ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠳᠤᠮᠳᠠᠬᠢ ᠰᠣᠶᠣᠯ ᠤᠨ ᠳᠠᠪᠠᠭᠤᠯᠢᠭ | | | | ﹇ᠬᠥᠲᠥᠯᠥᠭᠴᠢ﹈ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠫᠷᠤᠭ᠍ᠷᠠᠮ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠪᠦᠦ ᠸᠧᠨ ᠰᠢᠤᠸᠠᠢ ᠶᠢ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ | ᠫᠷᠤᠭ᠍ᠷᠠᠮ ᠳᠤ ᠤᠷᠢᠵᠤ᠂ ᠪᠦᠦ ᠲᠣᠪᠴᠢᠶᠠᠨ ᠳᠠᠷᠤᠭ᠎ᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤᠮᠳᠠᠬᠢ ᠰᠣᠶᠣᠯ ᠤᠨ ᠳᠠᠪᠠᠭᠤᠯᠢᠭ ᠨᠢ ᠶᠠᠭᠤ ᠪᠣᠯᠬᠤ ᠲᠤᠬᠠᠶ | ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠰᠠᠨᠠᠯ ᠢᠶᠠᠨ ᠰᠣᠯᠢᠯᠴᠠᠨ᠎ᠠ᠃ ᠪᠦᠦ ᠲᠣᠪᠴᠢᠶᠠᠨ ᠳᠠᠷᠤᠭ᠎ᠠ ᠡ᠂ | ᠲᠠ ᠰᠠᠶᠢᠨ ᠤᠤ︕ | ﹇ᠪᠦᠦ ᠸᠧᠨ ᠰᠢᠤᠸᠠᠢ﹈ ᠬᠥᠲᠥᠯᠥᠭᠴᠢ ᠰᠠᠶᠢᠨ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠰᠠᠶᠢᠨ | ᠪᠠᠶᠢᠨ᠎ᠠ ᠤᠤ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠠᠴᠠ ᠣᠯᠠᠨ ᠲᠠᠢ ᠰᠠᠨᠠᠯ ᠢᠶᠠᠨ ᠰᠣᠯᠢᠯᠴᠠᠬᠤ | ᠡᠶᠢᠮᠦ ᠨᠢᠭᠡᠨ ᠲᠣᠬᠢᠶᠠᠯ ᠣᠯᠭᠤᠭᠰᠠᠨ ᠳᠤ ᠮᠠᠰᠢ ᠲᠠᠯᠠᠷᠬᠠᠵᠤ ᠪᠠᠶᠢᠨ᠎ᠠ᠃ | ﹇ᠬᠥᠲᠥᠯᠥᠭᠴᠢ﹈ ᠪᠦᠦ ᠲᠣᠪᠴᠢᠶᠠᠨ ᠳᠠᠷᠤᠭ᠎ᠠ ᠲᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ | ᠲᠠᠨᠢᠯᠴᠠᠭᠤᠯᠤᠨ᠎ᠠ ᠤᠤ︖ | ﹇ᠪᠦᠦ ᠸᠧᠨ ᠰᠢᠤᠸᠠᠢ﹈ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠲᠠᠢ ᠤᠶᠠᠯᠳᠤᠭᠤᠯᠤᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠳᠤ ᠣᠲᠣ 1 ᠰᠣᠶᠣᠯ ᠤᠨ ᠣᠷᠳᠣᠨ᠂ 1 ᠨᠣᠮ ᠤᠨ ᠰᠠᠩ᠂ 1 ᠮᠦᠽᠧᠶ ᠪᠣᠶ᠃ 27 ᠰᠤᠮᠤ | ᠪᠠᠯᠭᠠᠰᠤ ᠲᠠᠯᠠᠪᠠᠢ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ ︵ᠰᠢᠨ᠎ᠡ ᠰᠡᠷᠭᠦᠭᠡᠭᠰᠡᠨ ᠪᠠᠶᠠᠨᠮᠣᠳᠣ ᠰᠤᠮᠤ᠂ | ᠪᠠᠭᠠᠲᠠᠯ᠎ᠠ ᠰᠤᠮᠤ᠂ ᠰᠤᠨᠳᠤᠤ ᠰᠤᠮᠤ ᠰᠣᠶᠣᠯ ᠤᠨ ᠥᠷᠲᠡᠭᠡ ᠪᠠᠶᠢᠭᠤᠯᠤᠭᠰᠠᠨ ᠥᠬᠡᠶ︶ ᠪᠠᠶᠢᠭᠤᠯᠵᠤ᠂ 292 | ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠶᠢᠨ ᠰᠣᠶᠣᠯ ᠤᠨ ᠠᠵᠢᠯᠯᠠᠭᠠᠨ ᠤ ᠲᠠᠰᠤᠭ ᠪᠠ 277 ᠰᠣᠶᠣᠯ ᠤᠨ | ᠠᠭᠤᠳᠠᠮ ᠲᠠᠯᠠᠪᠠᠶ ᠪᠠᠶᠢᠭᠤᠯᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠶᠢᠨ | ᠭᠤᠷᠪᠠᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠵᠦ᠂ | ᠦᠢᠯᠡᠴᠢᠯᠡᠭᠡᠨ ᠤ ᠬᠡᠪᠴᠢᠶ᠎ᠡ ᠶᠢ ᠪᠥᠬᠦ ᠬᠤᠰᠢᠭᠤᠨ ᠳᠤ ᠪᠦᠷᠬᠦᠭᠦᠯᠬᠦ ᠶᠢᠨ ᠬᠠᠮᠲᠤ᠂ ᠵᠢᠯ ᠪᠦᠷᠢ ︽ᠭᠤᠷᠪᠠᠨ | ᠣᠷᠳᠣᠨ ᠨᠢᠭᠡ ᠥᠷᠲᠡᠭᠡ ᠨᠢᠭᠡ ᠥᠷᠥᠭᠡ︾ ᠶᠢ ᠪᠦᠬᠦᠨ ᠢ ᠭᠠᠳᠠᠭᠰᠢ ᠰᠦᠢᠳᠭᠡᠯ ᠬᠤᠷᠢᠶᠠᠬᠤ ᠥᠬᠡᠶ ᠪᠠᠷ | ᠨᠡᠭᠡᠭᠡᠵᠦ ᠪᠠᠶᠢᠨ᠎ᠠ᠃ | ﹇ᠬᠥᠲᠥᠯᠥᠭᠴᠢ﹈ ᠣᠳᠣ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ | ᠬᠥᠭᠵᠢᠯᠲᠡ ᠶᠢᠨ ᠭᠤᠣᠯ ᠰᠡᠳᠬᠢᠮᠵᠢ ᠨᠢ ᠶᠠᠭᠤ ᠪᠤᠶ | ﹇ᠪᠦᠦ ᠸᠧᠨ ᠰᠢᠤᠸᠠᠢ﹈ ︵1︶ ᠥᠨᠢ ᠤᠳᠠᠭᠠᠨ ᠲᠡᠦᠬᠡ ᠰᠣᠶᠣᠯ᠄ ᠬᠤᠷᠴᠢᠨ ᠵᠡᠭᠦᠨ ᠭᠠᠷᠤᠨ ᠬᠤᠶᠢᠲᠤ | ᠬᠤᠰᠢᠭᠤ ᠪᠣᠯ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠲᠠᠢ᠂ 1650 ᠣᠨ ᠳᠤ ᠬᠤᠰᠢᠭᠤ | ᠪᠠᠶᠢᠭᠤᠯᠪᠠ᠂ ᠴᠢᠩ ᠤᠯᠤᠰ ᠤᠨ ᠦᠶ᠎ᠡ ᠶᠢᠨ ᠠᠯᠳᠠᠷᠲᠤ ᠤᠯᠤᠰ ᠢᠶᠠᠨ ᠬᠠᠶᠢᠷᠠᠯᠠᠭᠴᠢ ᠵᠠᠩᠵᠤᠨ ᠰᠡᠩᠭᠡᠷᠢᠨᠴᠢᠨ ᠤ | ᠨᠤᠲᠤᠭ ᠮᠥᠨ᠂ 2003 ᠣᠨ ᠤ ᠪᠦᠬᠦ ᠤᠯᠤᠰ ᠤᠨ ︽ᠠᠷᠪᠠᠨ ᠶᠡᠭᠡ︾ ᠬᠠᠭᠤᠴᠢ ᠰᠤᠳᠤᠯᠤᠯ ᠤᠨ ᠰᠢᠨ᠎ᠡ | ᠢᠯᠡᠷᠡᠭᠦᠯᠦᠯᠲᠡ ᠶᠢᠨ ᠨᠢᠭᠡ — ᠲᠤᠭᠤᠯᠵᠢᠨ ᠠᠭᠤᠯᠠ ᠶᠢᠨ ᠯᠢᠶᠣᠤ ᠤᠯᠤᠰ ᠤᠨ ᠤᠡᠭᠭᠤᠨ ᠢ ᠢᠯᠡᠷᠡᠭᠦᠯᠦᠭᠰᠡᠨ | ᠭᠠᠵᠠᠷ ᠮᠥᠨ᠃ ᠲᠡᠦᠬᠡᠨ ᠳᠡᠭᠡᠷ᠎ᠡ ᠬᠤᠩ ᠱᠠᠨ ᠤ ᠰᠣᠶᠣᠯ᠂ ᠬᠢᠳᠠᠨ ᠤ ᠰᠣᠶᠣᠯ᠂ ᠮᠣᠩᠭᠤᠯ ᠶᠤᠸᠠᠨ ᠤ ᠰᠣᠶᠣᠯ | ᠠᠳᠡ ᠰᠣᠯᠪᠢᠴᠠᠨ ᠬᠡᠷᠡᠯᠳᠦᠵᠦ᠂ ᠢᠯᠠᠩᠭᠤᠶ᠎ᠠ ᠭᠡᠷᠡᠯ ᠰᠠᠴᠤᠷᠠᠮ᠎ᠠ ᠬᠤᠷᠴᠢᠨ ᠤ ᠰᠣᠶᠣᠯ ᠠᠳᠡ ᠤᠯᠠᠮᠵᠢᠯᠠᠭᠳᠠᠨ | ᠬᠥᠭᠵᠢᠵᠦ᠂ ᠮᠣᠩᠭᠤᠯ ᠦᠨᠳᠦᠰᠦᠲᠡᠨ ᠤ ᠭᠤᠷᠪᠠᠨ ᠶᠡᠭᠡ ᠦᠯᠢᠭᠡᠷᠳᠦ ᠠᠷᠠᠳ ᠤᠨ ᠳᠠᠭᠤᠤ ᠶᠢᠨ ᠨᠢᠭᠡ ᠪᠤᠯᠬᠤ ︽ | ᠳ᠋ᠠᠨᠠᠪᠠᠯ︾ ᠪᠣᠯᠤᠨ ᠳᠠᠭᠤᠤ ︽ᠤᠭᠠᠯᠵᠠᠨ ᠡᠮᠡᠭᠡᠯ︾ ᠠᠳᠡ ᠪᠤᠢ ᠪᠣᠯᠤᠭᠰᠠᠨ ᠪᠥᠭᠡᠳ ᠥᠷᠭᠡᠨ ᠢᠶᠠᠷ | ᠤᠯᠠᠮᠵᠢᠯᠠᠭᠳᠠᠨ ᠳᠠᠭᠤᠯᠠᠭᠳᠠᠵᠠᠢ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠤᠷᠢᠳ ᠬᠤᠵᠢᠳ | ᠰᠣᠶᠣᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠪᠠ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠵᠡᠷᠭᠡ ᠰᠠᠯᠠᠭ᠎ᠠ ᠮᠥᠴᠢᠷ ᠠᠴᠠ ︽ᠬᠤᠷᠴᠢᠨ ᠤ ᠦᠯᠢᠭᠡᠷᠳᠦ ᠠᠷᠠᠳ ᠤᠨ ᠳᠠᠭᠤᠤ ᠶᠢᠨ ᠨᠤᠲᠤᠭ︾᠂ ︽ | ᠬᠤᠯᠪᠤᠭ᠎ᠠ ᠶᠢᠨ ᠨᠤᠲᠤᠭ︾᠂ ︽ᠮᠣᠩᠭᠤᠯ ᠤᠷᠠᠨ ᠪᠢᠴᠢᠯᠭᠡ ᠶᠢᠨ ᠤᠷᠠᠯᠢᠭ ᠤᠨ ᠨᠤᠲᠤᠭ︾ ᠭᠡᠵᠦ ᠨᠡᠷᠡᠯᠡᠪᠡ᠃ ︵ | 2︶ ᠬᠡᠷᠡᠯ ᠰᠠᠴᠤᠷᠠᠩᠭᠤᠶ ᠪᠣᠳᠠᠰ ᠤᠨ ᠪᠤᠰᠤ ᠰᠣᠶᠣᠯ ᠤᠨ ᠥᠪ᠄ ᠪᠥᠬᠦ ᠬᠤᠰᠢᠭᠤᠨ ᠳᠤ ᠰᠢᠯᠵᠢᠭᠦᠯᠵᠦ ᠪᠣᠯᠤᠰᠢ | ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠴᠡᠭ 920 ᠪᠣᠶ᠃ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ 74 ᠪᠠᠶᠢᠨ᠎ᠠ᠃ ᠪᠥᠬᠦ ᠬᠤᠰᠢᠭᠤᠨ ᠳᠤ ᠰᠢᠯᠵᠢᠭᠦᠯᠵᠦ ᠪᠣᠯᠬᠤ | ᠲᠡᠤᠬᠡ ᠶᠢᠨ ᠳᠤᠷᠠᠰᠬᠠᠯᠲᠤ ᠵᠦᠢᠯ 11740 ᠬᠤᠪᠢ ︵ᠢᠵᠢ︶ ᠪᠠᠶᠢᠨ᠎ᠠ᠃ ᠬᠤᠪᠣᠷ ᠨᠠᠨᠳᠢᠨ ᠲᠡᠤᠬᠡ ᠶᠢᠨ | ᠳᠤᠷᠠᠰᠬᠠᠯᠲᠤ ᠵᠦᠢᠯ 24 ᠵᠦᠢᠯ ︵ᠢᠵᠢ︶ ᠪᠠᠶᠢᠵᠤ᠂ ᠡᠭᠦᠨ ᠳᠤ᠂ ᠤᠯᠤᠰ ᠤᠨ ᠬᠤᠶᠠᠳᠤᠭᠠᠷ ᠳᠡᠰ ᠤᠨ | ᠲᠡᠤᠬᠡ ᠶᠢᠨ ᠳᠤᠷᠠᠰᠬᠠᠯᠲᠤ ᠵᠦᠢᠯ 7 ᠵᠦᠢᠯ ︵ᠢᠵᠢ︶᠂ ᠭᠤᠷᠪᠠᠳᠤᠭᠠᠷ ᠳᠡᠰ ᠤᠨ ᠲᠡᠤᠬᠡ ᠶᠢᠨ ᠳᠤᠷᠠᠰᠬᠠᠯᠲᠤ | ᠵᠦᠢᠯ 17 ᠵᠦᠢᠯ ︵ᠢᠵᠢ︶ ᠪᠣᠶ᠃ ︵3︶ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ᠄ ᠣᠲᠣ | ᠨᠢᠭᠡᠨᠲᠡ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ | ᠵᠢᠭᠰᠠᠭᠠᠯᠲᠠ ᠳᠤ ᠵᠢᠭᠰᠠᠭᠠᠭᠳᠠᠭᠰᠠᠨ ᠲᠥᠷᠥᠯ ᠵᠦᠢᠯ ᠳᠤ᠄ ︽ᠮᠣᠩᠭᠤᠯ ᠦᠨᠳᠦᠰᠦᠲᠡᠨ ᠤ ᠮᠣᠷᠢᠨ ᠡᠳ᠋ᠯᠡᠯ | ᠦᠢᠯᠡᠳᠬᠦ ᠤᠷ᠎ᠠ ᠮᠡᠷᠭᠡᠵᠢᠯ︾᠂ ︽ᠬᠤᠯᠪᠤᠭ᠎ᠠ︾᠂ ︽ᠮᠣᠩᠭᠤᠯ ᠡᠮᠨᠡᠯᠭᠡ ᠶᠢᠨ ᠶᠠᠰᠤ ᠪᠠᠷᠢᠬᠤ ᠵᠠᠰᠠᠯᠭ᠎ᠠ︾ ᠵᠡᠷᠭᠡ | 3 ᠵᠦᠢᠯ ᠪᠣᠶ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ︽ᠬᠤᠷᠴᠢᠨ ᠴᠤᠭᠤᠷ ᠤᠨ ᠲᠤᠤᠯᠢᠰ︾ ᠪᠠ ︽ᠮᠣᠩᠭᠤᠯ ᠤᠷᠠᠨ | ᠪᠢᠴᠢᠯᠭᠡ︾ 2 ᠵᠦᠢᠯ ᠵᠢᠭᠰᠠᠭᠠᠭᠳᠠᠪᠠ︔ ︽ᠮᠣᠩᠭᠤᠯ ᠦᠨᠳᠦᠰᠦᠲᠡᠨ ᠤ ᠳᠥᠷᠪᠡᠨ ᠤᠲᠠᠰᠤᠲᠤ ᠬᠤᠭᠤᠷ ᠤᠨ | ᠬᠥᠭᠵᠢᠮ︾ ︽ᠬᠤᠷᠴᠢᠨ ᠠᠷᠠᠳ ᠤᠨ ᠳᠠᠭᠤᠤ︾᠂ ᠬᠤᠷᠴᠢᠨ ᠤ ᠦᠯᠢᠭᠡᠷᠳᠦ ᠠᠷᠠᠳ ᠤᠨ ᠳᠠᠭᠤᠤ ︽ᠳ᠋ᠠᠨᠠᠪᠠᠯ︾ | ᠂ ᠬᠤᠷᠴᠢᠨ ᠤ ᠦᠯᠢᠭᠡᠷᠳᠦ ᠠᠷᠠᠳ ᠤᠨ ᠳᠠᠭᠤᠤ︾ ︽ᠵᠠᠨ᠎ᠠ ᠪᠠᠯᠵᠢᠨᠢᠮ᠎ᠠ︾᠂ ︽ᠱᠤᠩᠬᠤᠷ ᠤᠨ ᠴᠤᠭᠯᠠᠭᠠᠨ︾᠂ | ︽ᠮᠣᠩᠭᠤᠯ ᠦᠨᠳᠦᠰᠦᠲᠡᠨ ᠤ ᠦᠯᠦᠭᠡᠢ ᠬᠢᠬᠦ ᠤᠷ᠎ᠠ ᠮᠡᠷᠭᠡᠵᠢᠯ︾᠂ ︽ᠮᠣᠩᠭᠤᠯ ᠰᠢᠲᠠᠷ᠎ᠠ︾᠂ ︽ᠮᠣᠩᠭᠤᠯ | ᠦᠨᠳᠦᠰᠦᠲᠡᠨ ᠤ ᠬᠤᠷᠤᠳ ᠬᠢᠬᠦ ᠤᠷ᠎ᠠ ᠮᠡᠷᠭᠡᠵᠢᠯ︾᠂ ︽ᠮᠣᠩᠭᠤᠯ ᠦᠨᠳᠦᠰᠦᠲᠡᠨ ᠤ ᠬᠠᠭᠤᠷᠤᠭᠰᠠᠨ ᠪᠤᠳᠠᠭ᠎ᠠ | ᠬᠢᠬᠦ ᠤᠷ᠎ᠠ ᠮᠡᠷᠭᠡᠵᠢᠯ︾᠂ ︽ᠮᠣᠩᠭᠤᠯ ᠦᠨᠳᠦᠰᠦᠲᠡᠨ ᠤ ᠮᠣᠷᠢ ᠰᠤᠷᠭᠠᠬᠤ ᠤᠷ᠎ᠠ ᠮᠡᠷᠭᠡᠵᠢᠯ︾᠂ ︽ᠮᠣᠷᠢᠨ | ᠬᠤᠭᠤᠷ ᠬᠢᠬᠦ ᠤᠷ᠎ᠠ ᠮᠡᠷᠭᠡᠵᠢᠯ︾᠂ ︽ᠰᠡᠩᠭᠡᠷᠢᠨᠴᠢᠨ ᠸᠠᠩ ᠤᠨ ᠬᠤᠷᠤᠭ᠎ᠠ ᠶᠢᠨ ᠡᠷᠳᠡᠨ ᠤ ᠬᠦᠭᠵᠢᠮ︾᠂ ︽ | ᠬᠠᠳᠠᠭᠤ ᠪᠤᠳᠠᠭ᠎ᠠ ᠬᠢᠬᠦ ᠤᠷ᠎ᠠ ᠮᠡᠷᠭᠡᠵᠢᠯ︾᠂ ︽ᠮᠣᠩᠭᠤᠯ ᠪᠥᠬᠡ︾ ᠵᠡᠷᠭᠡ 14 ᠲᠥᠷᠥᠯ ᠵᠦᠢᠯ ᠢ ᠬᠤᠲᠠ ᠶᠢᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠲᠤ ᠣᠷᠣᠭᠤᠯᠪᠠ᠃ 27 | ᠵᠦᠢᠯ ᠤᠨ ᠬᠤᠰᠢᠭᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠪᠤᠢ᠃ ᠣᠲᠣ ᠤᠯᠤᠰ ᠤᠨ ᠲᠠᠰ ᠤᠨ ︽ | ᠪᠣᠳᠠᠰ ᠤᠨ ᠪᠤᠰᠤ ᠰᠣᠶᠣᠯ ᠤᠨ ᠥᠪ︾ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ 3 ᠬᠦᠮᠦᠨ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ 4 ᠬᠦᠮᠦᠨ᠂ ᠬᠤᠲᠠ ᠶᠢᠨ ᠲᠠᠰ ᠤᠨ | ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ 16 ᠬᠦᠮᠦᠨ᠂ ᠬᠤᠰᠢᠭᠤᠨ ᠲᠠᠰ ᠤᠨ ᠲᠥᠯᠥᠭᠡᠯᠡᠬᠦ ᠴᠢᠨᠠᠷᠲᠠᠶ | ᠵᠠᠯᠭᠠᠮᠵᠢᠯᠠᠭᠴᠢ 34 ᠬᠦᠮᠦᠨ ᠪᠣᠶ᠃ ᠬᠤᠰᠢᠭᠤᠨ ᠤ ᠰᠣᠶᠣᠯ ᠤᠨ ᠣᠷᠳᠣᠨ᠂ ᠮᠣᠩᠭᠤᠯ ᠡᠮᠨᠡᠯᠭᠡ ᠶᠢᠨ ᠶᠠᠰᠤ | ᠪᠠᠷᠢᠬᠤ ᠡᠮᠨᠡᠯᠭᠡ ᠶᠢᠨ ᠬᠤᠷᠢᠶ᠎ᠠ ᠶᠢᠨ 2 ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ | ᠰᠠᠭᠤᠷᠢᠨ ᠭᠠᠵᠠᠷ ᠲᠠᠢ᠂ ᠲᠡᠭᠰᠢᠳᠦ᠋ᠬᠦᠷᠡᠩ ᠤᠨ ᠮᠣᠩᠭᠤᠯ ᠳᠥᠷᠪᠡᠨ ᠤᠲᠠᠰᠤᠲᠤ ᠬᠤᠭᠤᠷ ᠤᠨ ᠬᠥᠭᠵᠢᠮ᠂ | ᠲᠤᠭᠳᠠᠨᠪᠠᠶᠠᠷ ᠤᠨ ᠮᠣᠩᠭᠤᠯ ᠦᠨᠳᠦᠰᠦᠲᠡᠨ ᠤ ᠮᠣᠷᠢᠨ ᠡᠳ᠋ᠯᠡᠯ ᠦᠢᠯᠡᠳᠬᠦ ᠤᠷ᠎ᠠ ᠮᠡᠷᠭᠡᠵᠢᠯ ᠵᠡᠷᠭᠡ 10 | ᠤᠯᠠᠮᠵᠢᠯᠠᠨ ᠪᠣᠯᠪᠠᠰᠤᠷᠠᠭᠤᠯᠬᠤ ᠭᠠᠵᠠᠷ ᠲᠠᠢ᠂ ᠡᠭᠦᠨ ᠳᠤ ᠬᠤᠰᠢᠭᠤᠨ ᠤ ᠰᠣᠶᠣᠯ ᠤᠨ ᠣᠷᠳᠣᠨ᠂ ᠮᠣᠩᠭᠤᠯ | ᠦᠨᠳᠦᠰᠦᠲᠡᠨ ᠤ ᠶᠠᠰᠤ ᠪᠠᠷᠢᠬᠤ ᠡᠮᠨᠡᠯᠭᠡ ᠶᠢᠨ ᠬᠤᠷᠢᠶ᠎ᠠ ᠵᠡᠷᠭᠡ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠲᠠᠢ᠃ ︽ᠮᠣᠩᠭᠤᠯ ᠦᠨᠳᠦᠰᠦᠲᠡᠨ ᠤ ᠠᠷᠠᠳ ᠤᠨ ᠳᠠᠭᠤᠤ ᠶᠢᠨ | ᠲᠡᠭᠦᠪᠦᠷᠢ ︵ᠳᠡᠭᠡᠳᠦ ᠳᠣᠤᠷᠠᠳᠤ ᠳᠡᠪᠲᠡᠷ︶︾᠂ ︽ᠬᠤᠯᠪᠤᠭ᠎ᠠ︾ ᠪᠣᠯᠤᠨ ︽ᠮᠣᠩᠭᠤᠯ ᠰᠢᠲᠠᠷ᠎ᠠ ᠶᠢᠨ | ᠰᠢᠲᠠᠷ᠎ᠠ ᠶᠢᠨ ᠴᠠᠳᠢᠭ︾ ᠢ ᠡᠮᠬᠢᠳᠬᠡᠨ ᠬᠡᠪᠯᠡᠭᠦᠯᠵᠡᠶ᠃ ᠰᠡᠩᠭᠡᠷᠢᠨᠴᠢᠨ ᠸᠠᠩ ᠤᠨ ᠣᠷᠳᠣᠨ ᠤ ᠡᠷᠳᠡᠨ ᠤ ᠬᠦᠭᠵᠢᠮ | ᠂ ᠬᠤᠷᠴᠢᠨᠴᠤᠤᠯ ᠤᠨ ᠲᠤᠤᠯᠢᠰ 2 ᠵᠦᠢᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠥᠬᠦᠬᠦ | ᠰᠢᠬᠠᠭᠰᠠᠨ ᠪᠣᠳᠠᠰ ᠤᠨ ᠪᠤᠰᠤ ᠰᠣᠶᠣᠯ ᠤᠨ ᠥᠪ ᠢ ᠴᠤᠭᠯᠠᠭᠤᠯᠤᠨ ᠡᠮᠬᠢᠳᠬᠡᠵᠦ ᠰᠡᠷᠭᠦᠭᠡᠪᠡ᠃ | ﹇ᠬᠥᠲᠥᠯᠥᠭᠴᠢ﹈ ᠪᠦᠦ ᠲᠣᠪᠴᠢᠶᠠᠨ ᠳᠠᠷᠤᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠵᠢᠭᠤᠯᠴᠢᠯᠠᠯ ᠤᠨ ᠬᠥᠭᠵᠢᠯᠲᠡ ᠶᠢᠨ ᠪᠠᠶᠠᠯᠢᠭ ᠡᠬᠢ ᠪᠠᠶᠠᠯᠢᠭ ᠢ ᠲᠠᠨᠢᠯᠴᠠᠭᠤᠯᠤᠭᠠᠳ ᠥᠭᠭᠦᠨ᠎ᠡ ᠦᠤ︖ | ﹇ᠪᠤᠤ ᠸᠧᠨ ᠰᠢᠤᠸᠠᠢ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠤᠲᠤᠭ ᠳᠡᠪᠢᠰᠬᠡᠷ ᠥᠷᠭᠡᠨ | ᠠᠭᠤᠳᠠᠮ᠂ ᠪᠠᠶᠢᠭᠠᠯᠢ ᠶᠢᠨ ᠥᠩᠭᠡ ᠦᠵᠡᠮᠵᠢ ᠭᠤᠶᠣ ᠰᠠᠶᠢᠬᠠᠨ᠂ ᠰᠡᠶᠢᠷᠡᠭ ᠣᠶᠢᠲᠤ ᠲᠠᠯ᠎ᠠ ᠨᠤᠲᠤᠭ᠂ ᠪᠠᠯᠠᠷ ᠣᠶ᠂ | ᠨᠠᠭᠤᠷ ᠴᠥᠭᠦᠷᠥᠮ᠂ ᠡᠯᠡᠰᠦᠨ ᠴᠥᠯ᠂ ᠦᠨᠳᠦᠰᠦᠲᠡᠨ ᠤ ᠵᠠᠩ ᠦᠢᠯᠡ ᠵᠢᠴᠢ ᠲᠡᠦᠬᠡ ᠶᠢᠨ ᠳᠤᠷᠠᠰᠬᠠᠯᠲᠤ ᠵᠦᠢᠯ | ᠡᠷᠲᠡᠨ ᠤ ᠦᠯᠡᠳᠡᠭᠳᠡᠯ ᠵᠡᠷᠭᠡ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠵᠤ᠂ ︽ | ᠵᠢᠭᠤᠯᠴᠢᠯᠠᠯ ᠤᠨ ᠨᠤᠲᠤᠭ︾ ᠭᠡᠰᠡᠨ ᠰᠠᠶᠢᠬᠠᠨ ᠠᠯᠳᠠᠷᠲᠠᠶ ᠶᠤᠮ᠃ ᠬᠤᠰᠢᠭᠤᠨ ᠤ ᠳᠣᠲᠣᠷ᠎ᠠ ᠳᠠᠯᠠᠨ ᠬᠠᠷ᠎ᠠ | ᠭᠤᠤ ᠶᠢᠨ ᠤᠯᠤᠰ ᠤᠨ AAA ᠳᠡᠰ ᠤᠨ ᠵᠤᠭᠠᠴᠠᠯ ᠤᠨ ᠦᠵᠡᠮᠵᠢ ᠶᠢᠨ ᠣᠷᠣᠨ᠂ ᠠᠭᠤᠯᠠ ᠶᠢᠨ ᠰᠣᠶᠣᠯ | ᠵᠤᠭᠠᠴᠠᠯ ᠤᠨ ᠭᠤᠣᠯ ᠰᠡᠳᠦᠪᠲᠦ ᠵᠢᠵᠢᠭ ᠪᠠᠯᠭᠠᠰᠤ᠂ ᠤᠳᠠᠨᠳᠠᠯ᠎ᠠ ᠶᠢᠨ ᠲᠠᠪᠤᠯᠵᠢᠨ ᠪᠠᠲᠤᠴᠠᠭᠠᠨ ᠤ ᠤᠢ | ᠰᠢᠭᠤᠢ ᠶᠢᠨ ᠴᠡᠴᠡᠷᠯᠢᠭ᠂ ᠰᠡᠩᠭᠡᠷᠢᠨᠴᠢᠨ ᠸᠠᠩ ᠤᠨ ᠣᠷᠳᠣᠨ᠂ ᠰᠤᠭᠤ ᠶᠢᠨ ᠪᠤᠯᠠᠭ ᠤᠨ ᠡᠯᠡᠰᠦᠨ ᠴᠦᠯ ᠤᠨ | AAA ᠳᠡᠰ ᠤᠨ ᠦᠵᠡᠮᠵᠢ ᠶᠢᠨ ᠵᠤᠭᠠᠴᠠᠯ ᠤᠨ ᠣᠷᠣᠨ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠪᠣᠯᠤᠨ | ︽ᠱᠤᠩᠬᠤᠷ ᠤᠨ ᠴᠤᠭᠯᠠᠭᠠᠨ︾ ︽ᠤᠪᠤᠭᠠᠨ ᠲᠡᠷᠭᠡᠳᠡᠬᠢ ᠠᠭᠤᠯᠵᠠᠯᠲᠠ︾ ᠭᠡᠬᠦ ᠭᠤᠣᠯ ᠰᠡᠳᠦᠪᠲᠦ ᠠᠵᠢᠯᠯᠠᠭ᠎ᠠ᠂ | ︽ᠤᠳᠠᠨᠳᠠᠯ᠎ᠠ ᠶᠢᠨ ᠪᠠᠲᠤᠴᠠᠭᠠᠨ ᠤ ᠨᠠᠶᠢᠷ︾ ᠵᠡᠷᠭᠡ ᠬᠤᠷᠴᠢᠨ ᠮᠣᠩᠭᠤᠯ ᠦᠨᠳᠦᠰᠦᠲᠡᠨ ᠤ ᠰᠣᠶᠣᠯ ᠤᠨ | ᠣᠨᠴᠠᠯᠢᠭ ᠲᠠᠢ ᠪᠠᠶᠠᠷ ᠳᠤᠷᠠᠰᠬᠠᠯ ᠤᠨ ᠠᠵᠢᠯᠯᠠᠭ᠎ᠠ ᠲᠠᠢ᠃ | ﹇ᠬᠥᠲᠥᠯᠥᠭᠴᠢ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ | ᠵᠠᠮ ᠬᠠᠷᠢᠯᠴᠠᠭᠠᠨ ᠤ ᠳᠠᠪᠠᠭᠤᠯᠢᠭ ᠨᠢ ᠶᠠᠮᠠᠷ ᠶᠠᠮᠠᠷ ᠪᠠᠶᠢᠳᠠᠭ ᠪᠤᠢ︖ | ﹇ᠪᠦᠦ ᠸᠧᠨ ᠰᠢᠤᠸᠠᠢ﹈ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠭᠦᠨ ᠬᠤᠶᠢᠲᠤ ᠬᠡᠰᠡᠭ ᠨᠢ | ᠬᠤᠷᠴᠢᠨ ᠲᠣᠭᠤᠷᠢᠭ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠺᠠᠶᠢᠯᠦ ᠰᠢᠶᠠᠨ᠂ ᠨᠠᠢᠮᠠᠨ ᠬᠤᠰᠢᠭᠤ᠂ | ᠬᠦᠷᠢᠶ᠎ᠡ ᠬᠤᠰᠢᠭᠤ ᠲᠠᠢ ᠵᠠᠬ᠎ᠠ ᠨᠡᠶᠢᠯᠡᠵᠦ᠂ ᠵᠡᠭᠦᠨ ᠡᠮᠦᠨ᠎ᠡ ᠬᠡᠰᠡᠭ ᠨᠢ ᠯᠢᠶᠣᠤᠨᠢᠩ ᠮᠤᠵᠢ ᠶᠢᠨ ᠵᠠᠩ ᠡᠦ ᠰᠢᠶᠠᠨ᠂ | ᠺᠠᠩ ᠫᠢᠩ ᠰᠢᠶᠠᠨ᠂ ᠴᠠᠩᠲᠤ ᠰᠢᠶᠠᠨ᠂ ᠭᠢᠷᠢᠨ ᠮᠤᠵᠢ ᠶᠢᠨ ᠱᠤᠸᠠᠩ ᠯᠢᠶᠣᠤ ᠬᠤᠲᠠ ᠬᠤᠶᠠᠷ ᠮᠤᠵᠢ ᠶᠢᠨ | ᠳᠥᠷᠪᠡᠨ ᠰᠢᠶᠠᠨ ︵ᠬᠤᠲᠠ︶ ᠲᠠᠢ ᠬᠥᠷᠰᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ | ᠭᠠᠨᠵᠤᠭ᠎ᠠ ᠪᠠᠯᠭᠠᠰᠤ ᠱᠧᠨᠶᠠᠩ ᠬᠤᠲᠠ ᠠᠴᠠ 190 ᠺᠢᠯᠣᠮᠧᠲᠷ ᠵᠠᠶᠢᠲᠠᠶ᠂ ᠴᠠᠩᠴᠦ᠋ᠨ ᠬᠤᠲᠠ ᠠᠴᠠ 280 | ᠺᠢᠯᠣᠮᠧᠲᠷ ᠵᠠᠶᠢᠲᠠᠶ᠂ ᠲᠦᠩᠯᠢᠶᠣᠤ ᠬᠤᠲᠠ ᠠᠴᠠ 75 ᠺᠢᠯᠣᠮᠧᠲᠷ ᠵᠠᠶᠢᠲᠠᠶ ᠪᠠᠶᠢᠳᠠᠭ᠃ ᠬᠤᠷᠴᠢᠨ ᠵᠡᠭᠦᠨ ᠭᠠᠷᠤᠨ | ᠬᠤᠶᠢᠲᠤ ᠬᠤᠰᠢᠭᠤ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠵᠡᠭᠦᠨ ᠬᠤᠶᠢᠲᠤ ᠶᠢᠨ ᠭᠤᠷᠪᠠᠨ ᠮᠤᠵᠢ ᠶᠢ | ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠤᠨ᠎ᠠ᠃ ᠳ᠋ᠠ ᠵᠧᠩ᠂ ᠫᠢᠩ ᠴᠢ᠂ ᠭᠠᠨ ᠺᠦ᠋ ᠭᠤᠷᠪᠠᠨ | ᠲᠡᠮᠦᠷ ᠵᠠᠮ᠂ ᠳ᠋ᠠ ᠭᠤᠸᠠᠩ᠂ ᠴᠠᠩ ᠱᠦᠨ᠂ ᠰᠢᠨ ᠯᠦ ᠭᠤᠷᠪᠠᠨ ᠵᠤᠷᠪᠤᠰ ᠲᠦᠷᠭᠡᠨ ᠵᠠᠰᠠᠮᠠᠯ ᠵᠠᠮ᠂ ᠤᠯᠤᠰ ᠤᠨ | ᠵᠠᠰᠠᠮᠠᠯ ᠵᠠᠮ ᠤᠨ 304 ᠱᠤᠭᠤᠮ᠂ 203 ᠱᠤᠭᠤᠮ ᠪᠠ ᠮᠤᠵᠢ ᠶᠢᠨ ᠵᠠᠰᠠᠮᠠᠯ ᠵᠠᠮ ᠤᠨ 305 ᠱᠤᠭᠤᠮ ᠬᠢᠯᠢ | ᠳᠣᠲᠣᠷ᠎ᠠ ᠨᠡᠪᠲᠡᠷᠡᠵᠦ᠂ ᠢᠯᠠᠩᠭᠤᠶ᠎ᠠ ᠪᠡᠭᠡᠵᠢᠩ ᠱᠧᠨ᠋ᠶᠠᠩ ᠤᠨ ᠠᠶᠠᠨᠴᠢᠳ ᠤᠨ ᠲᠤᠰᠬᠠᠶ ᠬᠤᠯᠪᠣᠬᠤ ᠱᠤᠭᠤᠮ | ᠲᠡᠷᠭᠡ ᠨᠡᠪᠲᠡᠷᠡᠭᠰᠡᠨ ᠤ ᠳᠠᠷᠠᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠱᠧᠨ᠋ᠶᠠᠩ ᠬᠤᠲᠠ ᠳᠤ | ᠬᠦᠷᠬᠦ ᠳᠤ ᠵᠥᠪᠬᠡᠨ 1 ᠴᠠᠭ ᠬᠡᠷᠡᠭᠰᠡᠨ᠎ᠡ᠂ ᠪᠡᠭᠡᠵᠢᠩ ᠳᠤ ᠬᠦᠷᠬᠦ ᠳᠤ 3 ᠴᠠᠭ ᠭᠠᠷᠦ᠋ᠢᠬᠠᠨ ᠴᠠᠭ ᠬᠡᠷᠡᠭᠰᠡᠨ᠎ᠡ᠂ | ᠡᠨᠡ ᠨᠢ ᠥᠷᠭᠡᠨ ᠣᠯᠠᠨ ᠵᠤᠭᠠᠴᠠᠭᠰᠠᠳ ᠤᠨ ᠵᠢᠩᠬᠢᠨᠢ ᠣᠷᠣᠵᠤ ᠢᠷᠡᠬᠦ᠂ ᠭᠠᠷᠴᠤ ᠶᠠᠪᠤᠬᠤ᠂ ᠵᠤᠭᠠᠴᠠᠬᠤ ᠶᠢ | ᠵᠢᠯᠣᠭᠤᠳᠬᠤ ᠪᠣᠯᠤᠨ᠎ᠠ᠃ | ﹇ᠬᠥᠲᠥᠯᠥᠭᠴᠢ﹈ ᠵᠠ᠂ ᠪᠦᠦ ᠲᠣᠪᠴᠢᠶᠠᠨ ᠳᠠᠷᠤᠭ᠎ᠠ ᠶᠢᠨ ᠶᠠᠭᠠᠷᠠᠤ ᠴᠠᠭ ᠲᠤ ᠮᠠᠨ ᠤ ᠰᠦᠯᠵᠢᠶᠡᠨ ᠤ | ᠰᠤᠷᠪᠤᠯᠵᠢᠯᠠᠭ᠎ᠠ ᠳᠤ ᠢᠷᠡᠭᠰᠡᠨ ᠳᠤ ᠮᠠᠰᠢ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠤ ᠨᠠᠶᠢᠵᠠ ᠨᠠᠷ ᠤᠨ | ᠠᠩᠬᠠᠷᠤᠯ ᠳᠤ ᠴᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ | ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ |