ᠰᠤᠷᠭᠠᠨ ᠬᠥᠮᠦᠵᠢᠯ ᠤᠨ ᠶᠠᠮᠤᠨ᠄ ᠬᠡᠦᠬᠡᠳ ᠤᠨ ᠴᠡᠴᠡᠷᠯᠢᠭ ᠲᠤ ᠰᠤᠷᠬᠤ ᠨᠠᠰᠤᠨ ᠠᠴᠠ ᠡᠮᠦᠨᠡᠬᠢ ᠪᠡᠯᠡᠳᠬᠡᠯ ᠠᠩᠭᠢ ᠭᠠᠷᠭᠠᠵᠤ ᠪᠣᠯᠬᠤ ᠥᠬᠡᠶ ᠬᠡᠵᠦ ᠲᠤᠳᠤᠷᠬᠠᠢ ᠲᠤᠬᠳᠠᠭᠠᠪᠠ︕
ᠨᠡᠶᠢᠲᠡᠯᠡᠭᠰᠡᠨ ᠴᠠᠭ᠄
2021/4/13
   ᠰᠤᠷᠭᠠᠨ ᠬᠥᠮᠦᠵᠢᠯ ᠤᠨ ᠶᠠᠮᠤᠨ᠄ ᠬᠡᠦᠬᠡᠳ ᠤᠨ ᠴᠡᠴᠡᠷᠯᠢᠭ ᠲᠤ ᠰᠤᠷᠬᠤ ᠨᠠᠰᠤᠨ ᠠᠴᠠ    ᠡᠮᠦᠨᠡᠬᠢ ᠪᠡᠯᠡᠳᠬᠡᠯ ᠠᠩᠭᠢ ᠭᠠᠷᠭᠠᠵᠤ ᠪᠣᠯᠬᠤ ᠥᠬᠡᠶ ᠬᠡᠵᠦ ᠲᠤᠳᠤᠷᠬᠠᠢ ᠲᠤᠬᠳᠠᠭᠠᠪᠠ︕        ᠬᠡᠷ ᠤᠨ ᠠᠬᠠᠮᠠᠳ ︽ᠥᠰᠬᠡᠬᠦ ᠭᠡᠳ ᠦᠭᠲᠡᠭᠡᠬᠦ︾᠂ ᠪᠡᠯᠡᠳᠬᠡᠯ ᠠᠩᠭᠢ ︽ᠪᠦᠳᠦᠬᠦᠯᠢᠭ ᠢᠶᠠᠷ  ᠡᠷᠬᠢᠯᠡᠬᠦ︾᠂  ᠪᠠᠭ᠎ᠠ‌‍ᠰᠤᠷᠭᠠᠭᠤᠯᠢ ᠶᠢᠨ ᠨᠢᠭᠡᠳᠦᠭᠡᠷ ᠣᠨ ᠳᠤ  ︽ᠪᠠᠷᠢᠮᠵᠢᠶ᠎ᠠ ᠠᠴᠠ  ᠳᠠᠪᠠᠭᠰᠠᠨ  ᠵᠢᠭᠠᠨ  ᠰᠤᠷᠭᠠᠯᠲᠠ  ᠬᠢᠬᠦ︾᠁  ᠣᠶᠢᠷ᠎ᠠ ᠵᠢᠨ‌ᠵᠢᠯ ᠤᠳ ᠲᠤ᠂ ᠬᠡᠦᠬᠡᠳ ᠤᠨ ᠰᠤᠷᠭᠠᠨ ᠬᠥᠮᠦᠵᠢᠯ ᠤᠨ ᠬᠦᠷᠢᠶᠡᠨ ᠳᠤ  ᠭᠠᠷᠤᠭᠰᠠᠨ  ᠠᠰᠠᠭᠤᠳᠠᠯ  ᠬᠥᠮᠦᠰ ᠤᠨ  ᠠᠩᠬᠠᠷᠤᠯ ᠢ‌‍ᠶᠡᠬᠡᠳᠡ ᠲᠠᠲᠠᠵᠤ ᠪᠠᠶᠢᠨ᠎ᠠ᠃ ᠲᠦᠷᠦᠭᠦᠬᠡᠨ᠂ ᠰᠤᠷᠭᠠᠨ ᠬᠥᠮᠦᠵᠢᠯ ᠤᠨ  ᠶᠠᠮᠤᠨ  ︽ᠬᠡᠦᠬᠡᠳ ᠤᠨ  ᠴᠡᠴᠡᠷᠯᠢᠭ  ᠬᠢᠭᠡᠳ  ᠪᠠᠭ᠎ᠠ‌‍ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠶᠡᠬᠡᠪᠡᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠳᠠᠷᠤᠮᠠᠯᠯᠠᠨ‌‍ᠲ᠋ᠠᠷᠬᠠᠭᠠᠪᠠ᠃ ᠪᠢᠴᠢᠭ ᠮᠠᠲ᠋ᠧᠷᠢᠶᠠᠯ ᠳᠤ᠄ ᠪᠠᠭ᠎ᠠ ᠰᠤᠷᠭᠠᠭᠤᠯᠢ ᠳᠤ  ᠰᠢᠯᠭᠠᠬᠤ  ᠥᠬᠡᠶ ᠪᠠᠷ  ᠬᠡᠷ ᠤᠨ  ᠤᠶᠢᠷ᠎ᠠ  ᠬᠠᠪᠢ ᠳ᠋ᠤᠨᠢ‌‍ᠰᠤᠷᠭᠠᠭᠤᠯᠢ ᠳᠤ  ᠣᠷᠣᠭᠤᠯᠬᠤ ᠶᠢ  ᠴᠢᠩᠭ᠎ᠠ  ᠬᠡᠷᠡᠭᠵᠢᠭᠦᠯᠤᠨ᠎ᠡ᠂  ᠬᠡᠦᠬᠡᠳ ᠤᠨ  ᠴᠡᠴᠡᠷᠯᠢᠭ ᠲᠤ  ᠪᠠᠭ᠎ᠠ  ᠰᠤᠷᠭᠠᠭᠤᠯᠢ ᠵᠢᠨ‌‍ᠬᠢᠴᠢᠶᠡᠯ ᠤᠨ ᠠᠭᠤᠯᠭ᠎ᠠ ᠶᠢ ᠤᠷᠢᠳᠴᠢᠯᠠᠨ ᠵᠢᠭᠠᠵᠤ ᠪᠣᠯᠬᠤ ᠥᠬᠡᠶ᠂  ᠰᠤᠷᠬᠤ  ᠨᠠᠰᠤᠨ ᠠᠴᠠ  ᠡᠮᠦᠨᠡᠬᠢ  ᠪᠡᠯᠡᠳᠭᠡᠯ  ᠠᠩᠭᠢ‌ᠭᠠᠷᠭᠠᠵᠤ ᠪᠣᠯᠬᠤ ᠥᠬᠡᠶ ᠬᠡᠵᠦ ᠲᠤᠳᠤᠷᠬᠠᠢ ᠲᠤᠷᠠᠳᠴᠡᠢ᠃             ︽ᠵᠢᠯᠣᠭᠤᠳᠬᠤ ᠰᠠᠨᠠᠯ︾ ᠳᠤ᠂ ᠪᠠᠭ᠎ᠠ ᠰᠤᠷᠭᠠᠭᠤᠯᠢ ᠳᠤ  ᠰᠢᠯᠭᠠᠬᠤ  ᠥᠬᠡᠶ ᠪᠠᠷ  ᠬᠡᠷ ᠤᠨ  ᠤᠶᠢᠷ᠎ᠠ  ᠬᠠᠪᠢ ᠳ᠋ᠤᠨᠢ‌‍ᠰᠤᠷᠭᠠᠭᠤᠯᠢ ᠳᠤ ᠣᠷᠣᠭᠤᠯᠬᠤ ᠶᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠰᠢᠯᠭᠠᠯᠲᠠ᠂ ᠤᠷᠤᠯᠳᠤᠭᠠᠨ᠂ ᠪᠣᠯᠪᠠᠰᠤᠷᠠᠯ ‍ᠤᠨ‌‍ᠬᠢᠷᠢ ᠪᠦᠲᠦᠮᠵᠢ ᠪᠤᠶᠤ ᠦᠨᠡᠮᠯᠡᠯ ᠵᠡᠷᠭᠡ ᠪᠠᠷ ᠰᠣᠷᠣᠭᠴᠢ ᠡᠯᠰᠡᠬᠦ ᠦᠨᠳᠦᠰᠦ ᠪᠠᠷᠢᠮᠳᠠ ᠪᠣᠯᠭᠠᠬᠤ ᠶᠢ  ᠴᠢᠩᠭ᠎ᠠ  ᠬᠢᠵᠠᠭᠠᠷᠯᠠᠵᠤ᠂ᠬᠢᠴᠢᠶᠡᠯ ᠤᠨ ᠪᠠᠷᠢᠮᠵᠢᠶ᠎ᠠ ᠶᠣᠰᠣᠭᠠᠷ ᠡᠬᠢᠨ ᠠᠴᠠ ᠨᠢ ᠵᠢᠭᠠᠨ ᠰᠤᠷᠭᠠᠬᠤ ᠶᠢ ᠪᠠᠷᠢᠮᠲᠠᠯᠠᠬᠤ ᠬᠡᠷᠡᠭᠲᠡᠶ᠃            ᠬᠡᠦᠬᠡᠳ ᠤᠨ ᠴᠡᠴᠡᠷᠯᠢᠭ ᠨᠢ ᠪᠠᠭ᠎ᠠ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠶᠢ ᠤᠷᠢᠳᠴᠢᠯᠠᠨ  ᠵᠢᠭᠠᠵᠤ  ᠪᠣᠯᠬᠤ‌ᠦᠭᠡᠶ᠂ ᠤᠩᠰᠢᠵᠤ ᠪᠢᠴᠢᠬᠦ ᠲᠤᠭ᠎ᠠ ᠪᠤᠳᠤᠬᠤ ᠭᠡᠷ ᠤᠨ ᠳᠠᠰᠬᠠᠯ  ᠲᠣᠬᠢᠷᠠᠭᠤᠯᠵᠤ  ᠪᠣᠯᠬᠤ  ᠦᠭᠡᠶ᠂  ᠰᠤᠷᠬᠤ  ᠨᠠᠰᠤᠨ ᠡᠴᠠ‌ᠡᠮᠦᠨᠡᠬᠢ ᠪᠡᠯᠡᠳᠭᠡᠯ ᠠᠩᠭᠢ ᠭᠠᠷᠭᠠᠵᠤ ᠪᠣᠯᠬᠤ ᠦᠭᠡᠶ᠂ ᠬᠡᠦᠬᠡᠳ ᠤᠨ ᠴᠡᠴᠡᠷᠯᠢᠭ ᠲᠠᠬᠢ ᠶᠡᠭᠡ ᠠᠩᠭᠢ ᠶᠢᠨ  ᠬᠡᠦᠬᠡᠳ  ᠶᠠᠪᠤᠬᠤ‌‍ᠪᠠᠶᠢᠳᠠᠯ ᠭᠠᠷᠪᠠᠯ᠂ ᠰᠢᠯᠲᠠᠭᠠᠨ ᠪᠣᠯᠤᠨ ᠬᠠᠮᠢᠭ᠎ᠠ ᠣᠴᠢᠭᠰᠠᠨ ᠢ ᠨᠢ ᠴᠠᠭ ᠲᠤᠬᠠᠶ ᠳᠤᠨᠢ ᠣᠶᠢᠯᠠᠭᠠᠬᠤ ᠶᠢᠨ ᠬᠠᠮᠲᠤ  ᠲᠤᠬᠠᠶ ᠵᠢᠨ‌ᠭᠠᠵᠠᠷ ᠤᠨ ᠰᠤᠷᠭᠠᠨ  ᠬᠥᠮᠦᠵᠢᠯ ᠤᠨ  ᠰᠠᠯᠠᠭ᠎ᠠ  ᠮᠥᠴᠢᠷ ᠲᠤ  ᠮᠡᠳᠡᠭᠦᠯᠬᠦ  ᠬᠡᠷᠡᠭᠲᠡᠶ᠃  ᠰᠤᠷᠭᠠᠨ  ᠬᠥᠮᠦᠵᠢᠯ ᠤᠨ  ᠰᠠᠯᠠᠭ᠎ᠠ‌ᠮᠥ᠋ᠴᠢᠷ ᠨᠢ ᠬᠤᠯᠪᠣᠭᠳᠠᠯ ᠪᠥᠬᠦᠶ ᠰᠦᠪᠡᠭᠴᠢ ᠶᠢ ᠦᠨᠳᠦᠰᠦᠯᠡᠨ᠂  ᠰᠤᠷᠬᠤ  ᠨᠠᠰᠤᠨ ᠠᠴᠠ  ᠡᠮᠦᠨᠡᠬᠢ  ᠬᠡᠦᠬᠡᠳ ᠢ  ᠬᠦᠯᠢᠶᠡᠨ‌ᠠᠪᠴᠤ ᠲᠣᠭᠲᠠᠭᠠᠯ ᠠᠴᠠ ᠵᠥᠷᠢᠴᠡᠨ ᠪᠣᠯᠪᠠᠰᠤᠷᠠᠯ ᠡᠷᠬᠢᠯᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠢ‌‍ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠷ᠎ᠠ ᠲᠠᠩᠰᠠᠨ ᠳᠤ ᠣᠷᠣᠭᠤᠯᠵᠤ᠂ ᠬᠠᠷ᠎ᠠ ᠲᠠᠩᠰᠠᠨ ᠤ ᠮᠡᠳᠡᠭᠡ ᠵᠠᠩᠭᠢ ᠶᠢ ᠨᠢ‌‍ᠪᠥ᠋ᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠡᠳ᠋ᠯᠡᠬᠦ ᠲᠠᠪᠴᠠᠩ ᠳᠤ ᠣᠷᠣᠭᠤᠯᠵᠤ᠂ ᠬᠤᠯᠪᠣᠭᠳᠠᠯ ᠪᠥᠬᠦᠶ‌‍ᠲ᠋ᠣᠭᠲᠠᠭᠠᠯ ᠶᠣᠰᠣᠭᠠᠷ ᠬᠠᠮᠲᠤᠷᠠᠨ  ᠵᠠᠯᠬᠠᠭᠠᠨ  ᠴᠡᠭᠡᠷᠯᠡᠭᠦᠯᠬᠦ  ᠬᠡᠷᠡᠭᠲᠡᠶ᠃  ᠰᠤᠷᠭᠠᠭᠤᠯᠢ  ᠡᠷᠬᠢᠯᠡᠬᠦ  ᠦᠢᠯᠡ  ᠠᠵᠢᠯᠯᠠᠭ᠎ᠠ ᠨᠢ‌‍ᠲ᠋ᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠬᠡᠦᠬᠡᠳ ᠤᠨ ᠴᠡᠴᠡᠷᠯᠢᠭ ᠪᠣᠯᠤᠨ ᠪᠠᠭ᠎ᠠ  ᠰᠤᠷᠭᠠᠭᠤᠯᠢ ᠶᠢᠨ  ᠰᠤᠷᠭᠠᠭᠤᠯᠢ ᠵᠢᠨ‌ᠵᠠᠬᠢᠷᠤᠯ᠂ ᠴᠡᠴᠡᠷᠯᠢᠭ ᠤᠨ ᠳᠠᠷᠤᠭ᠎ᠠ ᠪᠣᠯᠤᠨ ᠬᠤᠯᠪᠣᠭᠳᠠᠯ ᠪᠦᠬᠦᠢ ᠪᠠᠭᠰᠢ ᠠᠴᠠ ᠬᠠᠷᠢᠭᠤᠴᠠᠯᠭ᠎ᠠ  ᠨᠡᠬᠡᠮᠵᠢᠯᠡᠬᠦ  ᠬᠡᠷᠡᠭᠲᠡᠶ  ᠬᠡᠵᠦ‌‍ᠴᠢᠬᠤᠯᠠᠴᠢᠯᠠᠪᠠ᠃                    ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠭᠤᠯᠭ᠎ᠠ ᠪᠠ ᠠᠷᠭ᠎ᠠ  ᠮᠠᠶ᠋ᠢᠭ ᠢ  ᠬᠡᠦᠬᠡᠳ ᠤᠨ  ᠴᠡᠴᠡᠷᠯᠢᠭ ᠲᠤ᠋‌‍ᠲ᠋ᠦ᠋ᠭᠦᠮᠭᠡᠨ ᠢᠶᠠᠷ ᠨᠡᠬᠦᠯᠭᠡᠨ ᠬᠡᠷᠡᠭᠯᠡᠬᠦ ᠠᠷᠭ᠎ᠠ ᠬᠢᠳᠡᠯ ᠢ ᠰᠡᠷᠭᠡᠶᠢᠯᠡᠬᠦ ᠬᠡᠷᠡᠭᠳᠡᠢ᠃    ︽ᠵᠢᠯᠣᠭᠤᠳᠬᠤ ᠰᠠᠨᠠᠯ︾ ᠳᠤ᠂ ᠮᠡᠳᠡᠯᠭᠡ ᠶᠢᠨ ᠪᠡᠯᠡᠳᠬᠡᠯ ᠢ ᠬᠡᠲᠦ ᠴᠢᠬᠤᠯᠠᠴᠢᠯᠠᠬᠤ᠂ ᠪᠠᠷᠢᠮᠵᠢᠶ᠎ᠠ ᠠᠴᠠ ᠬᠡᠲᠦᠷᠡᠭᠦᠯᠦᠨ‌ᠵᠢᠭᠠᠨ ᠰᠤᠷᠭᠠᠬᠤ᠂  ᠤᠷᠢᠳᠴᠢᠯᠠᠨ  ᠰᠤᠷᠤᠯᠴᠠᠭᠤᠯᠬᠤ  ᠪᠠᠶᠢᠳᠠᠯ ᠢ  ᠬᠤᠪᠢᠷᠠᠭᠤᠯᠵᠤ᠂  ᠰᠤᠷᠭᠠᠭᠤᠯᠢ  ᠪᠠ  ᠰᠤᠷᠭᠠᠭᠤᠯᠢ ᠵᠢᠨ‌ᠭᠠᠳᠠᠨᠠᠬᠢ ᠪᠣᠯᠪᠠᠰᠤᠷᠠᠯ ᠤᠨ  ᠪᠠᠶᠢᠭᠤᠯᠤᠮᠵᠢ ᠶᠢᠨ  ᠰᠤᠷᠭᠠᠨ  ᠬᠥᠮᠦᠵᠢᠯ  ᠵᠢᠭᠠᠨ  ᠰᠤᠷᠭᠠᠯᠲᠠ ᠶᠢᠨ  ᠦᠢᠯᠡ  ᠠᠵᠢᠯᠯᠠᠭ᠎ᠠ ᠵᠢ‌ᠵᠢᠷᠤᠮᠵᠢᠭᠤᠯᠵᠤ᠂ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ   ᠶᠢᠨ  ᠠᠮᠢᠳᠤᠷᠠᠯ   ᠳᠤ  ᠵᠤᠬᠢᠴᠠᠬᠤ  ᠪᠡᠯᠡᠳᠭᠡᠯ  ᠢ‌ᠵᠣᠬᠢᠰᠲᠠᠶ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠶ᠃  ᠶᠡᠭᠡ ᠠᠩᠭᠢ ᠶᠢᠨ ᠰᠤᠷᠤᠯᠭ᠎ᠠ ᠶᠢᠨ ᠲᠤᠤᠷᠠᠳᠤ ᠬᠤᠭᠤᠴᠠᠭ᠎ᠠ ᠳᠤ ᠬᠡᠦᠬᠡᠳ ᠢ ᠬᠠᠪᠰᠤᠷᠤᠨ ᠠᠮᠢᠳᠤᠷᠠᠯ᠂ ᠨᠡᠶᠢᠭᠡᠮ  ᠪᠠ‌‍ᠰᠤᠷᠤᠯᠴᠠᠯᠭ᠎ᠠ  ᠵᠡᠷᠭᠡ  ᠣᠯᠠᠨ  ᠲᠠᠯ᠎ᠠ ᠶᠢᠨ  ᠪᠡᠯᠡᠳᠬᠡᠯ ᠢ  ᠰᠠᠶᠢᠲᠤᠷ  ᠬᠢᠵᠦ᠂   ᠪᠠᠭ᠎ᠠ   ᠰᠤᠷᠭᠠᠭᠤᠯᠢ ᠶᠢᠨ   ᠠᠮᠢᠳᠤᠷᠠᠯ ᠢ‌ᠢᠳᠡᠪᠬᠢᠲᠡᠶ ᠪᠠᠷ ᠬᠦᠰᠡᠨ ᠬᠦᠯᠢᠶᠡᠬᠦ ᠡᠷᠡᠮᠡᠯᠵᠡᠯ ᠪᠠ ᠬᠦᠰᠡᠨ ᠮᠦᠷᠦᠭᠡᠳᠦᠬᠦ  ᠪᠤᠯᠭᠠᠬᠤ  ᠬᠡᠷᠡᠭᠲᠡᠶ᠃  ᠪᠠᠭ᠎ᠠ  ᠰᠤᠷᠭᠠᠭᠤᠯᠢ ᠵᠢᠨ‌ᠣᠷᠴᠢᠨ ᠲᠣᠭᠤᠷᠢᠨ᠂ ᠰᠤᠷᠭᠠᠨ ᠬᠥᠮᠦᠵᠢᠯ ᠤᠨ ᠠᠭᠤᠯᠭ᠎ᠠ ᠪᠣᠯᠤᠨ ᠰᠤᠷᠭᠠᠨ ᠬᠥᠮᠦᠵᠢᠯ ᠤᠨ  ᠠᠷᠭ᠎ᠠ  ᠮᠠᠶ᠋ᠢᠭ ᠢ  ᠬᠡᠦᠬᠡᠳ ‍ᠤᠨ‌‍ᠴᠡᠴᠡᠷᠯᠢᠭ ᠲᠤ ᠳᠥᠭᠦᠮᠬᠡᠨ ᠢᠶᠠᠷ ᠨᠡᠭᠦᠯᠭᠡᠨ ᠬᠡᠷᠡᠭᠯᠡᠬᠦ ᠪᠤᠷᠤᠭᠤ ᠠᠷᠭ᠎ᠠ  ᠬᠢᠳᠡᠯ ᠢ  ᠰᠡᠷᠭᠡᠶᠢᠯᠡᠨ  ᠵᠠᠯᠠᠷᠠᠭᠤᠯᠬᠤ  ᠬᠡᠷᠡᠭᠲᠡᠶ  ᠬᠡᠵᠦ‌‍ᠲ᠋ᠤᠳᠤᠷᠬᠠᠢ ᠲᠤᠷᠠᠳᠴᠡᠢ᠃                   ᠨᠢᠭᠡᠳᠦᠭᠡᠷ ᠣᠨ ᠤ  ᠰᠤᠷᠤᠯᠭ᠎ᠠ ᠶᠢᠨ  ᠲᠡᠭᠡᠳᠦ  ᠬᠤᠭᠤᠴᠠᠭ᠎ᠠ ᠳᠤ  ᠰᠤᠷᠭᠠᠭᠤᠯᠢ ᠶᠢᠨ  ᠠᠮᠢᠳᠤᠷᠠᠯ ᠳᠤ  ᠵᠣᠬᠢᠴᠠᠬᠤ‌ᠬᠤᠭᠤᠴᠠᠭ᠎ᠠ ᠲᠣᠬᠢᠷᠠᠭᠤᠯᠵᠤ ᠰᠢᠨ᠎ᠡ ᠰᠤᠷᠤᠭᠴᠢ ᠳᠤ ᠬᠥᠨᠳᠡᠯᠡᠨ ᠬᠠᠷᠢᠴᠠᠭᠤᠯᠤᠯ ᠬᠢᠬᠦ ᠶᠢ ᠴᠢᠩᠭ᠎ᠠ ᠴᠡᠭᠡᠷᠯᠡᠬᠦ ᠬᠡᠷᠡᠭᠲᠡᠶ᠃ ︽ᠵᠢᠯᠣᠭᠤᠳᠬᠤ ᠰᠠᠨᠠᠯ︾ ᠳᠤ᠂ ︽ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠠᠮᠢᠳᠤᠷᠠᠯ ᠳᠤ  ᠵᠣᠬᠢᠴᠠᠬᠤ  ᠰᠤᠷᠭᠠᠨ‌‍ᠬᠥ᠋ᠮᠦᠵᠢᠯ ᠬᠢᠨ᠎ᠡ︾᠃ ᠪᠠᠭ᠎ᠠ ᠰᠤᠷᠭᠠᠭᠤᠯᠢ ᠨᠢ ᠨᠢᠭᠡᠳᠦᠭᠡᠷ ᠣᠨ ᠤ ᠰᠤᠷᠤᠯᠭ᠎ᠠ ᠶᠢᠨ ᠲᠡᠭᠡᠳᠦ ᠬᠤᠭᠤᠴᠠᠭ᠎ᠠ ᠶᠢ ᠰᠤᠷᠭᠠᠭᠤᠯᠢ ᠵᠢᠨ‌ᠠᠮᠢᠳᠤᠷᠠᠯ ᠳᠤ ᠵᠤᠬᠢᠴᠠᠬᠤ ᠬᠤᠭᠤᠴᠠᠭ᠎ᠠ ᠪᠣᠯᠭᠠᠨ ᠳᠣᠭᠢᠷᠠᠭᠤᠯᠵᠤ᠂  ᠰᠤᠷᠭᠠᠭᠤᠯᠢ ᠶᠢᠨ  ᠠᠮᠢᠳᠤᠷᠠᠯ ᠳᠤ  ᠵᠤᠬᠢᠴᠠᠬᠤ  ᠰᠤᠷᠭᠠᠨ‌‍ᠬᠥ᠋ᠮᠦᠵᠢᠯ ᠢ ᠭᠤᠤᠯᠳᠠᠯᠭ᠎ᠠ ᠲᠠᠢ ᠬᠢᠵᠦ᠂ ᠣᠷᠣᠨ ᠨᠤᠲᠤᠭ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ  ᠪᠠ  ᠶᠡᠷᠦᠩᠬᠡᠶᠢᠯᠡᠭᠰᠡᠨ‌ᠦᠢᠯᠡᠳᠦᠯᠭᠡ ᠶᠢᠨ  ᠠᠵᠢᠯᠯᠠᠭ᠎ᠠ ᠶᠢ  ᠭᠤᠤᠯᠳᠠᠭᠤ  ᠰᠤᠷᠭᠠᠭᠤᠯᠢ ᠶᠢᠨ  ᠠᠮᠢᠳᠤᠷᠠᠯ ᠳᠤ  ᠵᠤᠬᠢᠴᠠᠬᠤ  ᠠᠵᠢᠯᠯᠠᠭ᠎ᠠ ᠶᠢ  ᠵᠣᠬᠢᠶᠠᠨ‌‍ᠪᠠᠶᠢᠭᠤᠯᠤᠨ ᠬᠢᠬᠦ ᠲᠠᠢ ᠤᠶᠠᠯᠳᠤᠭᠤᠯᠤᠨ ᠥᠷᠨᠢᠭᠦᠯᠵᠦ᠂ ᠬᠢᠴᠢᠶᠡᠯ ᠤᠨ ᠴᠠᠭ ᠤᠨ  ᠲᠣᠬᠢᠷᠠᠭᠤᠯᠤᠯᠲᠠ ᠶᠢ  ᠦᠨᠡᠨᠬᠦ  ᠪᠠᠲᠤᠯᠠᠬᠤ‌‍ᠬᠡᠷᠡᠭᠳᠡᠢ᠃  ᠡᠭᠦᠨ ᠤ  ᠬᠠᠮᠲᠤ᠂  ᠨᠢᠭᠡᠳᠦᠭᠡᠷ  ᠣᠨ ᠤ  ᠰᠤᠷᠭᠠᠨ  ᠬᠥᠮᠦᠵᠢᠯ  ᠵᠢᠭᠠᠨ  ᠰᠤᠷᠭᠠᠯᠲᠠ ᠶᠢᠨ   ᠠᠷᠭ᠎ᠠ   ᠮᠠᠶ᠋ᠢᠭ ᠢ‌ᠥᠭᠡᠷᠡᠴᠢᠯᠡᠵᠦ᠂ ᠤᠯᠤᠰ ᠤᠨ ᠬᠢᠴᠢᠶᠡᠯ ᠢ ᠭᠤᠣᠯᠳᠠᠭᠤ ᠲᠣᠭᠯᠠᠭᠠᠮᠴᠢᠯᠠᠬᠤ᠂ ᠠᠮᠢᠳᠤᠷᠠᠯᠴᠢᠯᠠᠬᠤ᠂ ᠶᠡᠷᠦᠩᠬᠡᠶᠢᠯᠡᠬᠦ ᠵᠡᠷᠭᠡ  ᠠᠷᠭ᠎ᠠ‌ᠮᠠᠶ᠋ᠢᠭ ᠢᠶᠠᠷ ᠬᠢᠵᠦ᠂ ᠬᠡᠦᠬᠡᠳ ᠤᠳ ᠤᠨ ᠬᠠᠶᠢᠨ ᠰᠦᠪᠡᠭᠴᠢᠯᠡᠬᠦ᠂  ᠪᠡᠶᠡᠴᠢᠯᠡᠨ  ᠣᠶᠢᠯᠠᠭᠠᠬᠤ  ᠮᠠᠶ᠋ᠢᠭ ᠤᠨ  ᠰᠤᠷᠤᠯᠴᠠᠯᠭ᠎ᠠ ᠵᠢ‌‍ᠴᠢᠩᠭᠠᠳᠬᠠᠬᠤ ᠬᠡᠷᠡᠭᠲᠡᠢ᠃ ᠬᠡᠦᠬᠡᠳ ᠤᠳ ᠤᠨ ᠪᠡᠶ᠎ᠡ ᠰᠡᠳᠬᠢᠯ ᠤᠨ  ᠣᠨᠴᠠᠯᠢᠭ  ᠪᠣᠯᠤᠨ  ᠬᠦᠯᠢᠶᠡᠨ  ᠠᠪᠬᠤ  ᠴᠢᠳᠠᠪᠤᠷᠢ ᠵᠢ‌ᠣᠮᠲᠣᠭᠠᠶᠢᠯᠠᠬᠤ ᠦᠵᠡᠭᠳᠡᠯ ᠢ ᠦᠨᠡᠨᠬᠦ ᠬᠤᠪᠢᠷᠠᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ  ᠵᠢᠭᠠᠨ  ᠰᠤᠷᠭᠠᠬᠤ᠂  ᠠᠬᠢᠴᠠ ᠵᠢ‌‍ᠰᠣᠬᠤᠷ ᠪᠠᠯᠠᠶ ᠪᠠᠷ ᠬᠥᠭᠡᠭᠡᠴᠡᠯᠳᠦᠬᠦ ᠪᠤᠷᠤᠭᠤ ᠠᠷᠭ᠎ᠠ ᠬᠢᠳᠡᠯ ᠢ ᠡᠷᠡᠰ ᠵᠠᠯᠠᠷᠠᠭᠤᠯᠬᠤ ᠬᠡᠷᠡᠭᠲᠡᠶ ᠬᠡᠵᠦ ᠲᠤᠷᠠᠳᠪᠠ᠃   ︽ᠵᠢᠯᠣᠭᠤᠳᠬᠤ ᠰᠠᠨᠠᠯ︾ ᠲᠠᠢ ᠬᠠᠮᠲᠤ ᠳᠤᠨᠢ ᠳᠠᠷᠤᠮᠠᠯᠯᠠᠨ ᠲᠠᠷᠬᠠᠭᠠᠬᠰᠠᠨ ︽ᠪᠠᠭ᠎ᠠ ᠰᠤᠷᠭᠠᠭᠤᠯᠢ ᠶᠢᠨ ᠰᠣᠷᠣᠭᠴᠢ ᠵᠢᠨ‌ᠠᠮᠢᠳᠤᠷᠠᠯ ᠳᠤ ᠵᠤᠬᠢᠴᠠᠬᠤ ᠰᠤᠷᠭᠠᠨ ᠬᠥᠮᠦᠵᠢᠯ ᠤᠨ ᠵᠢᠯᠣᠭᠤᠳᠬᠤ ᠭᠤᠤᠯᠳᠠᠯᠭ᠎ᠠ︾ ᠳᠤ᠂ ᠰᠢᠨ᠎ᠡ  ᠰᠣᠷᠣᠭᠴᠢ ᠶᠢᠨ  ᠤᠤᠯ ‍ᠤᠨ‌‍ᠲ᠋ᠤᠷᠰᠢᠯᠭ᠎ᠠ᠂ ᠬᠥᠭᠵᠢᠯᠲᠡ ᠶᠢᠨ ᠬᠤᠷᠳᠤᠴᠠ ᠪᠠ ᠬᠥᠭᠵᠢᠯᠲᠡ ᠶᠢᠨ ᠬᠢᠷᠢ ᠲᠦᠪᠰᠢᠨ ᠤ ᠲᠠᠯ᠎ᠠ ᠪᠠᠷ ᠬᠢ ᠵᠥᠷᠢᠶ᠎ᠡ ᠶᠢ  ᠬᠦᠢᠴᠡᠳ‌ᠤᠶᠢᠯᠠᠭᠠᠨ  ᠬᠦᠨᠳᠦᠳᠬᠡᠵᠦ᠂  ᠬᠡᠦᠬᠡᠳ  ᠨᠢᠭᠡᠪᠦᠷᠢ ᠳᠤ  ᠲᠤᠰᠬᠠᠶ  ᠵᠢᠯᠣᠭᠤᠳᠣᠯᠭ᠎ᠠ  ᠪᠠ   ᠬᠠᠪᠰᠤᠷᠤᠯᠭ᠎ᠠ   ᠴᠢᠭᠯᠡᠬᠦᠯᠦᠯᠳᠦ‌‍ᠴᠢᠨᠠᠷᠳᠠᠢ ᠪᠠᠷ ᠬᠢᠵᠦ᠂ ᠬᠡᠲᠦ ᠥᠨᠳᠥᠷ ᠨᠢᠭᠡᠳᠦᠯᠲᠡᠶ ᠱᠠᠭᠠᠷᠳᠠᠯᠭ᠎ᠠ ᠳᠤᠷᠠᠳᠬᠤ ᠪᠤᠶᠤ ᠬᠥᠨᠳᠡᠯᠡᠨ ᠢᠶᠠᠷ ᠬᠠᠷᠢᠴᠠᠭᠤᠯᠤᠯ  ᠬᠢᠬᠦ ᠵᠢ‌‍ᠴᠢᠩᠭ᠎ᠠ ᠴᠡᠭᠡᠷᠯᠡᠵᠦ᠂ ᠬᠡᠦᠬᠡᠳ ᠤᠨ ᠰᠤᠷᠭᠠᠭᠤᠯᠢ ᠳᠤ ᠣᠷᠣᠬᠤ ᠢᠳᠡᠪᠬᠢᠵᠢᠯ ᠢ ᠮᠢᠲᠠᠷᠠᠭᠤᠯᠬᠤ ᠠᠴᠠ ᠵᠠᠶᠢᠯᠠᠰᠬᠢᠬᠦ ᠬᠡᠷᠡᠭᠲᠡᠶ ᠬᠡᠵᠦ‌‍ᠲ᠋ᠤᠷᠠᠳᠴᠡᠢ᠃   ᠭᠡᠷ ᠤᠨ ᠠᠬᠠᠮᠠᠳ ᠤᠨ ᠳᠠᠷᠤᠭᠠᠰᠤ ᠪᠠ ᠵᠣᠪᠠᠨᠢᠯ ᠢ ᠨᠠᠮᠳᠠᠭᠤᠯᠬᠤ ᠬᠡᠷᠡᠭᠳᠡᠢ᠃ ᠬᠡᠷ  ᠪᠦᠯᠢ  ᠴᠡᠴᠡᠷᠯᠢᠭ  ᠰᠤᠷᠭᠠᠭᠤᠯᠢ ᠶᠢᠨ ᠬᠢᠨ  ᠬᠠᠮᠲᠤ ᠪᠠᠷ  ᠬᠦᠮᠦᠵᠢᠬᠦᠯᠬᠦ  ᠲᠣᠭᠲᠠᠴᠠ ᠶᠢ  ᠲᠡᠭᠦᠯᠳᠡᠷᠵᠢᠭᠦᠯᠬᠦ‌ᠠᠰᠠᠭᠤᠳᠠᠯ ᠤᠨ ᠲᠤᠬᠠᠶ ᠪᠢᠴᠢᠭ ᠮᠠᠲ᠋ᠧᠷᠢᠶᠠᠯ ᠳᠤ ᠪᠠᠰᠠ ᠵᠢᠯᠣᠭᠤᠳᠬᠤ ᠴᠢᠭᠯᠡᠯ ᠢ ᠲᠤᠳᠤᠷᠬᠠᠶᠢᠯᠠᠨ  ᠦᠭᠴᠡᠢ᠃  ᠬᠡᠦᠬᠡᠳ ‍ᠤᠨ‌‍ᠴᠡᠴᠡᠷᠯᠢᠭ ᠪᠠ ᠪᠠᠭ᠎ᠠ ᠰᠤᠷᠭᠠᠭᠤᠯᠢ ᠨᠢ ᠬᠡᠷ ᠤᠨ ᠠᠬᠠᠮᠠᠳ ᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠪᠣᠯᠭᠠᠵᠤ᠂  ᠬᠡᠷ  ᠪᠦᠯᠢ‌‍ᠴᠡᠴᠡᠷᠯᠢᠭ ᠰᠤᠷᠭᠠᠭᠤᠯᠢ ᠶᠢᠨ ᠬᠠᠮᠵᠢᠯᠴᠠᠨ ᠨᠡᠪᠲᠡᠷᠡᠯᠴᠡᠬᠦ ᠪᠦᠲᠦᠮᠵᠢᠲᠡᠶ  ᠲᠣᠭᠲᠠᠴᠠ ᠶᠢ  ᠪᠠᠶᠢᠭᠤᠯᠤᠨ᠂  