| | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | | | ᠨᠡᠶᠢᠲᠡ ᠶᠢᠨ ᠠᠰᠠᠷᠠᠮᠵᠢ ᠶᠢᠨ ᠣᠶ᠂ ᠠᠮᠢ ᠠᠬᠤᠶ ᠶᠢᠨ ᠣᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ | ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠣᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠬᠠᠮᠢᠶ᠎ᠠ ᠪᠥᠬᠦᠶ ᠵᠦᠢᠯᠡᠰ ᠢ ᠮᠡᠳᠡᠭᠳᠡᠶ᠎ᠡ᠄ | ᠨᠢᠭᠡ᠂ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ | ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠬᠤᠰᠢᠭᠤᠨ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠪᠠ ᠬᠠᠷᠢᠶᠠᠲᠤ ᠣᠷᠣᠨ ᠤ ᠰᠤᠮᠤ ᠪᠠᠯᠭᠠᠰᠤ ᠬᠠᠮᠲᠤ ᠪᠠᠷ ᠬᠠᠮᠢᠶᠠᠷᠴᠤ᠂ ᠬᠤᠰᠢᠭᠤᠨ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ᠠᠴᠠ ᠪᠥᠬᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ | ᠰᠣᠩᠭᠤᠨ ︵ᠦᠷᠭᠦᠯᠵᠢᠯᠡᠯ︶ ᠤᠷᠢᠬᠤ᠂ ᠠᠵᠢᠯᠲᠠᠨ ᠤ ᠣᠷᠣᠨ ᠲᠤᠭ᠎ᠠ ᠶᠢ ᠬᠤᠪᠢᠶᠠᠷᠢᠯᠠᠬᠤ᠂ ᠡᠳᠦᠷ ᠲᠤᠲᠤᠮ ᠤᠨ | ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠪᠠ ᠴᠠᠯᠢᠩ ᠣᠯᠭᠤᠬᠤ ᠵᠡᠷᠭᠡ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠬᠠᠷᠢᠶᠠᠲᠤ ᠣᠷᠣᠨ ᠤ ᠰᠤᠮᠤ ᠪᠠᠯᠭᠠᠰᠤ ᠶᠢᠨ ᠬᠠᠷᠢᠭᠤᠴᠠᠯᠭᠠᠲᠠᠨ ᠢ ᠲᠠᠨᠢᠯᠴᠠᠭᠤᠯᠬᠤ ᠪᠠ ᠡᠳᠦᠷ | ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠶᠠᠷ᠂ ᠣᠷᠣᠨ ᠲᠤᠭ᠎ᠠ ᠶᠢ ᠵᠤᠬᠢᠰᠳᠡᠢ ᠲᠤᠬᠢᠷᠠᠭᠤᠯᠤᠨ᠎ᠠ | ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠬᠠᠳᠬᠠᠬᠤ ᠶᠢᠨ ᠲᠥᠯᠥᠭᠡ᠂ ᠨᠡᠶᠢᠲᠡ ᠶᠢᠨ ᠠᠰᠠᠷᠠᠮᠵᠢ ᠶᠢᠨ ᠣᠢ ᠶᠢᠨ ᠰᠢᠨ᠎ᠡ ᠪᠠᠷ ᠵᠠᠭᠠᠭ ᠲᠤ ᠤᠷᠤᠭᠰᠠᠨ | ᠲᠠᠯᠠᠪᠠᠢ ᠶᠢᠨ ᠶᠣᠰᠣᠭᠠᠷ ᠪᠦᠭᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠠᠭᠠᠯᠠᠭᠴᠢ ᠶᠢ ᠰᠢᠨ᠎ᠡ ᠪᠠᠷ | ᠲᠣᠬᠢᠷᠠᠭᠤᠯᠵᠤ ᠬᠤᠪᠢᠶᠠᠷᠢᠯᠠᠨ᠎ᠠ ︵ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠠᠭᠠᠯᠠᠭᠴᠢ ᠶᠢ ᠳᠠᠭᠠᠯᠳᠤᠭᠤᠯᠤᠨ᠎ᠠ︶ | ᠃ | ᠣᠷᠣᠨ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ︶᠂ ᠨᠡᠶᠢᠲᠡ ᠶᠢᠨ ᠠᠰᠠᠷᠠᠮᠵᠢ ᠶᠢᠨ ᠤᠢ | ᠰᠢᠭᠤᠶ ᠶᠢᠨ ᠬᠠᠮᠠᠭᠠᠯᠠᠭᠴᠢ ᠳᠤ ᠤᠷᠢᠵᠤ ᠬᠡᠷᠡᠭᠯᠡᠬᠦ ᠲᠦᠷᠢᠮ ᠢ ᠬᠡᠷᠡᠭᠵᠢᠭᠦᠯᠦᠨ᠎ᠡ᠃ ᠣᠷᠣᠨ ᠲᠤᠭ᠎ᠠ ᠨᠢ | ᠬᠠᠰᠤᠭᠳᠠᠭᠰᠠᠨ ᠰᠤᠮᠤ ᠪᠠᠯᠭᠠᠰᠤᠨ ᠳᠤ ᠣᠷᠣᠨ ᠲᠤᠭ᠎ᠠ ᠨᠢ ᠬᠠᠰᠤᠭᠳᠠᠵᠤ᠂ ᠤᠤᠯ ᠤᠨ ᠪᠠᠶᠢᠭᠰᠠᠨ ᠡᠩᠨᠡᠭᠡ ᠶᠢᠨ | ᠳᠣᠲᠣᠷ᠎ᠠ ᠠᠴᠠ ᠬᠠᠷᠢᠭᠤᠴᠠᠯᠭ᠎ᠠ ᠡᠭᠦᠷᠭᠡᠯᠡᠬᠦ ᠰᠡᠳᠬᠢᠯᠭᠡ ᠪᠠᠷ ᠴᠢᠩᠭ᠎ᠠ ᠬᠥᠮᠦᠰ ᠢ ᠰᠣᠩᠭᠤᠨ ᠰᠣᠩᠭᠤᠵᠤ | ᠦᠷᠭᠦᠯᠵᠢᠯᠡᠨ ᠤᠷᠢᠬᠤ ᠬᠡᠷᠡᠭᠲᠡᠶ᠃ ᠣᠷᠣᠨ ᠲᠤᠭ᠎ᠠ ᠨᠢ ᠨᠡᠮᠡᠭᠳᠡᠭᠰᠡᠨ ᠰᠤᠮᠤ ᠪᠠᠯᠭᠠᠰᠤ ᠶᠢ ᠥᠷᠭᠡᠳᠬᠡᠨ | ᠲᠡᠭᠦᠯᠳᠡᠷᠵᠢᠭᠦᠯᠵᠦ᠂ ᠲᠣᠰ ᠭᠠᠴᠠᠭ᠎ᠠ ᠲᠣᠰᠬᠤᠨ ᠳᠤ ᠣᠯᠠᠨ ᠲᠦᠮᠡᠨ ᠤ ᠨᠡᠷ᠎ᠡ ᠬᠦᠨᠳᠦ ᠪᠠᠷ ᠥᠨᠳᠥᠷ᠂ ᠣᠶ | ᠰᠢᠭᠤᠶ ᠶᠢᠨ ᠦᠢᠯᠡᠰ ᠲᠤ ᠬᠠᠶᠢᠷᠠᠲᠠᠶ᠂ ᠨᠡᠯᠢᠶᠡᠳ ᠴᠢᠩᠭ᠎ᠠ ᠠᠵᠢᠯ ᠣᠶᠢᠯᠠᠰᠴᠢ ᠰᠡᠳᠬᠢᠯᠭᠡ ᠪᠠ ᠬᠠᠷᠢᠭᠤᠴᠠᠯᠭᠠᠲᠤ | ᠰᠡᠳᠬᠢᠯᠭᠡ ᠲᠠᠢ ᠬᠥᠮᠦᠰ ᠢ ᠰᠣᠩᠭᠤᠵᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠪᠣᠯᠭᠠᠬᠤ ᠬᠡᠷᠡᠭᠲᠡᠶ᠃ | ᠤᠷᠢᠨ ᠬᠡᠷᠡᠭᠯᠡᠬᠦ ᠬᠥᠮᠦᠰ ᠢ ᠬᠤᠰᠢᠭᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠬᠢᠨᠠᠨ | ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠭᠡᠷ᠎ᠡ ᠲᠣᠭᠲᠠᠵᠤ᠂ ᠬᠠᠮᠢᠶᠠᠷᠴᠤ ᠬᠠᠮᠠᠭᠠᠯᠠᠬᠤ | ᠭᠡᠷ᠎ᠡ ᠳᠤ ᠵᠢᠯ ᠳᠤ ᠨᠢᠭᠡ ᠭᠠᠷ ᠤᠨ ᠥᠰᠥᠭ ᠵᠢᠷᠤᠨ᠎ᠠ᠃ | ᠭᠤᠷᠪᠠ᠂ ᠰᠣᠩᠭᠤᠨ ᠤᠷᠢᠬᠤ ᠨᠥᠬᠦᠴᠡᠯ ᠢ ᠳᠡᠭᠡᠭᠰᠢᠯᠡᠭᠦᠯᠦᠨ᠎ᠡ | ᠣᠶ ᠰᠢᠭᠤᠶ ᠬᠠᠮᠠᠭᠠᠯᠠᠭᠴᠢ ᠶᠢ ᠲᠤᠰ ᠭᠠᠴᠠᠭᠠᠨ ᠤ ᠣᠯᠠᠨ ᠲᠦᠮᠡᠨ ᠤ ᠨᠡᠷ᠎ᠡ ᠬᠦᠨᠳᠦ ᠥᠨᠳᠥᠷ ᠮᠠᠯᠴᠢᠨ | ᠲᠠᠷᠢᠶᠠᠴᠢᠨ ᠪᠤᠶᠤ ᠣᠶ ᠮᠣᠳᠣᠨ ᠤ ᠡᠷᠬᠡ ᠶᠢᠨ ᠥᠮᠴᠢᠯᠡᠭᠴᠢ ᠠᠴᠠ ᠡᠭᠦᠷᠭᠡᠯᠡᠵᠦ᠂ ᠨᠠᠰᠤᠨ ᠤ ᠬᠢᠵᠠᠭᠠᠷ ᠢ ᠪᠦᠬᠦᠯᠢ | 20~60 ᠨᠠᠰᠤᠨ ᠤ ᠬᠤᠭᠤᠷᠣᠨᠳᠣ ᠪᠠᠶᠢᠯᠭᠠᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ | ᠰᠣᠶᠣᠯ ᠤᠨ ᠬᠢᠷᠢ ᠬᠡᠮᠵᠢᠶ᠎ᠡ ᠲᠠᠢ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠬᠠᠤᠯᠢ ᠰᠠᠬᠢᠯᠭ᠎ᠠ ᠶᠢ ᠵᠢᠷᠤᠮᠯᠠᠬᠤ᠂ | ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠠᠵᠢᠯ ᠳᠤ ᠵᠠᠪᠠᠯ ᠱᠠᠭᠠᠷᠳᠠᠭᠳᠠᠬᠤ ᠵᠠᠮ | ᠬᠠᠷᠢᠯᠴᠠᠭᠠᠨ ᠤ ᠪᠠᠭᠠᠵᠢ ᠲᠠᠢ ᠪᠥᠭᠡᠳ ᠬᠠᠮᠢᠶ᠎ᠠ ᠪᠦᠬᠦᠢ ᠵᠠᠮ ᠬᠠᠷᠢᠯᠴᠠᠭᠠᠨ ᠤ ᠪᠠᠭᠠᠵᠢ ᠶᠢ ᠵᠢᠯᠣᠭᠤᠳᠬᠤ | ᠵᠥᠪᠰᠢᠶᠡᠷᠡᠯ ᠤᠨ ᠦᠨᠡᠮᠯᠡᠯ ︵ᠨᠠᠮ ᠡᠪᠯᠡᠯ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ᠂ ᠶᠡᠭᠡ ᠰᠤᠷᠭᠠᠭᠤᠯᠢ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ᠂ ᠣᠢ ᠰᠢᠭᠤᠶ ᠶᠢᠨ | ᠠᠵᠢᠯ ᠬᠢᠵᠦ ᠥᠩᠭᠡᠷᠡᠭᠰᠡᠨ ᠬᠥᠮᠦᠰ ᠢ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠤᠷᠢᠨ ᠬᠡᠷᠡᠭᠯᠡᠨ᠎ᠡ︶ ᠲᠠᠢ | ᠪᠠᠶᠢᠯᠭᠠᠬᠤ ᠬᠡᠷᠡᠭᠲᠡᠶ᠃ ᠭᠠᠴᠠᠭ᠎ᠠ ᠲᠣᠰᠬᠤᠨ ᠤ ᠺᠠᠳ᠋ᠷ᠂ ᠡᠳ᠋ ᠤᠨ ᠵᠠᠰᠠᠭ ᠤᠨ ᠵᠠᠷᠤᠯᠭ᠎ᠠ ᠶᠢᠨ ᠠᠵᠢᠯᠲᠠᠨ ᠵᠢᠴᠢ | ᠡᠷᠡᠭᠦᠤ ᠶᠢᠨ ᠰᠢᠳᠬᠡᠯ ᠣᠯᠤᠭᠰᠠᠨ ᠬᠥᠮᠦᠰ ᠢ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠪᠠᠷ ᠤᠷᠢᠨ | ᠬᠡᠷᠡᠭᠯᠡᠵᠦ ᠪᠣᠯᠬᠤ ᠥᠬᠡᠶ᠃ ᠬᠤᠰᠢᠭᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠣᠯᠪᠠᠰᠤᠷᠠᠭᠤᠯᠤᠯ | ᠬᠢᠵᠦ᠂ ᠣᠶ ᠰᠢᠭᠤᠶ ᠬᠠᠮᠠᠭᠠᠯᠠᠭᠴᠢ ᠶᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠨ᠎ᠠ᠃ | ᠳᠥᠷᠪᠡ᠂ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠨᠠᠶᠢᠳᠠᠪᠤᠷᠢᠵᠢᠭᠤᠯᠤᠨ᠎ᠠ | ᠣᠶ ᠬᠠᠮᠠᠭᠠᠯᠠᠭᠴᠢ ᠡᠯ᠎ᠡ ᠵᠦᠶ᠋ᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ︽ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠣᠶ ᠬᠠᠮᠠᠭᠠᠯᠠᠭᠴᠢ ᠶᠢᠨ | ᠬᠠᠮᠢᠶᠠᠷᠤᠯᠲᠠ ᠶᠢᠨ ᠠᠷᠭ᠎ᠠ︾ ᠪᠣᠯᠤᠨ ᠭᠠᠷ ᠤᠨ ᠥᠰᠥᠭ ᠵᠢᠷᠤᠭᠰᠠᠨ ᠬᠠᠮᠢᠶᠠᠷᠴᠤ ᠬᠠᠮᠠᠭᠠᠯᠠᠬᠤ ᠭᠡᠷ᠎ᠡ ᠶᠢᠨ | ᠠᠭᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠤᠰᠢᠭᠤᠨ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ᠨᠢ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ | ᠣᠶ ᠶᠢᠨ ᠣᠶ ᠬᠠᠮᠠᠭᠠᠯᠠᠭᠴᠢ ᠶᠢ ᠰᠢᠯᠭᠠᠨ ᠬᠢᠨᠠᠬᠤ ᠠᠷᠭ᠎ᠠ︾ ᠶᠣᠰᠣᠭᠠᠷ ᠰᠢᠯᠭᠠᠨ ᠬᠢᠨᠠᠵᠤ᠂ ᠰᠢᠯᠭᠠᠨ ᠬᠢᠨᠠᠭᠰᠠᠨ | ᠦᠷ᠎ᠡ ᠳ᠋ᠦᠩ ᠢᠶᠠᠷ ᠣᠶ ᠬᠠᠮᠠᠭᠠᠯᠠᠭᠴᠢ ᠶᠢᠨ ᠴᠠᠯᠢᠩ ᠢ ᠣᠯᠭᠤᠬᠤ ᠦᠨᠳᠦᠰᠦᠯᠡᠯ ᠪᠣᠯᠭᠠᠨ᠎ᠠ᠃ | | | 2021 ᠣᠨ ᠤ 2 ᠰᠠᠷ᠎ᠠ ᠶᠢᠨ 26 ᠤ ᠡᠳᠦᠷ | | | | | | | | ᠳᠠᠭᠠᠯᠳᠤᠭᠤᠯᠤᠯ | | ᠨᠡᠶᠢᠲᠡ ᠶᠢᠨ ᠠᠰᠠᠷᠠᠮᠵᠢ ᠶᠢᠨ ᠤᠢ ᠰᠢᠭᠤᠶ ᠬᠠᠮᠠᠭᠠᠯᠠᠭᠴᠢ ᠶᠢᠨ ᠣᠷᠣᠨ ᠲᠤᠭ᠎ᠠ ᠶᠢᠨ ᠬᠤᠪᠢᠶᠠᠷᠢᠯᠠᠯᠳᠠ | | ᠨᠢᠭᠡᠴᠡ ᠤᠢ ᠬᠠᠮᠠᠭᠠᠯᠠᠭᠴᠢ ᠶᠢᠨ ᠲᠤᠭ᠎ᠠ ᠲᠠᠶᠢᠯᠪᠤᠷᠢ | | ᠭᠠᠨᠵᠤᠭ᠎ᠠ ᠪᠠᠯᠭᠠᠰᠤ 36 | ᠴᠠᠩ ᠱᠧᠩ ᠪᠠᠯᠭᠠᠰᠤ 5 | ᠰᠤᠨᠳᠤᠤ ᠰᠤᠮᠤ 8 | ᠴᠠᠷᠠᠰᠤ ᠪᠠᠯᠭᠠᠰᠤ 5 | ᠶᠢᠨ ᠪᠦᠦ ᠳᠦᠨ ᠪᠠᠯᠭᠠᠰᠤ 8 | ᠬᠠᠯᠢᠭᠤᠳᠤ ᠪᠠᠯᠭᠠᠰᠤ 18 | ᠵᠢᠷᠭᠠᠯᠠᠩ ᠪᠠᠯᠭᠠᠰᠤ 10 | ᠪᠠᠭᠠᠳᠠᠯ᠎ᠠ ᠰᠤᠮᠤ 27 | ᠨᠣᠭᠤᠰᠳᠠᠢ ᠪᠠᠯᠭᠠᠰᠤ 24 | ᠠᠭᠤᠯᠨ ᠪᠠᠯᠭᠠᠰᠤ 54 ᠱᠤᠩᠬᠤᠷ ᠨᠤᠭᠤ ᠭᠠᠵᠠᠷ ᠤᠨ | ᠬᠠᠮᠢᠶᠠᠷᠤᠯᠲᠠ ᠶᠢᠨ ᠭᠠᠵᠠᠷ 4 ᠬᠥᠮᠦᠨ ᠲᠠᠢ | ᠠᠳᠤᠭᠤᠴᠢᠨ ᠰᠤᠮᠤ 14 | ᠮᠤᠳᠤᠳᠤ ᠰᠤᠮᠤ 23 | ᠪᠠᠶᠠᠨᠮᠤᠳᠤ ᠰᠤᠮᠤ 9 | ᠴᠢᠯᠠᠭᠤᠲᠤ ᠪᠠᠯᠭᠠᠰᠤ 13 | ᠨᠡᠶᠢᠲᠡ ᠶᠢᠨ ᠠᠰᠠᠷᠠᠮᠵᠢ ᠶᠢᠨ | ᠤᠢ ᠰᠢᠭᠤᠶ ᠶᠢ ᠬᠠᠮᠢᠶᠠᠷᠤᠨ | ᠬᠠᠮᠠᠭᠠᠯᠠᠬᠤ ᠶᠡᠭᠡ ᠠᠩᠬᠢ 20 | ᠨᠡᠶᠢᠳᠠ 274 | | | | |