ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠲᠤᠬᠠᠶ ᠠᠯᠪᠠᠨ ᠵᠠᠷ | | | ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ᠄ | | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠣᠶᠢᠷᠠᠳᠴᠤ᠂ ᠬᠥᠮᠦᠰ ᠤᠨ ᠶᠠᠪᠤᠵᠥ ᠰᠠᠭᠤᠬᠤ | ᠨᠡᠮᠡᠭᠳᠡᠪᠡ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ | ᠪᠠᠬᠢᠵᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ᠂ ᠠᠮᠤᠷ ᠠᠮᠤᠭᠤᠯᠠᠩ᠂ ᠥᠯᠵᠡᠶ | ᠪᠡᠯᠭᠡ ᠲᠠᠢ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠬᠠᠮᠢᠶ᠎ᠠ ᠪᠥᠬᠦᠶ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | | ᠨᠢᠭᠡ᠂ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ | ᠬᠤᠰᠢᠭᠤᠨ ᠤ ᠬᠥᠮᠦᠰ ᠪᠦᠬᠦᠨ ᠬᠠᠮᠤᠭ ᠤᠨ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ | ︵ᠭᠠᠴᠠᠭ᠎ᠠ ᠲᠣᠰᠬᠤᠨ︶᠂ ᠨᠢᠭᠡᠴᠡ᠂ ᠪᠠᠭᠤᠳᠠᠯ ᠳᠤ ᠪᠠᠭᠤᠬᠤ ᠪᠠᠷ ᠮᠡᠳᠡᠭᠦᠯᠦᠨ ᠳᠠᠩᠰᠠᠯᠠᠭᠤᠯᠵᠤ᠂ ᠬᠠᠷᠢᠶᠠᠲᠤ | ᠭᠠᠵᠠᠷ ᠣᠷᠣᠨ ᠲᠠᠢ ᠪᠠᠨ ᠬᠠᠮᠵᠢᠯᠴᠠᠨ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠠᠵᠢᠯ ᠢ ᠰᠠᠶᠢᠲᠤᠷ ᠬᠢᠨ᠎ᠠ᠃ | | ᠬᠤᠶᠠᠷ᠂ ᠠᠮᠠᠷᠠᠯᠲᠠ ᠶᠢᠨ ᠬᠤᠭᠤᠴᠠᠭᠠᠨ ᠳᠤ ᠴᠤᠭᠯᠠᠷᠠᠬᠤ ᠶᠢ ᠰᠠᠨᠠᠭᠠᠴᠢᠯᠠᠬᠤ ᠦᠭᠡᠢ᠂ ᠶᠡᠭᠡ ᠬᠡᠪᠴᠢᠶ᠎ᠡ ᠪᠠᠷ | ᠴᠤᠭᠯᠠᠷᠠᠬᠤ ᠶᠢ ᠵᠥᠪᠰᠢᠶᠡᠷᠡᠬᠦ ᠦᠭᠡᠢ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠪᠥᠬᠦ ᠬᠤᠰᠢᠭᠤᠨ ᠤ ᠨᠠᠮ | ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠠᠮᠲᠤ ᠪᠠᠷ ᠬᠤᠭᠤᠯᠠᠯᠠᠬᠤ ᠵᠡᠷᠭᠡ | ᠬᠡᠯᠪᠡᠷᠢ ᠪᠠᠷ ᠪᠡᠯᠭᠡᠯᠡᠬᠦ ᠠᠵᠢᠯᠯᠠᠭ᠎ᠠ ᠥᠷᠨᠢᠭᠦᠯᠵᠦ ᠪᠣᠯᠬᠤ ᠥᠬᠡᠶ᠂ 50 ᠬᠥᠮᠦᠨ ᠠᠴᠠ ᠳᠡᠭᠡᠭᠰᠢ ᠳᠠᠶᠢᠯᠠᠯᠭ᠎ᠠ ᠶᠢ | ᠳᠠᠭᠠᠭᠠᠨ ᠡᠷᠭᠢᠯᠡᠬᠦ ᠠᠷᠢᠬᠢᠨ ᠪᠠᠭᠤᠳᠠᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠰᠦᠯ ᠢ | ᠤᠷᠢᠳᠴᠢᠯᠠᠨ ᠲᠣᠭᠲᠠᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠮᠡᠳᠡᠭᠦᠯᠦᠨ ᠳᠠᠩᠰᠠᠯᠠᠭᠤᠯᠬᠤ ᠶᠢ ᠰᠠᠨᠠᠭᠠᠴᠢᠯᠠᠨ᠎ᠠ | ᠃ ᠭᠡᠷ ᠪᠦᠯᠢ ᠶᠢᠨ ᠬᠤᠪᠢ ᠬᠥᠮᠦᠨ ᠤ ᠴᠤᠭᠯᠠᠭ᠎ᠠ ᠨᠢ 10 ᠬᠥᠮᠦᠨ ᠠᠴᠠ ᠬᠡᠲᠦᠷᠡᠵᠦ ᠪᠣᠯᠬᠤ ᠦᠭᠡᠢ᠂ ᠣᠷᠣ | ᠠᠯᠤᠰᠯᠠᠨ ᠰᠠᠭᠤᠵᠤ᠂ ᠨᠡᠶᠢᠲᠡ ᠶᠢᠨ ᠰᠠᠪᠬ᠎ᠠ ᠬᠠᠯᠪᠠᠭ᠎ᠠ ᠶᠢ ᠬᠡᠷᠡᠭᠯᠡᠬᠦ ᠶᠢ ᠰᠠᠨᠠᠭᠠᠴᠢᠯᠠᠨ᠎ᠠ᠃ | | ᠭᠤᠷᠪᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠲᠦᠩᠯᠢᠶᠣᠤ ᠬᠤᠲᠠ ᠠᠴᠠ ᠰᠠᠯᠪᠠᠯ ᠲᠣᠭᠲᠠᠭᠠᠯ ᠶᠣᠰᠣᠭᠠᠷ ᠪᠠᠶᠢᠭ᠎ᠠ | ᠨᠢᠭᠡᠴᠡ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ ᠬᠤᠰᠢᠭᠤᠨ ᠳᠣᠲᠣᠷᠠᠬᠢ ᠬᠥᠮᠦᠰ | ᠴᠢᠬᠤᠯᠠ ᠥᠬᠡᠶ ᠪᠣᠯ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ᠂ ᠬᠤᠲᠠ ᠳᠤ ᠣᠴᠢᠵᠤ ᠪᠣᠯᠬᠤ ᠥᠬᠡᠶ᠂ | ᠦᠨᠡᠨ ᠬᠦ ᠣᠴᠢᠬᠤ ᠴᠢᠬᠤᠯᠠ ᠲᠠᠢ ᠪᠣᠯ ᠡᠷᠬᠡᠪᠰᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠠᠭᠠᠨ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠡᠷ ᠲᠡᠭᠡᠨ ᠠᠮᠠᠷᠠᠯᠲᠠ ᠠᠪᠬᠤ᠂ ᠡᠷᠬᠢᠨ ᠲᠣᠭᠤᠷᠢᠨ ᠢᠶᠠᠷ ᠵᠤᠭᠠᠴᠠᠬᠤ᠂ | ᠶᠠᠪᠤᠵᠤ ᠰᠠᠭᠤᠬᠤ ᠬᠤᠭᠤᠴᠠᠭᠠᠨ ᠳᠤ ᠬᠤᠪᠢ ᠬᠥᠮᠦᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠬᠦ ᠶᠢ | ᠰᠠᠨᠠᠭᠠᠴᠢᠯᠠᠵᠤ᠂ ᠬᠤᠪᠢ ᠬᠥᠮᠦᠨ ᠤ ᠠᠵᠢᠯᠯᠠᠭᠠᠨ ᠤ ᠵᠠᠮ ᠮᠥᠷ ᠢ ᠣᠨᠣᠪᠴᠢᠲᠠᠶ ᠲᠡᠮᠳᠡᠭᠯᠡᠨ᠎ᠡ᠃ | | ᠳᠥᠷᠪᠡ᠂ ᠵᠠᠮ ᠬᠠᠷᠢᠯᠴᠠᠭᠠᠨ ᠤ ᠲᠠᠯᠠᠪᠤᠷ ᠥᠷᠲᠡᠭᠡ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠳᠡᠯᠭᠡᠭᠦᠷ | ᠂ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠦᠢᠯᠡᠴᠢᠯᠡᠭᠡ᠂ ᠰᠣᠶᠣᠯ ᠪᠡᠶ᠎ᠡ ᠶᠢᠨ ᠲᠠᠮᠢᠷ | ᠵᠤᠭ᠎ᠠ ᠴᠡᠩᠭᠡᠯ ᠵᠡᠷᠭᠡ ᠡᠯ᠎ᠡ ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠤᠳ ᠠᠷᠢᠭᠤᠳᠬᠠᠬᠤ ᠠᠵᠢᠯ ᠢ ᠰᠠᠶᠢᠲᠤᠷ | ᠬᠢᠵᠦ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ︔ | ᠵᠤᠭᠠᠴᠠᠯ ᠤᠨ ᠦᠵᠡᠮᠵᠢ ᠶᠢᠨ ᠣᠷᠣᠨ ᠤ ᠬᠢᠨ ᠴᠠᠭ ᠬᠤᠪᠢᠶᠠᠨ ᠪᠣᠯᠵᠣᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠤᠭᠠᠴᠠᠭᠰᠠᠳ ᠤᠨ ᠭᠱᠠᠨ ᠵᠠᠭᠤᠷ᠎ᠠ ᠶᠢᠨ ᠤᠷᠤᠰᠴᠠ ᠶᠢ ᠡᠵᠡᠮᠳᠡᠵᠦ᠂ ᠵᠤᠭᠠᠴᠠᠭᠰᠠᠳ ᠤᠨ | ᠴᠠᠭ ᠪᠠ ᠤᠷᠬᠢᠯ ᠢ ᠵᠥᠷᠢᠭᠦᠯᠦᠨ ᠵᠤᠭᠠᠴᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ︔ ᠰᠦᠯᠵᠢᠶᠡᠨ ᠳᠤ ᠭᠠᠷᠬᠤ | ᠦᠶ᠋ᠯᠡᠴᠢᠯᠡᠭᠡᠨ ᠤ ᠲᠠᠯᠠᠪᠤᠷ ᠭᠠᠵᠠᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ᠭᠥᠯᠢᠶᠡᠨ ᠠᠪᠬᠤ | ᠬᠡᠷᠡᠭᠯᠡᠭᠴᠢᠳ ᠤᠨ ᠲᠤᠭ᠎ᠠ ᠨᠢ ᠬᠠᠮᠤᠭ ᠤᠨ ᠶᠡᠭᠡ ᠳᠠᠭᠠᠭᠠᠴᠠ ᠠᠴᠠ ᠬᠡᠲᠦᠷᠡᠵᠦ ᠪᠣᠯᠬᠤ ᠥᠬᠡᠶ︔ ᠡᠯ᠎ᠡ ᠱᠠᠲᠤᠨ ᠤ | ᠡᠯ᠎ᠡ ᠲᠥᠷᠥᠯ ᠤᠨ ᠰᠤᠷᠭᠠᠭᠤᠯᠢ ᠨᠤᠭᠤᠳ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠠᠵᠢᠯ ᠢ ᠬᠦᠢᠳᠡᠨ ᠬᠡᠯᠬᠢᠶᠡᠲᠦ ᠢᠳᠡᠭᠡᠨ | ᠪᠠ ᠬᠦᠢᠳᠡᠨ ᠬᠡᠯᠬᠢᠶᠡᠲᠦ ᠪᠤᠰᠤ ᠪᠣᠳᠠᠰ ᠢ ᠪᠠᠶᠢᠴᠠᠭᠠᠨ ