| | ᠥᠷᠭᠡᠨ ᠤᠯᠠᠨ ᠰᠠᠭᠤᠭᠠᠯᠢ ᠠᠷᠠᠳ ᠲᠤ᠄ | ᠲᠣᠰ ᠡᠳᠦᠷ ᠠᠴᠠ ᠡᠬᠢᠯᠡᠨ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠤᠯᠤᠯᠭ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ | ᠪᠠᠩᠬᠢ᠂ ᠳᠠᠭᠠᠳᠬᠠᠯ ᠵᠡᠷᠭᠡ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠭᠡᠬᠦ ᠴᠣᠩᠬᠤᠪᠴᠢ ᠨᠢᠭᠡᠴᠡ︔ ᠡᠯ᠎ᠡ | ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠰᠤᠷᠭᠠᠭᠤᠯᠢ ︵ᠬᠡᠤᠬᠡᠳ ᠤᠨ | ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠭᠲᠠᠨ᠎ᠠ︶᠂ ᠨᠠᠰᠤᠲᠠᠨ ᠢ | ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠣᠷᠣᠰᠢᠭᠤᠯᠭ᠎ᠠ ᠶᠢᠨ ᠪᠠᠶᠢᠭᠤᠯᠤᠮᠵᠢ᠂ ᠬᠤᠷᠢᠭᠤᠯ ᠤᠨ | ᠭᠠᠵᠠᠷ︔ ᠭᠠᠯᠲᠤ ᠲᠡᠷᠭᠡ ᠪᠠ ᠮᠠᠰᠢᠨ ᠲᠡᠷᠭᠡᠨ ᠤ ᠥᠷᠲᠡᠭᠡ ᠶᠢᠨ ᠭᠠᠷᠬᠤ ᠡᠭᠦᠳᠡ᠂ ᠦᠵᠡᠮᠵᠢ ᠶᠢᠨ ᠭᠠᠵᠠᠷ | ᠦᠵᠡᠮᠵᠢ ᠶᠢᠨ ᠣᠷᠣᠨ᠂ ᠨᠣᠮ ᠤᠨ ᠰᠠᠩ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠨᠢᠭᠡᠴᠡ᠂ | ᠬᠤᠳᠠᠯᠳᠤᠭᠠᠨ ᠤ ᠳᠡᠯᠭᠡᠭᠦᠷ᠂ ᠬᠡᠲᠦ ᠳᠡᠯᠭᠡᠭᠦᠷ᠂ ᠱᠠᠩᠨᠠᠯᠲᠤ ᠰᠤᠭᠤᠯᠤᠭ᠎ᠠ ᠶᠢᠨ ᠥᠷᠲᠡᠭᠡ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠱᠠᠰᠢᠨ | ᠰᠤᠷᠲᠠᠬᠤᠨ ᠤ ᠲᠠᠯᠠᠪᠤᠷ ᠭᠠᠵᠠᠷ᠂ ᠰᠣᠶᠣᠯ ᠪᠡᠶ᠎ᠡ ᠲᠠᠮᠢᠷ ᠵᠢᠴᠢ ᠵᠤᠭ᠎ᠠ ᠴᠡᠩᠭᠡᠯ ᠰᠡᠯᠡᠭᠦᠴᠡᠯ ᠵᠡᠷᠭᠡ ᠬᠥᠮᠦᠰ ᠤᠯᠠᠨ | ᠴᠤᠭᠯᠠᠷᠠᠬᠤ ᠤᠷᠤᠨ ᠲᠠᠯᠠᠪᠤᠷ︔ ᠡᠯ᠎ᠡ ᠰᠠᠭᠤᠭᠠᠯᠢ ᠠᠷᠠᠳ ᠤᠨ ᠲᠣᠭᠤᠷᠢᠭ᠂ ᠭᠠᠴᠠᠭ᠎ᠠ ᠲᠣᠰᠬᠤᠨ ᠵᠡᠷᠭᠡ ᠳᠤ | ᠴᠥᠮ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠭᠡᠷᠡᠴᠢ ᠪᠠᠷᠢᠮᠲᠠ ᠶᠢ ᠪᠠᠶᠢᠴᠠᠭᠠᠨ ᠰᠢᠯᠭᠠᠬᠤ ᠶᠢ | ᠬᠡᠷᠡᠭᠵᠢᠭᠦᠯᠵᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ ᠲᠤ | ᠳᠡᠩᠰᠡᠯᠡᠯᠲᠡ ᠬᠢᠬᠦ ᠶᠢᠨ ᠬᠠᠮᠲᠤ ᠴᠠᠭ ᠲᠤᠬᠠᠶ ᠳᠤᠨᠢ ᠲᠠᠷᠢᠯᠭ᠎ᠠ ᠬᠢᠯᠭᠡᠬᠦ ᠪᠠᠷ ᠢᠳᠬᠠᠨ᠎ᠠ᠃ | 8 ᠰᠠᠷ᠎ᠠ ᠶᠢᠨ 24 ᠤ ᠡᠳᠦᠷ ᠠᠴᠠ ᠡᠬᠢᠯᠡᠨ᠂ ᠵᠠᠷᠴᠢᠮ ᠳᠡᠭᠡᠷ᠎ᠡ ᠪᠠᠨ ᠲᠠᠷᠢᠯᠭ᠎ᠠ ᠬᠢᠭᠰᠡᠨ ᠦᠭᠡᠶ ᠬᠥᠮᠦᠰ ︵ | ᠴᠡᠭᠡᠷᠯᠡᠬᠦ ᠡᠪᠡᠳᠴᠢᠨ ᠠᠴᠠ ᠪᠤᠰᠤᠳ︶ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠤᠯᠤᠯᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠡᠮᠴᠢᠯᠡᠭᠡᠨ ᠤ | ᠪᠠᠶᠢᠭᠤᠯᠤᠮᠵᠢ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠤ ᠭᠠᠵᠠᠷ᠂ | ᠰᠤᠷᠭᠠᠭᠤᠯᠢ ︵ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ︶᠂ | ᠪᠠᠩᠬᠢ ᠳᠠᠭᠠᠳᠬᠠᠯ ᠵᠡᠷᠭᠡ ᠴᠣᠩᠬᠤᠪᠴᠢ ᠨᠢᠭᠡᠴᠡ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠨᠣᠮ ᠤᠨ | ᠰᠠᠩ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠨᠢᠭᠡᠴᠡ᠂ ᠬᠤᠳᠠᠯᠳᠤᠭᠠᠨ ᠤ ᠳᠡᠯᠭᠡᠭᠦᠷ᠂ ᠬᠡᠲᠦ | ᠳᠡᠯᠭᠡᠭᠦᠷ᠂ ᠱᠠᠩᠨᠠᠯᠲᠤ ᠰᠤᠭᠤᠯᠤᠭ᠎ᠠ ᠶᠢᠨ ᠥᠷᠲᠡᠭᠡ᠂ ᠰᠣᠶᠣᠯ ᠪᠡᠶ᠎ᠡ ᠶᠢᠨ ᠲᠠᠮᠢᠷ ᠵᠢᠴᠢ ᠵᠤᠭ᠎ᠠ ᠴᠡᠩᠭᠡᠯ | ᠰᠡᠯᠡᠭᠦᠴᠡᠯ ᠤᠨ ᠲᠠᠯᠠᠪᠤᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠥᠷᠯᠥᠭᠡ ᠶᠢᠨ ᠵᠠᠬ᠎ᠠ ᠳᠡᠯᠭᠡᠭᠦᠷ᠂ | ᠰᠥᠨᠢ ᠶᠢᠨ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠣᠷᠣᠵᠤ ᠪᠣᠯᠬᠤ ᠦᠭᠡᠶ᠃ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠭᠤᠤᠯᠯᠠᠨ ᠡᠷᠭᠢᠯᠡᠬᠦ ᠲᠠᠯ᠎ᠠ ᠨᠢ ᠣᠷᠣᠯᠴᠠᠭᠰᠠᠳ ᠤᠨ ᠸᠠᠺᠼᠢᠨ ᠤ | ᠲᠠᠷᠢᠯᠭ᠎ᠠ ᠶᠢᠨ ᠲᠡᠮᠳᠡᠭᠯᠡᠯ ᠢ ᠪᠠᠶᠢᠴᠠᠭᠠᠨ ᠰᠢᠯᠭᠠᠵᠤ᠂ ᠸᠠᠺᠼᠢᠨ ᠤ ᠲᠠᠷᠢᠯᠭ᠎ᠠ ᠬᠢᠭᠰᠡᠨ ᠬᠦᠮᠦᠰ ᠢ ᠵᠥᠪᠰᠢᠶᠡᠷᠡᠨ | ᠣᠷᠣᠭᠤᠯᠬᠤ ᠵᠠᠷᠴᠢᠮ ᠢ ᠬᠡᠷᠡᠭᠵᠢᠬᠦᠯᠦᠨ᠎ᠡ᠂ ᠲᠠᠷᠢᠯᠭ᠎ᠠ ᠬᠢᠭᠰᠡᠨ ᠥᠬᠡᠶ ᠬᠥᠮᠦᠰ ᠠᠵᠢᠯᠯᠠᠭ᠎ᠠ ᠳᠤ ᠤᠷᠤᠯᠴᠠᠬᠤ ᠨᠢ | ᠵᠤᠬᠢᠰ ᠥᠬᠡᠶ ᠶᠤᠮ᠃ | ᠥᠷᠭᠡᠨ ᠤᠯᠠᠨ ᠰᠠᠭᠤᠭᠠᠯᠢ ᠠᠷᠠᠳ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠤ | ᠲᠠᠷᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠦᠷᠭᠦᠯᠵᠢᠯᠡᠨ ᠵᠢᠷᠤᠮᠯᠠᠵᠤ᠂ ︽ᠠᠮᠠᠪᠴᠢ | ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠳᠡᠷᠡᠬᠦᠯᠬᠦ᠂ ᠴᠥᠭᠡᠨ ᠴᠤᠭᠯᠠᠷᠠᠬᠤ︾ ᠲᠦᠷᠪᠡᠨ | ᠶᠡᠭᠡ ᠠᠷᠭ᠎ᠠ ᠬᠡᠮᠵᠢᠶ᠎ᠡ ᠶᠢ ᠪᠠᠲᠤ ᠴᠡᠭᠡᠵᠢᠯᠡᠵᠦ᠂ ᠤᠢᠢᠷ᠎ᠠ ᠶᠢᠨ ᠬᠤᠭᠤᠴᠠᠭᠠᠨ ᠳᠤ ᠴᠢᠬᠤᠯᠠ ᠪᠤᠰᠤ ᠭᠠᠳᠠᠭᠰᠢ | ᠭᠠᠷᠬᠤ ᠶᠢ ᠪᠠᠭᠠᠰᠬᠠᠵᠤ᠂ ᠥᠪᠡᠷ ᠤᠨ ᠪᠡᠶ᠎ᠡ ᠪᠣᠯᠤᠨ ᠭᠡᠷ ᠤᠨ ᠬᠥᠮᠦᠰ ᠤᠨ ᠢᠶᠠᠨ ᠡᠷᠡᠭᠦᠯ ᠮᠡᠨᠳᠤ ᠶᠢ ᠬᠠᠮᠠᠭᠠᠯᠠᠬᠤ | ᠬᠡᠷᠡᠭᠲᠡᠢ᠃ | | | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | | 2021 ᠣᠨ ᠤ 8 ᠰᠠᠷ᠎ᠠ ᠶᠢᠨ 24 ᠤ ᠡᠳᠦᠷ | | |