2021 ᠣᠨ ᠤ ᠪᠥᠬᠦ ᠬᠤᠰᠢᠭᠤᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2021/7/14
        2021 ᠣᠨ ᠤ ᠪᠥᠬᠦ ᠬᠤᠰᠢᠭᠤᠨ ᠤ ᠵᠠᠮ         ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ            ᠰᠤᠷᠪᠤᠯᠵᠢᠯᠠᠭ᠎ᠠ ᠶᠢᠨ ᠨᠡᠷᠡᠶᠢᠳᠦᠯ᠄    2021 ᠣᠨ ᠤ ᠪᠥᠬᠦ ᠬᠤᠰᠢᠭᠤᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ       ᠰᠤᠷᠪᠤᠯᠵᠢᠯᠠᠭ᠎ᠠ ᠬᠦᠯᠢᠶᠡᠭᠴᠢ᠄     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠲᠦᠮᠬᠠᠦ᠋ᠯᠵᠡᠢ       ᠭᠤᠤᠯ ᠠᠭᠤᠯᠭ᠎ᠠ᠄     2021 ᠣᠨ ᠤ ᠪᠥᠬᠦ ᠬᠤᠰᠢᠭᠤᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ         ﹇ᠬᠥᠲᠥᠯᠥᠭᠴᠢ﹈ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ᠂ ᠲᠠᠨᠠᠷ ᠤᠨ ᠲᠤᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ ᠃ ᠥᠨᠥᠳᠦᠷ ᠪᠢᠳᠡ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠲᠦᠮᠬᠠᠦ᠋ᠯᠵᠡᠢ ᠶᠢ ᠤᠷᠢᠵᠤ᠂ 2021 ᠣᠨ ᠤ ᠪᠦᠭᠦ ᠬᠤᠰᠢᠭᠤᠨ ᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠤᠯᠠᠨ ᠲᠠᠢ ᠶᠠᠷᠢᠯᠴᠠᠭᠤᠯᠤᠶ᠎ᠠ᠂ ᠲᠣᠪᠴᠢᠶᠠᠨ ᠳᠠᠷᠤᠭ᠎ᠠ ᠲᠠᠨ ᠢ ᠪᠠᠶᠠᠷᠯᠠᠨ ᠤᠭᠲᠤᠵᠤ ᠪᠠᠶᠢᠨ᠎ᠠ︕     ﹇ᠲᠦᠮᠬᠠᠦ᠋ᠯᠵᠡᠢ﹈ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃     ﹇ᠬᠥᠲᠥᠯᠥᠭᠴᠢ﹈ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠶᠢᠨ ᠡᠬᠢᠯᠡᠯᠲᠡ ᠶᠢᠨ ᠵᠢᠯ ᠮᠥᠨ᠂ ᠪᠢᠳᠡᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠂ ᠡᠭᠦᠨ ᠳᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠠᠮ ᠬᠠᠷᠢᠯᠴᠠᠭᠠᠨ ᠤ ᠬᠥᠭᠵᠢᠯᠲᠡ ᠳᠤ ︽ᠬᠥᠮᠦᠨ ᠢᠶᠠᠷ ᠦᠨᠳᠦᠰᠦ ᠪᠣᠯᠭᠠᠬᠤ᠂ ᠪᠥᠬᠦ ᠲᠠᠯ᠎ᠠ ᠪᠠᠷ ᠵᠣᠬᠢᠴᠠᠭᠤᠯᠬᠤ᠂ ᠰᠢᠨᠵᠢᠯᠡᠬᠦ ᠮᠡᠷᠭᠡᠵᠢᠯ ᠢᠶᠠᠷ ᠤᠳᠤᠷᠢᠳᠤᠮᠵᠢ ᠪᠣᠯᠭᠠᠬᠤ᠂ ᠬᠠᠤᠯᠢ ᠲᠦᠷᠢᠮ ᠢᠶᠠᠷ ᠪᠠᠲᠤᠯᠠᠬᠤ᠂ ᠪᠣᠬᠢᠷᠲᠤᠯ ᠥᠬᠡᠶ ᠬᠥᠭᠵᠢᠭᠦᠯᠬᠦ︾ ᠴᠢᠭᠯᠡᠯᠲᠡ ᠶᠢ ᠪᠠᠷᠢᠮᠲᠠᠯᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠮ ᠬᠠᠷᠢᠯᠴᠠᠭᠠᠨ ᠤ ᠨᠥᠬᠦᠴᠡᠯ ᠪᠠ ᠲᠡᠭᠡᠭᠡᠪᠦᠷᠢ ᠶᠢᠨ  ᠦᠢᠯᠡᠴᠢᠯᠡᠭᠡ ᠬᠠᠩᠭᠠᠨ᠎ᠠ᠃ ᠲᠦ᠋ ᠲᠣᠪᠴᠢᠶᠠᠨ ᠳᠠᠷᠤᠭ᠎ᠠ ᠲᠠ ᠣᠳᠣᠬᠠᠨ ᠤ ᠪᠦᠭᠦ ᠬᠤᠰᠢᠭᠤᠨ ᠤ ᠵᠠᠰᠠᠮᠠᠯ ᠵᠠᠮ ᠤᠨ ᠦᠨᠳᠦᠰᠦᠨ ᠪᠠᠶᠢᠳᠠᠯ ᠢ ᠲᠥᠬᠦᠮ ᠢᠶᠠᠷ ᠲᠠᠨᠢᠯᠴᠠᠭᠤᠯᠤᠨ᠎ᠠ ᠤᠤ︖    ﹇ᠲᠦᠮᠬᠠᠦ᠋ᠯᠵᠡᠢ﹈  2020 ᠣᠨ ᠤ ᠰᠡᠭᠦᠯᠴᠢ ᠪᠣᠯᠲᠠᠯ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠮᠠᠯ ᠵᠠᠮ ᠤᠨ ᠪᠥᠬᠦ ᠣᠷᠳᠣ ᠨᠢ 4675.651 ᠺᠢᠯᠣᠮᠧᠲᠷ ᠬᠦᠷᠴᠦ᠂ ᠵᠠᠰᠠᠭ ᠵᠠᠬᠢᠷᠭᠠᠨ ᠤ ᠵᠡᠷᠭᠡ ᠳᠡᠰ ᠢᠶᠠᠷ ᠬᠤᠪᠢᠶᠠᠷᠢᠯᠠᠪᠠ᠂ ᠡᠭᠦᠨ ᠳᠤ᠂ ᠤᠯᠤᠰ ᠤᠨ ᠵᠠᠮ 308.759 ᠺᠢᠯᠣᠮᠧᠲᠷ᠂ ᠮᠤᠵᠢ ᠶᠢᠨ ᠵᠠᠮ 311.65 ᠺᠢᠯᠣᠮᠧᠲᠷ᠂ ᠰᠢᠶᠠᠨ ᠤ ᠵᠠᠮ 586.857 ᠺᠢᠯᠣᠮᠧᠲᠷ᠂ ᠰᠢᠶᠠᠩ ᠤᠨ ᠵᠠᠮ 546.456 ᠺᠢᠯᠣᠮᠧᠲᠷ ᠂ ᠲᠣᠰᠬᠤᠨ ᠤ ᠵᠠᠮ 2921.929 ᠺᠢᠯᠣᠮᠧᠲᠷ ᠪᠣᠯᠤᠨ᠎ᠠ︔ ᠡᠭᠦᠨ ᠳᠤ ᠤᠯᠤᠰ ᠤᠨ ᠵᠠᠮ 308.759 ᠺᠢᠯᠣᠮᠧᠲᠷ᠂ ᠮᠤᠵᠢ ᠶᠢᠨ ᠵᠠᠮ 311.65 ᠺᠢᠯᠣᠮᠧᠲᠷ᠂ ᠰᠢᠶᠠᠨ ᠤ ᠵᠠᠮ 586.857 ᠺᠢᠯᠣᠮᠧᠲᠷ᠂ ᠰᠢᠶᠠᠩ ᠤᠨ ᠵᠠᠮ 546.456 ᠺᠢᠯᠣᠮᠧᠲᠷ᠂ ᠲᠣᠰᠬᠤᠨ ᠤ ᠵᠠᠮ 2921.929 ᠺᠢᠯᠣᠮᠧᠲᠷ︔ ᠮᠡᠷᠭᠡᠵᠢᠯ ᠤᠨ ᠵᠡᠷᠭᠡ ᠳᠡᠰ ᠢᠶᠠᠷ ᠨᠢ ᠬᠤᠪᠢᠶᠠᠪᠠᠯ᠂ ᠡᠭᠦᠨ ᠳᠤ ᠲᠦᠷᠭᠡᠨ ᠳᠠᠪᠬᠢᠬᠤ ᠵᠠᠰᠠᠮᠠᠯ ᠵᠠᠮ 198.709 ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ 108.053 ᠺᠢᠯᠣᠮᠧᠲᠷ᠂ ᠬᠤᠶᠠᠳᠤᠭᠠᠷ ᠳᠡᠰ ᠤᠨ ᠵᠠᠰᠠᠮᠠᠯ ᠵᠠᠮ 394.821 ᠺᠢᠯᠣᠮᠧᠲᠷ ᠂ ᠭᠤᠷᠪᠠᠳᠤᠭᠠᠷ ᠳᠡᠰ ᠤᠨ ᠵᠠᠰᠠᠮᠠᠯ ᠵᠠᠮ 303.041 ᠺᠢᠯᠣᠮᠧᠲᠷ᠂ ᠳᠥᠷᠪᠡᠳᠦᠭᠡᠷ ᠳᠡᠰ ᠤᠨ ᠵᠠᠰᠠᠮᠠᠯ ᠵᠠᠮ 3625.974 ᠺᠢᠯᠣᠮᠧᠲᠷ᠂ ᠳᠡᠰ ᠤᠨ ᠭᠠᠳᠠᠨᠠᠬᠢ ᠵᠠᠰᠠᠮᠠᠯ ᠵᠠᠮ 45.053 ᠺᠢᠯᠣᠮᠧᠲᠷ ᠪᠠᠶᠢᠨ᠎ᠠ᠃    ﹇ᠬᠥᠲᠥᠯᠥᠭᠴᠢ﹈ ᠲᠦ᠋ ᠲᠣᠪᠴᠢᠶᠠᠨ ᠳᠠᠷᠤᠭ᠎ᠠ ᠠᠴᠠ ᠠᠰᠠᠭᠤᠬᠤ ᠨᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠠᠮ ᠬᠠᠷᠢᠯᠴᠠᠭᠠᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠯᠥᠪᠵᠢᠭᠦᠯᠭᠡ ᠳᠤ ᠶᠠᠭᠤ ᠶᠠᠭᠤ ᠪᠠᠶᠢᠬᠤ ᠪᠣᠢ︖     ﹇ᠲᠦᠮᠬᠠᠦ᠋ᠯᠵᠡᠢ﹈ 2025 ᠣᠨ ᠪᠣᠯᠬᠤ ᠳᠤ᠂ 103.26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠰᠢᠨ᠎ᠡ ᠪᠠᠷ᠂ ᠥᠭᠡᠷᠡᠴᠢᠯᠡᠨ ᠪᠠᠶᠢᠭᠤᠯᠤᠭᠰᠠᠨ ᠨᠢᠭᠡᠳᠦᠭᠡᠷ ᠳᠡᠰ ᠤᠨ ᠵᠠᠰᠠᠮᠠᠯ ᠵᠠᠮ 75.4 ᠺᠢᠯᠤᠮᠧᠲᠷ᠂ ᠬᠤᠶᠠᠳᠤᠭᠠᠷ ᠳᠡᠰ ᠤᠨ ᠵᠠᠰᠠᠮᠠᠯ ᠵᠠᠮ 371.271 ᠺᠢᠯᠤᠮᠧᠲᠷ᠂ ᠭᠤᠷᠪᠠᠳᠤᠭᠠᠷ ᠳᠡᠰ ᠤᠨ ᠵᠠᠰᠠᠮᠠᠯ ᠵᠠᠮ 349.034 ᠺᠢᠯᠤᠮᠧᠲᠷ᠂ ᠰᠢᠨ᠎ᠡ ᠪᠠᠷ ᠪᠠᠶᠢᠭᠤᠯᠤᠭᠰᠠᠨ ᠳᠥᠷᠪᠡᠳᠦᠭᠡᠷ ᠳᠡᠰ ᠤᠨ ᠵᠠᠰᠠᠮᠠᠯ ᠵᠠᠮ 297.8 ᠺᠢᠯᠤᠮᠧᠲᠷ᠂ ᠵᠡᠭᠡᠯᠢ ᠭᠤᠳᠤᠮᠵᠢ ᠶᠢᠨ ᠬᠠᠲᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ 3305.5 ᠺᠢᠯᠤᠮᠧᠲᠷ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 543.6 ᠺᠢᠯᠤᠮᠧᠲᠷ᠂ ᠪᠠᠶᠢᠭᠤᠯᠤᠯᠳᠤ ᠲᠣᠰᠬᠤᠨ ᠳᠤ ᠨᠡᠪᠲᠡᠷᠡᠬᠦ ᠬᠤᠣᠰ ᠲᠡᠷᠭᠡᠨ ᠵᠠᠮ ᠤᠨ ᠥᠭᠡᠷᠡᠴᠢᠯᠡᠯᠲᠡ ᠶᠢᠨ 1202.7 ᠺᠢᠯᠤᠮᠧᠲᠷ ᠪᠣᠯᠤᠨ᠎ᠠ᠃     ﹇ᠬᠥᠲᠥᠯᠥᠭᠴᠢ﹈ 2021 ᠣᠨ ᠳᠤ ᠶᠠᠮᠠᠷ ᠶᠠᠮᠠᠷ ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠦᠢᠯ ᠪᠠᠶᠢᠬᠤ ᠪᠤᠢ︖     ﹇ᠲᠦᠮᠬᠠᠦ᠋ᠯᠵᠡᠢ﹈ ᠨᠡᠶᠢᠳᠡ 4 ᠵᠦᠢᠯ ᠪᠤᠢ᠄ 1.ᠮᠤᠵᠢ ᠶᠢᠨ ᠵᠠᠮ ᠤᠨ 207 ᠱᠤᠭᠤᠮ ᠤᠨ ᠲᠠᠯᠠᠩ ᠠᠴᠠ ᠺᠠᠩ ᠫᠢᠩ ︵ᠮᠧᠩ ᠯᠢᠶᠣᠤ ᠶᠢᠨ ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ᠂ 115.086 ᠺᠢᠯᠣᠮᠧᠲᠷ᠂ 85 ᠳ᠋ᠦᠩᠰᠢᠭᠤᠷ ᠲᠥᠭᠦᠷᠢᠭ ᠪᠡᠯᠡ ᠣᠷᠣᠭᠤᠯᠤᠨ᠎ᠠ᠃ ᠣᠳᠣᠬᠠᠨ ᠳᠤ ᠲᠥᠷᠥᠯ ᠵᠦᠢᠯ ᠳᠤ ᠣᠲᠣ ᠶᠠᠭ ᠦᠯᠡᠳᠡᠭᠰᠡᠨ ᠬᠠᠭᠤᠴᠢᠨ ᠵᠠᠮ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠵᠠᠮ ᠤᠨ ᠭᠤᠤᠯ ᠴᠣᠭᠴᠠ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠢᠨᠵᠧᠨᠧᠷᠢᠩ ᠢ ᠨᠢᠭᠡᠨᠲᠡ ᠳᠠᠭᠤᠰᠬᠠᠵᠤ ᠂ ᠬᠤᠶᠠᠷ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠤᠨ ᠠᠵᠢᠯ ᠢ ᠳᠠᠭᠤᠰᠬᠠᠭᠠᠳᠤᠶ ᠪᠠᠶᠢᠬᠤ ᠶᠢ ᠭᠠᠷᠭᠠᠪᠠᠯ᠂ ᠪᠤᠰᠤᠳ ᠢ ᠨᠢ ᠪᠦᠬᠦᠨ ᠢ ᠳᠠᠭᠤᠰᠬᠠᠵᠤ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠲᠤᠰᠢᠶᠠᠵᠤ ᠰᠢᠯᠭᠠᠨ ᠠᠪᠬᠤ ᠠᠵᠢᠯ ᠢ ᠳᠠᠭᠤᠰᠬᠠᠬᠤ ᠪᠠᠷ ᠲᠥᠯᠥᠪᠯᠡᠵᠦ ᠪᠣᠶ᠃ 2. ᠮᠤᠵᠢ ᠶᠢᠨ ᠵᠠᠮ ᠤᠨ 305 ᠶᠢᠨ ᠪᠦᠦ ᠳᠦᠨ ᠠᠴᠠ ᠭᠠᠨᠵᠤᠭ᠎ᠠ ᠬᠥᠷᠬᠦ ᠵᠠᠰᠠᠮᠠᠯ ᠵᠠᠮ ᠤᠨ 113.5 ᠺᠢᠯᠣᠮᠧᠲᠷ ᠤᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶ᠋ᠯ ᠳᠤ ᠨᠡᠶᠢᠲᠡ 7.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ᠣᠳᠣᠬᠠᠨ ᠳᠤ ᠲᠥᠷᠥᠯ ᠵᠦᠢᠯ ᠢ ᠨᠢᠭᠡᠨᠲᠡ ᠰᠡᠷᠭᠦᠭᠡᠨ ᠪᠥᠲᠥᠭᠡᠨ ᠪᠠᠶᠢᠭᠤᠯᠵᠤ᠂ ᠵᠠᠮ ᠤᠨ ᠭᠤᠤᠯ ᠴᠣᠭᠴᠠ ᠶᠢᠨ ᠢᠨᠵᠧᠨᠧᠷᠢᠩ ᠢ ᠨᠢᠭᠡᠨᠲᠡ ᠳᠠᠭᠤᠰᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠵᠡᠷᠭᠡ ᠳᠠᠭᠠᠯᠲᠠ ᠢᠨᠵᠧᠨᠧᠷᠢᠩ ᠢ ᠶᠠᠭ ᠬᠡᠷᠡᠭᠵᠢᠭᠦᠯᠵᠦ ᠪᠠᠶᠢᠨ᠎ᠠ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠡᠴᠦᠰ ᠲᠤ ᠠᠵᠢᠯ ᠲᠤᠰᠢᠶᠠᠵᠤ ᠰᠢᠯᠭᠠᠨ ᠠᠪᠬᠤ ᠪᠠᠷᠢᠮᠵᠢᠶ᠎ᠠ ᠳᠤ ᠬᠦᠷᠴᠦ᠂ ᠵᠢᠯ ᠤᠨ ᠳᠣᠲᠣᠷ᠎ᠠ 1.14 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ ᠪᠣᠶ᠃ 3. ᠵᠢᠭᠤᠯᠴᠢᠯᠠᠯ ᠤᠨ ᠵᠠᠮ ᠤᠨ ᠲᠥᠷᠥᠯ ᠵᠦᠢᠯ᠃ ᠤᠯᠤᠰ ᠤᠨ ᠵᠠᠮ ᠤᠨ 304 ᠱᠤᠭᠤᠮ ᠠᠴᠠ ᠰᠤᠭᠤ ᠶᠢᠨ ᠪᠤᠯᠠᠭ ᠤᠨ ᠶᠢᠨ ᠱᠠ ᠲᠠᠨ ᠬᠥᠷᠬᠦ ᠵᠢᠭᠤᠯᠴᠢᠯᠠᠯ ᠤᠨ ᠵᠠᠰᠠᠮᠠᠯ ᠵᠠᠮ ᠤᠨ 304 ᠱᠤᠭᠤᠮ ᠠᠴᠠ ᠬᠠᠶᠢᠰᠤᠭᠠᠢ ᠬᠥᠷᠬᠦ ᠬᠡᠰᠡᠭ ᠤᠨ ᠣᠷᠳᠣ ᠨᠢ 58.9 ᠺᠢᠯᠣᠮᠧᠲᠷ᠂ ᠬᠤᠶᠠᠳᠤᠭᠠᠷ ᠳᠡᠰ ᠤᠨ ᠵᠠᠮ ᠳᠤ 3.8 ᠳ᠋ᠦᠩᠰᠢᠭᠤᠷ ᠲᠥᠭᠦᠷᠢᠭ ᠪᠠᠯᠠ ᠣᠷᠣᠭᠤᠯᠤᠨ᠎ᠠ᠃ ᠠᠵᠢᠯ ᠲᠤᠰᠢᠶᠠᠬᠤ ᠶᠢ ᠰᠢᠯᠭᠠᠨ ᠠᠪᠬᠤ ᠠᠵᠢᠯ ᠢ ᠨᠢᠭᠡᠨᠲᠡ ᠳᠠᠭᠤᠰᠬᠠᠵᠤ᠂ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠤᠨ ᠠᠵᠢᠯ ᠢ ᠳᠠᠭᠤᠰᠬᠠᠭᠠᠳᠤᠶ ᠠᠴᠠ ᠪᠤᠰᠤᠳ ᠢ ᠨᠢ ᠪᠥᠬᠦᠳᠡ ᠶᠢ ᠳᠠᠭᠤᠰᠬᠠᠪᠠ᠃ 4.ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠵᠦᠢᠯ᠃ 2020 ᠣᠨ ᠳᠤ ᠪᠠᠶᠢᠭᠤᠯᠤᠮᠵᠢᠳᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠤᠨ ᠲᠦᠷᠦᠯ ᠵᠦᠢᠯ ᠢ 158.4 ᠺᠢᠯᠤᠮᠧᠲᠷ ᠬᠠᠰᠤᠵᠤ ᠨᠡᠶᠢᠯᠡᠭᠦᠯᠵᠦ᠂ 2020 ᠣᠨ ᠤ ᠰᠡᠭᠦᠯᠴᠢ ᠪᠣᠯᠲᠠᠯ᠎ᠠ᠂ ᠴᠢᠯᠠᠭᠤ ᠳᠡᠪᠢᠰᠬᠦ ᠳᠠᠪᠬᠤᠷᠭ᠎ᠠ ᠶᠢ 18 ᠺᠢᠯᠤᠮᠧᠲᠷ ᠪᠡᠶᠡᠯᠡᠭᠦᠯᠵᠦ᠂ 