ᠨᠠᠶᠠ ᠭᠠᠷᠤᠭᠰᠠᠨ ᠨᠠᠰᠤᠲᠠᠨ ᠪᠢᠴᠢᠯᠭᠡ ᠵᠢᠷᠤᠭ ᠢᠶᠠᠷ ᠢᠶᠠᠨ | ᠨᠠᠮ ᠢᠶᠠᠨ ᠬᠦᠨᠳᠦᠯᠡᠬᠦ ᠰᠡᠳᠬᠢᠯᠭᠡ ᠪᠠᠨ ᠢᠯᠡᠳᠭᠡᠵᠥ ᠪᠠᠶᠢᠨ᠎ᠠ | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ᠂ ᠡᠶᠢᠮᠦ ᠨᠢᠭᠡᠨ ᠠᠬᠠᠮᠠᠳ ᠨᠠᠮ ᠤᠨ ᠭᠡᠰᠢᠭᠦᠨ ᠪᠤᠢ᠂ | ᠨᠠᠶᠠ ᠭᠠᠷᠤᠭᠰᠠᠨ ᠪᠣᠯᠪᠠᠴᠤ ᠡᠳᠦᠷ ᠪᠦᠷᠢ ᠰᠣᠨᠢᠨ ᠮᠡᠳᠡᠭᠡ ᠦᠵᠡᠵᠦ᠂ ᠰᠦᠯᠵᠢᠶᠡᠨ ᠳᠤ ᠭᠠᠷᠴᠤ ᠨᠠᠮ ᠤᠨ ᠲᠡᠦᠬᠡ | ᠰᠤᠷᠤᠯᠴᠠᠵᠤ᠂ ᠲᠡᠮᠳᠡᠭᠯᠡᠯ ᠬᠢᠵᠦ᠂ ᠪᠠᠰᠠ ᠥᠪᠡᠷ ᠤᠨ ᠠᠷᠭ᠎ᠠ ᠬᠡᠯᠪᠡᠷᠢ ᠪᠠᠷ ᠢᠶᠠᠨ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠲᠦᠭᠦᠮ ᠪᠢᠴᠢᠯᠭᠡ ᠶᠢᠨ ᠵᠢᠷᠤᠭ ᠢ ᠵᠢᠷᠤᠭᠰᠠᠨ ᠪᠠᠶᠢᠨ᠎ᠠ᠂ ᠲᠡᠷᠡ ᠪᠣᠯ ᠳᠠᠷᠤᠢ | ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠸᠠᠩ ᠶᠣᠣ ᠪᠣᠯᠤᠨ᠎ᠠ᠃ | | | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ | ᠸᠠᠩ ᠶᠣᠣ ᠨᠠᠰᠤᠲᠠᠨ ᠃ᠤᠢᠢᠷ᠎ᠠ ᠳᠤ ᠨᠠᠮ ᠪᠠᠶᠢᠭᠤᠯᠬᠤ ᠲᠠᠢ ᠬᠠᠮᠢᠶ᠎ᠠ ᠲᠠᠢ ᠮᠠᠰᠢ ᠤᠯᠠᠨ ᠲᠣᠪᠴᠢ ᠪᠢᠴᠢᠯᠭᠡ ᠶᠢᠨ | ᠵᠢᠷᠤᠭ ᠢ ᠵᠢᠷᠤᠭᠰᠠᠨ ᠪᠠᠶᠢᠨ᠎ᠠ᠃ 36 ᠵᠢᠯ ᠤᠨ ᠨᠠᠮ ᠳᠤ ᠤᠷᠤᠭᠰᠠᠨ ᠠᠬᠠᠮᠠᠳ ᠨᠠᠮ ᠤᠨ ᠭᠡᠰᠢᠭᠦᠨ ᠪᠣᠯᠤᠭᠰᠠᠨ ᠤ | ᠬᠤᠪᠢ ᠳᠤ᠂ ᠨᠠᠮ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠳᠠᠭ᠂ ᠡᠮᠦᠨ᠎ᠡ ᠨᠢᠭᠡ | ᠬᠤᠭᠤᠴᠠᠭᠠᠨ ᠳᠤ ᠲᠡᠷᠡ ᠪᠢᠴᠢᠯᠭᠡ ᠵᠢᠷᠤᠭ ᠤᠨ ᠬᠡᠯᠪᠡᠷᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ | ᠥᠪᠡᠷ ᠤᠨ ᠪᠡᠯᠡᠭ ᠢᠶᠠᠨ ᠳᠡᠪᠰᠢᠭᠦᠯᠬᠦ ᠪᠠᠷ ᠲᠣᠭᠲᠠᠵᠠᠶ ᠭᠡᠵᠦ ᠨᠠᠰᠤᠲᠠᠨ ᠬᠡᠯᠡᠵᠡᠶ᠃ | | | ᠸᠠᠩ ᠶᠣᠣ ᠨᠠᠰᠤᠲᠠᠨ ᠤ ᠤᠷᠠᠨ ᠪᠢᠴᠢᠯᠭᠡ ᠂ ᠤᠷᠠᠨ ᠵᠢᠷᠤᠭ ᠤᠨ ᠬᠦᠷᠢᠶ᠎ᠡ ᠬᠡᠪᠴᠢᠶ᠎ᠡ ᠨᠢ ᠮᠠᠰᠢ ᠥᠷᠭᠡᠨ᠂ | ᠵᠠᠷᠢᠮ ᠨᠢ ᠨᠠᠮ ᠤᠨ ᠲᠡᠦᠬᠡ ᠶᠢᠨ ᠲᠤᠬᠠᠶ᠂ ᠵᠠᠷᠢᠮ ᠨᠢ ᠠᠭᠤᠯᠠ ᠤᠰᠤᠨ ᠤ ᠲᠤᠬᠠᠶ᠂ ᠵᠠᠷᠢᠮ ᠨᠢ ᠬᠥᠮᠦᠨ ᠤ ᠲᠤᠬᠠᠶ | ᠃ ᠵᠢᠷᠤᠭ ᠪᠣᠯᠭᠠᠨ ᠢ ᠲᠡᠷᠡ ᠨᠠᠷᠢᠨ ᠬᠢᠨᠠᠮᠠᠭᠠᠶ ᠵᠢᠷᠤᠵᠤ᠂ ᠨᠢᠭᠡ ᠨᠢᠭᠡ ᠵᠢᠷᠤᠯᠭ᠎ᠠ ᠪᠠᠷ ᠢᠶᠠᠨ ᠨᠠᠮ ᠳᠠᠭᠠᠨ | ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠᠷ ᠳᠦᠭᠦᠷᠡᠩ ᠪᠠᠶᠢᠳᠠᠭ᠃ | | ᠸᠠᠩ ᠶᠣᠣ ᠨᠠᠰᠤᠲᠠᠨ᠄ ︽ᠪᠢ ᠵᠢᠷᠤᠭ ᠵᠢᠷᠤᠬᠤ ᠪᠠᠷ ᠳᠠᠮᠵᠢᠨ ᠥᠪᠡᠷ ᠤᠨ ᠪᠤᠳᠤᠯ ᠢᠶᠠᠨ ᠢᠯᠡᠳᠬᠡᠵᠦ᠂ | ᠨᠠᠮ ᠢᠶᠠᠨ ᠡᠷᠡᠰ ᠲᠠᠭᠠᠬᠤ ᠢᠲᠡᠭᠡᠯ ᠵᠣᠷᠢᠭ ᠢᠶᠠᠨ ᠢᠯᠡᠳᠬᠡᠵᠦ᠂ ᠨᠠᠮ ᠳᠠᠭᠠᠨ ᠦᠨᠡᠨᠴᠢ ᠰᠢᠳᠤᠷᠭᠤ ᠪᠠ ᠬᠠᠶᠢᠷ᠎ᠠ | ᠰᠡᠳᠬᠢᠯᠭᠡ ᠪᠠᠨ ᠢᠯᠡᠳᠬᠡᠬᠦ ᠶᠢ ᠯᠡ ᠬᠦᠰᠡᠵᠦ ᠪᠠᠶᠢᠨ᠎ᠠ︾ ᠬᠡᠪᠡ᠃ ᠡᠩ ᠤᠨ ᠦᠶ᠎ᠡ ᠳᠤ᠂ ᠸᠠᠩ ᠶᠣᠣ ᠨᠠᠰᠤᠲᠠᠨ | ᠨᠠᠮ ᠤᠨ ᠶᠡᠭᠡ ᠶᠠᠪᠤᠳᠠᠯ᠂ ᠤᠯᠤᠰ ᠤᠨ ᠶᠡᠭᠡ ᠶᠠᠪᠤᠳᠠᠯ ᠳᠤ ᠲᠦᠢᠯ ᠢᠶᠠᠷ ᠰᠡᠳᠬᠢᠯ ᠲᠠᠯᠪᠢᠵᠤ᠂ ᠡᠳᠦᠷ ᠪᠦᠷᠢ ᠶᠢᠨ | ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠶᠢ ᠵᠠᠪᠠᠯ ᠦᠵᠡᠳᠡᠭ᠂ ᠲᠥᠪ ᠲᠧᠯᠸᠢᠰ᠂ ᠥᠪᠡᠷᠲᠡᠭᠡᠨ ᠵᠠᠰᠠᠬᠤ | ᠣᠷᠣᠨ᠂ ᠬᠤᠲᠠ᠂ ᠬᠤᠰᠢᠭᠤᠨ ᠤ ᠲᠧᠯᠸᠢᠰ ᠤᠨ ᠰᠤᠪᠠᠭ ᠶᠡᠷᠦ ᠠᠴᠠ ᠣᠷᠬᠢᠭᠳᠠᠭᠰᠠᠨ ᠥᠬᠡᠶ᠂ ᠲᠧᠯᠸᠢᠰ ᠪᠠ | ᠭᠠᠷ ᠤᠲᠠᠰᠤᠨ ᠳᠡᠭᠡᠷᠡᠬᠢ ᠭᠤᠶᠢᠳᠠ ᠰᠠᠶᠢᠬᠠᠨ ᠠᠭᠤᠯᠭ᠎ᠠ ᠶᠢ ᠦᠵᠡᠪᠡᠯ ᠴᠥᠮ ᠲᠣᠪᠴᠢᠯᠠᠨ ᠬᠠᠭᠤᠯᠵᠤ ᠠᠪᠲᠠᠭ᠃ | | ᠰᠤᠷᠪᠤᠯᠵᠢᠯᠠᠬᠤ ᠲᠤᠮᠳᠠ ᠰᠤᠷᠪᠤᠯᠵᠢᠯᠠᠭᠴᠢ ᠨᠠᠰᠤᠲᠠᠨ ᠶᠠᠭᠤᠨ ᠳᠤ ᠡᠶᠢᠮᠦ ᠶᠡᠭᠡ ᠬᠦᠴᠦ ᠣᠷᠣᠭᠤᠯᠵᠤ | ᠨᠠᠮ ᠤᠨ ᠲᠡᠤᠬᠡ ᠶᠢ ᠰᠤᠷᠤᠯᠴᠠᠬᠤ ᠪᠣᠶ ᠭᠡᠵᠦ ᠠᠰᠠᠭᠤᠭᠰᠠᠨ ᠳᠤ᠂ ᠨᠠᠰᠤᠲᠠᠨ ᠨᠠᠮ ᠢᠶᠠᠨ ᠳᠠᠭᠠᠵᠤ ᠶᠠᠪᠤᠬᠤ ᠳᠠᠭᠠᠨ | ᠣᠭ ᠦᠨᠳᠦᠰᠦ ᠪᠠᠨ ᠮᠠᠷᠲᠠᠵᠤ ᠪᠣᠯᠬᠤ ᠥᠬᠡᠶ ᠭᠡᠵᠡᠶ᠃ | ᠸᠠᠩ ᠶᠣᠣ ᠨᠠᠰᠤᠲᠠᠨ ᠡᠬᠡ ᠤᠯᠤᠰ᠂ ᠨᠠᠮ ᠳᠠᠭᠠᠨ ᠮᠠᠰᠢ ᠶᠡᠭᠡ ᠲᠠᠯᠠᠷᠬᠠᠵᠤ ᠪᠠᠶᠢᠨ᠎ᠠ᠂ ᠨᠠᠮ ᠤᠨ | ᠬᠥᠮᠦᠵᠢᠭᠦᠯᠦᠯ ᠳᠤ ᠲᠠᠯᠠᠷᠬᠠᠵᠤ ᠪᠠᠶᠢᠨ᠎ᠠ᠂ ᠴᠠᠭ ᠦᠶ᠎ᠡ ᠶᠢᠨ ᠬᠥᠮᠦᠵᠢᠭᠦᠯᠦᠯ ᠳᠤ ᠲᠠᠯᠠᠷᠬᠠᠵᠤ ᠪᠠᠶᠢᠨ᠎ᠠ᠂ ᠣᠲᠣ ᠶᠢᠨ | ᠰᠠᠶᠢᠨ ᠰᠠᠶᠢᠬᠠᠨ ᠠᠮᠢᠳᠤᠷᠠᠯ ᠳᠤ ᠲᠠᠯᠠᠷᠬᠠᠵᠤ ᠪᠠᠶᠢᠨ᠎ᠠ᠂ ᠰᠤᠷᠪᠤᠯᠵᠢᠯᠠᠬᠤ ᠦᠶ᠎ᠡ ᠳᠤ ᠨᠠᠰᠤᠲᠠᠨ ᠬᠡᠯᠡᠬᠦ ᠳᠡᠭᠡᠨ᠂ | ᠨᠠᠮ ᠤᠨ ᠲᠡᠤᠬᠡ ᠶᠢ ᠰᠤᠷᠤᠯᠴᠠᠬᠤ ᠨᠢ ᠲᠡᠭᠦᠨ ᠢ ᠢᠷᠡᠭᠡᠳᠦᠶ ᠳᠤ ᠨᠠᠩ ᠶᠡᠭᠡ ᠬᠦᠰᠡᠯ ᠡᠷᠡᠮᠡᠯᠵᠡᠯ ᠲᠠᠢ ᠪᠣᠯᠭᠠᠨ᠎ᠠ | ᠬᠡᠵᠥ ᠪᠠᠶᠢᠯ᠎ᠠ ᠃ | |