ᠸᠠᠺᠼᠢᠨ ᠲᠠᠷᠢᠭᠤᠯᠤᠭᠰᠠᠨ ᠪᠠᠶᠢᠲᠠᠯ᠎ᠠ ᠳᠠᠬᠢᠨ | ᠬᠢᠵᠢᠭ ᠲᠤ ᠬᠠᠯᠳᠠᠪᠤᠷᠢᠯᠠᠭᠳᠠᠭᠰᠠᠨ ᠨᠢ ᠶᠠᠮᠠᠷ ᠤᠴᠢᠷ ᠪᠣᠢ︖ | | 3 ᠳ᠋ᠤᠭᠠᠷ ᠰᠠᠷ᠎ᠠ ᠶᠢᠨ18 ᠤ ᠦᠦᠷ ᠢᠶᠠᠷ᠂ ᠰᠢ ᠠᠨ ᠬᠤᠲᠠ ᠶᠢᠨ ᠨᠠᠢᠮᠠᠳᠤᠭᠠᠷ ᠡᠮᠨᠡᠯᠭᠡ ᠶᠢᠨ | ᠪᠢᠲᠡᠭᠦᠮᠵᠢᠯᠡᠨ ᠲᠤᠰᠠᠭᠠᠷᠯᠠᠬᠤ ᠲᠣᠭᠤᠷᠢᠭ ᠤᠨ ᠰᠢᠯᠭᠠᠨ ᠪᠠᠶᠢᠴᠠᠭᠠᠭᠴᠢ ᠯᠢᠦ ᠣᠪᠣᠭᠲᠣ ᠰᠢᠨ᠎ᠡ | ᠺᠣᠷᠣᠨᠠ ᠸᠢᠷᠦ᠋ᠰ ᠲᠤ ᠬᠠᠯᠳᠠᠪᠤᠷᠢᠯᠠᠭᠳᠠᠭᠰᠠᠨ ᠢᠶᠠᠷ ᠣᠨᠣᠰᠢᠯᠠᠭᠳᠠᠪᠠ᠃ ᠭᠤᠣᠯᠳᠠᠯᠭ᠎ᠠ ᠲᠠᠢ ᠬᠥᠮᠥᠰ | ᠪᠣᠯᠣᠭᠰᠠᠨ ᠤ ᠬᠤᠪᠢ ᠳᠤ ᠡᠮᠴᠢ ᠰᠤᠪᠢᠯᠠᠭᠴᠢᠳ ᠠᠯᠢ ᠡᠷᠲᠡ ᠬᠠᠮᠤᠭ ᠤᠨ ᠲᠦᠷᠦᠭᠦᠨ ᠳᠤ ᠰᠢᠨ᠎ᠡ ᠺᠣᠷᠣᠨᠠ | ᠸᠢᠷᠦ᠋ᠰ ᠤᠨ ᠸᠠᠺᠼᠢᠨ ᠲᠠᠷᠢᠭᠤᠯᠤᠭᠰᠠᠨ ᠪᠠᠶᠢᠲᠠᠯ᠎ᠠ ᠪᠠᠨ ᠶᠠᠭᠠᠬᠢᠭᠠᠳ ᠪᠠᠰᠠ ᠬᠠᠯᠳᠠᠪᠤᠷᠢᠯᠠᠭᠳᠠᠴᠢᠬᠠᠪᠠ︖ | | ᠣᠶᠢᠷ᠎ᠠ ᠳᠤ᠂ ᠳᠤᠮᠳᠠᠳᠤ ᠤᠯᠤᠰ ᠤᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠡᠷᠬᠢᠯᠡᠭᠴᠢ ᠭᠤᠤ ᠹᠦ᠋ | ᠲᠥᠪ ᠲᠧᠯᠸᠢᠰ ᠤᠨ ᠰᠤᠷᠪᠤᠯᠵᠢᠯᠠᠭᠴᠢ ᠵᠤᠸᠠᠩ ᠱᠧᠩ ᠴᠦᠨ ᠤ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠡᠨᠡ | ᠲᠤᠬᠠᠢ ᠭᠤᠷᠪᠠᠨ ᠵᠦᠢᠯ ᠤᠨ ᠪᠣᠯᠣᠮᠵᠢ ᠶᠢ ᠳᠤᠷᠠᠳᠴᠠᠢ᠃ | 1. ᠸᠠᠺᠼᠢᠨ ᠲᠠᠷᠢᠭᠰᠠᠨ ᠬᠥᠮᠥᠰ ᠤᠨ ᠪᠡᠶ᠎ᠡ ᠳᠤ ᠠᠨᠲ᠋ᠢᠪᠣᠳᠢ ᠡᠭᠦᠰᠦᠭᠰᠡᠨ ᠪᠣᠯᠪᠠᠴᠤ᠂ ᠸᠢᠷᠦ᠋ᠰ ᠨᠢ | ᠠᠮᠢᠰᠬᠤᠯ ᠤᠨ ᠵᠠᠮ ᠢᠶᠠᠷ ᠬᠠᠯᠳᠠᠪᠤᠷᠢᠯᠠᠭᠳᠠᠳᠠᠭ ᠪᠣᠯᠬᠤᠷ ᠡᠨᠡ ᠠᠨᠲ᠋ᠢᠪᠣᠳᠢ ᠤᠨ ᠠᠮᠢᠰᠬᠤᠯ ᠤᠨ ᠵᠠᠮ ᠢᠶᠠᠷ | ᠬᠠᠯᠳᠠᠪᠤᠷᠢᠯᠠᠬᠤ ᠸᠢᠷᠦ᠋ᠰ ᠢ ᠰᠡᠷᠭᠡᠶᠢᠯᠡᠬᠦ ᠴᠢᠳᠠᠮᠵᠢ ᠨᠢ ᠬᠦᠷᠦᠯᠴᠡᠬᠦ ᠦᠭᠡᠢ ᠪᠠᠶᠢᠵᠤ ᠮᠡᠳᠡᠨ᠎ᠡ᠃ | 2. ᠴᠥᠬᠡᠨ ᠲᠣᠭᠠᠨ ᠤ ᠬᠦᠮᠦᠰ ᠲᠤ ᠰᠢᠨ᠎ᠡ ᠺᠣᠷᠣᠨᠠ ᠸᠢᠷᠦ᠋ᠰ ᠤᠨ ᠸᠠᠺᠼᠢᠨ ᠨᠢ ᠦᠢᠯᠡᠳᠦᠯ ᠭᠠᠷᠬᠤ ᠦᠭᠡᠢ | ᠪᠤᠶᠤ ᠳᠤᠰᠬᠠᠯ ᠭᠠᠷᠬᠤ ᠦᠭᠡᠢ ᠪᠠᠶᠢᠵᠤ ᠮᠡᠳᠡᠨ᠎ᠡ᠃ ᠲᠤᠰ ᠸᠠᠺᠼᠢᠨ ᠢ ᠲᠠᠷᠢᠭᠠᠳ ᠳᠡᠮᠡᠢ ᠤᠳᠠᠭᠠᠳᠤᠢ | ᠤᠴᠢᠷ ᠠᠴᠠ ᠦᠢᠯᠡᠳᠦᠯ ᠭᠠᠷᠬᠤ ᠦᠭᠡᠢ ᠪᠠᠶᠢᠭ᠎ᠠ ᠬᠦᠮᠦᠰ ᠴᠣᠬᠤᠮ ᠬᠡᠳᠦᠢ ᠬᠠᠷᠢᠴᠠᠯ ᠢ ᠡᠵᠡᠯᠡᠵᠦ ᠪᠠᠶᠢᠬᠤ ᠶᠢ | ᠪᠦᠷᠢᠳᠬᠡᠭᠡ ᠦᠭᠡᠢ ᠪᠠᠶᠢᠭᠰᠠᠭᠠᠷ᠃ | 3. ᠲᠤᠰ ᠸᠠᠺᠼᠢᠨ ᠢ ᠨᠢᠭᠡᠨᠲᠡ ᠬᠤᠶᠠᠷ ᠵᠡᠭᠦᠦ ᠲᠠᠷᠢᠭᠰᠠᠨ ᠪᠣᠯᠪᠠᠴᠤ ᠠᠨᠲ᠋ᠢᠪᠣᠳᠢ ᠤᠨ ᠴᠢᠳᠠᠮᠵᠢ ᠨᠢ | ᠭᠦᠢᠴᠡᠳ ᠪᠠᠳᠠᠷᠠᠵᠤ ᠳᠡᠶᠢᠯᠦᠭᠡ ᠦᠭᠡᠢ ᠪᠠᠶᠢᠵᠤ ᠮᠡᠳᠡᠨ᠎ᠡ᠂ ᠡᠶᠢᠮᠦ ᠠᠴᠠ ᠭᠤᠷᠪᠠᠳᠠᠬᠢ ᠵᠡᠭᠦᠦ ᠶᠢ ᠲᠠᠷᠢᠬᠤ | ᠴᠢᠬᠤᠯᠠᠲᠠᠢ ᠪᠠᠶᠢᠨ᠎ᠠ᠃ | ᠵᠠᠷᠢᠮ ᠣᠨᠴᠠᠭᠠᠢ ᠦᠵᠡᠭᠳᠡᠯ ᠢᠶᠠᠷ ᠪᠦᠬᠦ ᠪᠠᠶᠢᠳᠠᠯ ᠢ ᠦᠭᠡᠶᠢᠰᠭᠡᠵᠦ ᠪᠣᠯᠬᠤ ᠦᠭᠡᠢ᠂ ᠡᠶᠢᠮᠦ | ᠣᠨᠴᠠᠭᠠᠢ ᠦᠵᠡᠭᠳᠡᠯ ᠳᠤ ᠱᠠᠯᠠᠪᠳᠠᠨ ᠨᠠᠷᠢᠨ ᠰᠤᠳᠤᠯᠭ᠎ᠠ ᠬᠢᠬᠦ ᠬᠡᠷᠡᠭᠲᠡᠢ᠃ ᠸᠠᠺᠼᠢᠨ ᠲᠠᠷᠢᠬᠤ ᠨᠢ ᠪᠦᠬᠦ | ᠬᠦᠮᠦᠰ ᠲᠤ ᠠᠰᠢᠭ ᠲᠠᠢ ᠶᠤᠮ᠂ ᠵᠠᠷᠢᠮ ᠣᠨᠴᠠᠭᠠᠢ ᠢᠯᠡᠷᠡᠯ ᠪᠠᠶᠢᠳᠠᠯ ᠢ ᠡᠷᠬᠡᠪᠰᠢ ᠰᠢᠨᠵᠢᠯᠡᠬᠦ ᠤᠬᠠᠭᠠᠨᠴᠢ ᠪᠠᠷ | ᠰᠢᠢᠳᠪᠦᠷᠢᠯᠡᠬᠦ ᠬᠡᠷᠡᠭᠲᠡᠢ ᠭᠡᠵᠦ ᠭᠤᠤ ᠹᠦ᠋ ᠵᠢᠭᠠᠭᠰᠠᠨ ᠪᠠᠶᠢᠨ᠎ᠠ᠃ | ᠢᠷᠡᠯᠳᠠ᠄ ᠲᠦᠪ ᠷᠠᠳᠢᠣ᠋ ᠶᠢᠨ ᠮᠣᠩᠭᠤᠯ ᠰᠦᠯᠵᠢᠶ᠎ᠡ | | |