ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/7/30
   ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ        ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ        ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ                ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠤᠷᠢᠳ ᠬᠤᠵᠢᠳ ᠲᠣᠰ ᠭᠠᠵᠠᠷ ᠤᠨ ᠬᠢᠵᠢᠭ ᠤᠨ ᠪᠠᠶᠢᠳᠠᠯ ᠢᠯᠡᠷᠡᠵᠦ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠨᠡᠯᠢᠶᠡᠳ ᠦᠷᠭᠡᠳᠴᠦ ᠪᠠᠶᠢᠨ᠎ᠠ᠂ ᠢᠯᠠᠩᠭᠤᠶ᠎ᠠ ᠮᠠᠨ ᠤ ᠬᠤᠰᠢᠭᠤᠨ ᠤ ᠯᠢᠶᠣᠤᠨᠢᠩ ᠮᠤᠵᠢ ᠶᠢᠨ ᠮᠦᠭᠳᠡᠨ ᠬᠤᠲᠠ᠂ ᠳ᠋ᠠᠯᠢᠶᠠᠨ ᠬᠤᠲᠠ ᠵᠡᠷᠭᠡ ᠬᠢᠵᠢᠭ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠯᠤᠭ᠎ᠠ ᠶᠢᠨ ᠬᠥᠮᠦᠰ ᠵᠢᠴᠢ ᠡᠳ᠋ ᠪᠠᠷᠠᠭᠠᠨ ᠤ ᠶᠠᠪᠤᠯᠴᠠᠭ᠎ᠠ ᠣᠯᠠᠰᠢᠷᠠᠵᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠠᠶᠤᠯ ᠲᠦᠭᠰᠢᠭᠦᠷᠢ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠠᠷᠤᠯᠲᠠ ᠨᠡᠮᠡᠭᠳᠡᠵᠦ ᠪᠠᠶᠢᠨ᠎ᠠ᠃ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠡᠵᠡᠮᠳᠡᠨ ᠪᠠᠭᠤᠷᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠲᠠᠷᠠᠭᠠᠬᠢ ᠮᠡᠲᠦ ᠵᠠᠷᠯᠠᠶ᠎ᠠ᠄        ᠨᠢᠭᠡ᠂ ᠲᠦᠩᠯᠢᠶᠣᠤ ᠬᠤᠲᠠ ᠶᠢᠨ ᠬᠠᠮᠤᠭ ᠤᠨ ᠰᠢᠨ᠎ᠡ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠬᠤᠲᠠ᠂ ᠬᠢᠯᠢ ᠶᠢᠨ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ ᠬᠤᠰᠢᠭᠤᠨ ᠤ ᠬᠥᠮᠦᠰ᠂ ᠨᠠᠨᠵᠢᠩ ᠤᠨ ᠬᠢᠵᠢᠭ ᠤᠨ ᠪᠠᠶᠢᠳᠠᠯ ᠲᠠᠢ ᠬᠤᠯᠪᠣᠭᠳᠠᠭᠰᠠᠨ ᠬᠤᠲᠠ ᠶᠢᠨ ᠠᠷᠭ᠎ᠠ ᠴᠢᠨᠠᠷᠲᠠᠶ ᠬᠠᠯᠳᠠᠪᠤᠷᠢᠯᠠᠭᠰᠠᠳ ︵ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠪᠠᠶᠢᠳᠠᠯ ᠦᠭᠡᠶ ᠬᠠᠯᠳᠠᠪᠤᠷᠢᠯᠠᠭᠰᠠᠳ︶ ᠲᠠᠢ ᠣᠶᠢᠷᠠᠲᠤᠭᠰᠠᠨ ᠪᠤᠶᠤ ᠠᠵᠢᠯᠯᠠᠭ᠎ᠠ ᠨᠢ ᠳᠠᠪᠬᠤᠴᠠᠭᠰᠠᠨ ᠬᠥᠮᠦᠰ᠂ ᠢᠯᠠᠩᠭᠤᠶ᠎ᠠ ᠣᠶᠢᠷ᠎ᠠ ᠶᠢᠨ 14 ᠡᠳᠦᠷ ᠳᠣᠲᠣᠷ᠎ᠠ ᠨᠠᠨᠵᠢᠩ ᠤᠨ ᠯᠦᠺᠸᠤ ᠨᠢᠰᠬᠡᠯ ᠤᠨ ᠪᠠᠭᠤᠳᠠᠯ ᠢᠶᠠᠷ ᠥᠩᠭᠡᠷᠡᠭᠰᠡᠨ ᠲᠡᠤᠬᠡ ᠲᠠᠢ ᠬᠥᠮᠦᠰ ᠪᠠ 7 ᠰᠠᠷ᠎ᠠ ᠶᠢᠨ 22 ᠤᠨ ᠡᠳᠦᠷ ᠬᠤᠨᠠᠨ ᠤ ᠵᠠᠩ ᠵᠢᠶᠠ ᠵᠢᠶᠧ ᠳᠤ ᠲᠣᠭᠯᠠᠯᠲᠠ ᠰᠣᠨᠢᠷᠬᠠᠭᠰᠠᠨ ᠬᠥᠮᠦᠰ ᠪᠠ 7 ᠰᠠᠷ᠎ᠠ ᠶᠢᠨ 19 ᠤ ᠡᠳᠦᠷ ᠤᠨ 16 ᠴᠠᠭ 35 ᠮᠢᠨᠦ᠋ᠲ ᠠᠴᠠ 7 ᠰᠠᠷ᠎ᠠ ᠶᠢᠨ 25 ᠤ ᠡᠳᠦᠷ ᠪᠣᠯᠲᠠᠯ᠎ᠠ ᠰᠢᠨ ᠮᠢᠨ  ᠠᠴᠠ ᠯᠦᠪᠸᠢ ᠬᠦᠷᠬᠦ ᠲᠦᠷᠭᠡᠨ ᠵᠠᠰᠠᠮᠠᠯ ᠵᠠᠮ ᠤᠨ ᠬᠤᠷᠴᠢᠨ  ᠦᠢᠯᠡᠴᠢᠯᠡᠭᠡᠨ ᠤ ᠲᠣᠭᠤᠷᠢᠭ ᠲᠤ ᠰᠠᠭᠠᠲᠠᠭᠰᠠᠨ ᠪᠣᠶ ᠪᠥᠬᠦᠶ ᠲᠡᠷᠭᠡ ᠵᠢᠴᠢ ᠬᠥᠮᠦᠰ ᠢ ᠲᠤᠬᠠᠶ ᠶᠢᠨ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠠᠷᠢᠶ᠎ᠠ ᠭᠠᠵᠠᠷ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠲᠥᠪᠯᠡᠷᠡᠭᠦᠯᠦᠨ ᠲᠤᠰᠠᠭᠠᠷᠯᠠᠬᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃        ᠬᠤᠶᠠᠷ᠂ ᠲᠣᠰ ᠡᠳᠦᠷ ᠠᠴᠠ ᠡᠬᠢᠯᠡᠨ ᠶᠡᠭᠡ ᠬᠡᠪᠴᠢᠶᠡᠨ ᠤ ᠬᠥᠮᠦᠰ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠶᠢ ᠲᠦᠷ ᠬᠤᠶᠢᠰᠢᠯᠠᠭᠤᠯᠤᠨ᠎ᠠ᠃        ᠭᠤᠷᠪᠠ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠵᠤ ᠪᠠᠶᠢᠭ᠎ᠠ ᠡᠪᠡᠳᠴᠢᠲᠡᠨ ᠪᠠ ᠡᠮᠨᠡᠯᠭᠡ ᠳᠤ ᠰᠠᠭᠤᠵᠤ ᠪᠠᠶᠢᠭ᠎ᠠ ᠡᠪᠡᠳᠴᠢᠲᠡᠨ ᠤ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ᠂ ᠡᠮᠴᠢ ᠶᠢᠨ ᠠᠩᠬᠠᠨ ᠤ ᠡᠮᠴᠢᠯᠡᠭᠡ ᠶᠢ ᠬᠠᠷᠢᠭᠤᠴᠠᠬᠤ᠂ ᠨᠢᠭᠡ ᠡᠪᠡᠳᠴᠢᠲᠡᠨ ᠳᠤ ᠨᠢᠭᠡ ᠰᠤᠪᠢᠯᠠᠯᠲᠠ ᠬᠢᠬᠦ᠂ ᠡᠪᠡᠳᠴᠢᠲᠡᠨ ᠤ ᠲᠣᠭᠤᠷᠢᠭ ᠢ ᠪᠢᠲᠡᠭᠦᠮᠵᠢᠯᠡᠬᠦ ᠮᠠᠶ᠋ᠢᠭ ᠢᠶᠠᠷ ᠬᠠᠮᠢᠶᠠᠷᠬᠤ ᠪᠠ ᠡᠷᠭᠢᠵᠦ ᠦᠵᠡᠬᠦ ᠶᠢ ᠴᠠᠭᠠᠵᠠᠯᠠᠬᠤ ᠵᠡᠷᠭᠡ ᠡᠯ᠎ᠡ ᠵᠦᠢᠯ ᠤᠨ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠨᠡᠯᠭᠡ ᠶᠢᠨ ᠭᠠᠵᠠᠷ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠠᠭᠤᠷᠠᠭᠰᠠᠨ ᠡᠪᠡᠳᠴᠢᠲᠡᠨ᠂ ᠬᠢᠯᠢ ᠶᠢᠨ ᠭᠠᠳᠠᠨ᠎ᠠ ᠪᠤᠶᠤ ᠬᠢᠵᠢᠭ ᠤᠨ ᠪᠠᠶᠢᠳᠠᠯ ᠲᠠᠢ ᠭᠠᠵᠠᠷ ᠣᠷᠣᠨ ᠢᠶᠠᠷ ᠵᠤᠭᠠᠴᠠᠨ ᠰᠠᠭᠤᠭᠰᠠᠨ ᠲᠡᠤᠬᠡ ᠲᠠᠢ ᠡᠪᠡᠳᠴᠢᠲᠡᠨ ᠢ ᠰᠢᠭᠰᠢᠨ ᠪᠠᠶᠢᠴᠠᠭᠠᠬᠤ ᠪᠠ ᠬᠢᠨᠠᠨ ᠬᠡᠮᠵᠢᠬᠦ ᠪᠠᠨ ᠴᠢᠩᠭᠠᠳᠬᠠᠵᠤ᠂ ᠬᠡᠷᠪᠡ ᠰᠢᠯᠲᠠᠭᠠᠨ ᠨᠢ ᠲᠣᠳᠣᠷᠬᠠᠶ ᠥᠬᠡᠶ ᠬᠠᠯᠠᠭᠤᠷᠠᠭᠰᠠᠨ ᠡᠪᠡᠳᠴᠢᠲᠡᠨ ᠢ ᠣᠯᠵᠤ ᠮᠡᠳᠡᠪᠡᠯ᠂ ᠳᠠᠷᠦ᠋ᠢᠬᠠᠨ ᠲᠤᠰᠠᠭᠠᠷᠯᠠᠬᠤ ᠶᠢᠨ ᠬᠠᠮᠲᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠬᠦ ᠬᠡᠷᠡᠭᠲᠡᠶ ︵ᠤᠲᠠᠰᠤ᠄ 2371585︶᠂ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠭᠰᠠᠨ ᠡᠭᠦᠳᠡᠨ ᠡᠮᠨᠡᠯᠭᠡ ᠳᠤ ᠵᠢᠭᠰᠠᠭᠠᠨ ᠪᠠᠶᠢᠴᠠᠭᠠᠨ᠎ᠠ᠃        ᠳᠥᠷᠪᠡ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠵᠠᠷᠯᠠᠨ ᠮᠡᠳᠡᠭᠳᠡᠵᠦ ᠪᠡᠯᠡᠳᠬᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠭᠰᠢ ᠰᠤᠷᠤᠭᠴᠢᠳ ᠡᠷᠬᠡᠪᠰᠢ ᠬᠢᠯᠢ ᠶᠢᠨ ᠭᠠᠳᠠᠨ᠎ᠠ ᠪᠤᠶᠤ ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ ᠣᠴᠢᠵᠤ ᠪᠣᠯᠬᠤ ᠥᠬᠡᠶ᠃ ᠪᠠᠭᠰᠢ ᠰᠤᠷᠤᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠲᠤ ᠬᠤᠪᠢ ᠬᠥᠮᠦᠨ ᠵᠢᠴᠢ ᠬᠡᠷ ᠪᠦᠯᠢ ᠶᠢᠨ ᠬᠠᠮᠠᠭᠠᠯᠠᠯᠲᠠ ᠶᠢ ᠴᠢᠩᠭ᠎ᠠ ᠰᠠᠶᠢᠲᠤᠷ ᠬᠢᠬᠦ ᠶᠢ ᠴᠠᠭ ᠲᠤᠬᠠᠶ ᠳᠤᠨᠢ ᠰᠠᠨᠠᠭᠤᠯᠬᠤ ᠬᠡᠷᠡᠭᠲᠡᠶ᠃        ᠲᠠᠪᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠳᠠᠷᠤᠬᠤ ᠡᠳ᠋ ᠵᠡᠷᠭᠡ ᠡᠮ ᠤᠨ  ᠵᠦᠢᠯ ᠢ ᠬᠤᠳᠠᠯᠳᠤᠨ ᠠᠪᠬᠤ ᠶᠢ ᠦᠨᠡᠨ ᠨᠡᠷ᠎ᠡ ᠪᠠᠷ ᠳᠠᠩᠰᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠵᠤ ᠪᠠᠶᠢᠬᠤ᠂ ᠬᠠᠨᠢᠶᠠᠵᠤ ᠪᠠᠶᠢᠬᠤ ᠡᠪᠡᠳᠴᠢᠲᠡᠨ ᠪᠠᠶᠢᠪᠠᠯ 2 ᠴᠠᠭ ᠤᠨ ᠳᠣᠲᠣᠷ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃        ᠵᠢᠷᠭᠤᠭ᠎ᠠ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠬᠤᠭᠤᠯᠠ ᠤᠮᠳᠠ ᠬᠤᠨᠤᠭ ᠪᠠᠭᠤᠳᠠᠯ᠂ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠷᠭᠡᠨ ᠥᠷᠲᠡᠭᠡ ᠵᠡᠷᠭᠡ ᠭᠤᠤᠯᠳᠠᠯᠭ᠎ᠠ ᠲᠠᠢ ᠲᠠᠯᠠᠪᠤᠷ ᠤᠳ ᠭᠱᠠᠨ ᠵᠠᠭᠤᠷ᠎ᠠ ᠶᠢᠨ ᠬᠥᠮᠦᠰ ᠤᠨ ᠣᠷᠣᠵᠤ ᠭᠠᠷᠬᠤ ᠤᠷᠤᠰᠴᠠ ᠶᠢ ᠡᠵᠡᠮᠳᠡᠬᠦ ᠪᠠᠨ ᠴᠢᠩᠭᠠᠳᠬᠠᠵᠤ᠂ ᠰᠠᠯᠬᠢ ᠨᠡᠪᠲᠡᠷᠡᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠲᠠᠯᠠᠪᠤᠷ ᠲᠤ ᠣᠷᠣᠬᠤ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠪᠡᠶ᠎ᠡ ᠶᠢᠨ ᠳᠤᠯᠠᠭᠠᠨ ᠨᠢ 37.3℃ ᠠᠴᠠ ᠬᠡᠲᠦᠷᠡᠭᠰᠡᠨ ᠬᠥᠮᠦᠨ ᠪᠤᠶᠤ ᠨᠤᠭᠤᠭᠠᠨ ᠦᠩᠭᠡ ᠲᠠᠢ ᠡᠷᠡᠭᠦᠯ ᠮᠡᠨᠳᠦ ᠶᠢᠨ ᠺᠣᠳ᠋ ᠦᠭᠡᠢ ᠬᠥᠮᠦᠨ ᠪᠠᠶᠢᠪᠠᠯ᠂ ᠲᠡᠷᠡ ᠳᠠᠷᠤᠶ ᠳᠤᠨᠢ ᠲᠠᠰ ᠳᠠᠷᠠᠭᠠᠯᠠᠯ ᠢᠶᠠᠷ ᠮᠡᠳᠡᠭᠦᠯᠦᠨ᠎ᠡ᠃        ᠳᠣᠯᠤᠭ᠎ᠠ᠂ ᠲᠡᠮᠦᠷ ᠵᠠᠮ᠂ ᠵᠠᠰᠠᠮᠠᠯ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠠᠨᠴᠢᠳ ᠤᠨ ᠮᠡᠳᠡᠭᠡ ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠦᠨᠡᠨ ᠨᠡᠷ᠎ᠡ ᠪᠠᠷ ᠢᠶᠠᠨ ᠪᠢᠯᠧᠲ ᠬᠤᠳᠠᠯᠳᠤᠨ ᠠᠪᠬᠤ᠂ ᠳ᠋ᠤᠭᠠᠷ ᠶᠤᠰᠤᠭᠠᠷ ᠰᠠᠭᠤᠳᠠᠯ ᠳᠠᠭᠠᠨ ᠰᠠᠭᠤᠬᠤ ᠶᠢ ᠦᠨᠡᠨᠬᠦ ᠪᠠᠲᠤᠯᠠᠵᠤ᠂ ᠭᠤᠤᠯᠳᠠᠯᠭ᠎ᠠ ᠲᠠᠢ ᠬᠥᠮᠦᠰ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠣᠯᠵᠤ ᠮᠡᠳᠡᠪᠡᠯ ᠵᠢᠷᠤᠮᠵᠢᠭᠤᠯᠤᠨ ᠰᠢᠢᠳᠪᠦᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠶᠠᠨᠴᠢᠳ ᠠᠷᠠᠳ ᠢᠷᠭᠡᠨ ᠤ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠵᠦ᠂ ᠠᠵᠢᠯᠲᠠᠳ ᠲᠠᠢ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃         ᠨᠠᠢᠮᠠ᠂ ᠢᠯᠡᠭᠡᠨ ᠬᠦᠷᠭᠡᠬᠦ ᠠᠵᠤ ᠠᠬᠤᠶᠢᠯᠠᠯ ᠤᠳ ︽ᠰᠢᠤᠳᠠᠨ ᠤ ᠲᠦᠷᠭᠡᠨ ᠬᠦᠷᠭᠡᠬᠦ ᠦᠢᠯᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠯᠡᠭᠡᠨ ᠬᠦᠷᠭᠡᠬᠦ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠬᠠᠮᠢᠶ᠎ᠠ ᠪᠥᠬᠦᠶ ᠲᠣᠭᠲᠠᠭᠠᠯ ᠪᠠ ︽ᠨᠢᠭᠡ ᠶᠢ ᠵᠣᠭᠰᠣᠭᠠᠵᠤ ᠬᠤᠶᠠᠷ ᠢ ᠤᠰᠠᠳᠬᠠᠵᠤ ᠭᠤᠷᠪᠠ ᠶᠢ ᠪᠠᠶᠢᠴᠠᠭᠠᠵᠤ ᠳᠥᠷᠪᠡ ᠶᠢ ᠪᠠᠲᠤᠯᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠢᠯᠡᠭᠡᠨ ᠬᠦᠷᠭᠡᠬᠦ ᠠᠷᠭ᠎ᠠ ᠵᠠᠮ ᠢᠶᠠᠷ ᠳᠡᠮᠵᠢᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠤᠷᠢᠶᠠᠨ ᠠᠪᠤᠭᠴᠢ ᠪᠣᠭᠤᠳᠠᠯ ᠢ ᠬᠤᠷᠢᠶᠠᠨ ᠠᠪᠴᠤ ᠵᠠᠳᠠᠯᠬᠤ ᠳᠠᠭᠠᠨ ᠭᠠᠳᠠᠷ ᠪᠣᠭᠤᠳᠠᠯ ᠢ ᠠᠷᠢᠭᠤᠳᠬᠠᠬᠤ ᠪᠠ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠬᠤ ᠬᠡᠷᠡᠭᠲᠡᠶ᠃        ᠶᠢᠰᠦ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ︽ᠰᠥᠷᠭᠡᠤ ᠴᠢᠭᠯᠡᠯ︾ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠲᠤ ᠪᠣᠷᠣᠯᠠᠭᠤᠯᠵᠤ ᠪᠠᠶᠢᠭ᠎ᠠ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠳᠤ ︽ᠦᠪᠦᠷ ᠮᠤᠩᠭᠤᠯ ᠤᠨ ᠬᠦᠢᠳᠡᠨ ᠬᠡᠯᠬᠢᠶᠡᠲᠦ︾ ᠶᠢᠨ ᠡᠬᠢ ᠰᠤᠷᠪᠤᠯᠵᠢ ᠶᠢ ᠡᠷᠢᠬᠦ ᠬᠤᠶᠠᠷ ᠬᠡᠮᠵᠢᠯᠳᠦ ᠲᠡᠮᠳᠡᠭ ᠪᠠᠶᠢᠬᠤ ᠥᠬᠡᠶ ᠪᠠ ᠮᠠᠨ ᠤ ᠬᠤᠰᠢᠭᠤᠨ ᠤ ᠲᠥᠪᠯᠡᠷᠡᠩᠭᠦᠶ ᠬᠥᠮᠥᠷᠭᠡ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠳᠤ ᠬᠥᠮᠥᠷᠭᠡ ᠠᠴᠠ ᠭᠠᠷᠭᠠᠭᠰᠠᠨ ᠭᠡᠷᠡᠴᠢ ᠭᠠᠷᠭᠠᠵᠤ ᠥᠭᠭᠦᠭᠰᠡᠨ ᠥᠬᠡᠶ ᠪᠠᠶᠢᠪᠠᠯ᠂ ᠴᠥᠮ ᠭᠦᠢᠯᠭᠡᠭᠡᠨ ᠳᠤ ᠣᠷᠣᠭᠤᠯᠵᠤ᠂ ᠡᠳ᠋ᠰᠢᠭᠦᠯᠦᠨ ᠦᠢᠯᠡᠳᠴᠦ ᠪᠣᠯᠬᠤ ᠥᠬᠡᠶ᠂ ᠣᠯᠵᠤ ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠦᠢᠳᠪᠦᠷᠢᠯᠡᠨ᠎ᠡ᠃        ᠠᠷᠪᠠ᠂ ᠥᠷᠭᠡᠨ ᠤᠯᠠᠨ ᠰᠠᠭᠤᠭᠠᠯᠢ ᠠᠷᠠᠳ ᠢ ᠴᠢᠬᠤᠯᠠ ᠦᠬᠡᠢ ᠪᠣᠯ ᠤᠢᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠪᠤᠶᠤ ᠬᠢᠵᠢᠭ ᠳᠡᠯᠭᠡᠷᠡᠭᠰᠡᠨ ᠭᠠᠵᠠᠷ ᠣᠷᠣᠨ ᠳᠤ ᠣᠴᠢᠭᠤᠯᠵᠤ ᠪᠣᠯᠬᠤ ᠦᠬᠡᠢ᠃ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ ᠬᠢᠯᠢ ᠶᠢᠨ ᠭᠠᠳᠠᠨᠠᠬᠢ ᠪᠤᠶᠤ ᠬᠢᠵᠢᠭ ᠤᠨ ᠪᠠᠶᠢᠳᠠᠯ ᠲᠠᠢ ᠭᠠᠵᠠᠷ ᠣᠷᠣᠨ ᠠᠴᠠ ᠪᠤᠴᠠᠬᠤ ᠠᠴᠠ ᠡᠮᠦᠨ᠎ᠡ᠂ ᠡᠷᠬᠡᠪᠰᠢ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ︔ ᠮᠠᠨ ᠤ ᠬᠤᠰᠢᠭᠤᠨ ᠳᠤ ᠢᠷᠡᠭᠰᠡᠨ ᠤ ᠲᠠᠷᠠᠭ᠎ᠠ᠂ ᠬᠤᠯᠪᠣᠭᠳᠠᠯ ᠪᠦᠭᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃        ᠠᠷᠪᠠᠨ ᠨᠢᠭᠡ᠂ ᠥᠷᠭᠡᠨ ᠤᠯᠠᠨ ᠰᠠᠭᠤᠭᠠᠯᠢ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠶ ᠶᠢ ᠪᠠᠲᠤᠯᠠᠵᠤ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠪᠠ ᠬᠤᠪᠢᠳᠠᠨ ᠬᠤᠭᠤᠯᠠᠯᠠᠬᠤ ᠲᠦᠷᠢᠮ ᠢ ᠬᠡᠷᠡᠭᠵᠢᠭᠦᠯᠬᠦ ᠶᠢ ᠰᠠᠨᠠᠭᠠᠴᠢᠯᠠᠵᠤ᠂ ᠠᠯᠢ ᠴᠢᠳᠠᠬᠤ ᠪᠠᠷ ᠵᠢᠩᠬᠢᠨᠢ ᠬᠡᠳᠦ ᠳᠡᠯᠭᠡᠭᠦᠷ ᠪᠤᠶᠤ ᠵᠠᠬ᠎ᠠ ᠳᠡᠯᠭᠡᠭᠦᠷ ᠲᠤ ᠣᠴᠢᠵᠤ ᠲᠦᠭᠦᠬᠡᠶ ᠰᠢᠨ᠎ᠡ ᠰᠣᠷᠭᠤᠭ ᠲᠠᠸᠠᠷ ᠪᠠ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ ᠢ ᠰᠣᠩᠭᠤᠵᠤ ᠬᠤᠳᠠᠯᠳᠤᠨ ᠠᠪᠬᠤ ᠬᠡᠷᠡᠭᠲᠡᠶ᠃        ᠠᠷᠪᠠᠨ ᠬᠤᠶᠠᠷ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠳᠠᠷᠢᠬᠤ ᠪᠣᠯ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠰᠡᠷᠭᠡᠶᠢᠯᠡᠬᠦ ᠪᠠ ᠡᠵᠡᠮᠳᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠡᠷᠲᠡᠬᠡᠨ ᠳᠠᠷᠢᠬᠤ ᠬᠡᠷᠡᠭᠲᠡᠶ᠂ ᠨᠢᠭᠡᠨᠲᠡ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠰᠠᠭᠤᠭᠠᠯᠢ ᠠᠷᠠᠳ ᠪᠠᠰᠠ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃        ᠠᠷᠪᠠᠨ ᠭᠤᠷᠪᠠ᠂ ᠲᠠ ᠪᠣᠯᠤᠨ ᠬᠡᠷ ᠤᠨ ᠬᠥᠮᠦᠰ ᠤᠨ ᠡᠷᠡᠭᠦᠯ ᠮᠡᠨᠳᠦ ᠠᠮᠤᠷ ᠲᠦᠪᠰᠢᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢᠨ ᠲᠥᠯᠥᠭᠡ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯᠲᠡ ᠶᠢ ᠴᠠᠭ ᠲᠤᠬᠠᠶ ᠳᠤᠨᠢ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃           ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ ᠭᠤᠸᠠᠨ ᠠᠭᠤᠰᠬᠢᠨ ᠦᠷᠪᠢᠰᠦᠯ ᠤᠨ     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                                              2021 ᠣᠨ ᠤ 7 ᠰᠠᠷ᠎ᠠ ᠶᠢᠨ 29 ᠤ ᠡᠳᠦᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号