︽ᠲᠦᠩᠯᠢᠶᠣᠤ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠠᠷᠠᠳ ᠲᠦᠮᠡᠨ ᠳᠤ ᠥᠭᠭᠦᠭᠰᠡᠨ ᠮᠡᠳᠡᠭᠦᠯᠦᠯᠲᠡ︾ | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ | | ᠰᠤᠷᠪᠤᠯᠵᠢᠯᠠᠭ᠎ᠠ ᠶᠢᠨ ᠨᠡᠷᠡᠶᠢᠳᠦᠯ᠄ ︽ᠲᠦᠩᠯᠢᠶᠣᠤ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ | ᠲᠦᠮᠡᠨ ᠳᠤ ᠮᠡᠳᠡᠭᠦᠯᠦᠭᠰᠡᠨ ᠮᠡᠳᠡᠭᠦᠯᠦᠯᠲᠡ︾ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶᠡᠨ | ᠲᠡᠭᠡᠷᠡᠬᠢ ᠰᠤᠷᠪᠤᠯᠵᠢᠯᠠᠭ᠎ᠠ | ᠰᠤᠷᠪᠤᠯᠵᠢᠯᠠᠭᠰᠠᠨ ᠴᠠᠭ᠄ 20212 09᠄ 39 | ᠰᠤᠷᠪᠤᠯᠵᠢᠯᠠᠭᠰᠠᠨ ᠵᠣᠴᠢᠨ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ | ᠱᠦᠵᠢ᠂ ᠲᠣᠪᠴᠢᠶᠠᠨ ᠳᠠᠷᠤᠭ᠎ᠠ ᠵᠢᠶᠠ ᠭᠤᠸᠠᠩ ᠼᠠᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ | ᡁᠢ ᠭᠦᠸᠧ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ ᠯᠢᠦ ᠬᠠᠶ ᠲᠤᠤ᠃ | ᠭᠤᠣᠯ ᠠᠭᠤᠯᠭ᠎ᠠ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶᠢᠷ᠎ᠠ ᠶᠢᠨ | ᠭᠤᠷᠪᠠᠨ ᠵᠢᠯ ᠤᠨ ᠲᠤᠷᠰᠢ ᠣᠯᠤᠭᠰᠠᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠯᠭᠡᠨ | ᠦᠵᠡᠭᠦᠯᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ︽ᠳᠥᠷᠪᠡᠨ ᠲᠡᠮᠦᠷ ᠮᠡᠲᠦ ᠳᠦᠷᠢ | ᠲᠥᠷᠬᠦ︾ ᠶᠢ ᠳᠡᠯᠭᠡᠨ ᠦᠵᠡᠭᠦᠯᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ | ᠶᠢᠨ ᠲᠡᠷᠢᠭᠦᠨ ᠵᠡᠷᠭᠡ ᠶᠢᠨ ᠬᠢ ᠶᠢ ᠲᠡᠮᠡᠴᠡᠨ ᠣᠯᠬᠤ᠂ ᠡᠮᠦᠨ᠎ᠡ ᠡᠩᠨᠡᠭᠡᠨ ᠳᠤ ᠵᠣᠭᠰᠣᠬᠤ ︽ᠴᠤᠭ ᠰᠦᠯᠳᠡ︾ ᠶᠢ | ᠬᠥᠭᠵᠢᠭᠡᠬᠦ ᠶᠢᠨ ᠲᠤᠰᠠᠳᠠ᠂ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠩᠯᠢᠶᠣᠤ | ᠬᠤᠲᠠ ᠶᠢᠨ ᠲᠧᠯᠸᠢᠰ ᠬᠤᠷᠢᠶ᠎ᠠ ᠲᠠᠢ ᠬᠠᠮᠲᠤᠷᠠᠨ ︽ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠠᠷᠠᠳ ᠲᠦᠮᠡᠨ ᠳᠤ ᠠᠩᠬᠠᠳᠠᠭᠴᠢ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠲᠤᠰᠬᠠᠶ ᠰᠡᠳᠦᠪᠲᠦ | ᠰᠤᠷᠪᠤᠯᠵᠢᠯᠠᠨ ᠶᠠᠷᠢᠯᠴᠠᠬᠤ︾ ᠫᠷᠦᠭᠷᠡᠮ ᠭᠠᠷᠭᠠᠵᠤ᠂ ᠰᠤᠷᠪᠤᠯᠵᠢᠯᠠᠨ ᠶᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠲᠦᠩᠯᠢᠶᠣᠤ ᠶᠢᠨ ᠳᠣᠲᠣᠭᠠᠳᠤ ᠶᠢ ᠬᠠᠮᠠᠭᠠᠯᠠᠬᠤ ᠦᠯᠢᠭᠡᠷ ᠢ ᠰᠠᠶᠢᠲᠤᠷ ᠶᠠᠷᠢᠵᠤ᠂ ᠳᠣᠲᠣᠭᠠᠳᠤ ᠶᠢ ᠬᠠᠮᠠᠭᠠᠯᠠᠬᠤ | ᠤᠬᠠᠭᠤᠯᠭ᠎ᠠ ᠶᠢᠨ ᠠᠵᠢᠯ ᠤᠨ ᠤᠯᠠᠮᠵᠢᠯᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ ᠪᠣᠯᠤᠨ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠃ 2 ᠰᠠᠷ᠎ᠠ ᠶᠢᠨ 8 ᠤ ᠡᠳᠦᠷ ᠳᠥᠷᠪᠡᠳᠦᠭᠡᠷ ᠬᠤᠭᠤᠴᠠᠭ᠎ᠠ | ᠶᠢᠨ ᠰᠤᠷᠪᠤᠯᠵᠢᠯᠠᠭ᠎ᠠ ᠶᠢ ᠬᠦᠢᠴᠡᠳᠭᠡᠪᠡ᠃ ᠣᠨᠴᠠ ᠤᠷᠢᠭᠰᠠᠨ ᠵᠣᠴᠢᠨ ᠪᠣᠯ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠢᠶᠠ ᠭᠤᠸᠠᠩ ᠼᠠᠢ᠂ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ | ᠳᠡᠳ᠋ ᠲᠣᠪᠴᠢᠶᠠᠨ ᠳᠠᠷᠤᠭ᠎ᠠ ᠯᠢ ᡁᠢ ᠭᠦᠸᠧ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ | ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ ᠯᠢᠦ ᠬᠠᠶ | ᠲᠤᠤ ᠪᠣᠯᠤᠨ᠎ᠠ᠃ | ᠬᠥᠲᠥᠯᠥᠭᠴᠢ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠶᠡᠷᠦᠩᠬᠡᠶ ᠱᠦᠵᠢ ᠶᠢᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠣᠶ︖ ︽ᠳᠥᠷᠪᠡᠨ ᠲᠡᠮᠦᠷ ᠮᠡᠲᠦ︾ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ | ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠪᠠᠰᠠ ᠶᠠᠮᠠᠷ ᠶᠠᠮᠠᠷ ᠠᠷᠭ᠎ᠠ | ᠬᠡᠮᠵᠢᠶ᠎ᠡ ᠪᠠᠶᠢᠬᠤ ᠪᠣᠶ︖ | ﹇ᠵᠢᠶᠠ ᠭᠤᠸᠠᠩ ᠼᠠᠢ﹈ ᠨᠢᠭᠡ ᠵᠢᠯ ᠤᠨ ᠲᠤᠷᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠤᠯᠴᠠᠯᠭ᠎ᠠ ᠶᠢ ᠰᠠᠶᠢᠲᠤᠷ ᠠᠳᠬᠤᠬᠤ ᠶᠢ ᠪᠠᠷᠢᠮᠲᠠᠯᠠᠪᠠ᠂ ᠤᠬᠠᠭᠤᠯᠭ᠎ᠠ | ᠰᠠᠶᠢᠨ᠂ ᠶᠡᠷᠦᠩᠬᠡᠶ ᠱᠦᠵᠢ ᠶᠢᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠬᠤ | ᠬᠡᠷᠡᠭᠲᠡᠶ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ | ᠡᠭᠦᠷᠭᠡ ᠪᠣᠯᠤᠭᠰᠠᠨ ᠤ ᠬᠤᠪᠢ ᠳᠤ᠂ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢᠨ ᠬᠡᠪᠴᠢᠶᠡᠨ ᠳᠤ | ᠣᠷᠣᠭᠤᠯᠪᠠ᠂ ᠪᠦᠬᠦ ᠴᠠᠭᠳᠠᠭᠠᠨ ᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠥᠷᠨᠢᠭᠦᠯᠬᠦ ᠪᠠᠷ ᠳᠠᠮᠵᠢᠨ᠂ | ᠳᠣᠲᠣᠭᠠᠳᠤ ᠶᠢ ᠬᠠᠮᠠᠭᠠᠯᠠᠬᠤ ︽ᠪᠢᠴᠢᠯ ᠴᠠᠭᠳᠠᠭᠠᠨ ᠰᠤᠷᠭᠠᠭᠤᠯᠢ︾᠂ ᠭᠤᠤᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠵᠡᠷᠭᠡ ᠣᠯᠠᠨ ᠵᠦᠶᠯ ᠤᠨ ᠬᠡᠯᠪᠡᠷᠢ᠂ ᠰᠤᠷᠤᠯᠴᠠᠨ ᠤᠬᠠᠭᠤᠯᠬᠤ ᠠᠴᠢᠶᠠᠯᠠᠪᠤᠷᠢ ᠶᠢ ᠲᠠᠰᠤᠷᠠᠯᠲᠠ ᠦᠭᠡᠢ | ᠪᠠᠶᠠᠯᠢᠭᠵᠢᠭᠤᠯᠤᠨ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠂ | ᠦᠨᠡᠨᠬᠦ ᠰᠤᠷᠴᠤ ᠨᠡᠪᠲᠡᠷᠡᠲᠡᠯ᠎ᠡ ᠮᠡᠳᠡᠬᠦ ᠬᠡᠷᠡᠭᠲᠡᠶ᠂ ᠭᠦᠨᠵᠡᠭᠡᠢ ᠰᠤᠷᠴᠤ ᠨᠡᠪᠲᠡᠷᠬᠡᠢ ᠣᠶᠢᠯᠠᠭᠠᠬᠤ᠂ ᠳᠣᠲᠣᠭᠠᠳᠤ ᠶᠢ | ᠬᠠᠮᠠᠭᠠᠯᠠᠬᠤ ᠡᠯ᠎ᠡ ᠵᠦᠶᠯ ᠤᠨ ᠠᠵᠢᠯ ᠢ ᠰᠤᠷᠤᠯᠴᠠᠨ ᠲᠤᠭᠤᠰᠢᠯᠠᠭᠤᠯᠬᠤ ᠪᠠ ᠰᠠᠶᠢᠲᠤᠷ ᠬᠢᠬᠦ ᠶᠢ ᠦᠨᠡᠨ ᠬᠦ ᠨᠢᠭᠲᠠ | ᠤᠶᠠᠯᠳᠤᠭᠤᠯᠬᠤ ᠬᠡᠷᠡᠭᠲᠡᠶ᠂ ᠡᠩᠨᠡᠭᠡᠨ ᠤ ᠵᠢᠷᠤᠮᠵᠢᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ | ᠶᠡᠭᠡ ᠪᠠᠷ ᠳᠡᠭᠡᠭᠰᠢᠯᠡᠪᠡ᠂ ᠰᠠᠬᠢᠯᠭ᠎ᠠ ᠪᠠᠲᠤ ᠣᠪᠣᠷ ᠰᠤᠷᠲᠠᠯ ᠳᠤ ᠴᠢᠬᠤᠯᠠ ᠶᠡᠭᠡ ᠰᠢᠨ᠎ᠡ ᠬᠤᠪᠢᠷᠠᠯᠲᠠ ᠭᠠᠷᠪᠠ᠃ | ﹇ᠵᠢᠶᠠ ᠭᠤᠸᠠᠩ ᠼᠠᠢ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠨᠢᠭᠡ ᠲᠠᠯ᠎ᠠ ᠪᠠᠷ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ | ᠶᠢ ᠴᠢᠩᠭᠠᠳᠬᠠᠬᠤ ᠶᠢ ᠦᠨᠳᠦᠰᠦᠨ ᠤᠯᠤᠰ ᠲᠥᠷᠥ ᠶᠢᠨ ᠵᠠᠷᠴᠢᠮ ᠪᠣᠯᠭᠠᠬᠤ ᠶᠢ ᠢᠮᠠᠭᠲᠠ ᠪᠠᠷᠢᠮᠲᠠᠯᠠᠪᠠ᠂ ᠲᠤᠭ | ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠦᠨᠳᠦᠰᠦᠨ ᠱᠠᠭᠠᠷᠳᠠᠯᠭ᠎ᠠ ᠪᠣᠯᠭᠠᠬᠤ ᠬᠡᠷᠡᠭᠲᠡᠶ᠂ ᠪᠦᠬᠦ | ᠠᠷᠠᠳ ᠤᠨ ᠲᠤᠰᠠᠯᠠᠭᠴᠢ ᠴᠠᠭᠳᠠᠭ᠎ᠠ ᠶᠢᠨ ᠦᠨᠡᠨᠴᠢ ᠰᠢᠳᠤᠷᠭᠤ ᠭᠤᠣᠯᠯᠠᠭᠴᠢ ᠶᠢ ᠲᠠᠰᠤᠷᠠᠯᠲᠠ ᠦᠭᠡᠢ | ᠴᠢᠩᠭᠠᠳᠬᠠᠨ᠎ᠠ᠂ ᠭᠤᠣᠯᠯᠠᠭᠴᠢ ᠶᠢ ᠬᠦᠷᠢᠶᠡᠯᠡᠬᠦ᠂ ᠭᠤᠣᠯ ᠢ ᠨᠢ ᠳᠠᠭᠠᠬᠤ᠂ ᠭᠤᠤᠯᠯᠠᠭᠴᠢ ᠶᠢ ᠬᠠᠮᠠᠭᠠᠯᠠᠬᠤ ᠳᠡᠭᠡᠳᠦ | ᠬᠡᠮᠵᠢᠶᠡᠨ ᠤ ᠤᠬᠠᠮᠰᠠᠷ᠂ ᠪᠦᠬᠦ ᠴᠠᠭᠳᠠᠭ᠎ᠠ ᠶᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠪᠡ᠂ ᠤᠯᠤᠰ ᠲᠥᠷᠥ ᠶᠢᠨ ᠤᠬᠠᠮᠰᠠᠷ ᠪᠠ ᠤᠯᠤᠰ ᠲᠥᠷᠥ ᠶᠢᠨ ᠬᠡᠷᠡᠭᠵᠢᠭᠦᠯᠬᠦ ᠬᠦᠴᠦᠨ᠂ | ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠬᠤ ᠬᠡᠷᠡᠭᠲᠡᠶ᠂ ᠬᠠᠷᠢᠴᠠᠯᠠᠰᠢᠭᠦᠶ ᠠᠷᠢᠭᠤᠨ ᠴᠡᠪᠡᠷ᠂ ᠯᠠᠪ ᠨᠠᠢᠳᠠᠪᠤᠷᠢᠲᠠᠢ | ᠠᠵᠢᠯᠯᠠᠭ᠎ᠠ ᠳᠡᠭᠡᠷ᠎ᠡ ᠨᠠᠢᠳᠠᠪᠤᠷᠢᠵᠢᠭᠤᠯᠤᠨ᠎ᠠ᠂ ᠠᠵᠢᠯ ᠳᠤᠮᠳᠠ ᠪᠠᠨ ᠳᠣᠲᠣᠭᠠᠳᠤ ᠶᠢ ᠬᠠᠮᠠᠭᠠᠯᠠᠬᠤ ᠠᠵᠢᠯ ᠤᠨ ᠡᠷᠡᠰ | ᠪᠠᠲᠤ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠢᠮᠠᠭᠲᠠ ᠪᠠᠲᠤᠯᠠᠨ᠎ᠠ᠂ ᠰᠢᠨ᠎ᠡ ᠴᠠᠭ ᠦᠶ᠎ᠡ ᠶᠢᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠶᠴᠡᠳᠬᠡᠶᠡ᠃ | ᠨᠥᠭᠦᠭᠡ ᠲᠠᠯ᠎ᠠ ᠪᠠᠷ ᠢᠮᠠᠭᠲᠠ ᠴᠢᠩᠭ᠎ᠠ ᠪᠠᠶᠢᠬᠤ ᠶᠢ ᠪᠠᠷᠢᠮᠲᠠᠯᠠᠨ᠎ᠠ᠂ ᠡᠴᠦᠰ ᠲᠤᠨᠢ ᠲᠤᠯᠲᠠᠯ᠎ᠠ ᠴᠢᠩᠭ᠎ᠠ | ᠱᠠᠭᠠᠷᠳᠠᠬᠤ᠂ ᠬᠦᠰᠡᠯᠡᠩ ᠢᠲᠡᠭᠡᠯ ᠵᠣᠷᠢᠭ ᠤᠨ ᠬᠥᠮᠦᠵᠢᠯ ᠢ ᠴᠠᠭᠳᠠᠭ᠎ᠠ ᠶᠢ ᠬᠥᠮᠦᠵᠢᠭᠦᠯᠬᠦ ᠰᠦᠭ ᠰᠦᠨᠡᠰᠦ | ᠪᠣᠯᠭᠠᠨ᠎ᠠ᠂ ᠦᠨᠳᠦᠰᠦ ᠰᠠᠭᠤᠷᠢ ᠶᠢ ᠪᠠᠬᠢᠵᠢᠭᠦᠯᠬᠦ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠢ ᠢᠮᠠᠭᠲᠠ | ᠰᠤᠯᠠᠷᠠᠭᠤᠯᠤᠯ ᠦᠭᠡᠢ ᠠᠳᠬᠤᠪᠠ᠂ ᠨᠠᠮ ᠢ ᠬᠠᠮᠢᠶᠠᠷᠴᠤ ᠴᠠᠭᠳᠠᠭ᠎ᠠ ᠶᠢ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠂ ᠡᠩᠨᠡᠭᠡᠨ ᠤ ᠴᠢᠳᠠᠪᠤᠷᠢ ᠬᠡᠪ ᠴᠢᠨᠠᠷ ᠪᠠ ᠰᠠᠬᠢᠯᠭ᠎ᠠ ᠪᠠᠲᠤ | ᠣᠪᠣᠷ ᠰᠤᠷᠲᠠᠯ ᠤᠨ ᠡᠳᠦᠷ ᠲᠤᠲᠤᠮ ᠤᠨ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠂ ᠡᠭᠦᠨ | ᠤ ᠬᠠᠮᠲᠤ ︽ᠤᠯᠤᠰ ᠲᠥᠷᠥ ᠪᠠᠷ ᠴᠠᠭᠳᠠᠭ᠎ᠠ ᠪᠠᠶᠢᠭᠤᠯᠵᠤ ᠴᠠᠭᠳᠠᠭ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ︾ | ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠬᠦ ᠪᠠᠷ ᠲᠣᠬᠢᠶᠠᠯ ᠪᠣᠯᠭᠠᠨ᠎ᠠ᠂ ᠴᠠᠭᠳᠠᠭᠠᠨ ᠤ ᠰᠠᠬᠢᠯᠭ᠎ᠠ ᠪᠠᠲᠤ ᠶᠢ | ᠤᠯᠠᠮ ᠨᠢᠭᠡ ᠠᠯᠬᠤᠮ ᠴᠢᠩᠳᠠᠯᠠᠨ᠎ᠠ᠂ ᠡᠩᠨᠡᠭᠡ ᠪᠠᠨ ᠴᠡᠪᠡᠷᠵᠢᠭᠦᠯᠬᠦ᠂ ᠪᠣᠳᠠᠲᠤ ᠪᠠᠶᠢᠯᠳᠤᠭᠠᠨ ᠳᠤ ᠠᠩᠬᠠᠷᠤᠯ ᠢᠶᠠᠨ | ᠲᠥᠪᠯᠡᠷᠡᠭᠦᠯᠬᠦ᠂ ᠴᠢᠩᠭᠠᠳᠬᠠᠬᠤ ᠪᠣᠯᠪᠠᠰᠤᠷᠠᠯ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ᠂ ᠬᠠᠷᠢᠭᠤᠴᠠᠯᠭ᠎ᠠ | ᠡᠭᠦᠷᠭᠡᠯᠡᠬᠦ ᠶᠢ ᠵᠣᠷᠢᠭᠵᠢᠭᠤᠯᠬᠤ᠂ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ | ᠬᠤᠪᠢᠰᠬᠠᠯᠲᠤ ᠴᠢᠨᠠᠷᠲᠠᠶ ᠳᠠᠪᠲᠠᠯᠲᠠ ᠳᠤᠮᠳᠠ ᠨᠠᠩ ᠡᠷᠡᠰ ᠴᠢᠩᠭ᠎ᠠ ᠬᠦᠴᠦᠨ ᠲᠠᠢ ᠪᠣᠯᠬᠤ ᠶᠢ ᠪᠠᠲᠤᠯᠠᠪᠠ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠨᠡᠩ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠬᠥᠲᠥᠯᠥᠭᠴᠢ᠄ 2020 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠲᠥᠪ | ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ | ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ ᠶᠠᠮᠠᠷ ᠶᠠᠮᠠᠷ ᠢᠯᠡᠳᠲᠡ ᠦᠷ᠎ᠡ ᠪᠦᠲᠦᠮᠵᠢ ᠣᠯᠤᠭᠰᠠᠨ | ᠪᠣᠶ︖ | ﹇ᠵᠢᠶᠠ ᠭᠤᠸᠠᠩ ᠼᠠᠢ﹈ ᠪᠥᠬᠦ ᠵᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠡᠷᠭᠢᠴᠡᠭᠦᠯᠬᠦ ᠳᠤ ᠬᠡᠳᠦᠨ | ᠵᠠᠩᠭᠢᠯᠠᠭ᠎ᠠ ᠶᠢᠨ ᠦᠭᠡ ᠪᠠᠷ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠵᠤ ᠪᠣᠯᠤᠨ᠎ᠠ᠄ ︽ᠶᠠᠭᠤᠨ ᠠᠴᠠ ᠴᠤ ᠠᠶᠤᠬᠤ | ᠥᠬᠡᠶ︾᠃ ᠭᠡᠨᠡᠳᠲᠡ ᠪᠠᠷ ᠲᠠᠭᠠᠷᠢᠨ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ | ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ ᠬᠤᠪᠢ ᠬᠥᠮᠦᠨ ᠤ ᠠᠮᠤᠷ ᠲᠦᠪᠰᠢᠨ ᠠᠶᠤᠯ ᠲᠦᠭᠰᠢᠭᠦᠷᠢ | ᠠᠴᠠ ᠠᠶᠤᠬᠤ ᠦᠭᠡᠢ᠂ ᠬᠢᠵᠢᠭ ᠢ ᠰᠡᠷᠭᠡᠶᠢᠯᠡᠨ ᠡᠵᠡᠮᠳᠡᠬᠦ ︽ᠡᠮᠦᠨ᠎ᠡ ᠹᠷᠣᠨᠲ︾ ᠲᠤ ᠰᠥᠷᠭᠡᠦᠯᠡᠨ ᠲᠠᠭᠠᠷᠢᠵᠦ᠂ | ᠪᠣᠭᠤᠮᠲᠠ ᠠᠴᠠ ᠵᠢᠵᠢᠭᠦᠷᠯᠡᠬᠦ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠵᠠᠮ ᠮᠥᠷ ᠢ ᠮᠥᠷᠳᠡᠬᠦ᠂ | ᠪᠣᠳᠠᠲᠠᠢ ᠳᠤ ᠨᠠᠶᠢᠳᠠᠪᠤᠷᠢᠵᠢᠭᠤᠯᠤᠨ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠢᠯ ᠤᠨ ᠪᠠᠴᠢᠮ ᠬᠦᠴᠢᠷ ᠡᠭᠦᠷᠭᠡ ᠶᠢ | ᠪᠡᠶᠡᠯᠡᠭᠦᠯᠵᠦ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠪᠠᠬᠢᠯᠡᠯᠲᠡ | ᠶᠢ ᠪᠠᠲᠤ ᠴᠣᠭᠴᠠᠯᠠᠪᠠ᠃ | ﹇ᠵᠢᠶᠠ ᠭᠤᠸᠠᠩ ᠼᠠᠢ﹈ ︽ᠦᠨᠡᠨᠴᠢ ᠰᠢᠳᠤᠷᠭᠤ︾᠃ ᠬᠠᠷᠢᠶ᠎ᠠ ᠣᠷᠣᠨ ᠤ ᠨᠡᠶᠢᠭᠡᠮ ᠤᠨ ᠶᠡᠭᠡ ᠲᠠᠯ᠎ᠠ | ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠠᠵᠢᠯ ᠤᠨ ᠳᠤᠮᠳᠠ᠂ ᠪᠢᠳᠡ ᠦᠨᠡᠨᠴᠢ ᠰᠢᠳᠤᠷᠭᠤ ᠪᠠᠷ | ᠬᠠᠷᠢᠭᠤᠴᠠᠯᠭ᠎ᠠ ᠡᠭᠦᠷᠭᠡᠯᠡᠵᠦ᠂ ᠪᠦᠬᠦ ᠬᠦᠴᠦᠨ ᠢᠶᠠᠷ ᠢᠶᠠᠨ ᠠᠵᠢᠯᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ | ᠤ ᠦᠵᠡᠯᠲᠡ ᠶᠢ ᠢᠮᠠᠭᠲᠠ ᠪᠠᠲᠤ ᠪᠤᠢ ᠪᠣᠯᠭᠠᠵᠤ᠂ ᠬᠦᠨᠳᠦ ᠶᠡᠭᠡ ᠤᠯᠤᠰ ᠲᠦᠷᠦ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠦᠷᠳᠡᠭᠦᠯᠦᠯ ᠢ ᠡᠰᠡᠷᠭᠦᠴᠡᠵᠦ ᠲᠣᠭᠲᠠᠭᠤᠨ | ᠪᠠᠶᠢᠳᠠᠯ ᠢ ᠬᠠᠮᠠᠭᠠᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠰᠦᠯᠵᠢᠶᠡᠨ ᠤ ᠨᠡᠶᠢᠭᠡᠮ ᠤᠨ | ᠬᠠᠮᠢᠶᠠᠷᠤᠨ ᠡᠵᠡᠮᠳᠡᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠠᠴᠠ ᠪᠣᠯᠤᠭᠰᠠᠨ ᠲᠥᠪᠯᠡᠷᠡᠭᠰᠡᠨ ᠬᠡᠷᠡᠭ ᠢ ᠪᠦᠲᠦᠮᠵᠢᠲᠡᠢ | ᠠᠷᠭᠠᠴᠠᠭᠠᠨ ᠵᠣᠬᠢᠰᠲᠠᠢ ᠰᠢᠢᠳᠪᠦᠷᠢᠯᠡᠵᠦ᠂ ᠵᠠᠪᠰᠢᠶᠠᠨ ᠢ ᠳᠠᠯᠢᠮᠳᠠᠭᠤᠯᠤᠨ ᠬᠡᠷᠡᠭ ᠡᠳᠦᠭᠰᠡᠨ ᠡᠲᠡᠭᠡᠳ ᠢ ᠴᠢᠩᠭ᠎ᠠ | ᠰᠢᠢᠳᠬᠡᠵᠦ᠂ ᠬᠥᠰᠢᠭᠡ ᠶᠢᠨ ᠠᠷᠤ ᠳᠠᠬᠢ ︽ᠬᠠᠷ᠎ᠠ ᠭᠠᠷ︾ ᠢ ᠭᠦᠨ ᠮᠠᠯᠲᠠᠪᠠ᠃ ᠡᠭᠦᠨ ᠤ ᠬᠠᠮᠲᠤ᠂ ᠪᠢᠳᠡ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠳᠠᠷᠠᠭᠤᠯᠬᠤ ᠪᠠ ᠰᠦᠪᠡᠭᠴᠢᠯᠡᠬᠦ ᠶᠢ | ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠵᠠᠬᠢᠳᠠᠯ ᠰᠤᠷᠪᠤᠯᠵᠢᠯᠠᠯ ᠤᠨ | ᠬᠥᠮᠦᠰ ᠢ ᠲᠣᠭᠲᠠᠭᠤᠨ ᠢᠶᠠᠷ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠬᠤᠯᠠ ᠶᠡᠭᠡ | ᠠᠵᠢᠯᠯᠠᠭ᠎ᠠ ᠶᠢᠨ ᠬᠤᠷᠠᠯ ᠤᠨ ᠬᠤᠭᠤᠴᠠᠭᠠᠨ ᠳᠠᠬᠢ ︽ᠰᠤᠷᠪᠤᠯᠵᠢᠯᠠᠬᠤ ᠥᠬᠡᠶ᠂ ᠳᠠᠩᠰᠠᠯᠠᠬᠤ ᠥᠬᠡᠶ᠂ ᠲᠣᠭᠲᠠᠭᠠᠯ | ᠠᠴᠠ ᠵᠥᠷᠢᠴᠡᠬᠦ ᠥᠬᠡᠶ︾ ᠪᠠᠶᠢᠬᠤ ᠡᠭᠦᠷᠭᠡ ᠬᠠᠷᠠᠯᠲᠠ ᠶᠢ ᠪᠡᠶᠡᠯᠡᠭᠦᠯᠪᠡ᠃ | ﹇ᠵᠢᠶᠠ ᠭᠤᠸᠠᠩ ᠼᠠᠢ﹈ ︽ᠰᠡᠯᠡᠮ᠎ᠡ ᠪᠠᠨ ᠲᠠᠯᠠᠶᠢᠨᠠ︾᠃ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ | ᠳᠤ ᠴᠢᠩᠭ᠎ᠠ ᠴᠣᠬᠢᠯᠲᠠ ᠥᠭᠬᠦ ᠲᠠᠯ᠎ᠠ ᠪᠠᠷ᠂ ᠪᠢᠳᠡ ᠡᠷᠡᠯᠬᠡᠭᠯᠡᠨ ᠪᠠᠶᠢᠯᠳᠤᠵᠤ᠂ ᠵᠣᠷᠢᠭᠲᠠᠢ ᠪᠠᠷ ᠰᠡᠯᠡᠮ᠎ᠡ ᠭᠠᠷᠭᠠᠵᠤ᠂ | ᠨᠢᠭᠡ ᠵᠢᠯ ᠤᠨ ᠳᠣᠲᠣᠷ᠎ᠠ ᠡᠯ᠎ᠡ ᠲᠦᠷᠦᠯ ᠤᠨ ᠡᠷᠡᠭᠦᠦ ᠶᠢᠨ ᠬᠡᠷᠡᠭ ᠢ ᠨᠡᠶᠢᠳᠡ 445 ᠬᠤᠪᠢ᠂ ᠠᠮᠤᠷ ᠢ | ᠬᠠᠮᠠᠭᠠᠯᠠᠬᠤ ᠬᠡᠷᠡᠭ ᠢ 1441 ᠬᠤᠪᠢ ᠳᠡᠩᠨᠡᠨ ᠢᠯᠡᠷᠡᠭᠦᠯᠵᠦ᠂ 655 ᠬᠥᠮᠦᠨ ᠢ ᠰᠢᠯᠵᠢᠭᠦᠯᠦᠨ ᠵᠠᠭᠠᠯᠳᠤᠭᠤᠯᠵᠤ᠂ | ᠨᠢᠭᠡᠨᠲᠡ 612 ᠬᠥᠮᠦᠨ ᠳᠤ ᠠᠯᠪᠠᠨ ᠵᠠᠭᠠᠯᠳᠤᠯᠭ᠎ᠠ ᠬᠢᠪᠡ᠃ ᠠᠵᠢᠯ ᠤᠨ ᠳᠤᠮᠳᠠ᠂ ᠪᠢᠳᠡ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠡᠭᠦᠯ ᠬᠤᠷᠢᠶᠠᠵᠤ ᠪᠣᠭᠤᠮᠲᠠ ᠰᠢᠪᠲᠤᠯᠬᠤ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠣᠷᠳᠣ | ᠬᠤᠭᠤᠴᠠᠭᠠᠨ ᠤ ᠪᠦᠲᠦᠮᠵᠢᠲᠡᠶ ᠪᠠᠶᠢᠩᠭᠤ ᠵᠠᠰᠠᠯᠲᠠ ᠶᠢ ᠬᠦᠴᠦᠯᠡᠨ ᠠᠬᠢᠭᠤᠯᠵᠤ᠂ 7 ᠬᠠᠷᠭᠢᠰ ᠬᠦᠴᠦᠨ ᠤ ᠶᠠᠯᠠᠲᠤ | ᠪᠦᠯᠬᠦᠮ ᠢ ᠪᠦᠬᠦᠨ ᠢ ᠰᠢᠭᠦᠨ ᠲᠡᠰᠦᠯᠪᠡ︔ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠠᠵᠢᠯ | ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠮᠤᠷ ᠢ ᠬᠠᠮᠠᠭᠠᠯᠠᠬᠤ ᠭᠤᠣᠯᠳᠠᠯᠭ᠎ᠠ ᠲᠠᠢ ᠠᠶᠢᠯ ᠲᠣᠰᠬᠤᠨ ᠢ | ᠲᠤᠰᠬᠠᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ 12 ᠵᠢᠯ ᠳᠠᠷᠠᠭᠠᠯᠠᠨ ᠤᠳᠤ ᠶᠢᠨ | ᠬᠡᠷᠡᠭᠵᠢᠭᠦᠯᠵᠦ ᠪᠠᠶᠢᠭ᠎ᠠ ᠠᠮᠢᠨ ᠬᠡᠷᠡᠭ ᠢ ᠪᠦᠬᠦᠨ ᠢ ᠢᠯᠡᠷᠡᠭᠦᠯᠬᠦ ᠶᠢᠨ ᠵᠡᠷᠭᠡ ᠪᠠᠷ ᠠᠮᠢᠨ ᠬᠡᠷᠡᠭ ᠢ 2 ᠤᠳᠠᠭ᠎ᠠ | ᠠᠮᠵᠢᠯᠲᠠ ᠲᠠᠢ ᠢᠯᠡᠷᠡᠭᠦᠯᠪᠡ︔ ᠴᠠᠬᠢᠯᠭᠠᠨ ᠢᠶᠠᠷ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠠᠬᠢᠯᠭᠠᠨ ᠢᠶᠠᠷ ᠮᠡᠬᠡᠯᠡᠬᠦ ᠶᠢ ᠡᠰᠡᠷᠭᠦᠴᠡᠬᠦ ᠳᠤᠮᠳᠠ ᠠᠩᠭᠢ ᠶᠢ | ᠪᠠᠶᠢᠭᠤᠯᠵᠤ᠂ ᠴᠠᠬᠢᠯᠭᠠᠨ ᠢᠶᠠᠷ ᠮᠡᠬᠡᠯᠡᠬᠦ 29 ᠬᠡᠷᠡᠭ ᠢ ᠪᠡᠶ᠎ᠡ ᠪᠠᠨ ᠳᠠᠭᠠᠭᠠᠵᠤ ᠳᠡᠩᠨᠡᠨ ᠢᠯᠡᠷᠡᠭᠦᠯᠵᠦ᠂ 81 ᠶᠠᠯ᠎ᠠ | ᠬᠢᠭᠰᠡᠨ ᠰᠡᠵᠢᠭᠳᠡᠨ ᠢ ᠪᠠᠷᠢᠪᠴᠢᠯᠠᠵᠤ᠂ 1500 ᠭᠠᠷᠤᠶ ᠲᠦᠮᠡᠨ ᠲᠥᠭᠦᠷᠢᠭ ᠲᠥᠯᠥᠬᠦ ᠶᠢ ᠵᠣᠭᠰᠣᠭᠠᠵᠤ᠂ 400 | ᠭᠠᠷᠤᠶ ᠲᠦᠮᠡᠨ ᠲᠥᠭᠦᠷᠢᠭ ᠢ ᠴᠡᠪᠳᠡᠭᠰᠢᠭᠦᠯᠪᠡ︔ ᠱᠠᠯᠢᠭ ᠵᠠᠪᠬᠠᠢ ᠵᠦᠢᠯ᠂ ᠵᠣᠭᠤᠰ ᠨᠠᠭᠠᠳᠬᠤ ᠳᠤ | ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ | ᠂ ᠱᠠᠯᠢᠭ ᠵᠠᠪᠬᠠᠢ ᠵᠦᠢᠯ᠂ ᠵᠣᠭᠤᠰ ᠨᠠᠭᠠᠳᠬᠤ ᠳᠤ ᠬᠤᠯᠪᠣᠭᠳᠠᠭᠰᠠᠨ 253 ᠬᠡᠷᠡᠭ ᠢ ᠳᠡᠩᠨᠡᠨ ᠰᠢᠢᠳᠪᠦᠷᠢᠯᠡᠪᠡ᠃ | ﹇ᠵᠢᠶᠠ ᠭᠤᠸᠠᠩ ᠼᠠᠢ﹈ ︽ᠠᠷᠠᠳ ᠤᠨ ᠲᠥᠯᠥᠭᠡ︾᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠠᠮᠢᠶᠠᠷᠤᠯᠲᠠ ᠦᠢᠯᠡᠴᠢᠯᠡᠭᠡ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠲᠠᠯ᠎ᠠ ᠪᠠᠷ᠂ ᠪᠢᠳᠡ ︽ᠠᠷᠠᠳ ᠲᠦᠮᠡᠨ | ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠤᠯᠠᠨ | ᠨᠡᠶᠢᠲᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠶᠤᠯᠲᠠᠢ ᠳᠡᠯᠪᠡᠷᠡᠬᠦ ᠪᠣᠳᠠᠰ᠂ | ᠪᠠᠷᠠᠭᠠᠨ ᠤ ᠭᠦᠢᠯᠭᠡᠭᠡ ᠶᠢᠨ ᠬᠦᠷᠭᠡᠯᠲᠡ᠂ ᠭᠠᠯ ᠰᠡᠷᠭᠡᠶᠢᠯᠡᠬᠦ ᠠᠮᠤᠷ ᠲᠦᠪᠰᠢᠨ ᠪᠠ ᠰᠤᠷᠭᠠᠭᠤᠯᠢ ᠶᠢᠨ ᠠᠮᠤᠷ | ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠴᠥᠮ ᠢᠯᠡᠳᠲᠡ ᠦᠷ᠎ᠡ ᠪᠦᠲᠦᠮᠵᠢ ᠣᠯᠵᠤ᠂ ᠪᠦᠬᠦ ᠵᠢᠯ ᠤᠨ | ᠬᠦᠨᠳᠦ ᠣᠨᠴᠠ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ︽ᠡᠭᠦᠰᠬᠦ ᠦᠭᠡᠢ︾ ᠪᠠᠶᠢᠬᠤ ᠶᠢ | ᠪᠡᠶᠡᠯᠡᠭᠦᠯᠪᠡ︔ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ ᠪᠣᠯᠤᠨ | ᠲᠣᠮᠢᠯᠠᠭᠰᠠᠨ ᠰᠠᠯᠪᠤᠷᠢ ᠶᠢᠨ ︽ᠰᠠᠯᠪᠤᠷᠢ ᠠᠩᠭᠢ ᠬᠠᠮᠲᠤᠷᠠᠨ ᠵᠢᠵᠢᠭᠦᠷᠯᠡᠬᠦ︾ ᠠᠵᠢᠯ ᠤᠨ ᠲᠣᠭᠲᠠᠴᠠ ᠶᠢ ᠶᠡᠬᠡᠪᠡᠷ | ᠬᠡᠷᠡᠭᠵᠢᠭᠦᠯᠵᠦ᠂ ᠨᠡᠯᠢᠶᠡᠳ ᠶᠡᠭᠡ ᠵᠠᠮ ᠬᠠᠷᠢᠯᠴᠠᠭᠠᠨ ᠤ ᠠᠳᠡᠯ ᠪᠦᠲᠦᠮᠵᠢᠲᠡᠶ ᠬᠤᠷᠢᠭᠯᠠᠭᠳᠠᠵᠤ᠂ ᠵᠠᠮ ᠬᠠᠷᠢᠯᠴᠠᠭᠠᠨ | ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠢᠯᠡᠳᠲᠡ ᠪᠠᠭᠠᠰᠴᠤ᠂ ᠢᠯᠠᠩᠭᠤᠶ᠎ᠠ ᠬᠥᠮᠦᠨ ᠠᠳᠡᠭᠰᠡᠨ ᠠᠳᠡᠯ | ᠤᠨ ᠪᠠᠭᠤᠷᠠᠯᠲᠠ ᠶᠢᠨ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠵᠢᠯ ᠤᠨ ᠳᠣᠲᠣᠷ᠎ᠠ ᠬᠥᠮᠦᠨ ᠠᠳᠡᠭᠰᠡᠨ ᠵᠠᠮ | ᠬᠠᠷᠢᠯᠴᠠᠭᠠᠨ ᠤ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ | ᠨᠢ ᠲᠣᠰ ᠲᠣᠰ 53.12 ᠪᠠ 54.28 ᠳᠤ ᠬᠥᠷᠪᠡ᠃ ᠡᠭᠦᠨ ᠠᠴᠠ ᠭᠠᠳᠠᠨ᠎ᠠ᠂ ᠪᠢᠳᠡ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠰᠦᠯᠵᠢᠶᠡᠨ ᠳᠡᠭᠡᠷ᠎ᠡ ᠨᠡᠶᠢᠳᠡᠮ ᠬᠢᠨᠠᠬᠤ᠂ ᠲᠥᠷᠥᠯ ᠵᠦᠶᠯ ᠳᠤᠲᠠᠭᠳᠠᠭᠰᠠᠨ ᠤ ᠳᠠᠷᠠᠭ᠎ᠠ | ᠨᠥᠬᠦᠪᠥᠷᠢᠯᠡᠬᠦ᠂ ᠢᠯᠡᠭᠡᠵᠦ ᠬᠦᠷᠭᠡᠬᠦ᠂ ᠬᠥᠳᠡᠭᠡ ᠲᠣᠰᠬᠤᠨ ᠤ ᠣᠷᠣᠯᠠᠨ ᠭᠦᠶᠴᠡᠳᠬᠡᠬᠦ᠂ ᠨᠢᠭᠡ ᠥᠷᠲᠡᠭᠡ ᠪᠠᠷ | ᠭᠦᠶᠴᠡᠳᠬᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠪᠣᠳᠠᠲᠠᠶ ᠳᠤ ᠨᠠᠶᠢᠳᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠪᠠ᠃ | ﹇ᠵᠢᠶᠠ ᠭᠤᠸᠠᠩ ᠼᠠᠢ﹈ ︽ᠲᠥᠪ ᠭᠤᠤᠯᠴᠢ︾᠃ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠪᠢᠳᠡ ᠦᠷᠭᠦᠯᠵᠢ ᠴᠢᠩᠭ᠎ᠠ ᠠᠳᠬᠤᠬᠤ᠂ ᠤᠳᠠᠭᠠᠨ | ᠳᠠᠭᠠᠭᠠᠮᠠᠭᠠᠶ ᠵᠢᠳᠬᠦᠨ ᠴᠢᠷᠮᠠᠶᠢᠬᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠢᠮᠠᠭᠲᠠ ᠪᠠᠲᠤ ᠪᠠᠬᠢ ᠪᠤᠢ | ᠪᠤᠯᠭᠠᠵᠤ᠂ ᠬᠠᠤᠯᠢᠵᠢᠯ ᠤᠨ ᠰᠡᠳᠬᠢᠬᠦᠶ ᠪᠠᠨ ᠴᠢᠩᠭᠠᠳᠬᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠶᠢ ᠭᠦᠨᠵᠡᠭᠡᠶᠢᠷᠡᠭᠦᠯᠬᠦ ᠦᠢᠯᠡᠳᠦᠯᠭᠡ ᠶᠢᠨ ᠰᠢᠨ᠎ᠡ ᠪᠠᠶᠢᠳᠠᠯ ᠳᠤ ᠢᠳᠡᠪᠬᠢᠲᠡᠢ ᠵᠤᠬᠢᠴᠠᠨ᠎ᠠ᠂ ᠬᠠᠤᠯᠢ ᠪᠠᠷ | ᠵᠠᠰᠠᠬᠤ ᠳᠣᠲᠣᠭᠠᠳᠤ ᠶᠢ ᠬᠠᠮᠠᠭᠠᠯᠠᠬᠤ ᠬᠠᠷᠠᠯᠲᠠ ᠶᠢ ᠪᠠᠶᠢᠭᠤᠯᠬᠤ ᠱᠠᠭᠠᠷᠳᠠᠯᠭ᠎ᠠ ᠳᠤ ᠠᠩᠬᠠᠷᠤᠯ ᠢᠶᠠᠨ | ᠲᠦᠪᠯᠡᠷᠡᠬᠦᠯᠦᠨ᠂ ᠬᠠᠤᠯᠢ ᠬᠡᠷᠡᠭᠵᠢᠭᠦᠯᠬᠦ ᠳᠤ ᠬᠥᠲᠥᠯᠥᠭᠴᠢ ᠶᠢᠨ ᠰᠡᠳᠦᠪ ᠪᠣᠯᠤᠨ ᠪᠠᠭᠤᠷᠠᠶ ᠲᠠᠯ᠎ᠠ ᠶᠢ ᠬᠦᠴᠦᠯᠡᠨ | ᠰᠢᠢᠳᠪᠦᠷᠢᠯᠡᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠢᠳᠡᠪᠬᠢᠲᠡᠢ ᠬᠡᠷᠡᠭᠵᠢᠭᠦᠯᠪᠡ᠂ ᠬᠢᠨᠠᠨ | ᠬᠠᠮᠢᠶᠠᠷᠬᠤ᠂ ᠦᠶᠯᠡᠴᠢᠯᠡᠭᠡᠨ ᠤ ᠪᠠᠲᠤᠯᠠᠭ᠎ᠠ ᠶᠢᠨ ︽ᠨᠢᠭᠡ ᠴᠣᠭᠴᠠᠵᠢᠭᠤᠯᠤᠭᠰᠠᠨ︾ ᠬᠠᠤᠯᠢ ᠬᠡᠷᠡᠭᠵᠢᠭᠦᠯᠬᠦ ᠵᠠᠭᠪᠤᠷ | ᠂ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠪᠠ ᠬᠠᠤᠯᠢ | ᠬᠡᠷᠡᠭᠵᠢᠭᠦᠯᠬᠦ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠂ ᠴᠢᠩᠭ᠎ᠠ | ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | ᠬᠥᠲᠥᠯᠥᠭᠴᠢ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠲᠣᠭᠲᠠᠭᠤᠨ ᠢ ᠬᠠᠮᠠᠭᠠᠯᠠᠬᠤ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠱᠠᠯᠢᠭ ᠵᠠᠪᠬᠠᠶ ᠵᠣᠭᠤᠰ ᠨᠠᠭᠠᠳᠬᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠳᠤᠮᠳᠠ | ᠶᠠᠮᠠᠷ ᠶᠠᠮᠠᠷ ᠲᠤᠷᠰᠢᠯᠭ᠎ᠠ ᠬᠢᠳᠡᠯ ᠪᠠᠶᠢᠬᠤ ᠪᠣᠶ︖ | ﹇ᠯᠢ ᡁᠢ ᠭᠦᠸᠧ﹈ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠠᠯ᠎ᠠ ᠪᠠᠷ᠂ ᠪᠢᠳᠡ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠲᠠᠢ ᠤᠶᠠᠯᠳᠤᠭᠤᠯᠤᠨ᠂ ᠹᠧᠩ ᠴᠢᠶᠣᠤ ᠮᠠᠶ᠋ᠢᠭ ᠤᠨ ᠲᠣᠮᠢᠯᠠᠭᠰᠠᠨ ᠰᠠᠯᠪᠤᠷᠢ | ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ︽ᠠᠷᠠᠳ ᠤᠨ ᠡᠶᠡᠳᠡᠭᠦᠯᠭᠡ ᠶᠢᠨ ᠬᠠᠮᠲᠤᠷᠠᠭᠰᠠᠨ | ᠦᠢᠯᠡᠴᠢᠯᠡᠭᠡᠨ ᠤ ᠠᠵᠢᠯ ᠤᠨ ᠲᠣᠭᠲᠠᠴᠠ︾ ᠶᠢ ᠶᠡᠭᠡ ᠪᠠᠷ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠵᠠᠰᠠᠭ | ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ ᠶᠢ ᠪᠦᠲᠦᠮᠵᠢᠲᠡᠢ ᠪᠠᠷ ᠵᠣᠯᠭᠠᠯᠳᠤᠭᠤᠯᠬᠤ ᠶᠢ | ᠪᠡᠶᠡᠯᠡᠭᠦᠯᠵᠦ᠂ ᠠᠷᠠᠳ ᠤᠨ ᠡᠷᠡᠭᠦᠦ ᠰᠢᠳᠬᠡᠯ ᠰᠢᠯᠵᠢᠭᠦᠯᠬᠦ ᠬᠡᠷᠡᠭ ᠤᠨ ᠡᠭᠦᠰᠬᠦ ᠠᠴᠠ ᠪᠦᠲᠦᠮᠵᠢᠲᠡᠢ ᠵᠠᠶᠢᠯᠠᠰᠬᠢᠵᠦ᠂ | ᠵᠠᠬᠢᠳᠠᠯ ᠰᠤᠷᠪᠤᠯᠵᠢᠯᠠᠭ᠎ᠠ ᠶᠢᠨ ᠨᠤᠷᠮ᠎ᠠ ᠶᠢ ᠪᠠᠭᠤᠷᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠲᠤᠰᠬᠠᠯ ᠢ ᠤᠯᠪᠠ᠃ | ᠲᠠᠯᠪᠢᠬᠤ ᠬᠠᠮᠢᠶᠠᠷᠬᠤ ᠦᠶᠯᠡᠴᠢᠯᠡᠬᠦ ᠠᠵᠢᠯ ᠢ ᠭᠦᠨᠵᠡᠭᠡᠶᠢᠷᠡᠭᠦᠯᠬᠦ ᠲᠠᠯ᠎ᠠ ᠪᠠᠷ᠂ ᠪᠢᠳᠡ ᠴᠣᠩᠬᠤᠪᠴᠢ ᠶᠢᠨ ᠡᠬᠢ | ᠪᠠᠶᠠᠯᠢᠭ ᠢ ᠪᠥᠬᠦ ᠬᠦᠴᠦᠨ ᠢᠶᠠᠷ ᠢᠶᠠᠨ ᠡᠮᠬᠢᠯᠡᠨ ᠨᠡᠶᠢᠯᠡᠭᠦᠯᠵᠦ᠂ ᠠᠮᠤᠷ ᠢ ᠬᠠᠮᠠᠭᠠᠯᠠᠬᠤ᠂ ᠡᠷᠦᠬᠡ ᠠᠮᠠ ᠶᠢᠨ | ᠶᠠᠪᠤᠳᠠᠯ᠂ ᠭᠠᠯ ᠤᠨᠲᠠᠷᠠᠭᠠᠬᠤ᠂ ᠬᠤᠤᠷ ᠴᠠᠭᠠᠵᠠᠯᠠᠬᠤ᠂ ᠬᠢᠯᠢ ᠪᠠᠷ ᠣᠷᠣᠵᠤ ᠭᠠᠷᠬᠤ᠂ ᠰᠦᠯᠵᠢᠶᠡᠨ ᠤ ᠠᠮᠤᠷ | ᠲᠦᠪᠰᠢᠨ ᠵᠡᠷᠭᠡ ᠰᠠᠯᠠᠭ᠎ᠠ ᠮᠥᠴᠢᠷ ᠤᠨ 20 ᠵᠦᠶᠯ ᠤᠨ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠲᠤᠬᠠᠶᠢᠯᠠᠭᠰᠠᠨ | ᠠᠵᠢᠯ ᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠶᠯᠡᠴᠢᠯᠡᠭᠡᠨ ᠤ ᠲᠢᠩᠬᠢᠮ ᠳᠤ | ᠲᠥᠪᠯᠡᠷᠡᠭᠦᠯᠦᠨ ᠭᠦᠶᠴᠡᠳᠬᠡᠬᠦ ᠶᠢ ᠪᠦᠬᠦᠨ ᠢ ᠪᠡᠶᠡᠯᠡᠭᠦᠯᠵᠦ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ | ᠠᠪᠴᠤ ᠰᠢᠶᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ | ᠴᠣᠩᠬᠤᠪᠴᠢ ᠳᠤ ᠪᠢᠴᠢᠭ ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠣᠯᠠᠨ ᠲᠦᠮᠡᠨ ᠤ | ᠠᠳᠠᠯᠢ ᠪᠤᠰᠤ ᠰᠠᠯᠠᠭ᠎ᠠ ᠮᠥᠴᠢᠷ ᠤᠨ ᠴᠠᠭᠳᠠᠭᠠᠨ ᠤ ᠲᠥᠷᠥᠯ ᠤᠨ ᠬᠤᠭᠤᠷᠣᠨᠳᠣ ᠨᠠᠰᠢ ᠴᠠᠰᠢ ᠭᠦᠶᠦᠬᠦ ᠠᠴᠠ | ᠵᠠᠶᠢᠯᠠᠰᠬᠢᠪᠡ᠃ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠲᠡᠷᠭᠡ ᠵᠢᠯᠣᠭᠤᠳᠬᠤ ᠬᠠᠮᠢᠶᠠᠷᠤᠯᠲᠠ ᠶᠢᠨ | ᠴᠣᠩᠬᠤᠪᠴᠢ ᠶᠢᠨ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ ︽ᠵᠢᠯᠣᠭᠤᠴᠢ︾ ᠪᠠ ︽ | ᠮᠠᠰᠢᠨᠲᠤ ᠲᠡᠷᠭᠡ︾ ᠭᠡᠬᠦ ᠬᠤᠶᠠᠷ ᠶᠡᠭᠡ ᠲᠥᠷᠥᠯ ᠪᠣᠯᠭᠠᠵᠤ᠂ ᠲᠥᠷᠥᠯ ᠪᠦᠷᠢ ᠶᠢᠨ ᠴᠣᠩᠬᠤᠪᠴᠢ ᠳᠤ | ᠬᠤᠯᠪᠣᠭᠳᠠᠬᠤ ᠲᠤᠬᠠᠶᠢᠯᠠᠭᠰᠠᠨ ᠠᠵᠢᠯ ᠢ ︽ᠨᠢᠭᠡ ᠴᠣᠩᠬᠤᠪᠴᠢ ᠮᠠᠶ᠋ᠢᠭ︾ ᠢᠶᠠᠷ ᠭᠦᠶᠴᠡᠳᠬᠡᠬᠦ ᠶᠢ ᠪᠡᠶᠡᠯᠡᠭᠦᠯᠦᠨ᠎ᠡ᠃ | ᠪᠢᠳᠡ ᠲᠠᠯᠪᠢᠵᠤ ᠪᠣᠯᠬᠤ ᠶᠢ ᠪᠦᠷᠢᠨ ᠴᠢᠯᠥᠭᠡᠲᠡᠶ ᠪᠠᠶᠢᠯᠭᠠᠬᠤ ᠵᠠᠷᠴᠢᠮ ᠶᠣᠰᠣᠭᠠᠷ᠂ ᠡᠷᠬᠡ ᠶᠢᠨ ᠬᠢᠵᠠᠭᠠᠷ ᠢ ᠲᠤᠶᠢᠯ | ᠤᠨ ᠣᠨᠣᠪᠴᠢᠲᠠᠶ ᠪᠠᠷ ᠳᠣᠷᠣᠭᠰᠢ ᠪᠠᠭᠤᠯᠭᠠᠵᠤ᠂ ᠣᠷᠣᠰᠢᠨ ᠰᠠᠭᠤᠬᠤ ᠦᠨᠡᠮᠯᠡᠯ ᠢ ᠭᠥᠯᠢᠶᠡᠨ ᠠᠪᠴᠤ | ᠰᠢᠶᠳᠪᠦᠷᠢᠯᠡᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠶᠴᠡᠳᠬᠡᠬᠦ᠂ ᠬᠡᠷᠡᠭᠯᠡᠵᠦ ᠥᠩᠭᠡᠷᠡᠭᠰᠡᠨ ᠨᠡᠷ᠎ᠡ ᠨᠡᠮᠡᠬᠦ᠂ | ᠬᠤᠲᠠ ᠶᠢᠨ ᠳᠣᠲᠣᠷᠠᠬᠢ ᠡᠷᠦᠬᠡ ᠠᠮᠠ ᠰᠢᠯᠵᠢᠭᠦᠯᠬᠦ ᠨᠢᠭᠡ ᠥᠷᠲᠡᠭᠡ ᠮᠠᠶ᠋ᠢᠭ ᠤᠨ ᠭᠦᠶᠴᠡᠳᠬᠡᠬᠦ 4 ᠵᠦᠶᠯ ᠤᠨ | ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ ᠪᠠᠭᠤᠯᠭᠠᠵᠤ ᠭᠦᠶᠴᠡᠳᠬᠡᠪᠡ᠃ ᠮᠠᠰᠢᠨᠲᠤ ᠲᠡᠷᠭᠡ ᠶᠢ ᠰᠢᠯᠭᠠᠨ | ᠪᠠᠶᠢᠴᠠᠭᠠᠭᠠᠳ ᠬᠢᠷᠢ ᠲᠡᠩᠴᠡᠭᠰᠡᠨ ᠲᠡᠮᠳᠡᠭ ᠢ ᠬᠠᠷᠭᠤᠭᠤᠯᠤᠨ ᠣᠯᠭᠤᠬᠤ ︵6 ᠵᠢᠯ ᠳᠣᠲᠣᠷ᠎ᠠ ᠥᠯᠥ ᠪᠠᠶᠢᠴᠠᠭᠠᠬᠤ | ︶ ᠡᠷᠬᠡ ᠶᠢᠨ ᠬᠢᠵᠠᠭᠠᠷ ᠢ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ ᠳᠤ ᠪᠠᠭᠤᠯᠭᠠᠨ᠎ᠠ︔ ᠮᠠᠰᠢᠨᠲᠤ | ᠲᠡᠷᠭᠡ ᠶᠢ ᠬᠤᠪᠢᠷᠠᠭᠤᠯᠬᠤ᠂ ᠰᠢᠯᠵᠢᠭᠦᠯᠬᠦ᠂ ᠪᠠᠷᠢᠴᠠᠭᠠᠯᠠᠬᠤ ᠵᠡᠷᠭᠡ ᠡᠷᠬᠡ ᠮᠡᠳᠡᠯ ᠢ ᠨᠡᠶᠢᠭᠡᠮᠴᠢᠯᠡᠭᠰᠡᠨ ᠦᠶᠯᠡᠴᠢᠯᠡᠭᠡᠨ | ᠤ ᠴᠡᠭ ᠲᠤ ᠪᠠᠭᠤᠯᠭᠠᠨ᠎ᠠ᠃ ᠪᠢᠳᠡ ᠤᠷᠢᠳ ᠬᠤᠵᠢᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ | ᠥᠪᠡᠰᠦᠪᠡᠨ ᠰᠡᠭᠦᠳᠡᠷᠯᠡᠬᠦ ᠮᠠᠰᠢᠨ᠂ ᠥᠪᠡᠰᠦᠪᠡᠨ ᠦᠨᠡᠮᠯᠡᠯ ᠠᠪᠬᠤ ᠮᠠᠰᠢᠨ᠂ ᠥᠪᠡᠰᠦᠪᠡᠨ ᠦᠨᠡᠮᠯᠡᠯ ᠠᠪᠬᠤ | ᠮᠠᠰᠢᠨ ᠵᠢᠴᠢ ᠰᠢᠶᠠᠩᠭᠠᠩ ᠣᠣᠮᠧᠨ ᠲᠠᠶᠢᠸᠠᠨ ᠤ ᠥᠪᠡᠰᠦᠪᠡᠨ ᠦᠨᠡᠮᠯᠡᠯ ᠠᠪᠬᠤ ᠮᠠᠰᠢᠨ᠂ ᠬᠠᠲᠠᠭᠤ ᠬᠡᠷᠡᠭᠰᠡᠯ ᠤᠨ | ᠥᠨᠳᠥᠷ ᠰᠡᠭᠦᠳᠡᠷᠯᠡᠬᠦ ᠮᠠᠰᠢᠨ᠂ ᠭᠡᠷᠡᠴᠢ ᠦᠨᠡᠮᠯᠡᠯ ᠤᠨ ᠲᠤᠰᠬᠠᠶ ᠳᠠᠷᠤᠮᠠᠯᠯᠠᠬᠤ ᠮᠠᠰᠢᠨ᠂ ᠥᠪᠡᠰᠦᠪᠡᠨ | ᠦᠶᠯᠡᠴᠢᠯᠡᠬᠦ ᠮᠠᠰᠢᠨ᠂ ᠲᠦᠷᠢᠮ ᠵᠥᠷᠢᠴᠡᠭᠰᠡᠨ ᠠᠦ᠋ᠲ᠋ᠣ᠋ ᠰᠢᠶᠳᠪᠦᠷᠢᠯᠡᠬᠦ ᠮᠠᠰᠢᠨ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠤᠰᠬᠠᠶ ᠣᠶᠤᠨᠯᠢᠭ ᠦᠨᠡᠮᠯᠡᠯ ᠤᠨ ᠮᠠᠰᠢᠨ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠤᠭᠰᠠᠨ | ᠪᠥᠭᠡᠳ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠤ ︽ᠰᠠᠭᠠᠳ ᠥᠬᠡᠶ ᠨᠡᠪᠲᠡᠷᠡᠬᠦ ᠵᠠᠮ︾ ᠢ | ᠨᠡᠭᠡᠭᠡᠵᠦ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠶᠴᠡᠳ ᠬᠡᠷᠡᠭᠯᠡᠨ᠂ ᠰᠦᠯᠵᠢᠶᠡᠨ ᠤ ᠭᠠᠳᠠᠨᠠᠬᠢ | ᠦᠶᠯᠡᠴᠢᠯᠡᠭᠡ ᠶᠢ ᠰᠦᠯᠵᠢᠶᠡᠨ ᠳᠡᠭᠡᠷᠡᠬᠢ ᠦᠶᠯᠡᠴᠢᠯᠡᠭᠡ ᠳᠤ ᠬᠦᠷᠲᠡᠯ᠎ᠡ ᠥᠷᠭᠡᠳᠬᠡᠵᠦ᠂ ᠭᠠᠵᠠᠷ ᠣᠷᠣᠨ | ᠠᠯᠤᠰᠯᠠᠭᠰᠠᠨ ᠦᠶᠯᠡᠴᠢᠯᠡᠭᠡ ᠶᠢ ᠲᠤᠬᠠᠶ ᠶᠢᠨ ᠭᠠᠵᠠᠷ ᠤᠨ ᠦᠶᠯᠡᠴᠢᠯᠡᠭᠡ ᠳᠤ ᠬᠦᠷᠲᠡᠯ᠎ᠡ ᠥᠷᠭᠡᠳᠬᠡᠵᠦ᠂ ᠠᠷᠠᠳ | ᠣᠯᠠᠨ ᠢ ᠬᠡᠷ ᠲᠡᠭᠡᠨ ᠰᠠᠭᠤᠵᠤ᠂ ᠠᠯᠠᠭᠠᠨ ᠳᠣᠲᠣᠷ᠎ᠠ ᠪᠠᠨ ᠤᠴᠢᠷ ᠶᠠᠪᠤᠳᠠᠯ ᠢ ᠪᠦᠲᠦᠭᠡᠵᠦ ᠴᠢᠳᠠᠬᠤ ᠪᠣᠯᠭᠠᠪᠠ᠃ | ᠱᠠᠯᠢᠭ ᠵᠠᠪᠬᠠᠢ ᠵᠦᠢᠯᠡᠰ ᠵᠣᠭᠤᠰ ᠨᠠᠭᠠᠳᠬᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠳᠤᠮᠳᠠ᠂ ᠪᠢᠳᠡ | ᠱᠠᠯᠢᠭ ᠵᠠᠪᠬᠠᠢ ᠵᠦᠢᠯᠡᠰ ᠵᠣᠭᠤᠰ ᠨᠠᠭᠠᠳᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠶᠢ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ | ᠂ ᠠᠯᠢ ᠤᠯᠠᠨ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠱᠠᠯᠢᠭ ᠵᠠᠪᠬᠠᠢ ᠵᠦᠢᠯᠡᠰ ᠵᠣᠭᠤᠰ ᠨᠠᠭᠠᠳᠬᠤ ᠪᠠ ᠵᠣᠭᠤᠰ ᠨᠠᠭᠠᠳᠬᠤ ᠳᠤ ᠬᠤᠯᠪᠣᠭᠳᠠᠭᠰᠠᠨ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠦᠭᠡᠢ︾ ᠪᠠᠶᠢᠬᠤ ᠶᠢ ᠢᠮᠠᠭᠲᠠ | ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠤᠪᠤᠶᠢᠯᠭᠠᠨ᠂ ᠮᠡᠳᠡᠭᠡ ᠴᠢᠮᠡᠭᠡ ᠪᠠᠷ | ᠳᠡᠩᠨᠡᠨ ᠪᠠᠶᠢᠴᠠᠭᠠᠬᠤ ᠶᠢ ᠵᠢᠯᠣᠭᠤᠳᠴᠤ᠂ ᠬᠠᠮᠲᠤᠷᠠᠨ ᠪᠠᠶᠢᠯᠳᠤᠬᠤ᠂ ᠨᠠᠷᠢᠯᠢᠭ ᠣᠨᠣᠴᠠᠲᠠᠢ ᠴᠣᠬᠢᠯᠲᠠ ᠥᠭᠬᠦ ᠶᠢ | ᠴᠢᠩᠭᠠᠳᠬᠠᠨ᠂ ᠪᠦᠬᠦ ᠲᠠᠯ᠎ᠠ ᠶᠢᠨ ᠳᠡᠭᠡᠳᠦ ᠲᠤᠤᠷᠠᠳᠤ ᠱᠠᠳᠤ ᠪᠠᠷ ᠬᠥᠳᠡᠯᠦᠯᠴᠡᠭᠰᠡᠨ᠂ ᠴᠠᠭᠳᠠᠭᠠᠨ ᠤ ᠲᠦᠷᠦᠯ ᠤᠨ | ᠰᠠᠯᠠᠭ᠎ᠠ ᠮᠥᠴᠢᠷ ᠬᠤᠯᠪᠣᠯᠳᠤᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ ᠪᠢᠳᠡ ᠲᠣᠭᠲᠠᠮᠠᠯ ᠬᠤᠭᠤᠴᠠᠭ᠎ᠠ | ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠰᠦᠯᠵᠢᠶᠡᠨ ᠪᠠᠭᠠᠷ᠂ ᠵᠣᠴᠢᠳ ᠤᠨ | ᠪᠠᠭᠤᠳᠠᠯ᠂ ᠴᠠᠢ ᠶᠢᠨ ᠮᠤᠬᠤᠯᠠᠭ᠂ KTV ᠵᠡᠷᠭᠡ ᠵᠤᠭ᠎ᠠ ᠴᠡᠩᠭᠡᠯ ᠤᠨ ᠭᠠᠵᠠᠷ ᠲᠤ ᠭᠦᠨᠵᠡᠭᠡᠶᠢᠷᠡᠨ᠂ ᠱᠠᠯᠠᠪᠳᠠᠨ | ᠪᠠᠶᠢᠴᠠᠭᠠᠬᠤ ᠪᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠱᠠᠯᠢᠭ ᠵᠠᠪᠬᠠᠢ ᠵᠦᠢᠯ ᠪᠠ ᠵᠣᠭᠤᠰ | ᠨᠠᠭᠠᠳᠬᠤ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠳᠠᠯᠳᠠᠯᠠᠬᠤ ᠭᠠᠵᠠᠷ ᠦᠭᠡᠢ | ᠪᠣᠯᠭᠠᠪᠠ᠃ ᠭᠥᠯᠢᠶᠡᠨ ᠠᠪᠤᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ᠂ ᠵᠠᠬᠢᠳᠠᠯ ᠰᠤᠷᠪᠤᠯᠵᠢᠯᠠᠭ᠎ᠠ ᠶᠢᠨ | ᠳᠠᠮᠵᠢᠭᠤᠯᠭ᠎ᠠ᠂ ᠰᠦᠯᠵᠢᠶᠡᠨ ᠳᠡᠭᠡᠷ᠎ᠡ ᠵᠣᠭᠤᠰ ᠨᠠᠭᠠᠳᠤᠭᠰᠠᠨ ᠮᠡᠳᠡᠭᠡ ᠵᠠᠩᠭᠢ ᠵᠡᠷᠭᠡ ᠱᠠᠯᠢᠭ ᠵᠠᠪᠬᠠᠶ ᠵᠦᠶᠯ᠂ | ᠵᠣᠭᠤᠰ ᠨᠠᠭᠠᠳᠬᠤ ᠳᠤ ᠬᠤᠯᠪᠣᠭᠳᠠᠭᠰᠠᠨ ᠰᠦᠪᠡᠭᠴᠢ ᠵᠢᠴᠢ ︽110 ᠲᠦᠭᠰᠢᠭᠦᠷᠢ ᠬᠦᠯᠢᠶᠡᠬᠦ ᠲᠠᠪᠴᠠᠩ︾ ᠤᠨ | ᠭᠥᠯᠢᠶᠡᠨ ᠠᠪᠤᠭᠰᠠᠨ ᠱᠠᠯᠢᠭ ᠵᠠᠪᠬᠠᠶ ᠵᠦᠶᠯ᠂ ᠵᠣᠭᠤᠰ ᠨᠠᠭᠠᠳᠬᠤ ᠳᠤ ᠬᠤᠯᠪᠣᠭᠳᠠᠭᠰᠠᠨ ᠴᠠᠭᠳᠠᠭᠠᠨ ᠤ ᠪᠠᠶᠢᠳᠠᠯ ᠢ | ᠪᠥᠬᠦ ᠲᠠᠯ᠎ᠠ ᠪᠠᠷ ᠡᠮᠬᠢᠯᠡᠵᠦ᠂ ᠲᠥᠷᠥᠯ ᠬᠤᠪᠢᠶᠠᠨ ᠰᠤᠳᠤᠯᠤᠨ ᠮᠠᠭᠠᠳᠯᠠᠵᠤ᠂ ᠱᠠᠯᠢᠭ ᠵᠠᠪᠬᠠᠶ ᠵᠦᠶᠯ᠂ ᠵᠣᠭᠤᠰ | ᠨᠠᠭᠠᠳᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠭᠦᠨᠵᠡᠭᠡᠶ ᠠᠭᠤᠳᠠᠯᠪᠠ᠃ ᠪᠢᠳᠡ | ᠤᠷᠢᠳᠴᠢᠯᠠᠨ ᠰᠡᠷᠭᠡᠶᠢᠯᠡᠬᠦ ᠬᠠᠤᠯᠢ ᠲᠦᠷᠢᠮ ᠤᠨ ᠬᠥᠮᠦᠵᠢᠯ ᠢᠶᠠᠷ ᠭᠠᠷᠳᠠᠬᠤ ᠴᠡᠭ ᠪᠣᠯᠭᠠᠬᠤ ᠶᠢ ᠪᠠᠷᠢᠮᠲᠠᠯᠠᠵᠤ᠂ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠷᠢᠶ᠎ᠠ ᠯᠣᠽᠦ᠋ᠩ ᠡᠯᠭᠦᠬᠦ᠂ LED ᠳᠡᠯᠭᠡᠴᠡ ᠪᠠᠷ ᠨᠡᠪᠲᠡᠷᠡᠭᠦᠯᠬᠦ | ᠵᠡᠷᠭᠡ ᠤᠯᠠᠨ ᠵᠦᠢᠯ ᠤᠨ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠵᠡᠭᠡᠯᠢ ᠭᠤᠳᠤᠮᠵᠢ | ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠬᠠᠤᠯᠢ ᠲᠦᠷᠢᠮ ᠤᠨ ᠤᠬᠠᠭᠤᠯᠭ᠎ᠠ | ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠠᠶᠢᠯᠪᠤᠷᠢᠯᠠᠯᠲᠠ ᠬᠢᠵᠦ᠂ ᠵᠣᠭᠤᠰ ᠨᠠᠭᠠᠳᠬᠤ | ᠮᠡᠬᠡᠯᠡᠯ ᠤᠨ ᠠᠷᠭ᠎ᠠ ᠪᠠᠰᠢᠷ ᠢ ᠢᠯᠡᠴᠢᠯᠡᠨ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠱᠠᠯᠢᠭ | ᠵᠠᠪᠬᠠᠢ ᠵᠦᠢᠯᠡᠰ ᠵᠣᠭᠤᠰ ᠨᠠᠭᠠᠳᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠣᠷᠣᠯᠴᠠᠬᠤ ᠬᠦᠨᠳᠦ | ᠨᠣᠴᠢᠲᠠᠢ ᠬᠤᠣᠷ ᠬᠦᠨᠤᠭᠡᠯᠳᠤ ᠴᠢᠨᠠᠷ ᠢ ᠢᠯᠡᠴᠢᠯᠡᠵᠦ᠂ ᠤᠯᠠᠨ ᠨᠡᠶᠢᠲᠡ ᠶᠢᠨ ᠬᠠᠤᠯᠢ ᠶᠢ ᠮᠡᠳᠡᠵᠤ ᠬᠠᠤᠯᠢ ᠶᠢ | ᠰᠠᠬᠢᠬᠤ ᠶᠢ ᠬᠦᠳᠦᠯᠦᠨ ᠵᠢᠯᠣᠭᠤᠳᠴᠤ᠂ ᠱᠠᠯᠢᠭ ᠵᠠᠪᠬᠠᠢ ᠵᠦᠢᠯ ᠵᠣᠭᠤᠰ ᠨᠠᠭᠠᠳᠬᠤ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠠᠴᠠ ᠬᠤᠯᠠᠳᠠᠭᠤᠯᠪᠠ᠃ ᠨᠢᠭᠡ ᠵᠢᠯ ᠤᠨ ᠲᠤᠷᠰᠢ᠂ ᠮᠠᠨ ᠤ ᠲᠣᠪᠴᠢᠶ᠎ᠠ ᠵᠣᠭᠤᠰ ᠨᠠᠭᠠᠳᠬᠤ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠬᠡᠷᠡᠭ ᠢ ᠨᠡᠶᠢᠲᠡ 183 ᠰᠢᠶᠳᠪᠦᠷᠢᠯᠡᠵᠦ᠂ 1240 ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠲᠠᠢ ᠬᠥᠮᠦᠨ ᠢ ᠪᠠᠷᠢᠪᠴᠢᠯᠠᠵᠤ᠂ 357 ᠬᠥᠮᠦᠨ ᠢ ᠵᠠᠰᠠᠭ ᠵᠠᠬᠢᠷᠭᠠᠨ ᠢᠶᠠᠷ ᠲᠦᠷ | ᠬᠤᠷᠢᠵᠤ᠂ ᠵᠣᠭᠤᠰ ᠨᠠᠭᠠᠳᠬᠤ ᠪᠠᠯᠠ ᠮᠥᠩᠭᠦ ᠶᠢ 52 ᠲᠦᠮᠡᠨ ᠲᠥᠭᠦᠷᠢᠭ ᠬᠤᠷᠢᠶᠠᠨ ᠠᠪᠴᠤ᠂ ᠨᠡᠶᠢᠲᠡ 110 | ᠲᠦᠮᠡᠨ ᠲᠥᠭᠦᠷᠢᠭ ᠵᠣᠭᠤᠰ ᠢᠶᠠᠷ ᠲᠣᠷᠭᠠᠪᠠ; ᠵᠣᠭᠤᠰ ᠨᠠᠭᠠᠳᠤᠭᠰᠠᠨ 31 ᠡᠷᠡᠭᠦᠦ ᠶᠢᠨ ᠬᠡᠷᠡᠭ ᠢ ᠳᠡᠩᠨᠡᠨ | ᠰᠢᠶᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠶ 33 ᠬᠥᠮᠦᠨ ᠢ ᠪᠠᠷᠢᠪᠴᠢᠯᠠᠪᠠ᠃ ᠱᠠᠯᠢᠭ ᠵᠠᠪᠬᠠᠶ ᠵᠦᠶᠯᠡᠰ ᠲᠤ | ᠬᠤᠯᠪᠣᠭᠳᠠᠭᠰᠠᠨ 36 ᠵᠠᠰᠠᠭ ᠵᠠᠬᠢᠷᠭᠠᠨ ᠤ ᠬᠡᠷᠡᠭ ᠢ ᠰᠢᠶᠳᠪᠦᠷᠢᠯᠡᠵᠦ᠂ ᠬᠠᠤᠯᠢ ᠶᠢ ᠵᠥᠷᠢᠴᠡᠭᠰᠡᠨ 55 ᠬᠥᠮᠦᠨ ᠢ | ᠪᠠᠷᠢᠪᠴᠢᠯᠠᠵᠤ᠂ 55 ᠬᠥᠮᠦᠨ ᠢ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠬᠠᠤᠯᠢ ᠶᠢ ᠵᠥᠷᠢᠴᠡᠵᠦ ᠣᠯᠤᠭᠰᠠᠨ | 3880.00 ᠲᠥᠭᠦᠷᠢᠭ ᠢ ᠬᠤᠷᠢᠶᠠᠨ ᠠᠪᠴᠤ᠂ ᠨᠡᠶᠢᠲᠡ 22 ᠲᠦᠮᠡᠨ ᠲᠥᠭᠦᠷᠢᠭ ᠵᠣᠭᠤᠰ ᠢᠶᠠᠷ ᠲᠣᠷᠭᠠᠪᠠ︔ | 3 ᠬᠤᠪᠢ ᠡᠷᠡᠭᠦᠦ ᠶᠢᠨ ᠬᠡᠷᠡᠭ ᠢ ᠳᠡᠩᠨᠡᠨ ᠰᠢᠶᠳᠪᠦᠷᠢᠯᠡᠵᠦ᠂ 4 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃ | ᠬᠥᠲᠥᠯᠥᠭᠴᠢ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠬᠥᠮᠦᠨ ᠠᠳᠡᠭᠰᠡᠨ ᠵᠠᠮ ᠬᠠᠷᠢᠯᠴᠠᠭᠠᠨ ᠤ ᠠᠳᠡᠯ ᠢ ᠳᠠᠷᠤᠬᠤ ᠠᠵᠢᠯ ᠤᠨ ᠳᠤᠮᠳᠠ ᠪᠠᠶᠠᠷᠯᠠᠭᠤᠰᠢᠲᠠᠶ ᠠᠵᠢᠯ ᠤᠨ | ᠠᠮᠵᠢᠯᠲᠠ ᠣᠯᠵᠠᠶ᠂ ᠲᠡᠭᠡᠪᠡᠯ ᠪᠢᠳᠡ ᠡᠨᠡ ᠬᠦ ᠠᠵᠢᠯ ᠢ ᠬᠡᠷᠬᠢᠨ ᠰᠠᠶᠢᠲᠤᠷ ᠬᠢᠭᠰᠡᠨ ᠲᠤᠬᠠᠶ ᠲᠠᠨᠢᠯᠴᠠᠭᠤᠯᠤᠭᠠᠳ | ᠥᠭᠭᠦᠨ᠎ᠡ ᠤᠤ︖ | ﹇ᠯᠢᠦ ᠬᠠᠶ ᠲᠤᠤ﹈ 2018 ᠣᠨ ᠠᠴᠠ ᠨᠠᠰᠢ᠂ ᠪᠢᠳᠡ ︽ᠠᠷᠠᠳ ᠲᠦᠮᠡᠨ ᠢᠶᠠᠷ ᠭᠤᠤᠯ ᠪᠣᠯᠭᠠᠬᠤ︾ | ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ | ᠢ ᠲᠡᠷᠢᠭᠦᠨ ᠳᠤ ᠲᠠᠯᠪᠢᠬᠤ︾ ᠪᠠ ︽ᠠᠳᠡᠯ ᠢ ᠰᠡᠷᠭᠡᠶᠢᠯᠡᠵᠦ ᠪᠣᠯᠬᠤ᠂ ᠬᠥᠮᠦᠨ ᠥᠭᠦᠭᠰᠡᠳ ᠢ ᠪᠠᠭᠤᠷᠠᠭᠤᠯᠵᠤ | ᠪᠣᠯᠬᠤ︾ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ︽ᠠᠳᠡᠯ ᠢ ᠪᠠᠭᠠᠰᠬᠠᠬᠤ᠂ ᠠᠮᠤᠷ | ᠲᠦᠪᠰᠢᠨ ᠢ ᠪᠠᠲᠤᠯᠠᠬᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ︾ ᠡᠯ᠎ᠡ ᠵᠦᠶᠯ ᠤᠨ ᠠᠷᠭ᠎ᠠ ᠬᠡᠮᠵᠢᠶ᠎ᠡ ᠶᠢ | ᠲᠠᠰᠤᠷᠠᠯᠲᠠ ᠥᠬᠡᠶ ᠪᠣᠳᠠᠲᠠᠶ ᠠᠳᠬᠤᠵᠤ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ | ᠰᠡᠷᠭᠡᠶᠢᠯᠡᠬᠦ ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ᠬᠥᠮᠦᠨ ᠠᠳᠡᠭᠰᠡᠨ ᠵᠠᠮ ᠬᠠᠷᠢᠯᠴᠠᠭᠠᠨ ᠤ | ᠠᠳᠡᠯ ᠤᠨ ᠲᠤᠭ᠎ᠠ᠂ ᠠᠳᠡᠭᠰᠡᠨ ᠬᠥᠮᠦᠨ ᠤ ᠲᠤᠭ᠎ᠠ ᠭᠤᠷᠪᠠᠨ ᠵᠢᠯ ᠳᠠᠷᠠᠭᠠᠯᠠᠨ ᠪᠠᠭᠤᠷᠠᠪᠠ᠃ ᠢᠯᠠᠩᠭᠤᠶ᠎ᠠ 2020 | ᠣᠨ ᠤ ᠬᠥᠮᠦᠨ ᠠᠳᠡᠭᠰᠡᠨ ᠠᠳᠡᠯ ᠤᠨ ᠲᠤᠭ᠎ᠠ ᠨᠢ ᠠᠷᠪᠠᠨ ᠵᠢᠯ ᠤᠨ ᠲᠤᠷᠰᠢᠬᠢ ᠲᠡᠦᠬᠡ ᠶᠢᠨ ᠬᠠᠮᠤᠭ ᠤᠨ | ᠳᠣᠤᠷ᠎ᠠ ᠬᠡᠮᠵᠢᠶᠡᠨ ᠳᠤ ᠬᠦᠷᠴᠦ᠂ 2017 ᠣᠨ ᠤ ᠬᠢ ᠠᠴᠠ 68 ᠤᠳᠠᠭ᠎ᠠ ᠪᠠᠭᠠᠰᠴᠤ᠂ 81.9% ᠪᠠᠷ | ᠪᠠᠭᠤᠷᠠᠪᠠ︔ ᠨᠠᠰᠤ ᠪᠠᠷᠠᠭᠰᠠᠨ ᠬᠥᠮᠦᠨ ᠤ ᠲᠤᠭ᠎ᠠ 82.6% ᠪᠠᠷ ᠪᠠᠭᠤᠷᠠᠪᠠ᠃ | ᠬᠥᠲᠥᠯᠥᠭᠴᠢ᠄ 2020 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ᠂ ᠰᠢᠨ᠎ᠡ ᠶᠢ ᠡᠭᠦᠳᠬᠦ ᠦᠶᠯᠡᠴᠢᠯᠡᠭᠡ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠮᠦᠨ ᠠᠳᠡᠬᠦ ᠵᠠᠮ ᠬᠠᠷᠢᠯᠴᠠᠭᠠᠨ ᠤ ᠠᠳᠡᠯ ᠢ ᠪᠠᠭᠠᠰᠬᠠᠬᠤ | ᠵᠡᠷᠭᠡ ᠠᠵᠢᠯ ᠤᠨ ᠳᠤᠮᠳᠠ ᠲᠣᠪᠣᠶᠢᠮ᠎ᠠ ᠠᠮᠵᠢᠯᠲᠠ ᠤᠯᠪᠠ᠂ ᠲᠡᠭᠡᠪᠡᠯ 2021 ᠣᠨ ᠤ ᠠᠵᠢᠯ ᠳᠤᠮᠳᠠ᠂ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠶᠠᠮᠠᠷ ᠶᠠᠮᠠᠷ | ᠲᠥᠯᠥᠪᠯᠡᠭᠡ ᠲᠠᠢ ᠪᠣᠶ︖ | ﹇ᠵᠢᠶᠠ ᠭᠤᠸᠠᠩ ᠼᠠᠢ﹈ 2021 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠠᠮᠤᠷ ᠢ ᠬᠠᠮᠠᠭᠠᠯᠠᠬᠤ | ᠲᠣᠭᠲᠠᠭᠤᠨ ᠢ ᠬᠠᠮᠠᠭᠠᠯᠠᠬᠤ ᠠᠵᠢᠯ ᠢᠶᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠨ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ | ᠳᠤ᠂ ᠦᠷᠭᠦᠯᠵᠢᠯᠡᠨ ᠠᠮᠵᠢᠯᠲᠠ ᠪᠠᠨ ᠪᠠᠳᠠᠷᠠᠭᠤᠯᠤᠨ᠂ ᠳᠤᠲᠠᠭᠤᠳᠠᠯ ᠢᠶᠠᠨ ᠨᠦᠬᠦᠪᠦᠷᠢᠯᠡᠵᠦ᠂ ᠬᠠᠤᠯᠢ ᠪᠠᠷ | ᠬᠤᠰᠢᠭᠤ ᠪᠠᠨ ᠵᠠᠰᠠᠬᠤ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠰᠢᠯᠢᠳᠡᠭᠵᠢᠭᠦᠯᠦᠨ | ᠲᠡᠬᠦᠯᠳᠡᠷᠵᠢᠬᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠬᠦᠯᠦᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠬᠦᠨᠵᠡᠬᠡᠶᠢᠷᠡᠬᠦᠯᠵᠦ᠂ ᠰᠢᠨ᠎ᠡ ᠴᠠᠭ ᠦᠶ᠎ᠡ ᠶᠢᠨ ᠬᠤᠶᠢᠲᠤ ᠬᠤᠰᠢᠭᠤᠨ | ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠴᠦ᠂ ᠠᠮᠤᠷ ᠠᠮᠤᠭᠤᠯᠠᠩ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠬᠤ ᠳᠤ ᠠᠮᠤᠷ ᠲᠦᠪᠰᠢᠨ ᠲᠣᠭᠲᠠᠭᠤᠨ | ᠤᠯᠤᠰ ᠲᠥᠷᠥ ᠨᠡᠶᠢᠭᠡᠮ ᠤᠨ ᠣᠷᠴᠢᠨ ᠪᠦᠷᠢᠯᠳᠦᠬᠦᠯᠦᠨ ᠦᠭᠴᠦ᠂ ᠰᠢᠯᠢᠳᠡᠭ ᠬᠢᠷᠢ ᠪᠦᠲᠦᠮᠵᠢ ᠪᠠᠨ ᠨᠠᠮ | ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠪᠤᠯᠭᠠᠨ ᠲᠡᠪᠰᠢᠬᠦᠯᠦᠨ᠎ᠡ᠃ |