬᠢ ᠶᠢᠨ ᠲᠤᠰᠬᠠᠢ ᠲᠤᠰᠢᠶᠠᠯᠲᠤ ᠬᠢᠴᠢᠶᠡᠯ ᠤᠨ ᠪᠠᠭᠰᠢ ᠪᠤᠯᠵᠦ᠂ ᠰᠤᠷᠤᠭᠴᠢᠳ ᠲᠤ | ᠲᠦᠷᠪᠡᠨ ᠤᠳᠠᠰᠤᠳᠤ ᠬᠤᠭᠤᠷ ᠲᠠᠳᠠᠵᠦ ᠦᠯᠢᠭᠡᠷ᠂ ᠬᠤᠯᠪᠣᠭ᠎ᠠ ᠬᠡᠯᠡᠬᠦ ᠶᠢ ᠦᠪᠡᠷ ᠤᠨ ᠭᠠᠷ ᠢᠶᠠᠷ ᠢᠶᠠᠨ ᠵᠢᠭᠠᠨ | ᠰᠤᠷᠭᠠᠵᠦ ᠡᠬᠢᠯᠡᠵᠡᠢ᠃ 2009 ᠣᠨ ᠠᠴᠠ ᠡᠬᠢᠯᠡᠨ ᠦᠯᠢᠭᠡᠷ᠂ ᠬᠤᠯᠪᠣᠭ᠎ᠠ ᠵᠢᠭᠠᠭᠰᠠᠨ ᠠᠴᠠ ᠨᠠᠭᠠᠰᠢ᠂ ᠨᠡᠶᠢᠲᠡ | 300 ᠭᠠᠷᠤᠢ ᠰᠣᠷᠣᠬᠴᠢ ᠶᠢ ᠦᠯᠢᠭᠡᠷ᠂ ᠬᠤᠯᠪᠤᠭ᠎ᠠ ᠳᠤ ᠲᠤᠷ᠎ᠠ ᠪᠠᠭ᠋ᠠᠳᠠᠢ ᠪᠤᠯᠭᠠᠵᠦ᠂ ᠦᠨᠳᠤᠰᠤᠳᠡᠨ ᠤ ᠢᠵᠠᠭᠤᠷ | ᠤᠷᠠᠯᠢᠭ ᠢ ᠤᠯᠠᠮᠵᠢᠯᠠᠬᠤ ᠳᠤ ᠰᠠᠭᠤᠷᠢ ᠬᠦᠮᠤᠵᠢᠯ ᠬᠢᠵᠦ ᠦᠨᠳᠤᠰᠤᠳᠡᠨ ᠤ ᠰᠤᠶᠤᠯ ᠤᠨ ᠦᠪᠯᠡᠨ | ᠤᠯᠠᠮᠵᠢᠯᠠᠭᠴᠢ ᠶᠢ ᠬᠦᠮᠤᠵᠢᠬᠦᠯᠬᠦ ᠠᠶᠠᠨ ᠢᠶᠠᠨ ᠡᠯᠬᠦᠵᠡᠢ᠃ | ᠵᠠᠩ ᠱᠦ ᠭᠤᠸᠠᠩ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠲᠦᠷᠪᠡᠨ ᠤᠳᠠᠰᠤᠳᠤ ᠬᠤᠭᠤᠷ ᠤᠨ ᠤᠨᠴᠠᠯᠢᠭᠳᠤ ᠠᠩᠬᠢ ᠶᠢᠨ ᠬᠡᠤᠬᠡᠳ ᠤᠳ ᠦᠯᠢᠭᠡᠷ | ᠬᠤᠯᠪᠤᠭ᠎ᠠ ᠵᠢᠭᠠᠬᠰᠡᠨ ᠴᠠᠬ ᠠᠴᠠ ᠪᠠᠨ ᠬᠢᠴᠢᠶᠠᠯ ᠤᠨ ᠴᠠᠬ ᠤᠨ ᠵᠢᠭᠠᠨ ᠰᠤᠷᠭᠠᠯᠲᠡ ᠪᠠᠨ ᠴᠢᠩᠭᠠᠳᠬᠠᠬᠰᠠᠨ | ᠮᠦᠷᠲᠡᠬᠡᠨ ᠡᠯ᠎ᠠ ᠵᠦᠢᠯ ᠤᠨ ᠤᠷᠤᠯᠳᠤᠭᠠᠨ ᠲᠤᠭᠯᠠᠯᠳᠠ ᠳᠤ ᠢᠳᠡᠪᠬᠢᠳᠡᠢ ᠤᠷᠤᠯᠴᠠᠨ᠂ ᠤᠯᠠᠮᠵᠢᠯᠠᠯᠳᠤ ᠰᠤᠶᠤᠯ | ᠤᠷᠠᠯᠢᠭ ᠢ ᠲᠠᠶᠢᠰᠠᠨ ᠤᠷᠠᠯᠢᠭ ᠪᠤᠯᠭᠠᠨ ᠬᠦᠭᠵᠢᠬᠦᠯᠬᠦ ᠶᠢ ᠠᠩᠬᠠᠷᠤᠨ ᠬᠢᠭᠰᠡᠨ ᠪᠠᠶᠢᠨ᠎ᠠ᠃ | ᠵᠠᠩ ᠱᠦ ᠭᠤᠸᠠᠩ ᠲᠦᠷᠪᠡᠨ ᠤᠳᠠᠰᠤᠳᠤ ᠬᠤᠭᠤᠷ ᠤᠨ ᠤᠨᠴᠠᠯᠢᠭᠳᠤ ᠠᠩᠬᠢ ᠶᠢᠨ ᠰᠤᠷᠤᠭᠴᠢᠳ ᠢᠶᠠᠨ | ᠲᠠᠭᠠᠭᠤᠯᠵᠦ ᠡᠯ᠎ᠠ ᠵᠦᠢᠯ ᠤᠨ ᠤᠷᠤᠯᠳᠤᠭᠠᠨ ᠲᠤᠭᠯᠠᠯᠳᠠ ᠳᠤ ᠤᠷᠤᠯᠴᠠᠬᠤ ᠠᠶᠠᠨ ᠵᠠᠮ ᠳᠠᠬᠢ ᠤᠯᠠᠨ ᠰᠠᠶᠢᠬᠠᠨ | ᠦᠯᠢᠭᠡᠷ ᠤᠳ ᠨᠢ ᠲᠡᠬᠦᠨ ᠤ ᠰᠡᠳᠬᠢᠯ ᠢ ᠬᠦᠨᠳᠡᠵᠦ ᠤᠳᠤ ᠪᠤᠯᠳᠠᠯ᠎ᠠ ᠲᠤᠷᠠᠰᠴᠤ ᠰᠠᠭᠤᠳᠠᠭ᠃ | ᠲᠡᠷᠡ ᠨᠢ 2014 ᠣᠨ ᠤ 8 ᠰᠠᠷ᠎ᠠ ᠳᠤ ᠪᠤᠯᠤᠭᠰᠠᠨ ᠤᠴᠢᠷ᠃ ᠰᠧᠴᠤᠸᠠᠨ ᠤ ᠴᠧᠩᠳᠦ᠋ ᠳᠤ ᠶᠠᠪᠤᠭᠳᠠᠭᠰᠠᠨ | ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ ᠪᠠᠭᠠᠴᠤᠳ ᠤᠨ ᠳᠠᠭᠤᠤᠷᠢᠯᠢᠭ ᠤᠨ ᠤᠷᠤᠯᠳᠤᠭᠠᠨ ᠳᠤ ᠵᠠᠩ ᠱᠦ | ᠭᠤᠸᠠᠩ ᠲᠦᠷᠪᠡᠨ ᠰᠤᠷᠤᠭᠴᠢ ᠪᠠᠨ ᠲᠠᠭᠠᠭᠤᠯᠵᠦ ᠤᠴᠢᠵᠠᠢ᠃ ᠠᠩᠬ᠎ᠠ ᠤᠳᠠᠭ᠎ᠠ ᠪᠦᠬᠦ ᠤᠯᠤᠰ ᠤᠨ | ᠬᠡᠪᠴᠢᠶ᠎ᠡ ᠲᠠᠢ ᠡᠶᠢᠮᠦ ᠶᠡᠭᠡ ᠤᠷᠤᠯᠳᠤᠭᠠᠨ ᠳᠤ ᠤᠷᠤᠯᠴᠠᠵᠦ ᠪᠠᠶᠢᠬᠤ ᠪᠤᠯᠬᠤᠷ ᠪᠠᠭᠰᠢ ᠰᠤᠷᠤᠭᠴᠢ ᠲᠠᠢ ᠪᠠᠨ | ᠬᠦᠯ ᠨᠢ ᠭᠠᠵᠠᠷ ᠬᠦᠷᠬᠦ ᠦᠭᠡᠢ ᠪᠠᠶᠠᠷᠯᠠᠭᠰᠠᠨ ᠭᠡᠵᠦ ᠶᠠᠭᠤᠨ ᠬᠡᠯᠡᠬᠦ ᠠᠵᠢ᠃ ᠭᠡᠬᠦ ᠳᠤ᠂ ᠬᠦᠮᠤᠨ ᠤ ᠭᠠᠵᠠᠷ | ᠬᠦᠨᠳᠡᠯᠡᠨ ᠤ ᠨᠤᠳᠤᠭ ᠲᠤ ᠠᠩᠬ᠎ᠠ ᠬᠦᠯ ᠬᠢᠰᠬᠢᠭᠰᠡᠨ ᠲᠠᠳᠠᠨ ᠳᠤ ᠲᠡᠷᠡ ᠲᠠᠢ ᠲᠡᠷᠡ ᠦᠭᠡᠢ ᠵᠤᠬᠢᠴᠠᠵᠦ ᠴᠢᠳᠠᠬᠤ | ᠦᠭᠡᠢ ᠪᠠᠶᠢᠳᠠᠯ ᠢᠯᠡᠷᠡᠬᠦ ᠨᠢ ᠯᠠᠪᠳᠠᠢ᠃ | ᠰᠧᠴᠤᠸᠠᠨ ᠤ ᠠᠭᠤᠷ ᠠᠮᠢᠰᠬᠤᠯ ᠮᠠᠨ ᠤ ᠦᠪᠤᠷ ᠮᠤᠩᠭᠤᠯ ᠲᠠᠢ ᠬᠠᠷᠢᠴᠠᠭᠤᠯᠪᠠᠯ ᠴᠢᠬᠢᠭᠯᠢᠭ ᠭᠠᠵᠠᠷ ᠪᠤᠯᠬᠤᠷ | ᠲᠦᠷᠪᠡᠨ ᠤᠳᠠᠰᠤᠳᠤ ᠬᠤᠭᠤᠷ ᠨᠢ ᠰᠠᠶᠢᠬᠠᠨ ᠲᠠᠭᠤ ᠭᠠᠷᠬᠤ ᠦᠭᠡᠢ ᠪᠤᠯᠵᠦ᠂ ᠪᠦᠷᠢᠶᠡᠰᠤ ᠨᠢ ᠴᠢᠬᠢᠭᠳᠡᠵᠦ | ᠬᠤᠳᠦ᠋ᠢᠵᠦ ᠤᠷᠤᠬᠤ ᠰᠢᠬᠠᠵᠠᠢ᠃ ᠵᠠᠩ ᠱᠦ ᠭᠤᠸᠠᠩ ᠴᠤ ᠠᠩᠬ᠎ᠠ ᠤᠳᠠᠭ᠎ᠠ ᠡᠶᠢᠮᠦ ᠶᠠᠪᠤᠳᠠᠯ ᠲᠤᠬᠢᠶᠠᠯᠳᠤᠵᠦ | ᠪᠠᠶᠢᠬᠤ ᠪᠤᠯᠬᠤᠷ ᠠᠷᠭ᠎ᠠ ᠶᠠᠳᠠᠬᠤ ᠳᠤ ᠪᠠᠨ ᠬᠤᠭᠤᠷ ᠢᠶᠠᠨ ᠨᠠᠷᠠᠨ ᠳᠤ ᠡᠭᠡᠭᠡᠵᠦ ᠬᠠᠳᠠᠭᠠᠨ ᠰᠠᠭᠤᠭᠰᠠᠨ ᠭᠡᠵᠦ | ᠬᠠᠴᠢᠨ ᠤᠴᠠᠷᠠᠯ ᠢᠶᠠᠨ ᠱᠤᠭᠳᠠᠶᠢᠬᠠᠨ ᠶᠠᠷᠢᠯ᠎ᠠ᠃ ᠲᠡᠬᠢᠨ ᠶᠠᠭ ᠰᠠᠶ᠋ᠢᠬᠠᠨ ᠤᠷᠤᠯᠳᠤᠭᠠᠨ ᠤ ᠡᠳᠤᠷ ᠤᠨ ᠡᠮᠤᠨ᠎ᠠ | ᠤᠷᠤᠢ ᠨᠢ ᠰᠤᠷᠤᠭᠴᠢ ᠪᠦᠷᠬᠦᠳ ᠨᠢ ᠬᠢᠮᠦᠷᠠᠵᠦ ᠬᠠᠯᠠᠭᠤᠷᠠᠭᠠᠳ 40 ᠭᠷᠠᠳᠦ᠋ᠰ ᠬᠦᠷᠴᠤ᠂ ᠵᠠᠩ ᠱᠦ ᠭᠤᠸᠠᠩ | ᠲᠠᠷᠦ᠋ᠢᠬᠠᠨ ᠰᠤᠷᠤᠭᠴᠢ ᠪᠠᠨ ᠡᠬᠦᠷᠴᠤ ᠡᠮᠨᠡᠯᠭᠡ ᠶᠢᠨ ᠬᠤᠷᠢᠶᠠᠨ ᠳᠤ ᠤᠴᠢᠵᠠᠢ᠃ ᠰᠧᠴᠤᠸᠠᠨ ᠤᠷᠤᠨ ᠬᠠᠯᠠᠭᠤᠨ ᠢ | ᠪᠠᠭᠤᠷᠠᠭᠤᠯᠬᠤ ᠳᠤ ᠡᠮ ᠶᠡᠬᠦᠯᠡᠳᠡᠭ ᠦᠭᠡᠢ ᠪᠤᠯᠬᠤᠷ ᠵᠦᠪᠬᠡᠨ ᠤᠤᠭᠤᠬᠤ ᠡᠮ ᠦᠭᠴᠤ ᠰᠤᠷᠤᠭᠴᠢ ᠶᠢᠨ ᠬᠢᠨᠢ | ᠪᠠᠶᠢᠳᠠᠯ ᠢ ᠠᠵᠢᠭᠯᠠᠵᠠᠢ᠃ ᠭᠤᠤᠯ ᠲᠤᠭᠯᠠᠭᠴᠢ ᠪᠤᠯᠤᠭᠰᠠᠨ ᠰᠤᠷᠤᠭᠴᠢ ᠪᠦᠷᠬᠦᠳ ᠨᠢ ᠡᠪᠡᠳᠴᠢᠯᠡᠨ ᠰᠠᠭᠠᠳᠠᠵᠦ | ᠤᠷᠤᠯᠴᠠᠬᠤ ᠦᠭᠡᠢ ᠳᠤ ᠬᠦᠷᠪᠡᠯ ᠲᠡᠳᠡᠨ ᠤ ᠲᠤᠭᠯᠠᠯᠳᠠ ᠬᠠᠰᠤᠭᠳᠠᠬᠤ ᠠᠶᠤᠯᠳᠠᠢ ᠪᠠᠶᠢᠯ᠎ᠠ᠃ ᠲᠠᠷᠠᠭ᠎ᠠ ᠡᠳᠤᠷ ᠨᠢ | ᠪᠦᠷᠬᠦᠳ ᠨᠢ ᠮᠦᠨ ᠬᠠᠯᠠᠭᠤᠷᠠᠵᠦ ᠪᠠᠶᠢᠬᠰᠠᠨ ᠴᠤ ᠦᠪᠡᠷᠳᠡᠭᠡᠨ ᠵᠠᠪᠠᠯ ᠤᠷᠤᠯᠴᠠᠬᠤ ᠪᠠᠷ ᠭᠤᠶᠤᠴᠢᠯᠠᠵᠦ᠂ | ᠲᠠᠶᠢᠰᠠᠨ ᠳᠤ ᠭᠠᠷᠤᠮᠠᠭᠴᠠ ᠤᠷᠮ᠎ᠠ ᠨᠢ ᠰᠡᠷᠬᠦᠵᠤ ᠬᠤᠷᠡᠬᠰᠡᠨ ᠤᠯᠠᠨ ᠳᠤ ᠭᠠᠶᠢᠬᠠᠬᠲᠠᠬᠰᠠᠨ ᠪᠠᠶᠢᠨ᠎ᠠ᠃ ᠲᠡᠷᠡ | ᠤᠲᠠᠭ᠎ᠠ ᠨᠢ ᠲᠡᠲᠡᠨ ᠤ ᠲᠤᠬᠯᠠᠯᠲᠡ ᠲᠤᠩ ᠠᠮᠵᠢᠯᠳᠠᠳᠠᠢ ᠪᠤᠯᠵᠤ᠂ ᠭᠤᠷᠪᠠᠳᠤᠭᠠᠷ ᠳᠡᠰ ᠤᠨ ᠱᠠᠩᠨᠠᠯ ᠭᠥᠷᠳᠡᠵᠠᠢ᠃ | ᠲᠤᠭᠯᠠᠯᠳᠠ ᠪᠠᠨ ᠲᠠᠭᠤᠰᠤᠮᠠᠭᠴᠠ ᠵᠠᠩ ᠱᠦ ᠭᠤᠸᠠᠩ ᠰᠤᠷᠤᠭᠴᠢ ᠪᠦᠷᠬᠦᠳ ᠢᠶᠠᠨ ᠲᠠᠭᠠᠭᠤᠯᠵᠦ ᠲᠠᠬᠢᠨ | ᠡᠮᠨᠡᠯᠭᠡ ᠶᠢᠨ ᠬᠤᠷᠢᠶ᠎ᠠ ᠶᠢ ᠴᠢᠭᠯᠡᠭᠰᠡᠨ ᠭᠡᠳᠡᠭ᠃ | ︽ᠡᠨᠡ ᠶᠠᠪᠤᠳᠠᠯ ᠨᠡᠳᠡᠳᠤ ᠶᠡᠭᠡ ᠲᠤᠭᠳᠤᠯᠤᠯ ᠪᠤᠯᠤᠭᠰᠠᠨ᠃ ᠮᠢᠨᠦ ᠰᠤᠷᠤᠭᠴᠢ ᠪᠦᠷᠬᠦᠳ ᠦᠨᠡᠬᠡᠷ | ᠬᠠᠯᠠᠭᠤᠷᠠᠭᠠᠳ ᠪᠡᠶ᠎ᠠ ᠨᠢ ᠲᠠᠭᠵᠢᠨ ᠴᠠᠴᠠᠷᠠᠵᠦ ᠪᠠᠶᠢᠪᠠᠴᠤ ᠡᠨᠡ ᠵᠠᠪᠰᠢᠶᠠᠨ ᠢ ᠠᠯᠳᠠᠵᠤ ᠪᠤᠯᠬᠤ ᠦᠭᠡᠢ ᠬᠡᠮᠡᠨ | ᠰᠢᠳᠤ ᠪᠠᠨ ᠵᠠᠭᠤᠨ ᠲᠡᠰᠪᠤᠷᠢᠯᠠᠵᠦ ᠪᠠᠶᠢᠭᠠᠳ ᠲᠤᠭᠯᠠᠯᠳᠠ ᠪᠠᠨ ᠲᠡᠬᠦᠰ ᠠᠮᠵᠢᠯᠳᠠᠲᠠᠢ ᠪᠡᠶᠡᠯᠡᠬᠦᠯᠵᠡᠢ᠃ ᠪᠠᠭᠰᠢ ᠨᠢ | ᠪᠤᠯᠤᠭᠰᠠᠨ ᠪᠢ ᠰᠤᠷᠤᠭᠴᠢ ᠪᠠᠨ ᠦᠨᠡᠬᠡᠷ ᠦᠷᠦ ᠡᠪᠡᠳᠦᠭᠰᠡᠨ ᠮᠦᠷᠳᠡᠭᠡᠨ ᠤᠮᠤᠭᠰᠢᠵᠠᠢ︾ ᠭᠡᠵᠦ ᠵᠠᠩ ᠱᠦ | ᠭᠤᠸᠠᠩ ᠡᠷᠬᠢᠴᠡᠬᠦᠯᠤᠨ ᠶᠠᠷᠢᠯ᠎ᠠ᠃ | ᠵᠠᠩ ᠪᠠᠭᠰᠢ ᠶᠢ ᠲᠤᠭᠳᠤᠯᠤᠭᠤᠯᠤᠭᠰᠠᠨ ᠪᠠᠰᠠ ᠨᠢᠬᠡ ᠦᠯᠢᠬᠡᠷ ᠢ ᠬᠤᠪᠢᠶᠠᠯᠴᠠᠪᠠᠯ᠄ 2018 ᠤᠨ ᠳᠤ | ᠵᠢᠶᠠᠩᠰᠤ ᠮᠤᠵᠢ ᠳᠤ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠬᠡᠤᠬᠡᠳ ᠤᠨ ᠲᠠᠭᠤᠤᠷᠢᠯᠢᠭ ᠤᠨ | ᠤᠷᠠᠯᠢᠭ ᠤᠨ ᠦᠵᠡᠬᠦᠯᠭᠡ ᠳᠤ ᠤᠷᠤᠯᠴᠠᠬᠤ ᠳᠤ ᠡᠬᠦᠰᠦᠭᠰᠡᠨ ᠶᠠᠪᠤᠳᠠᠯ ᠪᠤᠯᠤᠨ᠎ᠠ᠃ ᠡᠨᠡ ᠤᠳᠠᠭ᠎ᠠ ᠪᠠᠭᠰᠢ | ᠰᠤᠷᠤᠭᠴᠢ ᠭᠡᠷ ᠤᠨ ᠠᠬᠠᠮᠠᠳ ᠲᠠᠢ ᠪᠠᠨ ᠤᠯᠠᠭᠤᠯᠠ ᠤᠴᠢᠵᠦ ᠲᠤᠭᠯᠠᠯᠳᠠ ᠭᠠᠷᠭᠠᠬᠤ ᠶᠢᠨ ᠲᠠᠭᠠᠤ ᠲᠤᠭᠤᠷᠢᠨ | ᠵᠤᠭᠠᠴᠠᠵᠦ ᠨᠢᠳᠤ ᠪᠠᠨ ᠬᠤᠵᠢᠷᠯᠠᠭᠰᠠᠨ ᠪᠠᠶᠢᠨ᠎ᠠ᠃ ᠬᠠᠮᠳᠤ ᠪᠠᠷ ᠬᠤᠭᠤᠯᠠᠯᠠᠬᠤ ᠵᠠᠭᠤᠷ᠎ᠠ ᠰᠤᠷᠤᠭᠴᠢᠳ ᠨᠢ | ᠭᠡᠨᠡᠳᠳᠡ ᠪᠠᠷ ᠨᠢᠭᠡ ᠨᠢᠭᠡ ᠪᠠᠷ ᠪᠤᠰᠴᠤ ᠵᠤᠭᠰᠤᠨ ᠪᠠᠭᠰᠢ ᠪᠤᠯᠤᠨ ᠭᠡᠷ ᠤᠨ ᠠᠬᠠᠮᠠᠳ ᠲᠤ ᠪᠠᠨ ᠲᠠᠯᠠᠷᠬᠠᠭᠰᠠᠨ | ᠰᠡᠳᠬᠢᠯ ᠢᠶᠠᠨ ᠢᠯᠡᠳᠭᠡᠵᠦ ᠦᠪᠡᠷ ᠦᠪᠡᠷ ᠤᠨ ᠪᠤᠳᠤᠯ ᠲᠦᠷᠦᠭᠳᠡᠯ ᠰᠡᠳᠬᠢᠯ ᠤᠨ ᠦᠬᠡ ᠪᠠᠨ ᠲᠡᠯᠭᠡᠭᠰᠡᠨ ᠨᠢ ᠵᠠᠩ | ᠱᠦ ᠭᠤᠸᠠᠩ ᠪᠤᠯᠤᠨ ᠭᠡᠷ ᠤᠨ ᠠᠬᠠᠮᠠᠳ ᠤᠨ ᠰᠡᠳᠬᠢᠯ ᠢ ᠬᠦᠨᠳᠡᠵᠦ ᠦᠨᠡᠬᠡᠷ ᠲᠤᠭᠳᠤᠯᠤᠨ ᠨᠢᠯᠪᠤᠰᠤ | ᠪᠦᠮᠪᠦᠷᠢᠬᠦᠯᠦᠭᠰᠡᠨ ᠭᠡᠳᠡᠭ᠃ ᠲᠡᠷᠡᠬᠡᠨ ᠭᠱᠡᠨ ᠳᠤ ᠵᠠᠩ ᠱᠦ ᠭᠤᠸᠠᠩ ᠤᠨ ᠨᠢᠳᠤᠨ ᠳᠤ ᠰᠤᠷᠤᠭᠴᠢᠳ ᠨᠢ ᠦᠨᠡᠬᠡᠷ | ᠲᠤᠮᠤᠭᠠᠵᠢᠵᠦ ᠤᠬᠠᠭᠠᠷᠠᠨ ᠡᠴᠢᠨᠡᠨ ᠵᠢᠯ ᠤᠨ ᠲᠤᠷᠰᠢ ᠲᠡᠬᠦᠨ ᠤ ᠴᠢᠷᠮᠠᠶᠢᠯᠭ᠎ᠠ ᠨᠢ ᠰᠤᠷᠤᠭᠴᠢᠳ ᠤᠨ ᠬᠢᠨᠢ ᠠᠰᠪᠤᠷ | ᠴᠠᠭᠠᠪᠤᠷ ᠦᠨᠡᠨ ᠰᠡᠳᠬᠢᠯ ᠤᠨ ᠦᠭᠡᠨ ᠠᠴᠠ ᠬᠠᠷᠢᠭᠤ ᠪᠠᠨ ᠤᠯᠤᠭᠰᠠᠨ ᠰᠢᠭ᠋ ᠰᠠᠨᠠᠭᠳᠠᠵᠦ ᠰᠡᠳᠬᠢᠯ ᠨᠢ ᠪᠠᠶᠠᠷ | ᠲᠤᠬᠲᠤᠯᠤᠯ ᠳᠤ ᠠᠪᠲᠠᠬᠰᠡᠨ ᠬᠡᠲᠡᠭ᠃ | ᠡᠶᠢᠮᠦᠷᠬᠦᠦ ᠤᠯᠠᠨ ᠤᠯᠠᠨ ᠦᠯᠢᠭᠡᠷ ᠦᠢᠯᠡ ᠶᠠᠪᠤᠳᠠᠯ᠂ ᠬᠠᠴᠢᠨ ᠰᠤᠨᠢᠨ ᠤᠴᠠᠷᠠᠯ ᠲᠤᠬᠢᠶᠠᠯᠳᠤᠯ ᠨᠢ ᠵᠠᠩ ᠱᠦ | ᠭᠤᠸᠠᠩ ᠪᠤᠯᠤᠨ ᠲᠡᠬᠦᠨ ᠤ ᠲᠦᠷᠪᠡᠨ ᠤᠳᠠᠰᠤᠳᠤ ᠬᠤᠭᠤᠷ ᠤᠨ ᠤᠨᠴᠠᠯᠢᠭᠳᠤ ᠠᠩᠬᠢ ᠳᠤ ᠮᠦᠨ ᠡᠬᠦᠰᠦᠭᠰᠡᠭᠡᠷ | ᠪᠢᠯᠡ᠃ ᠡᠨᠡ ᠨᠢ ᠪᠠᠭᠰᠢ ᠰᠤᠷᠤᠭᠴᠢ ᠶᠢᠨ ᠨᠠᠨᠳᠢᠨ ᠲᠤᠷᠠᠰᠤᠮᠵᠢ ᠪᠤᠯᠬᠤ ᠨᠢ ᠭᠠᠷᠴᠠᠭ᠎ᠠ ᠦᠭᠡᠢ᠃ | ᠠᠷᠪᠠᠭᠠᠳ ᠵᠢᠯ ᠤᠨ ᠲᠤᠷᠰᠢ ᠵᠠᠩ ᠱᠦ ᠭᠤᠸᠠᠩ ᠤᠨ ᠲᠠᠭᠠᠭᠤᠯᠭ᠎ᠠ ᠲᠤᠤᠷ᠎ᠠ ᠵᠠᠷᠤᠳ ᠬᠤᠰᠢᠭᠤᠨ ᠤ ᠮᠣᠩᠭᠤᠯ | ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠦᠷᠪᠡᠨ ᠤᠳᠠᠰᠤᠳᠤ ᠬᠤᠭᠤᠷ ᠤᠨ ᠤᠨᠴᠠᠯᠢᠭᠳᠤ | ᠠᠩᠬᠢ ᠶᠢᠨ ᠰᠤᠷᠤᠭᠴᠢᠳ ᠤᠯᠠᠨ ᠤᠳᠠᠭᠠᠨ ᠤ ᠲᠤᠭᠯᠠᠯᠳᠠ ᠤᠷᠤᠯᠳᠤᠭᠠᠨ ᠢ ᠦᠡᠭᠭᠡᠷᠡᠭᠡᠭᠰᠡᠨ ᠮᠦᠷᠳᠡᠭᠡᠨ ᠤᠳᠠᠭ᠎ᠠ | ᠪᠤᠯᠭᠠᠨ ᠭᠠᠨᠵᠤᠭ᠎ᠠ ᠲᠦᠬᠦᠷᠡᠩ ᠪᠤᠴᠠᠭᠰᠠᠨ ᠭᠡᠵᠦ ᠬᠡᠯᠡᠬᠦ ᠳᠤ ᠢᠯᠡᠬᠦᠳᠡᠬᠦ ᠦᠭᠡᠢ᠃ ᠡ᠊ᠡᠳᠡ ᠲᠡᠳᠡᠨ ᠤ | ᠤᠷᠤᠯᠴᠠᠭᠰᠠᠨ ᠤᠷᠤᠯᠳᠤᠭᠠᠨ ᠲᠤᠭᠯᠠᠯᠳᠠ ᠠᠴᠠ ᠴᠤᠬᠤᠰ ᠲᠡᠯᠭᠡᠪᠡᠯ᠂ 2010 ᠣᠨ ᠤ 6 ᠰᠠᠷ᠎ᠠ ᠳᠤ᠂ ᠪᠦᠬᠦ | ᠤᠯᠤᠰ ᠤᠨ ᠨᠠᠢᠮᠠᠨ ᠮᠣᠵᠢ ᠣᠷᠣᠨ ᠤ ᠳᠥᠷᠪᠡᠨ ᠤᠲᠠᠰᠤᠲᠤ ᠬᠤᠭᠤᠷ ᠤᠨ ᠤᠷᠤᠯᠳᠤᠭᠠᠨ ᠤ ᠱᠠᠩᠨᠠᠯ ᠣᠯᠭᠤᠬᠤ | ᠦᠳᠡᠰᠢᠯᠡᠭᠡ ᠶᠢᠨ ᠡᠬᠢᠯᠡᠯᠳᠡ ᠶᠢᠨ ᠲᠤᠭᠯᠠᠯᠳᠠ ᠪᠠᠷ ᠤᠷᠤᠯᠴᠠᠬᠰᠡᠨ ᠪᠠᠶᠢᠨ᠎ᠠ᠃ 2012 ᠣᠨ ᠤ 6 ᠰᠠᠷ᠎ᠠ ᠳᠤ | ᠲᠥᠪ ᠤᠨ ᠲᠧᠯᠸᠢᠰ ᠬᠤᠷᠢᠶᠠᠨ ᠤ ᠡᠷᠬᠢᠯᠡᠭᠰᠡᠨ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠳᠤ | ᠣᠷᠣᠯᠴᠠᠪᠠ︔ 2013 ᠣᠨ ᠳᠤ ᠪᠥᠬᠦ ᠣᠷᠣᠨ ᠤ ︽ᠬᠤᠷᠴᠢᠨ ᠬᠤᠨᠳᠠᠭᠠᠲᠤ︾ ᠥᠯᠢᠭᠡᠷ ᠬᠤᠯᠪᠤᠭ᠎ᠠ ᠶᠢᠨ | ᠤᠷᠤᠯᠳᠤᠭᠠᠨ ᠤ ︽ᠰᠢᠨ᠎ᠡ ᠤᠳᠤᠨ ᠱᠠᠩᠨᠠᠯ︾ ᠢ ᠭᠥᠷᠳᠡᠪᠡ︔ 2015 ᠣᠨ ᠤ 1 ᠰᠠᠷ᠎ᠠ ᠳᠤ ᠥᠪᠥᠷ | ᠮᠣᠩᠭᠤᠯ ᠤᠨ ᠷᠠᠳᠢᠤ᠋ ᠲᠧᠯᠸᠢᠰ ᠬᠤᠷᠢᠶᠠᠨ ᠤ ᠪᠠᠭᠠᠴᠤᠳ ᠬᠡᠤᠬᠡᠳ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ | ᠲᠣᠭᠯᠠᠯᠲᠠ ᠳᠤ ᠣᠷᠣᠯᠴᠠᠪᠠ︔ 2016 ᠣᠨ ᠳᠤ ︽ᠳᠤᠮᠳᠠᠳᠤ ᠤᠯᠤᠰ • ᠷᠠᠰᠢᠶᠠᠨ ᠤ ᠣᠯᠠᠨ ᠤᠯᠤᠰ ᠤᠨ | ᠪᠡᠶ᠎ᠡ ᠰᠤᠪᠢᠯᠠᠬᠤ ᠮᠥᠰᠥ ᠴᠠᠰᠤᠨ ᠤ ᠪᠠᠶᠠᠷ︾ ᠤᠨ ᠲᠣᠭᠯᠠᠯᠲᠠ ᠳᠤ ᠣᠷᠣᠯᠴᠠᠵᠤ᠂ 6 ᠰᠠᠷ᠎ᠠ ᠶᠢᠨ 8 ᠤ ᠡᠳᠦᠷ | ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠦᠵᠡᠭᠦᠯᠭᠡ ︵ᠵᠠᠷᠤᠳ | ᠬᠤᠰᠢᠭᠤᠨ ᠤ ᠲᠤᠰᠬᠠᠢ ᠲᠠᠯᠠᠪᠠᠢ︶ ᠶᠢᠨ ᠲᠣᠭᠯᠠᠯᠲᠠ ᠳᠤ ᠣᠷᠣᠯᠴᠠᠪᠡ ᠁ | 2014 ᠣᠨ ᠤ 8 ᠰᠠᠷ᠎ᠠ ᠳᠤ ᠰᠧᠴᠤᠸᠠᠨ ᠤ ᠴᠧᠩᠳᠦ᠋ ᠳᠤ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ | ᠪᠥᠬᠦ ᠤᠯᠤᠰ ᠤᠨ ᠪᠠᠭᠠᠴᠤᠳ ᠤᠨ ᠳᠠᠭᠤᠤᠷᠢᠯᠢᠭ ᠤᠨ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ | ᠭᠥᠷᠳᠡᠪᠡ᠃ 2015 ᠣᠨ ᠤ 1 ᠰᠠᠷ᠎ᠠ ᠳᠤ ᠵᠢᠯᠣᠭᠤᠳᠤᠭᠰᠠᠨ ᠰᠤᠷᠤᠭᠴᠢᠳ ᠨᠢ ᠥᠪᠥᠷ ᠮᠣᠩᠭᠤᠯ ᠤᠨ ᠲᠧᠯᠸᠢᠰ | ᠬᠤᠷᠢᠶᠠᠨ ᠤ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠲᠣᠭᠯᠠᠯᠲᠠ ᠳᠤ ᠣᠷᠣᠯᠴᠠᠪᠠ︔ | 2018 ᠣᠨ ᠳᠤ ᠨᠠᠶ᠋ᠮᠠᠳᠤᠭᠠᠷ ᠬᠤᠭᠤᠴᠠᠭᠠᠨ ᠤ ᠪᠥᠬᠦ ᠤᠯᠤᠰ ᠤᠨ ᠪᠠᠭᠠᠴᠤᠳ ᠬᠡᠤᠬᠡᠳ ᠤᠨ ᠳᠠᠭᠤᠤᠷᠢᠯᠢᠭ ᠤᠨ | ᠦᠵᠡᠭᠦᠯᠭᠡ ᠳᠤ ᠣᠷᠣᠯᠴᠠᠪᠡ᠃ 2018 ᠣᠨ ᠳᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠤᠷ᠎ᠠ | ᠴᠢᠳᠠᠪᠤᠷᠢ ᠶᠢᠨ ᠤᠷᠤᠯᠳᠤᠭᠠᠨ ᠳᠤ ᠣᠷᠣᠯᠴᠠᠪᠠ᠃ 2019 ᠣᠨ ᠤ ᠪᠦᠬᠦ ᠤᠷᠤᠨ ᠤ ᠠᠩᠬᠠᠳᠠᠭᠴᠢ ᠤᠳᠠᠭᠠᠨ ᠤ | ᠬᠡᠤᠬᠡᠳ ᠪᠠᠭᠠᠴᠤᠳ ᠤᠨ ᠳᠠᠭᠤᠤᠷᠢᠯᠢᠭ ᠤᠨ ᠤᠷᠤᠯᠳᠤᠭᠠᠨ ᠤ ᠰᠢᠯᠢᠳᠡᠭ ᠲᠤᠭᠯᠠᠯᠳᠠ ᠶᠢᠨ ᠦᠵᠡᠬᠦᠯᠭᠡ ᠳᠤ | ᠣᠷᠣᠯᠴᠠᠨ᠂ ᠠᠯᠲᠠᠨ ᠮᠧᠳᠡᠯ ᠤᠨ ᠱᠠᠩᠨᠠᠯ ᠬᠦᠷᠳᠡᠪᠡ᠃ 2019 ᠣᠨ ᠳᠤ ᠰᠢᠨ᠎ᠡ ᠳᠤᠮᠳᠠᠳᠤ ᠤᠯᠤᠰ ᠤᠨ | ᠪᠠᠶᠢᠭᠤᠯᠤᠬᠲᠡᠬᠰᠡᠨ 70 ᠵᠢᠯ ᠤᠨ ᠣᠶ ᠶᠢ ᠪᠡᠯᠭᠡᠯᠡᠬᠦ ᠵᠢᠷᠭᠤᠭᠠᠨ ᠰᠠᠷ᠎ᠠ ᠶᠢᠨ ᠨᠢᠭᠡᠨ ᠤ ᠬᠡᠤᠬᠡᠳ ᠤᠨ ᠪᠠᠶᠠᠷ ᠢ | ᠪᠡᠯᠭᠡᠯᠡᠬᠦ ︽ᠥᠩᠭᠡᠲᠦ ᠲᠠᠯ᠎ᠠ ᠨᠤᠲᠤᠭ︾ ᠤᠨ ᠮᠣᠩᠭᠤᠯ ᠬᠡᠯᠡᠨ ᠤ ᠪᠠᠭᠠᠴᠤᠳ ᠬᠡᠤᠬᠡᠳ ᠤᠨ ᠦᠳᠡᠰᠢᠯᠡᠭᠡ ᠳᠤ | ᠣᠷᠣᠯᠴᠠᠵᠤ᠂ ᠮᠣᠩᠭᠤᠯ ᠦᠨᠳᠦᠰᠦᠲᠡᠨ ᠤ ᠣᠳᠣᠨ ᠲᠧᠯᠸᠢᠰ ᠠᠩᠬ᠎ᠠ ᠤᠳᠠᠭ᠎ᠠ ᠨᠡᠪᠲᠡᠷᠡᠭᠦᠯᠵᠦ᠂ ᠮᠣᠩᠭᠤᠯ | ᠦᠨᠳᠦᠰᠦᠲᠡᠨ ᠤ ᠣᠳᠣᠨ ᠲᠧᠯᠸᠢᠰ᠂ ᠮᠣᠩᠭᠤᠯ ᠬᠡᠯᠡᠨ ᠤ ᠰᠣᠶᠣᠯ ᠰᠢᠨᠵᠢᠯᠡᠭᠡ ᠰᠤᠪᠠᠭ ᠲᠤ ᠤᠯᠠᠨ ᠤᠳᠠᠭ᠎ᠠ | ᠨᠠᠪᠳᠠᠷᠡᠬᠦᠯᠪᠡ᠃ ᠲᠦᠪ ᠤᠨ ᠲᠧᠯᠧᠢᠰ ᠤᠨ ᠡᠬᠡ ᠤᠯᠤᠰ ᠪᠠ ᠠᠷᠠᠳ ᠲᠦᠮᠡᠨ ᠳᠤ ᠳᠤᠮᠳᠠᠳᠤ ᠤᠯᠤᠰ ᠠᠴᠠ | ᠳᠠᠭᠤᠤᠷᠢᠯᠢᠭ ᠤᠨ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠢᠯᠢᠳᠡᠭ ᠫᠷᠤᠭ᠍ᠷᠠᠮ ᠤᠨ | ᠦᠵᠡᠭᠦᠯᠭᠡ ᠶᠢᠨ ᠲᠣᠭᠯᠠᠯᠲᠠ ᠳᠤ ᠣᠷᠣᠯᠴᠠᠪᠠ ᠁ | | | | | | | | ᠡᠨᠡ ᠬᠦ ᠬᠤᠭᠤᠴᠠᠭᠠᠨ ᠳᠤ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ᠮᠣᠩᠭᠤᠯ ᠬᠡᠯᠡᠨ ᠤ ᠰᠤᠪᠠᠭ ᠤᠨ | ᠨᠠᠬᠢᠶ᠎ᠠ᠂ ᠨᠡᠶᠢᠭᠡᠮ ᠤᠨ ᠠᠵᠢᠭᠯᠠᠯᠲᠠ᠂ ᠤᠳᠤᠳ ᠲᠦᠭᠡᠬᠦ ᠴᠠᠭ᠂ ᠰᠤᠶᠤᠯ ᠡᠷᠳᠡᠨᠢ ᠲᠡᠯᠭᠡᠴᠡ᠂ ᠠᠪᠢᠶᠠᠰᠯᠢᠭ | ᠮᠤᠩᠭᠤᠯ ᠲᠡᠯᠭᠡᠴᠡ᠂ ᠲᠦᠩᠯᠢᠶᠣᠤ ᠶᠢᠨ ᠲᠧᠯᠸᠢᠰ ᠬᠤᠷᠢᠶ᠎ᠠ᠂ ᠵᠠᠷᠤᠳ ᠬᠤᠰᠢᠭᠤᠨ ᠤ ᠲᠧᠯᠸᠢᠰ ᠬᠤᠷᠢᠶ᠎ᠠ᠂ | ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠪᠠᠭᠠᠴᠤᠳ ᠤᠨ ᠰᠣᠨᠢᠨ ᠰᠡᠳᠬᠦᠯ ᠠᠴᠠ | ᠤᠷᠢᠳ ᠬᠤᠵᠢᠳ ᠤᠯᠠᠨ ᠤᠳᠠᠭ᠎ᠠ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠳᠦᠷᠪᠡᠨ ᠤᠲᠠᠰᠤᠲᠤ ᠬᠤᠭᠤᠷ ᠤᠨ ᠤᠨᠴᠠᠯᠢᠭᠳᠤ ᠠᠩᠭᠢ ᠶᠢᠨ ᠰᠤᠷᠤᠭᠴᠢᠳ ᠢ ᠮᠡᠳᠡᠭᠡᠯᠡᠭᠰᠡᠨ | ᠦᠡᠭᠬᠡᠷᠡᠯᠳᠡ ᠲᠠᠢ᠃ | ︽ᠤᠷᠴᠢᠮ ᠤᠨ ᠬᠡᠳᠤᠨ ᠵᠢᠯ ᠳᠤ ᠮᠤᠵᠢ ᠶᠢᠨ ᠲᠦᠪ᠂ ᠤᠷᠳᠤᠰ᠂ ᠪᠤᠭᠤᠳᠤ᠂ ᠪᠡᠭᠡᠵᠢᠩ᠂ ᠴᠧᠡᠭᠳᠦ᠋᠂ | ᠮᠤᠩᠭᠤᠯ ᠤᠯᠤᠰ ᠵᠡᠷᠭᠡ ᠭᠠᠵᠠᠷ ᠢᠶᠠᠷ ᠬᠡᠤᠬᠡᠳ ᠤᠳ ᠢᠶᠠᠨ ᠲᠠᠭᠠᠭᠤᠯᠵᠦ᠂ ᠲᠦᠷᠪᠡᠨ ᠤᠳᠠᠰᠤᠳᠤ ᠬᠤᠭᠤᠷ ᠤᠨ | ᠡᠭᠡᠰᠢᠭ ᠢᠶᠠᠨ ᠭᠠᠶᠢᠬᠠᠭᠤᠯᠵᠦ ᠶᠠᠪᠤᠭᠰᠠᠨ ᠳ᠋ᠠ᠃ ᠬᠤᠵᠢᠮ ᠲᠤᠬᠢᠶᠠᠯ ᠲᠠᠢ ᠪᠤᠯ ᠨᠡᠩ ᠶᠡᠭᠡ ᠲᠠᠶᠢᠰᠠᠨ ᠳᠤ | ᠬᠡᠤᠬᠡᠳ ᠢᠶᠠᠨ ᠲᠤᠭᠯᠠᠭᠤᠯᠵᠦ᠂ ᠦᠨᠲᠦᠰᠤᠲᠡᠨ ᠤ ᠤᠷᠠᠯᠢᠭ ᠢᠶᠠᠨ ᠨᠡᠩ ᠤᠯᠠᠨ ᠬᠦᠮᠤᠨ ᠳᠤ ᠲᠠᠨᠢᠨ ᠮᠡᠳᠡᠷᠡᠬᠦᠯᠵᠦ | ᠭᠠᠶᠢᠬᠠᠨ ᠪᠢᠰᠢᠷᠡᠬᠦᠯᠵᠦ ᠶᠠᠪᠤᠶ᠎ᠠ ᠭᠡᠵᠦ ᠰᠠᠨᠠᠵᠦ ᠪᠤᠢ︾ ᠬᠡᠮᠡᠨ ᠵᠠᠩ ᠱᠦ ᠭᠤᠸᠠᠩ ᠤᠮᠤᠭᠳᠠᠶᠢᠬᠠᠨ ᠶᠠᠷᠢᠨ᠎ᠠ᠃ | ᠡᠷᠬᠢᠮ ᠰᠠᠶᠢᠬᠠᠨ ᠶᠠᠭᠤᠮᠠᠨ ᠳᠤ ᠦᠵᠤᠬᠦᠷᠲᠦ ᠰᠡᠳᠬᠢᠯ ᠢᠶᠠᠷ ᠵᠢᠳᠬᠦᠭᠰᠡᠨ ᠬᠦᠮᠤᠨ ᠳᠤ ᠰᠡᠳᠬᠢᠯ ᠬᠦᠲᠡᠯᠬᠡᠮᠠ | ᠦᠯᠢᠬᠡᠷ ᠲᠤᠲᠠᠬᠤ ᠦᠬᠡᠢ᠂ ᠠᠮᠵᠢᠯᠲᠡ ᠪᠦᠲᠦᠬᠡᠯ᠂ ᠵᠤᠯ ᠵᠢᠷᠭᠠᠯ ᠨᠡᠩ ᠲᠤᠲᠡᠬᠤ ᠦᠬᠡᠢ ᠬᠡᠲᠡᠭ ᠡᠨᠡ ᠳ᠋ᠠ︕ | |