ᠬᠡᠷ ᠤᠨ  ᠠᠬᠠᠮᠠᠳ ᠢ‌‍ᠬᠥ᠋ᠲᠥᠯᠦᠨ ᠵᠢᠯᠣᠭᠤᠳᠴᠤ ᠪᠠᠶᠢᠭᠠᠳ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠯᠤᠭ᠎ᠠ ᠢᠳᠡᠪᠬᠢᠲᠡᠶ ᠬᠠᠮᠵᠢᠯᠴᠠᠭᠤᠯᠵᠤ᠂ᠵᠣᠯᠭᠠᠭᠤᠯᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠬᠡᠷ ᠤᠨ ᠠᠬᠠᠮᠠᠳ ᠤᠨ ᠰᠤᠷᠭᠠᠭᠤᠯᠢ ᠳᠤ  ᠣᠷᠣᠬᠤ  ᠪᠡᠯᠡᠳᠬᠡᠯ‌‍ᠪᠠ ᠰᠤᠷᠭᠠᠭᠤᠯᠢ ᠶᠢᠨ ᠠᠮᠢᠳᠤᠷᠠᠯ ᠳᠤ ᠵᠣᠬᠢᠴᠠᠬᠤ ᠲᠠᠯ᠎ᠠ ᠪᠠᠷ ᠬᠢ ᠲᠥᠭᠡᠷᠢᠭᠳᠡᠯ ᠤᠨ ᠠᠰᠠᠭᠤᠳᠠᠯ ᠵᠢᠴᠢ  ᠰᠠᠨᠠᠯ  ᠰᠠᠨᠠᠭᠤᠯᠭ᠎ᠠ ᠵᠢ‌‍ᠴᠠᠭ ᠲᠤᠬᠠᠶ ᠳᠤᠨᠢ ᠣᠶᠢᠯᠠᠭᠠᠵᠤ᠂ ᠤᠯᠤᠰ ᠪᠠ  ᠣᠷᠣᠨ  ᠨᠤᠲᠤᠭ ᠤᠨ  ᠬᠤᠯᠪᠣᠭᠳᠠᠯ  ᠪᠥᠬᠦᠶ  ᠲᠥᠷᠥ ᠶᠢᠨ  ᠪᠣᠳᠣᠯᠭ᠎ᠠ ᠵᠢᠨ‌‍ᠱᠠᠭᠠᠷᠳᠠᠯᠭ᠎ᠠ ᠶᠢ ᠢᠳᠡᠪᠬᠢᠲᠡᠶ ᠤᠬᠠᠭᠤᠯᠵᠤ᠂ ᠬᠡᠦᠬᠡᠳ ᠤᠨ  ᠴᠡᠴᠡᠷᠯᠢᠭ  ᠪᠠ  ᠪᠠᠭ᠎ᠠ  ᠰᠤᠷᠭᠠᠭᠤᠯᠢ ᠶᠢ  ᠬᠤᠤᠰ  ᠴᠢᠭᠯᠡᠯ ᠵᠶ᠋ᠠᠷ‌ᠵᠣᠯᠭᠠᠭᠤᠯᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠪᠠ ᠠᠷᠭ᠎ᠠ ᠬᠢᠳᠡᠯ ᠢ ᠤᠬᠠᠭᠤᠯᠤᠨ ᠳᠡᠯᠭᠡᠨ  ᠦᠵᠡᠭᠦᠯᠵᠦ᠂  ᠬᠡᠷ ‍ᠤᠨ‌ᠠᠬᠠᠮᠠᠳ ᠲᠤ ᠮᠡᠳᠡᠯᠭᠡ ᠶᠢᠨ ᠪᠡᠯᠡᠳᠬᠡᠯ ᠢ  ᠬᠡᠲᠦ  ᠴᠢᠩᠭᠠᠳᠬᠠᠬᠤ᠂  ᠪᠠᠭ᠎ᠠ  ᠰᠤᠷᠭᠠᠭᠤᠯᠢ ᠶᠢᠨ  ᠬᠢᠴᠢᠶᠡᠯ ᠤᠨ  ᠠᠭᠤᠯᠭ᠎ᠠ ᠵᠢ‌ᠤᠷᠢᠳᠴᠢᠯᠠᠨ ᠰᠤᠷᠤᠯᠴᠠᠭᠤᠯᠬᠤ ᠶᠢᠨ ᠬᠤᠤᠷ ᠬᠥᠨᠥᠭᠡᠯ ᠢ ᠲᠠᠨᠢᠭᠤᠯᠵᠤ᠂ ᠬᠡᠷ ᠤᠨ  ᠠᠬᠠᠮᠠᠳ ᠤᠨ  ᠳᠠᠷᠤᠯᠲᠠ  ᠪᠠ  ᠵᠣᠪᠠᠨᠢᠯ ᠢ‌ᠨᠠᠮᠳᠠᠭᠤᠯᠬᠤ ᠬᠡᠷᠡᠭᠲᠡᠶ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号