7.2 ᠺᠢᠯᠤᠮᠧᠲᠷ ᠵᠠᠮ ᠤᠨ ᠭᠠᠳᠠᠷᠭᠤ ᠶᠢᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠣᠳᠣᠬᠠᠨ ᠳᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠨᠢᠭᠡᠨᠲᠡ ᠰᠡᠷᠭᠦᠭᠡᠪᠡ᠃     ﹇ᠬᠥᠲᠥᠯᠥᠭᠴᠢ﹈  2021 ᠣᠨ ᠤ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠲᠥᠷᠥᠯ ᠵᠦᠢᠯ ᠳᠤ ᠶᠠᠭᠤ ᠶᠠᠭᠤ ᠪᠠᠶᠢᠬᠤ ᠪᠣᠢ︖     ﹇ᠲᠦᠮᠬᠠᠦ᠋ᠯᠵᠡᠢ﹈ 2021 ᠣᠨ ᠳᠤ ᠲᠣᠰᠬᠤᠨ ᠤ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ 5 ᠵᠤᠷᠪᠤᠰ ᠵᠠᠮ ᠱᠤᠭᠤᠮ ᠢ ᠬᠡᠷᠡᠭᠵᠢᠭᠦᠯᠵᠦ ᠂ ᠭᠡᠮ ᠰᠣᠭᠤᠭ ᠢ ᠰᠢᠢᠳᠪᠦᠷᠢᠯᠡᠬᠦ ᠵᠠᠮ ᠤᠨ ᠤᠷᠳᠤ ᠨᠢ 12.35 ᠺᠢᠯᠤᠮᠧᠲᠷ ᠪᠠᠶᠢᠵᠤ᠂ ᠪᠡᠯᠡ ᠣᠷᠣᠭᠤᠯᠤᠯᠲᠠ ᠨᠢ ᠪᠠᠷᠤᠭ 164 ᠲᠦᠮᠡᠨ ᠲᠥᠭᠦᠷᠢᠭ ᠬᠦᠷᠦᠨ᠎ᠡ᠃ ᠣᠳᠣᠬᠠᠨ ᠳᠤ ᠶᠠᠭ ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠨ᠂ ᠡᠨᠡ ᠵᠢᠯ ᠤᠨ ᠳᠣᠲᠣᠷ᠎ᠠ ᠪᠥᠬᠦᠳᠡ ᠶᠢ ᠪᠠᠷᠢᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ 2021 ᠣᠨ ᠳᠤ ᠠᠶᠤᠯᠭᠦᠶ ᠦᠢᠯᠡᠳᠪᠦᠷᠢᠯᠡᠯ ᠵᠢᠴᠢ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠢᠨᠠᠷ ᠰᠠᠶᠢᠲᠠᠶ ᠪᠡᠶᠡᠯᠡᠭᠳᠡᠬᠦ ᠶᠢ ᠪᠠᠲᠤᠯᠠᠨ᠎ᠠ᠃    ﹇ᠬᠥᠲᠥᠯᠥᠭᠴᠢ﹈ ᠲᠥ᠋ ᠲᠣᠪᠴᠢᠶᠠᠨ ᠳᠠᠷᠤᠭ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠰᠠᠭᠠᠳᠠᠭᠰᠠᠨ ᠳᠤ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭ᠎ᠠ ᠬᠤᠭᠤᠴᠠᠭᠠᠨ ᠤ ᠫᠷᠤᠭ᠍ᠷᠠᠮ ᠳᠤ ᠪᠠᠶᠠᠷᠲᠠᠶ ᠤᠴᠠᠷᠠᠶ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号