ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ ᠥᠭᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/8/13
 ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ ᠥᠭᠬᠦ ᠰᠠᠨᠠᠭᠠᠴᠢᠯᠠᠭ᠎ᠠ ᠶᠢᠨ ᠪᠢᠴᠢᠭ       ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ᠄        ᠣᠳᠣᠬᠠᠨ ᠳᠤ ᠪᠥᠬᠦ ᠳᠡᠯᠡᠬᠡᠶ ᠳᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠪᠥᠬᠦ ᠤᠯᠤᠰ ᠤᠨ ᠣᠯᠠᠨ ᠭᠠᠵᠠᠷ ᠲᠤ ᠣᠨᠣᠰᠢᠯᠠᠭᠰᠠᠨ ᠡᠪᠡᠳᠴᠢᠨ ᠤ ᠵᠢᠱᠢᠶ᠎ᠡ ᠭᠠᠷᠴᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠃ ᠸᠠᠺᠼᠢᠨ ᠤ ᠲᠠᠷᠢᠯᠭ᠎ᠠ ᠪᠣᠯ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠬᠢᠵᠢᠭ ᠤᠨ ᠲᠠᠷᠬᠠᠯᠲᠠ ᠶᠢ ᠬᠤᠷᠢᠭᠯᠠᠬᠤ ᠬᠠᠮᠤᠭ ᠤᠨ ᠬᠢᠮᠳᠠ᠂ ᠬᠠᠮᠤᠭ ᠤᠨ ᠲᠦᠷᠭᠡᠨ ᠪᠥᠭᠡᠳ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠦᠷᠭᠡᠪᠴᠢᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠨᠡᠨ ᠬᠦ ᠴᠢᠩᠭᠠᠳᠬᠠᠨ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠪᠠ᠄     ᠨᠢᠭᠡ᠂ ᠥᠷᠭᠡᠨ ᠤᠯᠠᠨ ᠰᠠᠭᠤᠭᠠᠯᠢ ᠠᠷᠠᠳ ᠴᠢᠬᠤᠯᠠ ᠦᠬᠡᠢ ᠪᠣᠯ ᠤᠢᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠪᠤᠶᠤ ᠬᠢᠵᠢᠭ ᠳᠡᠯᠭᠡᠷᠡᠭᠰᠡᠨ ᠭᠠᠵᠠᠷ ᠣᠷᠣᠨ ᠳᠤ ᠣᠴᠢᠵᠤ ᠪᠣᠯᠬᠤ ᠦᠬᠡᠢ᠃ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ ᠬᠢᠯᠢ ᠶᠢᠨ ᠭᠠᠳᠠᠨᠠᠬᠢ ᠪᠤᠶᠤ ᠬᠢᠵᠢᠭ ᠤᠨ ᠪᠠᠶᠢᠳᠠᠯ ᠲᠠᠢ ᠭᠠᠵᠠᠷ ᠣᠷᠣᠨ ᠠᠴᠠ ᠪᠤᠴᠠᠬᠤ ᠠᠴᠠ ᠡᠮᠦᠨ᠎ᠡ᠂ ᠡᠷᠬᠡᠪᠰᠢ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ︔ ᠮᠠᠨ ᠤ ᠬᠤᠰᠢᠭᠤᠨ ᠳᠤ ᠢᠷᠡᠭᠰᠡᠨ  ᠤ ᠲᠠᠷᠠᠭ᠎ᠠ᠂ ᠬᠤᠯᠪᠣᠭᠳᠠᠯ ᠪᠦᠭᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃     ᠬᠤᠶᠠᠷ᠂ ᠮᠠᠨ ᠤ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ᠂ ᠪᠦᠬᠦᠯᠢ 12 ᠨᠠᠰᠤᠨ ᠠᠴᠠ ᠳᠡᠭᠡᠭᠰᠢ ︵ᠡᠷᠦᠬᠡ ᠠᠮᠠ ᠶᠢᠨ ᠲᠠᠩᠰᠠ ᠶᠢ ᠬᠢᠵᠠᠭᠠᠷᠯᠠᠬᠤ ᠥᠬᠡᠶ︶ ᠮᠥᠷᠲᠡᠭᠡᠨ ᠸᠠᠺᠼᠢᠨ ᠤ ᠲᠠᠷᠢᠯᠭ᠎ᠠ ᠬᠢᠬᠦ ᠳᠤ ᠴᠡᠭᠡᠷᠯᠡᠬᠦ ᠡᠪᠡᠳᠴᠢᠨ ᠥᠬᠡᠶ ᠬᠥᠮᠦᠰ ᠲᠤ ᠳᠠᠷᠤᠶ ᠲᠦᠷᠭᠡᠨ ᠲᠠᠷᠢᠯᠭ᠎ᠠ ᠬᠢᠵᠦ᠂  ᠲᠠᠷᠢᠯᠭ᠎ᠠ ᠬᠢᠵᠥ ᠳᠡᠶᠢᠯᠬᠦ ᠶᠢ ᠨᠢ ᠪᠦᠬᠦᠨ ᠢ ᠲᠠᠷᠢᠯᠭ᠎ᠠ ᠬᠢᠬᠦ ᠬᠡᠷᠡᠭᠲᠡᠶ᠃     ᠭᠤᠷᠪᠠ᠂ ᠪᠥᠬᠦ ᠬᠤᠰᠢᠭᠤᠨ ᠤ ᠡᠯ᠎ᠡ ᠱᠠᠲᠤᠨ ᠤ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ  ᠦᠢᠯᠡᠰ  ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠳ ᠤᠨ ᠵᠢᠱᠢᠶ᠎ᠡ ᠦᠵᠡᠭᠦᠯᠬᠦ  ᠦᠢᠯᠡᠳᠦᠯ ᠢ ᠪᠠᠳᠠᠷᠠᠭᠤᠯᠵᠤ᠂ ᠰᠢᠨ᠎ᠡ ᠸᠢᠷᠦ᠋ᠰ ᠤᠨ ᠸᠠᠺᠼᠢᠨ ᠢ ᠲᠦᠷᠦᠭᠦᠯᠡᠨ ᠳᠠᠷᠢᠵᠤ᠂ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠬᠡᠷ ᠪᠦᠯᠢ ᠨᠠᠶᠢᠵᠠ ᠨᠥᠬᠦᠳ᠂ ᠨᠡᠶᠢᠭᠡᠮ ᠲᠣᠭᠤᠷᠢᠭ ᠤᠨ ᠣᠯᠠᠨ ᠲᠦᠮᠡᠨ ᠢ ᠳᠠᠶᠢᠴᠢᠯᠠᠨ ᠰᠠᠨᠠᠭᠠᠴᠢᠯᠠᠭ᠎ᠠ ᠠᠴᠠ ᠪᠠᠨ ᠳᠠᠷᠢᠭᠤᠯᠬᠤ ᠬᠡᠷᠡᠭᠲᠡᠶ᠃     ᠲᠦᠷᠪᠡ᠂ ᠲᠠᠷᠢᠯᠭ᠎ᠠ ᠬᠢᠬᠦ ᠳᠡᠭᠡᠨ ᠬᠠᠮᠢᠶ᠎ᠠ ᠪᠦᠬᠦᠢ ᠳᠦᠷᠢᠮᠵᠢᠯ ᠤᠨ ᠶᠠᠪᠤᠴᠠ ᠶᠢ ᠴᠢᠩᠭ᠎ᠠ ᠵᠢᠷᠤᠮᠯᠠᠵᠤ᠂ ᠨᠢᠭᠡᠳᠦᠭᠡᠷ ᠲᠠᠷᠢᠯᠭ᠎ᠠ ᠶᠢ ᠲᠠᠷᠢᠵᠤ ᠪᠠᠷᠠᠭᠰᠠᠨ ᠤ ᠳᠠᠷᠠᠭ᠎ᠠ ᠴᠠᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠦᠬᠦ ᠶᠠᠪᠤᠴᠠ ᠳᠤ ᠲᠠᠷᠢᠯᠭ᠎ᠠ ᠬᠢᠵᠦ᠂ ᠬᠠᠮᠤᠭ ᠤᠨ ᠰᠠᠶᠢᠨ ᠡᠭᠡᠯᠢᠯᠡᠭᠡ ᠶᠢᠨ ᠦᠷ᠎ᠡ ᠳ᠋ᠦᠩ ᠳᠤ ᠬᠦᠷᠭᠡᠬᠦ ᠬᠡᠷᠡᠭᠲᠡᠶ᠃ ᠴᠤᠤᠷᠬᠠᠯ ᠢ ᠢᠲᠡᠭᠡᠬᠦ ᠦᠭᠡᠶ᠂ ᠴᠤᠤᠷᠬᠠᠯ  ᠲᠠᠷᠬᠠᠭᠠᠬᠤ ᠦᠭᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠸᠠᠺᠼᠢᠨ ᠤ ᠲᠠᠷᠢᠯᠭ᠎ᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠴᠢᠷᠮᠠᠶᠢᠬᠤ ᠭᠡᠷᠡᠭᠳᠡᠢ᠃    ᠲᠠᠪᠤ  ᠂᠂ᠸᠢᠷᠦ᠋ᠰ ᠤᠨ ᠬᠠᠯᠳᠠᠪᠤᠷᠢᠯᠠᠯ ᠢ ᠡᠭᠦᠰᠭᠡᠵᠦ ᠮᠡᠳᠡᠬᠦ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢᠨ ᠲᠥᠯᠥᠭᠡ᠂ ᠬᠦᠢᠳᠡᠨ ᠢᠳᠡᠭᠡᠨ᠂ ᠡᠳ᠋ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ᠂ ᠬᠡᠦᠬᠡᠳ ᠤᠨ ᠴᠡᠴᠡᠷᠯᠢᠭ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠳᠠᠯᠳᠤᠭᠠᠨ ᠤ ᠬᠡᠳᠤ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠤᠰᠤ ᠴᠠᠬᠢᠯᠭᠠᠨ ᠨᠡᠭᠦᠷᠡᠰᠦᠨ ᠬᠡᠢ᠂ ᠵᠣᠴᠢᠳ ᠤᠨ ᠪᠠᠭᠤᠳᠠᠯ  ᠂ ᠰᠦᠯᠵᠢᠶᠡᠨ ᠤ ᠪᠠᠭᠠᠷ᠂ KTV᠂ ᠺᠢᠨᠣ᠋ ᠶᠢᠨ ᠣᠷᠳᠣᠨ ᠵᠡᠷᠭᠡ ᠠᠵᠢᠯ ᠲᠦᠷᠦᠯ ᠤᠨ ᠠᠵᠢᠯ ᠡᠷᠬᠢᠯᠡᠭᠰᠡᠳ ᠤᠨ ᠸᠠᠺᠼᠢᠨ ᠤ ᠲᠠᠷᠢᠯᠭ᠎ᠠ ᠬᠢᠭᠰᠡᠨ ᠤ ᠲᠠᠷᠠᠭ᠎ᠠ ᠠᠵᠢᠯ ᠤᠨ ᠪᠠᠶᠢᠷᠢ ᠳᠤ ᠭᠠᠷᠬᠤ ᠶᠢ ᠰᠠᠨᠠᠭᠠᠴᠢᠯᠠᠨ᠎ᠠ᠃     ᠵᠢᠷᠭᠤᠭ᠎ᠠ᠂ ᠰᠢᠨ᠎ᠡ ᠲᠢᠳᠢᠮᠯᠢᠭ ᠸᠷᠦ᠋ᠰ  ᠤᠨ ᠣᠯᠠᠨ ᠨᠡᠶᠢᠲᠡ ᠶᠢᠨ ᠲᠠᠯᠠᠪᠤᠷ ᠲᠤ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠬᠤᠪᠢ ᠬᠥᠮᠦᠨ ᠤ ᠬᠠᠯᠳᠠᠪᠤᠷᠢᠯᠠᠭᠳᠠᠬᠤ ᠥᠬᠡᠶ ᠪᠠᠶᠢᠬᠤ ᠶᠢ ᠬᠠᠮᠠᠭᠠᠯᠠᠵᠤ᠂ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ  ᠴᠢᠬᠤᠯᠠ ᠦᠬᠡᠢ ᠪᠤᠯ ᠨᠡᠶᠢᠲᠡ ᠶᠢᠨ ᠮᠠᠰᠢᠨ ᠲᠡᠷᠭᠡ ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠦᠬᠡᠢ ᠪᠦᠭᠡᠳ ᠴᠢᠬᠤᠯᠠ ᠦᠬᠡᠢ ᠪᠤᠯ ᠦᠵᠡᠮᠵᠢᠲᠦ ᠣᠷᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠤᠬᠡᠳ ᠰᠠᠭᠠᠲᠠᠭᠤᠯᠬᠤ ᠭᠠᠵᠠᠷ᠂ ᠰᠤᠷᠭᠠᠭᠤᠯᠢ᠂ ᠰᠣᠶᠣᠯ ᠴᠡᠩᠭᠡᠯ ᠤᠨ ᠭᠠᠵᠠᠷ ︵ᠰᠣᠶᠣᠯ ᠤᠨ ᠣᠷᠳᠣᠨ᠂ ᠨᠣᠮ ᠤᠨ ᠰᠠᠩ ᠂ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ ᠲᠤ ᠪᠠᠭᠲᠠᠬᠤ ᠥᠬᠡᠶ︶ ᠵᠡᠷᠭᠡ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ  ᠤᠴᠢᠬᠤ ᠦᠬᠡᠢ ᠪᠠᠶᠢᠬᠤ ᠶᠢ ᠰᠠᠨᠠᠭᠠᠴᠢᠯᠠᠨ᠎ᠠ᠃     ᠳᠣᠯᠤᠭ᠎ᠠ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠥᠷᠭᠡᠨ ᠣᠯᠠᠨ ᠰᠠᠭᠤᠭᠠᠯᠢ ᠠᠷᠠᠳ ᠮᠥᠨ ᠬᠦ ︽ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ︾ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠬᠤᠪᠢ ᠬᠥᠮᠦᠨ ᠤ ᠬᠠᠮᠠᠭᠠᠯᠠᠯᠲᠠ ᠶᠢ ᠬᠢᠨᠠᠮᠠᠭᠠᠶ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠨ ᠰᠠᠬᠢᠵᠤ᠂ ᠥᠪᠡᠷ ᠤᠨ ᠪᠡᠶ᠎ᠡ ᠪᠠ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠬᠡᠷᠡᠭᠲᠡᠶ᠃      ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠪᠢᠳᠡ ᠳᠠᠷᠤᠶ ᠲᠦᠷᠭᠡᠨ ᠬᠥᠳᠡᠯᠦᠯᠴᠡᠵᠦ᠂ ᠬᠥᠨᠳᠡᠯᠡᠨ ᠠᠴᠠ ᠬᠠᠷᠠᠭᠴᠢ ᠪᠣᠯᠬᠤ ᠥᠬᠡᠶ᠂ ᠬᠥᠨᠳᠡᠯᠡᠨ ᠤ ᠬᠥᠮᠦᠨ ᠪᠣᠯᠬᠤ ᠥᠬᠡᠶ᠂ ᠥᠪᠡᠷ ᠤᠨ ᠪᠡᠶ᠎ᠡ᠂ ᠬᠡᠷ ᠤᠨ ᠬᠥᠮᠦᠨ᠂ ᠨᠡᠶᠢᠭᠡᠮ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠢᠨ᠎ᠡ ᠸᠢᠷᠦ᠋ᠰ ᠤᠨ ᠸᠠᠺᠼᠢᠨ ᠢ ᠲᠦᠷᠭᠡᠨ ᠳᠠᠷᠢᠵᠤ᠂ ᠡᠪᠡᠳᠴᠢᠨ ᠰᠡᠷᠭᠡᠶᠢᠯᠡᠬᠦ ᠬᠠᠯᠬᠠᠪᠴᠢ ᠶᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠵᠤ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠬᠡᠯᠪᠡᠷᠢ ᠪᠠᠷ ᠬᠢᠵᠢᠭ ᠤᠨ ᠪᠠᠶᠢᠳᠠᠯ ᠢ ᠠᠷᠭᠠᠴᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ︽ᠨᠢᠭᠡ ᠮᠥᠷᠥᠨ ᠤ ᠬᠦᠴᠦᠨ︾ ᠨᠡᠮᠡᠷᠢᠯᠡᠶ᠎ᠡ︕       ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                     2021 ᠣᠨ ᠤ 8 ᠰᠠᠷ᠎ᠠ ᠶᠢᠨ 13
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号