ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/8/6
 ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ       ︽ᠭᠠᠳᠠᠨ᠎ᠠ ᠠᠴᠠ ᠤᠷᠤᠵᠥ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠤᠷᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ . ᠵᠦᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ 7  ᠳ᠋ᠤᠭᠠᠡᠷ ᠰᠠᠷ᠎ᠠ ᠶᠢᠨ 22 ᠤ ᠡᠳᠦᠷ ᠠᠴᠠ ᠨᠠᠰᠢ᠂ ᠬᠠᠶᠢᠯᠠᠷ ᠲᠣᠭᠤᠷᠢᠭ ᠲᠤ ᠵᠤᠭᠠᠴᠠᠨ ᠰᠠᠭᠤᠭᠰᠠᠨ ᠲᠡᠤᠬᠡ ᠲᠠᠢ ᠪᠤᠶᠤ ᠲᠣᠰ ᠬᠥᠮᠦᠨ ᠨᠢ ᠬᠡᠳᠦ᠋ᠢᠪᠡᠷ ᠣᠴᠢᠵᠤ ᠥᠩᠭᠡᠷᠡᠭᠰᠡᠨ ᠥᠬᠡᠶ ᠪᠣᠯᠪᠠᠴᠤ ᠬᠠᠶᠢᠯᠠᠷ ᠲᠣᠭᠤᠷᠢᠭ ᠤᠨ ᠬᠥᠮᠦᠰ ᠲᠠᠢ ᠣᠶᠢᠷᠠᠲᠤᠭᠰᠠᠨ ᠲᠡᠤᠬᠡ ᠲᠠᠢ ᠬᠥᠮᠦᠰ ᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠪᠣᠯᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠪᠠᠶᠢᠴᠠᠭᠠᠨ ᠲᠡᠮᠳᠡᠭᠯᠡᠬᠦ ᠂ ᠥᠯᠢᠭᠡᠷ ᠡᠳ᠋ ᠴᠤᠭᠯᠠᠭᠤᠯᠬᠤ᠂ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠬᠡᠷ ᠤᠨ ᠡᠷᠡᠭᠦᠯ ᠮᠡᠨᠳᠦ ᠶᠢᠨ ᠠᠵᠢᠭᠯᠠᠯᠲᠠ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠠᠢ ᠬᠠᠮᠵᠢᠯᠴᠠᠬᠤ ᠬᠡᠷᠡᠭᠲᠡᠶ᠃    ᠬᠤᠶᠠᠷ᠂ ᠡᠯ᠎ᠡ ᠭᠠᠵᠠᠷ ᠤᠨ ᠬᠢᠨ᠂ ᠲᠦᠭᠰᠢᠭᠦᠷᠢ ᠲᠠᠢ ᠬᠥᠮᠦᠰ ᠢ ᠮᠠᠭᠠᠳᠯᠠᠨ ᠲᠣᠭᠲᠠᠭᠠᠬᠤ ᠶᠢᠨ ᠬᠠᠮᠲᠤ᠂ ᠵᠢᠭᠰᠠᠭᠠᠨ ᠪᠠᠶᠢᠴᠠᠭᠠᠬᠤ ᠡᠭᠦᠷᠭᠡ  ᠶᠢ ᠰᠠᠭᠤᠵᠥ ᠪᠠᠶᠢᠭ᠎ᠠ ᠭᠠᠵᠠᠷ ᠲᠤᠨᠢ ᠪᠠᠭᠤᠯᠭᠠᠵᠤ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠤᠨ ᠺᠠᠳ᠋ᠷ᠂ ᠠᠷᠠᠳ ᠤᠨ ᠴᠠᠭᠳᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠦᠯᠵᠢᠶᠡᠨ ᠤ ᠠᠵᠢᠯᠲᠠᠨ ︽ᠳᠥᠷᠪᠡ  ᠨᠢᠭᠡ ᠶᠢ  ᠳᠠᠭᠠᠭᠠᠴᠢᠯᠠᠬᠤ︾ ᠲᠣᠭᠲᠠᠴᠠ ᠶᠢ ᠵᠣᠬᠢᠶᠠᠨ ᠪᠠᠶᠢᠭᠤᠯᠵᠤ᠂  ᠲᠤᠬᠠᠢ ᠶᠢᠨ ᠭᠠᠵᠠᠷ ᠲᠤᠨᠢ ᠪᠠᠶᠢᠴᠭᠠᠯᠳᠠ ᠬᠢᠬᠦ ᠬᠡᠷᠡᠭᠲᠡᠶ᠃     ᠭᠤᠷᠪᠠ᠂  ᠦᠨᠦᠳᠦᠷ ᠠᠴᠠ ᠡᠬᠢᠯᠡᠨ᠂ ᠮᠠᠨ ᠤ ᠬᠤᠰᠢᠭᠤᠨ ᠤ A ᠲᠠᠰ ᠤᠨ ᠦᠵᠡᠮᠵᠢ ᠶᠢᠨ ᠣᠷᠣᠨ ᠂ 14 ᠡᠳᠦᠷ ᠵᠤᠭᠠᠴᠠᠭᠰᠠᠳ ᠢ ᠭᠥᠯᠢᠶᠡᠨ ᠠᠪᠬᠤ ᠪᠠᠨ ᠲᠦᠷ ᠵᠣᠭᠰᠣᠵᠤ᠂ A ᠲᠠᠰ ᠤᠨ ᠪᠤᠰᠤ ᠦᠵᠡᠮᠵᠢ ᠶᠢᠨ ᠣᠷᠣᠨ ᠢ ᠬᠠᠷᠢᠶᠠᠲᠤ ᠣᠷᠣᠨ ᠤ ᠬᠢᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠᠷ ᠢᠶᠠᠨ ᠴᠢᠩᠭ᠎ᠠ  ᠡᠵᠡᠮᠳᠡᠬᠦ ᠭᠡᠷᠡᠭᠳᠡᠢ  ᠃      ᠳᠥᠷᠪᠡ᠂  ᠦᠨᠦᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠠᠬᠢ KTV᠂ ᠲᠣᠭᠯᠠᠭᠠᠮ ᠤᠨ ᠲᠢᠩᠬᠢᠮ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ ᠵᠡᠷᠭᠡ ᠵᠤᠭ᠎ᠠ ᠴᠡᠩᠭᠡᠯ ᠤᠨ ᠲᠠᠯᠠᠪᠤᠷ ᠲᠤ ᠣᠷᠣᠬᠤ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ ᠪᠠᠭᠲᠠᠭᠠᠬᠤ ᠬᠥᠮᠦᠨ ᠤ ᠲᠤᠭ᠎ᠠ ᠶᠢᠨ 50% ᠠᠴᠠ ᠬᠡᠲᠦᠷᠡᠭᠦᠯᠵᠦ ᠪᠣᠯᠬᠤ ᠥᠬᠡᠶ ᠪᠥᠭᠡᠳ ᠪᠡᠶ᠎ᠡ ᠶᠢᠨ ᠳᠤᠯᠠᠭᠠᠨ  ᠢ  ᠬᠡᠮᠵᠢᠬᠦ᠂ ᠺᠣᠳ᠋  ᠰᠢᠷᠪᠢᠬᠦ  ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ  ᠬᠢᠬᠦ ᠭᠡᠷᠡᠭᠳᠡᠢ᠃     ᠲᠠᠪᠤ᠂ ᠰᠢᠨ᠎ᠡ ᠣᠷᠣᠨ ᠰᠠᠭᠤᠴᠠ ᠶᠢᠨ ᠪᠠᠷᠢᠯᠭ᠎ᠠ ᠳᠠᠭᠤᠰᠴᠤ ᠨᠡᠭᠦᠬᠦ ᠳᠠᠶᠢᠯᠠᠯᠭ᠎ᠠ᠂ ᠰᠤᠷᠭᠠᠭᠤᠯᠢ ᠳᠡᠪᠰᠢᠬᠦ ᠳᠠᠶᠢᠯᠠᠯᠭ᠎ᠠ᠂  ᠰᠠᠷ᠎ᠠ ᠲᠦᠭᠦᠷᠬᠦ᠂ ᠪᠦᠬᠦᠯᠢ ᠨᠠᠰᠤᠨ ᠤ ᠳᠠᠶᠢᠯᠠᠯᠭ᠎ᠠ ᠵᠡᠷᠭᠡ ᠶᠢ ᠥᠷᠨᠢᠭᠦᠯᠬᠦ ᠶᠢ ᠴᠢᠩᠭ᠎ᠠ ᠴᠠᠭᠠᠵᠠᠯᠠᠵᠤ ᠂ ︽ ᠬᠤᠷᠢᠮ ᠨᠠᠶᠢᠷ ᠢ ᠬᠤᠶᠢᠰᠢᠯᠠᠭᠤᠯᠬᠤ︾ ︽ᠪᠤᠶᠠᠨ ᠤ ᠶᠠᠪᠤᠳᠠᠯ ᠢ ᠳᠥᠭᠦᠮᠴᠢᠯᠡᠨ ᠬᠦᠢᠴᠡᠳᠭᠡᠬᠦ  ︾ ᠶᠢ ᠰᠠᠨᠠᠭᠠᠴᠢᠯᠠᠵᠤ᠂ ᠲᠣᠮᠣ ᠬᠡᠪᠴᠢᠶᠡᠨ ᠤ ᠬᠤᠷᠠᠯ᠂ ᠬᠠᠮᠲᠤ ᠶᠢᠨ ᠳᠠᠶᠢᠯᠠᠯᠭ᠎ᠠ ᠶᠢᠨ ᠠᠵᠢᠯᠯᠠᠭ᠎ᠠ ᠳᠤ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠠᠶ᠋ᠢ ᠥᠷᠨᠢᠭᠦᠯᠵᠦ᠂ ᠬᠢᠯᠢ ᠶᠢᠨ ᠭᠠᠳᠠᠨ᠎ᠠ ᠠᠴᠠ ᠢᠷᠡᠭᠰᠡᠨ ᠪᠠ ᠳᠤᠮᠳᠠ᠂ ᠦᠨᠳᠦᠷ  ᠲᠦᠭᠰᠢᠬᠦᠷᠢᠳᠡᠢ  ᠭᠠᠵᠠᠷ ᠣᠷᠣᠨ ᠤ ᠬᠥᠮᠦᠰ ᠵᠢᠴᠢ ᠬᠡᠷ  ᠲᠡᠭᠡᠨ ᠲᠤᠰᠠᠭᠠᠷᠯᠠᠵᠥ ᠪᠠᠶᠢᠭ᠎ᠠ ᠬᠥᠮᠦᠰ ᠤᠨ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃     ᠵᠢᠷᠭᠤᠭ᠎ᠠ᠂ ᠥᠷᠭᠡᠨ ᠤᠯᠠᠨ ᠰᠠᠭᠤᠭᠠᠯᠢ ᠠᠷᠠᠳ ᠴᠢᠬᠤᠯᠠ ᠦᠬᠡᠢ ᠪᠣᠯ ᠤᠢᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠪᠤᠶᠤ ᠬᠢᠵᠢᠭ ᠳᠡᠯᠭᠡᠷᠡᠭᠰᠡᠨ ᠭᠠᠵᠠᠷ ᠣᠷᠣᠨ ᠳᠤ ᠤᠴᠢᠬᠤ ᠦᠬᠡᠢ᠃ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ᠳᠣᠯᠤᠭ᠎ᠠ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠲᠦᠭᠰᠢᠬᠦᠷᠢᠳᠡᠢ ᠭᠠᠵᠠᠷ ᠣᠷᠣᠨ ᠤ ᠬᠥᠮᠦᠰ ᠤᠨ ᠮᠠᠨ ᠤ ᠬᠤᠰᠢᠭᠤᠨ ᠳᠤ ᠢᠷᠡᠬᠦ ᠶᠢ ᠲᠦᠷ ᠬᠤᠶᠢᠰᠢᠯᠠᠭᠤᠯᠬᠤ ᠶᠢ ᠰᠠᠨᠠᠭᠤᠯᠵᠤ᠂ ᠬᠡᠷᠪᠡ ᠵᠠᠪᠠᠯ ᠮᠠᠨ ᠤ ᠬᠤᠰᠢᠭᠤᠨ ᠳᠤ ᠢᠷᠡᠬᠦ ᠴᠢᠬᠤᠯᠠᠳᠠᠢ ᠪᠣᠯ᠂ 72 ᠴᠠᠭ ᠤᠨ ᠳᠣᠲᠣᠷᠠᠬᠢ ᠬᠦᠴᠦᠨ ᠪᠥᠬᠦᠶ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ᠵᠠᠮ ᠵᠠᠭᠤᠷ᠎ᠠ ᠪᠠᠨ ᠬᠤᠪᠢ ᠬᠥᠮᠦᠨ ᠤ ᠬᠠᠮᠠᠭᠠᠯᠠᠯᠲᠠ ᠶᠢ ᠦᠨᠡᠨᠬᠦ ᠰᠠᠶᠢᠲᠤᠷ ᠬᠢᠵᠦ᠂ ᠮᠠᠨ ᠤ ᠬᠤᠰᠢᠭᠤᠨ ᠳᠤ ᠢᠷᠡᠬᠦ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ ᠮᠡᠳᠡᠭᠦᠯᠬᠦ ᠶᠢᠨ ᠬᠠᠮᠲᠤ᠂ ᠥᠪᠡᠷ ᠤᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠪᠤᠶᠤ ᠰᠠᠭᠤᠭ᠎ᠠ ᠵᠣᠴᠢᠳ ᠤᠨ ᠪᠠᠭᠤᠳᠠᠯ ᠳᠤ ᠥᠪᠡᠷ ᠤᠨ ᠡᠷᠡᠭᠦᠯ ᠮᠡᠨᠳᠦ ᠶᠢᠨ ᠪᠠᠶᠢᠳᠠᠯ᠂ ᠵᠢᠭᠤᠯᠴᠢᠯᠠᠵᠤ ᠰᠠᠭᠤᠭᠰᠠᠨ ᠲᠡᠤᠬᠡ ᠪᠠᠨ ᠴᠠᠭ ᠲᠤᠬᠠᠶ ᠳᠤᠨᠢ ᠮᠡᠳᠡᠭᠦᠯᠦᠨ ᠲᠡᠮᠳᠡᠭᠯᠡᠵᠦ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠵᠦ ᠪᠣᠯᠬᠤ ᠥᠬᠡᠶ᠃ ᠮᠠᠨ ᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠪᠣᠯᠤᠨ ᠨᠡᠶᠢᠭᠡᠮ ᠲᠣᠭᠤᠷᠢᠭ ᠤᠨ ᠪᠠᠶᠢᠴᠠᠭᠠᠨ ᠳᠠᠩᠰᠠᠯᠠᠬᠤ᠂ ᠥᠯᠢᠭᠡᠷ ᠡᠳ᠋ ᠴᠤᠭᠯᠠᠭᠤᠯᠬᠤ᠂ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠬᠡᠷ ᠲᠡᠭᠡᠨ ᠰᠠᠭᠤᠵᠤ ᠪᠠᠶᠢᠭ᠎ᠠ ᠡᠷᠡᠭᠦᠯ ᠮᠡᠨᠳᠦ ᠶᠢᠨ ᠠᠵᠢᠭᠯᠠᠯᠲᠠ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃     ᠨᠠᠢᠮᠠ᠂ ᠡᠮᠴᠢᠯᠡᠭᠡᠨ ᠤ ᠪᠠᠶᠢᠭᠤᠯᠤᠮᠵᠢ᠂ ᠨᠠᠰᠤᠲᠠᠨ ᠢ ᠠᠰᠠᠷᠠᠬᠤ ᠬᠦᠷᠢᠶᠡᠯᠡᠩ᠂ ᠲᠡᠷᠭᠡᠨ ᠥᠷᠲᠡᠭᠡ᠂ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠺᠢᠨᠣ᠋ ᠶᠢᠨ ᠬᠦᠷᠢᠶᠡᠯᠡᠩ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠳᠠᠭᠠᠨ ᠪᠡᠶ᠎ᠡ ᠶᠢᠨ ᠳᠤᠯᠠᠭᠠᠨ ᠤ ᠬᠡᠮᠵᠢᠯᠲᠡ᠂ ᠡᠷᠡᠭᠦᠯ ᠮᠡᠨᠳᠦ ᠶᠢᠨ ᠺᠣᠳ᠋ ᠪᠠ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠪᠠᠶᠢᠴᠠᠭᠠᠨ ᠰᠢᠯᠭᠠᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠡᠯ᠎ᠡ ᠡᠵᠡᠩᠨᠡᠯᠲᠡ ᠶᠢᠨ ᠲᠠᠯᠠᠪᠤᠷ ᠨᠢ ᠸᠠᠺᠼᠢᠨ ᠤ ᠲᠠᠷᠢᠯᠭ᠎ᠠ ᠬᠢᠭᠰᠡᠨ ᠥᠬᠡᠶ ᠬᠡᠷᠡᠭᠯᠡᠭᠴᠢᠳ ᠤᠨ ᠪᠠᠶᠢᠳᠠᠯ ᠢ ᠳᠠᠩᠰᠠᠯᠠᠬᠤ ᠶᠢ ᠬᠠᠷᠢᠭᠤᠴᠠᠬᠤ ᠶᠢᠨ ᠬᠠᠮᠲᠤ ᠡᠳᠦᠷ ᠪᠦᠷᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠤᠷᠢᠶᠠᠩᠭᠤᠶᠢᠯᠠᠨ ᠨᠤᠲᠠᠯᠠᠭᠤᠯᠤᠭᠰᠠᠨ ᠤ ᠳᠠᠷᠠᠭ᠎ᠠ ᠨᠢᠭᠡᠳᠦᠯᠲᠡᠶ ᠪᠠᠷ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢ ᠲᠣᠰ ᠬᠥᠮᠦᠨ ᠤ ᠪᠠᠶᠢᠭ᠎ᠠ ᠰᠤᠮᠤ ᠪᠠᠯᠭᠠᠰᠤ ᠲᠠᠯᠠᠪᠠᠶ᠂ ᠨᠡᠶᠢᠭᠡᠮ ᠲᠣᠭᠤᠷᠢᠭ ᠲᠤ ᠬᠠᠷᠢᠭᠤ ᠲᠤᠰᠬᠠᠵᠤ ᠸᠠᠺᠼᠢᠨ ᠤ ᠲᠠᠷᠢᠯᠭ᠎ᠠ  ᠬᠢᠯᠬᠡᠬᠦ ᠭᠡᠷᠡᠭᠳᠡᠢ᠃     ᠶᠢᠰᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠪᠠᠰᠠ ᠴᠤ ᠠᠷᠠᠳ ᠢᠷᠭᠡᠳ ᠨᠢᠭᠡᠪᠦᠷᠢ ᠶᠢᠨ ᠡᠳ᠋ᠯᠡᠬᠦ ᠡᠷᠬᠡ ᠪᠠ ᠬᠦᠢᠴᠡᠳᠭᠡᠪᠡᠰᠦ ᠵᠣᠬᠢᠬᠤ ᠡᠭᠦᠷᠭᠡ ᠮᠥᠨ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠵᠤ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠵᠤ᠂ ᠰᠢᠨ᠎ᠡ  ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃    ᠠᠷᠪᠠ᠂ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂  ᠴᠤᠬᠯᠠᠬᠤ ᠦᠭᠡᠢ ᠪᠠᠶᠢᠵᠤ᠂ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠶ ᠶᠢ ᠪᠠᠲᠤᠯᠠᠵᠤ᠂ ᠬᠠᠨᠢᠶᠠᠬᠤ᠂ ᠨᠠᠶᠢᠲᠠᠭᠠᠬᠤ ᠳᠠᠭᠠᠨ ᠬᠠᠮᠠᠷ ᠠᠮᠠ ᠪᠠᠨ ᠬᠠᠯᠬᠠᠯᠠᠵᠥ᠂ ᠨᠡᠶᠢᠲᠡ ᠶᠢᠨ ᠰᠠᠪᠬ᠎ᠠ ᠬᠠᠯᠪᠠᠭ᠎ᠠ ᠶᠢ ᠬᠡᠷᠡᠭᠯᠡᠵᠦ᠂ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠢ ᠪᠤᠢ ᠪᠣᠯᠭᠠᠵᠤ᠂ ᠬᠤᠪᠢ ᠬᠥᠮᠦᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃                   ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                           2021 ᠣᠨ ᠤ 8 ᠰᠠᠷ᠎ᠠ ᠶᠢᠨ 6  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号