ᠲᠠᠮᠢᠷ ᠤᠨ ᠬᠥᠳᠡᠯᠭᠡᠭᠡᠨ ᠬᠡᠦᠬᠡᠳ ᠤᠨ ᠰᠤᠷᠤᠯᠴᠠᠬᠤ ᠤᠷᠮ᠎ᠠ ᠶᠢ ᠬᠦᠭᠵᠢᠭᠡᠳᠡᠭ | | ᠲᠦᠮᠡᠨ ᠪᠣᠳᠠᠰ ᠰᠢᠨᠡᠳᠦᠨ ᠠᠮᠢᠵᠢᠷᠠᠯ ᠤᠨ ᠬᠦᠴᠦᠨ ᠪᠢᠯᠬᠠᠭᠰᠠᠨ ᠬᠠᠪᠤᠷ ᠤᠨ ᠤᠯᠠᠷᠢᠯ ᠳᠤ ᠪᠠᠭᠠᠴᠤᠳ | ᠬᠡᠦᠬᠡᠳ ᠮᠠᠨᠢ ᠪᠠᠰᠠ ᠨᠢᠬᠡᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠯ᠎ᠠ᠃ ᠡᠪᠦᠯ ᠤᠨ | ᠠᠮᠠᠷᠠᠯᠲᠠ ᠳᠠᠭᠠᠨ ᠨᠡᠯᠢᠶᠡᠳ ᠤᠳᠠᠭᠠᠨ ᠠᠮᠠᠷᠠᠵᠤ ᠰᠡᠯᠡᠭᠦᠴᠡᠭᠰᠡᠨ ᠪᠤᠯᠬᠤᠷ ᠪᠡᠶ᠎ᠡ ᠰᠡᠳᠬᠢᠯ ᠤᠨ ᠳᠠᠯ᠎ᠠ ᠪᠠᠷ | ᠬᠤᠶᠢᠷᠭᠤᠰᠢᠵᠤ᠂ ᠰᠤᠷᠭᠠᠭᠤᠯᠢ ᠳᠠᠭᠠᠨ ᠪᠤᠴᠠᠭᠰᠠᠨ ᠴᠤ ᠰᠤᠷᠤᠯᠭ᠎ᠠ ᠬᠢᠴᠢᠶᠡᠯ ᠳᠡᠭᠡᠨ ᠰᠡᠳᠬᠢᠯ ᠲᠦᠪᠯᠡᠷᠡᠬᠦ | ᠦᠬᠡᠢ ᠪᠠᠶᠢᠬᠤ ᠨᠢ ᠪᠠᠭᠰᠢ ᠭᠡᠷ ᠤᠨ ᠠᠬᠠᠮᠠᠳ ᠤᠨ ᠰᠠᠨᠠᠭ᠎ᠠ ᠪᠤᠯᠳᠠᠭ ᠤᠴᠢᠷ ᠪᠤᠯᠤᠯ᠎ᠠ᠃ ᠡᠭᠦᠨ ᠳᠤ ᠪᠡᠶ᠎ᠡ ᠶᠢᠨ | ᠲᠠᠮᠢᠷ ᠤᠨ ᠬᠦᠳᠡᠯᠭᠡᠭᠡᠨ ᠳᠤ ᠵᠤᠬᠢᠰᠲᠠᠢ ᠤᠷᠤᠯᠴᠠᠬᠤ ᠨᠢ ᠰᠤᠷᠤᠭᠴᠢᠳ ᠤᠨ ᠰᠤᠷᠤᠯᠴᠠᠯᠭ᠎ᠠ ᠬᠢᠴᠢᠶᠡᠯ ᠳᠡᠭᠡᠨ | ᠲᠦᠷᠭᠡᠨ ᠲᠣᠬᠢᠷᠠᠭᠤᠯᠤᠯᠲᠠ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠠᠬᠢ ᠰᠤᠷᠤᠯᠴᠠᠬᠤ ᠤᠷᠮ᠎ᠠ ᠪᠠᠨ | ᠬᠦᠭᠵᠢᠭᠡᠬᠦ ᠪᠦᠲᠦᠮᠵᠢᠲᠡᠶ ᠠᠷᠭ᠎ᠠ ᠪᠠᠷᠢᠯ ᠪᠤᠯᠳᠠᠭ ᠰᠢᠦ᠃ | ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ᠂ ᠵᠠᠷᠢᠮ ᠰᠤᠷᠤᠭᠴᠢᠳ ᠰᠡᠳᠬᠢᠴᠡ ᠶᠢᠨ | ᠲᠠᠯ᠎ᠠ ᠪᠠᠷ ᠳᠠᠷᠤᠯᠲᠠ ᠲᠠᠢ ᠪᠤᠯᠵᠤ᠂ ᠨᠠᠵᠠᠭᠠᠢ ᠲᠠᠯ᠎ᠠ ᠶᠢᠨ ᠤᠷᠮ᠎ᠠ ᠰᠡᠳᠬᠢᠯᠭᠡ ᠲᠠᠢ ᠪᠤᠯᠬᠤ ᠨᠢ ᠬᠡᠪ ᠤᠨ ᠤᠴᠢᠷ | ᠪᠠᠶᠢᠳᠠᠭ᠃ ᠤᠴᠢᠷ ᠨᠢ ᠨᠡᠯᠢᠶᠡᠳ ᠣᠷᠳᠣ ᠡᠪᠦᠯ ᠤᠨ ᠠᠮᠠᠷᠠᠯᠲᠠ ᠶᠢᠨ ᠠᠮᠢᠳᠤᠷᠠᠯ ᠳᠤᠮᠳᠠ ᠮᠠᠰᠢ ᠣᠯᠠᠨ | ᠰᠤᠷᠤᠭᠴᠢᠳ ᠰᠠᠨᠠᠭᠠᠨ ᠤ ᠠᠶ᠎ᠠ ᠪᠠᠷ ᠨᠠᠭᠠᠳᠤᠨ ᠲᠤᠭᠯᠠᠵᠤ᠂ ᠠᠭᠤᠵᠢᠭᠤ ᠲᠠᠯᠪᠢᠭᠤ ᠪᠠᠶᠠᠷ ᠪᠠᠶᠠᠰᠬᠤᠯᠠᠩ ᠲᠠᠢ | ᠦᠩᠭᠡᠷᠡᠭᠦᠯᠦᠭᠰᠡᠨ ᠢᠶᠠᠷ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ ᠰᠤᠷᠤᠯᠴᠠᠵᠤ ᠠᠮᠠᠷᠠᠬᠤ | ᠲᠠᠯ᠎ᠠ ᠪᠠᠷ ᠨᠡᠯᠢᠶᠡᠳ ᠶᠡᠭᠡ ᠵᠥᠷᠢᠶ᠎ᠡ ᠲᠠᠢ ᠪᠤᠯᠵᠤ᠂ ᠦᠷᠯᠦᠭᠡ ᠡᠷᠲᠡ ᠪᠤᠰᠤᠨ ᠰᠤᠷᠭᠠᠭᠤᠯᠢ ᠳᠠᠭᠠᠨ ᠬᠦᠷᠴᠦ | ᠬᠢᠴᠢᠶᠡᠯᠯᠡᠬᠦ ᠨᠢ ᠰᠤᠷᠤᠭᠴᠢᠳ ᠲᠤ ᠪᠠᠭ᠎ᠠ ᠪᠤᠰᠤ ᠥᠷᠢᠰᠥᠯᠳᠦᠭᠡᠨ ᠲᠠᠢ ᠰᠠᠨᠠᠭᠳᠠᠭᠤᠯᠳᠠᠭ ᠪᠢᠯᠡ᠃ ᠭᠡᠪᠡᠴᠦ | ᠰᠤᠷᠭᠠᠭᠤᠯᠢ ᠡᠬᠢᠯᠡᠭᠰᠡᠨ ᠶᠤᠮ ᠴᠢᠨᠢ ᠴᠠᠭ ᠲᠤᠬᠠᠶ ᠳᠤᠨᠢ ᠦᠪᠡᠷ ᠤᠨ ᠪᠠᠶᠢᠳᠠᠯ ᠳᠠᠭᠠᠨ ᠳᠤᠬᠢᠷᠠᠭᠤᠯᠤᠯᠳᠠ ᠬᠢᠵᠦ᠂ | ᠵᠢᠮ᠎ᠡ ᠶᠣᠰᠣ ᠲᠠᠢ ᠰᠤᠷᠤᠯᠴᠠᠯᠭ᠎ᠠ ᠠᠮᠢᠳᠤᠷᠠᠯ ᠢᠶᠠᠨ ᠰᠡᠷᠭᠦᠭᠡᠬᠦ ᠨᠢ ᠴᠢᠬᠤᠯᠠ᠃ ᠪᠡᠶ᠎ᠡ ᠶᠢᠨ ᠲᠠᠮᠢᠷ ᠤᠨ | ᠬᠦᠳᠡᠯᠭᠡᠭᠡᠨ ᠳᠤ ᠵᠤᠬᠢᠰᠲᠠᠢ ᠤᠷᠤᠯᠴᠠᠬᠤ ᠨᠢ ᠰᠤᠷᠤᠭᠴᠢᠳ ᠤᠨ ᠪᠡᠶ᠎ᠡ ᠪᠠᠨ ᠪᠠᠷᠢᠬᠤ ᠴᠢᠳᠠᠪᠤᠷᠢ ᠪᠠ ᠰᠠᠶᠢᠨ | ᠰᠠᠶᠢᠬᠠᠨ ᠰᠤᠷᠤᠯᠴᠠᠬᠤ ᠳᠠᠳᠬᠠᠯ ᠢ ᠪᠣᠶ ᠪᠣᠯᠭᠠᠬᠤ ᠳᠤ ᠠᠰᠢᠭᠲᠠᠢ ᠶᠤᠮ᠃ 、 | ᠪᠢᠳᠡ ᠪᠡᠶ᠎ᠡ ᠶᠢᠨ ᠲᠠᠮᠢᠷ ᠤᠨ ᠬᠦᠳᠡᠯᠭᠡᠭᠡᠨ ᠢᠶᠠᠷ ᠰᠤᠷᠭᠠᠭᠤᠯᠢ ᠡᠬᠢᠯᠡᠬᠦ ᠶᠢᠨ ᠤᠷᠢᠳᠠᠭᠤᠷ | ᠬᠤᠶᠢᠭᠤᠷᠬᠢ ᠰᠤᠷᠤᠭᠴᠢᠳ ᠤᠨ ᠰᠤᠷᠤᠯᠴᠠᠬᠤ ᠪᠠ ᠠᠮᠠᠷᠠᠬᠤ ᠶᠢ ᠲᠦᠷᠭᠡᠨ ᠲᠣᠬᠢᠷᠠᠭᠤᠯᠬᠤ ᠠᠷᠭ᠎ᠠ ᠪᠠᠷᠢᠯ ᠪᠣᠯᠭᠠᠵᠤ | ᠪᠣᠯᠤᠨ᠎ᠠ᠂ ᠭᠡᠷ ᠪᠦᠯᠢ᠂ ᠰᠤᠷᠭᠠᠭᠤᠯᠢ ᠪᠠ ᠨᠡᠶᠢᠭᠡᠮ ᠠᠴᠠ ᠰᠤᠷᠤᠭᠴᠢᠳ ᠲᠤ ᠰᠠᠨᠠᠭᠠᠴᠢᠯᠠᠭ᠎ᠠ ᠠᠴᠠ ᠪᠠᠨ | ᠳᠠᠮᠢᠷ ᠤᠨ ᠬᠦᠳᠡᠯᠬᠡᠬᠡᠨ ᠳᠤ ᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠬᠤ | ᠤᠷᠴᠢᠨ ᠠᠬᠤᠢ ᠶᠢ ᠡᠬᠦᠳᠦᠨ ᠦᠭᠴᠦ᠂ ᠬᠡᠦᠬᠡᠳ ᠢ ᠰᠢᠨᠵᠢᠯᠡᠬᠦ ᠤᠬᠠᠭᠠᠨᠴᠢ᠂ ᠲᠦᠬᠦᠮ ᠲᠦᠳᠡ᠂ ᠠᠯᠬᠤᠮ | ᠳᠠᠷᠠᠭ᠎ᠠ ᠲᠠᠢ ᠪᠠᠷ ᠳᠠᠮᠢᠷ ᠤᠨ ᠬᠦᠳᠡᠯᠬᠡᠬᠡᠨ ᠳᠤ ᠤᠷᠤᠯᠴᠠᠭᠤᠯᠪᠠᠯ ᠵᠤᠬᠢᠨ᠎ᠠ᠃ ᠳᠠᠮᠢᠷ ᠤᠨ ᠬᠥᠳᠡᠯᠭᠡᠭᠡᠨ ᠢᠶᠠᠷ | ᠳᠠᠮᠵᠢᠨ᠂ ᠬᠡᠤᠬᠡᠳ ᠤᠳ ᠪᠡᠶ᠎ᠡ ᠪᠠᠨ ᠪᠠᠷᠢᠬᠤ ᠴᠢᠳᠠᠪᠤᠷᠢ ᠶᠢ ᠰᠤᠷᠴᠤ ᠪᠣᠯᠤᠨ᠎ᠠ᠃ ᠢᠯᠠᠩᠭᠤᠶ᠎ᠠ ᠰᠤᠷᠭᠠᠭᠤᠯᠢ | ᠡᠬᠢᠯᠡᠬᠦ ᠶᠢᠨ ᠦᠶ᠎ᠠ ᠪᠠᠷ ᠬᠡᠦᠬᠡᠳ ᠪᠠᠭᠠᠴᠤᠳ ᠢ ᠢᠳᠡᠪᠬᠢᠲᠡᠢ ᠪᠦᠲᠦᠮᠵᠢᠲᠡᠶ ᠳᠠᠮᠢᠷ ᠤᠨ ᠪᠣᠯᠪᠠᠰᠤᠷᠠᠯ ᠳᠤ | ᠤᠷᠤᠯᠴᠠᠭᠤᠯᠬᠤ ᠨᠢ ᠬᠡᠦᠬᠡᠳ ᠤᠨ ᠰᠤᠷᠤᠯᠴᠠᠬᠤ ᠤᠷᠮ᠎ᠠ ᠶᠢ ᠠᠯᠢ ᠲᠦᠷᠬᠡᠨ ᠢᠶᠠᠷ ᠬᠦᠭᠵᠢᠭᠡᠵᠦ ᠴᠢᠳᠠᠨ᠎ᠠ᠃ | | ᠬᠦᠮᠦᠰ ᠳᠠᠩᠳᠠ ᠪᠠᠨ ᠰᠤᠷᠭᠠᠭᠤᠯᠢ ᠡᠬᠢᠯᠡᠪᠡᠯ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠡᠭᠡ | ᠪᠤᠯᠵᠤ᠂ ᠪᠡᠶ᠎ᠠ ᠪᠠᠨ ᠪᠣᠯᠪᠠᠰᠤᠷᠠᠭᠤᠯᠬᠤ ᠴᠠᠭ ᠬᠢᠵᠠᠭᠠᠷ ᠲᠠᠢ᠂ ᠠᠮᠠᠷᠠᠯᠳᠠ ᠳᠠᠯᠪᠢᠪᠠᠯ ᠰᠠᠶ᠋ᠢ ᠴᠠᠭ ᠡᠯᠪᠡᠭ ᠪᠤᠯᠤᠨ᠎ᠠ | ᠬᠡᠵᠦ ᠶᠠᠷᠢᠳᠠᠭ᠃ ᠦᠨᠡᠨ ᠳᠡᠭᠡᠨ ᠬᠡᠦᠬᠡᠳ ᠢ ᠢᠳᠡᠪᠬᠢᠲᠡᠶ ᠪᠦᠲᠦᠮᠵᠢᠲᠡᠶ ᠪᠠᠷ ᠬᠥᠲᠥᠯᠥᠨ ᠵᠢᠯᠤᠭᠤᠳᠴᠤ ᠲᠠᠮᠢᠷ ᠤᠨ | ᠬᠦᠳᠡᠯᠭᠡᠭᠡᠨ ᠳᠤ ᠤᠷᠤᠯᠴᠠᠬᠤ ᠳᠠᠳᠬᠠᠯ ᠲᠠᠢ ᠪᠤᠯᠭᠠᠬᠤ ᠨᠢ ᠬᠡᠦᠬᠡᠳ ᠤᠨ ᠪᠡᠶ᠎ᠠ ᠪᠠᠨ ᠪᠠᠷᠢᠬᠤ ᠴᠢᠳᠠᠪᠤᠷᠢ ᠶᠢ | ᠴᠢᠩᠭᠠᠳᠬᠠᠵᠤ᠂ ᠡᠭᠦᠨ ᠤ ᠤᠯᠠᠮ ᠢᠶᠠᠷ ᠰᠤᠷᠤᠯᠭ᠎ᠠ ᠶᠢᠨ ᠬᠢᠷᠢ ᠪᠦᠲᠦᠮᠵᠢ ᠪᠠᠨ ᠳᠡᠭᠡᠭᠰᠢᠯᠡᠭᠦᠯᠬᠦ ᠳᠤ ᠨᠢ | ᠠᠰᠢᠭᠲᠠᠢ ᠪᠠᠶᠢᠳᠠᠭ᠃ ᠣᠳᠣᠬᠠᠨ ᠳᠤ ᠨᠡᠶᠢᠭᠡᠮ ᠳᠡᠭᠡᠷ᠎ᠡ ᠰᠡᠯᠡᠭᠦᠴᠡᠯ ᠵᠤᠭ᠎ᠠ ᠴᠡᠩᠭᠡᠯ ᠤᠨ ᠵᠦᠶ᠋ᠯᠡᠰ ᠮᠠᠰᠢ | ᠣᠯᠠᠨ ᠪᠠᠶᠢᠵᠤ᠂ ᠬᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠠᠴᠠ ᠬᠡᠤᠬᠡᠳ ᠢ ᠰᠠᠨᠠᠭᠠᠴᠢᠯᠠᠭ᠎ᠠ ᠲᠠᠢ ᠪᠠᠷ | ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠡᠷᠡᠬᠦᠯ ᠴᠢᠬᠢᠷᠠᠭ ᠳᠠᠮᠢᠷ ᠤᠨ ᠬᠦᠳᠡᠯᠬᠡᠬᠡᠨ ᠳᠤ ᠢᠯᠡᠭᠦᠦ | ᠤᠷᠤᠯᠴᠠᠭᠤᠯᠬᠤ ᠨᠢ ᠬᠡᠦᠬᠡᠳ ᠪᠠᠭᠠᠴᠤᠳ ᠤᠨ ᠳᠠᠮᠢᠷ ᠤᠨ ᠬᠦᠳᠡᠯᠬᠡᠬᠡᠨ ᠤ ᠳᠠᠳᠬᠠᠯ ᠲᠠᠢ ᠪᠤᠯᠬᠤ᠂ ᠴᠠᠭ ᠤᠨ | ᠬᠠᠮᠢᠶᠠᠷᠤᠯᠳᠠ ᠶᠢᠨ ᠴᠢᠳᠠᠪᠤᠷᠢ ᠲᠠᠢ ᠪᠤᠯᠬᠤ᠂ ᠦᠪᠡᠷ ᠤᠨ ᠪᠡᠶ᠎ᠠ ᠪᠠᠨ ᠴᠢᠩᠭ᠎ᠠ ᠱᠠᠭᠠᠷᠳᠠᠬᠤ ᠪᠠ ᠪᠡᠶ᠎ᠡ ᠳᠡᠭᠡᠨ | ᠢᠳᠡᠬᠡᠯ ᠲᠠᠢ ᠪᠤᠯᠬᠤ ᠵᠡᠷᠭᠡ ᠳᠠᠳᠬᠠᠯ ᠢ ᠠᠶᠠᠨᠳᠠᠭᠠᠨ ᠬᠦᠮᠦᠵᠢᠬᠦᠯᠵᠦ ᠳᠡᠶᠢᠯᠳᠡᠭ ᠰᠠᠨ᠃ | ᠳᠠᠮᠢᠷ ᠤᠨ ᠬᠦᠳᠡᠯᠭᠡᠬᠡᠨ ᠳᠤ ᠢᠯᠡᠬᠦᠬᠡᠨ ᠤᠷᠤᠯᠴᠠᠬᠤ ᠨᠢ ᠬᠦᠮᠦᠰ ᠤᠨ ᠪᠡᠶ᠎ᠡ ᠮᠠᠬᠠᠪᠤᠳ ᠢ | ᠳᠠᠪᠳᠠᠨ ᠪᠤᠯᠪᠠᠰᠤᠷᠠᠭᠤᠯᠬᠤ ᠲᠡᠳᠦᠢ ᠦᠭᠡᠢ᠂ ᠪᠠᠰᠠ ᠵᠤᠷᠢᠭ ᠳᠠᠪᠴᠢᠶᠡᠷᠢ ᠲᠠᠢ ᠪᠤᠯᠭᠠᠨ᠎ᠠ᠃ ᠬᠠᠪᠤᠷ ᠤᠨ ᠤᠷᠢᠨ | ᠳᠤᠯᠠᠭᠠᠬᠠᠨ ᠴᠠᠭ ᠲᠤ ᠳᠠᠮᠢᠷ ᠤᠨ ᠬᠦᠳᠡᠯᠬᠡᠬᠡᠨ ᠳᠤ ᠢᠯᠡᠬᠦᠬᠡᠨ ᠤᠷᠤᠯᠴᠠᠵᠤ ᠵᠢᠪᠬᠤᠭ᠎ᠠ ᠳᠡᠬᠦᠯᠳᠡᠷ ᠬᠡᠦᠬᠡᠳ | ᠪᠠᠭᠠᠴᠤᠳ ᠪᠤᠯᠵᠠᠭᠠᠶ᠎ᠠ︕ | |