| ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠣᠶᠢᠯᠠᠭᠠᠭᠳᠠᠬᠤᠨ ᠢ ᠪᠤᠶ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠪᠦᠬᠦ ᠬᠤᠰᠢᠭᠤᠨ ᠤ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠵᠤ᠂ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠶ ᠲᠠᠢ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠤᠭ ᠴᠢᠩᠭ᠎ᠠ ᠲᠥᠷᠥ ᠶᠢᠨ ᠪᠣᠳᠣᠯᠭ᠎ᠠ ᠶᠢ | ᠬᠡᠷᠡᠭᠵᠢᠬᠦᠯᠬᠦ ᠪᠠᠷ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠣᠷᠢᠯᠭ᠎ᠠ | ᠠᠮᠢ ᠠᠬᠤᠶ ᠶᠢᠨ ᠪᠣᠯᠪᠠᠰᠤᠨ ᠤ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠮᠢ ᠠᠬᠤᠶ ᠶᠢᠨ ᠡᠬᠢ | ᠪᠠᠶᠠᠯᠢᠭ ᠢ ᠦᠨᠡᠨᠬᠦ ᠬᠠᠮᠠᠭᠠᠯᠠᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ | ᠰᠠᠶᠢᠵᠢᠷᠠᠭᠤᠯᠵᠤ᠂ ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠥᠬᠦ | ᠲᠠᠯ᠎ᠠ ᠪᠠᠷ ᠪᠣᠶ ᠪᠣᠯᠭᠠᠵᠤ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠵᠦ | ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠪᠥᠬᠦ ᠬᠤᠰᠢᠭᠤᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠪᠠ ᠡᠬᠢ ᠪᠠᠶᠠᠯᠢᠭ ᠣᠷᠴᠢᠨ ᠠᠬᠤᠶ ᠶᠢᠨ ᠵᠣᠬᠢᠴᠠᠩᠭᠤᠶ ᠦᠷᠬᠦᠯᠵᠢᠯᠡᠯ ᠬᠥᠭᠵᠢᠯᠲᠡ ᠶᠢ | ᠪᠡᠶᠡᠯᠡᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠶᠢ ᠪᠡᠶᠡᠯᠡᠭᠦᠯᠦᠨ᠎ᠡ᠃ | | ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠦᠷᠢᠶ᠎ᠡ ᠬᠡᠪᠴᠢᠶ᠎ᠡ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠷᠢᠶ᠎ᠠ ᠣᠷᠣᠨ ᠤ ᠬᠡᠪᠴᠢᠶ᠎ᠡ ︵11570 ᠲᠡᠭᠰᠢ | ᠳᠥᠷᠪᠡᠯᠵᠢᠨ ᠺᠢᠯᠣᠮᠧᠲᠷ ᠭᠠᠵᠠᠷ ᠰᠢᠷᠦᠢ︶ ᠲᠤᠳᠤᠷ᠎ᠠ᠃ | ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭ ᠬᠤᠭᠤᠴᠠᠭ᠎ᠠ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠪᠥᠬᠦ ᠵᠢᠯ ᠪᠥᠬᠦ ᠣᠷᠣᠨ ᠪᠦᠰᠡ ᠪᠥᠬᠦ ᠴᠠᠭ ᠲᠤ | ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠲᠦᠷᠪᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠮᠠᠯ ᠤᠨ ᠲᠦᠷᠦᠯ | ᠮᠣᠷᠢ᠂ ᠡᠯᠵᠢᠭᠡ᠂ ᠯᠠᠭᠤᠰᠠ᠂ ᠲᠡᠮᠡᠭᠡ᠂ ᠦᠬᠡᠷ᠂ ᠢᠮᠠᠭ᠎ᠠ᠂ ᠬᠤᠨᠢ᠃ | ᠲᠠᠪᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ | ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢ ᠴᠢᠩᠭᠠᠳᠬᠠᠬᠤ ᠬᠡᠷᠡᠭᠳᠡᠢ᠃ ᠡᠯ᠎ᠡ ᠰᠤᠮᠤ | ᠪᠠᠯᠭᠠᠰᠤ ᠲᠠᠯᠠᠪᠠᠶ ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ | ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠶ᠎ᠠ ᠣᠷᠣᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ | ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃ ᠪᠥᠬᠦ ᠵᠢᠯ ᠪᠥᠬᠦ ᠣᠷᠣᠨ ᠪᠦᠰᠡ | ᠪᠥᠬᠦ ᠴᠠᠭ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ | ᠤᠬᠠᠭᠤᠯᠭ᠎ᠠ ᠶᠢ ᠦᠨᠡᠨᠬᠦ ᠴᠢᠩᠭᠠᠳᠬᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠬᠠᠮᠲᠤ ᠶᠢᠨ ᠲᠠᠨᠢᠯᠲᠠ ᠲᠠᠢ | ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠷᠤᠭᠰᠢᠲᠠᠶ ᠶᠠᠪᠤᠭᠳᠠᠭᠤᠯᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠤᠯᠭᠠᠬᠤ ᠬᠡᠷᠡᠭᠳᠡᠢ᠃ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠶᠢ ᠴᠢᠩᠭᠠᠷᠠᠭᠤᠯᠵᠤ᠂ | ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠴᠠᠭ᠎ᠠ | ᠲᠣᠰᠬᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠮᠡᠳᠡᠭᠡ ᠵᠠᠩᠭᠢᠴᠢᠳ ᠤᠨ | ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ | ᠪᠣᠳᠣᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠪᠠ ᠬᠤᠷᠢᠭᠯᠠᠬᠤ ᠬᠡᠷᠡᠭᠲᠡᠶ᠃ | | ︵ᠬᠤᠶᠠᠷ︶ ᠬᠠᠤᠯᠢ ᠶᠣᠰᠣᠭᠠᠷ ᠴᠢᠩᠭ᠎ᠠ ᠰᠢᠳᠭᠡᠬᠦ ᠬᠡᠷᠡᠭᠳᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ | ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠪᠣᠳᠠᠲᠠᠶ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠮᠠᠯᠵᠢᠬᠤ᠂ ᠬᠤᠯᠠᠭᠠᠶᠢᠯᠠᠨ ᠮᠠᠯᠵᠢᠬᠤ ᠵᠡᠷᠭᠡ | ᠦᠢᠯᠡ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠤᠯᠢ | ᠶᠣᠰᠣᠭᠠᠷ ᠰᠢᠳᠬᠡᠨ ᠲᠣᠷᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠢ ᠪᠣᠳᠠᠲᠠᠶ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠲᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠥᠷᠭᠡᠨ ᠣᠯᠠᠨ ᠮᠠᠯᠴᠢᠨ | ᠲᠠᠷᠢᠶᠠᠴᠢᠨ ᠡᠷᠦᠬᠡ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠢ ᠬᠢᠨᠠᠮᠠᠭᠠᠶ ᠵᠢᠷᠤᠮᠯᠠᠨ᠂ ᠪᠥᠬᠦ ᠬᠤᠰᠢᠭᠤᠨ ᠤ | ᠬᠢᠯᠢ ᠳᠣᠲᠣᠷᠠᠬᠢ ᠪᠣᠶ ᠪᠥᠬᠦᠶ ᠮᠠᠯᠴᠢᠨ ᠲᠠᠷᠢᠶᠠᠴᠢᠨ ᠡᠷᠦᠬᠡ ᠶᠢᠨ ᠲᠡᠵᠢᠭᠡᠵᠦ ᠪᠠᠶᠢᠭ᠎ᠠ ᠬᠡᠷ ᠤᠨ ᠲᠡᠵᠢᠭᠡᠪᠦᠷᠢ ᠶᠢ | ᠪᠦᠬᠦᠨ ᠢ ᠬᠠᠰᠢᠶᠠᠯᠠᠨ ᠲᠡᠵᠢᠬᠡᠬᠦ ᠬᠡᠷᠡᠭᠳᠡᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ | ᠴᠠᠭᠠᠵᠠᠯᠠᠬᠤ ᠦᠭᠡᠢ᠃ ᠶᠠᠮᠠᠷᠪᠠ ᠨᠢᠭᠡᠴᠡ᠂ ᠬᠤᠪᠢ ᠬᠥᠮᠦᠨ ᠶᠠᠮᠠᠷ ᠴᠤ ᠰᠢᠯᠲᠠᠭ ᠢᠶᠠᠷ ᠮᠠᠯ ᠬᠠᠷᠢᠭᠤᠯᠵᠤ ᠪᠣᠯᠬᠤ | ᠥᠬᠡᠶ᠃ ᠪᠥᠬᠦ ᠵᠢᠯ ᠪᠥᠬᠦ ᠣᠷᠣᠨ ᠪᠦᠰᠡ ᠪᠥᠬᠦ ᠴᠠᠭ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠢ | ᠬᠡᠷᠡᠭᠵᠢᠭᠦᠯᠬᠦ ᠶᠢ ᠲᠡᠪᠴᠢᠭᠰᠡᠳ ᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠵᠠᠰᠠᠭ | ᠵᠠᠬᠢᠷᠭᠠᠨ ᠤ ᠰᠢᠳᠬᠡᠯ ᠥᠭᠭᠦᠨ᠎ᠡ᠃ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠢ ᠬᠡᠷᠡᠭᠵᠢᠭᠦᠯᠬᠦ ᠶᠢ | ᠲᠡᠪᠴᠢᠭᠰᠡᠳ ᠢ ᠠᠷᠠᠳ ᠤᠨ ᠰᠢᠭᠦᠬᠦ ᠬᠤᠷᠢᠶᠠᠨ ᠳᠤ ᠳᠡᠪᠰᠢᠭᠦᠯᠵᠦ ᠠᠯᠪᠠᠳᠠᠨ ᠭᠦᠢᠴᠡᠳᠬᠡᠭᠦᠯᠦᠨ᠎ᠡ︔ | ᠬᠦᠴᠦᠷᠬᠡᠭᠯᠡᠯ᠂ ᠰᠦᠷᠳᠡᠭᠦᠯᠦᠯ᠂ ᠥᠳᠥᠭᠡᠵᠦ ᠦᠢᠮᠡᠭᠡᠨ ᠭᠠᠷᠭᠠᠬᠤ ᠵᠡᠷᠭᠡ ᠠᠷᠭ᠎ᠠ ᠪᠠᠷᠢᠯ ᠢᠶᠠᠷ ᠲᠦᠷᠦ ᠶᠢᠨ | ᠪᠠᠶᠢᠭᠤᠯᠭ᠎ᠠ ᠶᠢᠨ ᠠᠵᠢᠯᠳᠡᠠ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ | ᠰᠢᠳᠬᠡᠯ ᠤᠨ ᠬᠠᠤᠯᠢ︾ ᠶᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠴᠢᠩᠭᠠᠳᠬᠠᠬᠤ ᠬᠡᠷᠡᠭᠳᠡᠢ᠃ ᠡᠯ᠎ᠡ ᠰᠤᠮᠤ ᠪᠠᠯᠭᠠᠰᠤ | ᠲᠠᠯᠠᠪᠠᠶ ᠣᠯᠠᠨ ᠲᠦᠮᠡᠨ ᠢ ᠢᠳᠡᠪᠬᠢᠲᠡᠶ ᠬᠥᠲᠥᠯᠦᠨ ᠵᠢᠯᠣᠭᠤᠳᠬᠤ ᠪᠠ ᠵᠣᠬᠢᠶᠠᠨ ᠪᠠᠶᠢᠭᠤᠯᠵᠤ᠂ ᠡᠪᠡᠰᠦ | ᠪᠣᠷᠳᠤᠭ᠎ᠠ ᠶᠢᠨ ᠨᠥᠭᠡᠴᠡᠯᠡᠯᠲᠡ ᠶᠢ ᠴᠢᠩᠭᠠᠳᠬᠠᠨ᠂ ᠠᠮᠤ ᠪᠤᠳᠠᠭ᠎ᠠ ᠭᠦᠢᠴᠡᠳ ᠦᠯᠡᠳᠡᠭᠡᠵᠦ᠂ ᠡᠪᠡᠰᠦ ᠪᠣᠷᠳᠤᠭ᠎ᠠ | ᠭᠦᠢᠴᠡᠳ ᠬᠠᠳᠠᠭᠠᠯᠠᠵᠤ᠂ ᠬᠥᠬᠡ ᠰᠢᠷ᠎ᠠ ᠪᠤᠷᠳᠤᠭ᠎ᠠ᠂ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ | ᠥᠷᠭᠡᠳᠬᠡᠬᠦ ᠬᠡᠷᠡᠭᠲᠡᠶ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠦᠢᠯᠡᠴᠢᠯᠡᠭᠡᠨ ᠤ ᠠᠩᠭᠢ ᠪᠠᠶᠢᠭᠤᠯᠵᠤ᠂ ᠬᠥᠬᠡ ᠰᠢᠷ᠎ᠠ ᠪᠤᠷᠳᠤᠭ᠎ᠠ | ᠨᠥᠭᠡᠴᠡᠯᠡᠬᠦ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ ᠢ ᠲᠡᠯᠭᠡᠷᠡᠬᠦᠯᠬᠦ ᠬᠡᠷᠡᠭᠳᠡᠢ᠃ | ︵ᠲᠠᠪᠤ︶ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠳᠡᠢ᠃ ᠶᠠᠮᠠᠷᠪᠠ ᠨᠢᠭᠡᠴᠡ ᠪᠣᠯᠤᠨ | ᠬᠤᠪᠢ ᠬᠥᠮᠦᠨ ᠴᠥᠮ ᠪᠥᠬᠦ ᠵᠢᠯ ᠪᠥᠬᠦ ᠤᠷᠤᠨ ᠪᠦᠰᠡ ᠪᠥᠬᠦ ᠴᠠᠭ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠳᠤ ᠢᠳᠡᠪᠬᠢᠲᠡᠶ ᠣᠷᠣᠯᠴᠠᠵᠤ᠂ ᠪᠥᠬᠦ ᠵᠢᠯ ᠪᠥᠬᠦ ᠤᠷᠤᠨ ᠪᠦᠰᠡ ᠪᠥᠬᠦ ᠴᠠᠭ ᠲᠤ ᠪᠡᠯᠴᠢᠭᠡᠷᠯᠡᠭᠦᠯᠬᠦ ᠶᠢ | ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ | ᠡᠷᠬᠡ ᠲᠠᠢ︔ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠠᠶᠢᠪᠠᠯ᠂ ᠪᠠᠶᠢᠳᠠᠯ ᠢ ᠨᠢ ᠦᠵᠡᠵᠦ ᠵᠣᠬᠢᠬᠤ | ᠱᠠᠩᠨᠠᠯ ᠣᠯᠭᠤᠨ᠎ᠠ᠃ ᠢᠯᠡᠴᠢᠯᠡᠨ ᠮᠡᠳᠡᠭᠦᠯᠬᠦ ᠭᠠᠵᠠᠷ ᠵᠢᠴᠢ ᠤᠲᠠᠰᠤ᠄ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ︵0475 — 5218714︶᠃ | ᠵᠢᠷᠭᠤᠭ᠎ᠠ᠂ ᠲᠣᠰ ᠠᠯᠪᠠᠨ ᠵᠠᠷ ᠢ ᠪᠠᠭᠤᠯᠭᠠᠬᠤ ᠠᠴᠠ ᠡᠮᠦᠨ᠎ᠡ᠂ ᠬᠤᠰᠢᠭᠤᠨ ᠤ ᠵᠠᠰᠠᠭ ᠤᠨ ᠣᠷᠳᠣᠨ ᠠᠴᠠ | ᠪᠠᠭᠤᠯᠭᠠᠭᠰᠠᠨ ᠡᠯ᠎ᠡ ᠲᠥᠷᠥᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠴᠥᠮ ᠬᠦᠴᠦᠨ ᠥᠬᠡᠶ ᠪᠣᠯᠭᠠᠬᠤ ᠪᠠᠷ ᠢᠯᠡᠷᠬᠡᠶᠢᠯᠡᠵᠦ᠂ ᠲᠣᠰ ᠠᠯᠪᠠᠨ ᠵᠠᠷ ᠤᠨ ᠠᠭᠤᠯᠭ᠎ᠠ ᠪᠠᠷ | ᠪᠠᠷᠢᠮᠵᠢᠶ᠎ᠠ ᠪᠣᠯᠭᠠᠨ᠎ᠠ᠃ | | ᠣᠨᠴᠠᠭᠠᠶᠢᠯᠠᠨ ᠵᠠᠷᠯᠠᠪᠠ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ | | 2021 ᠣᠨ ᠤ 2 ᠰᠠᠷ᠎ᠠ ᠶᠢᠨ 26 ᠤ ᠡᠳᠦᠷ |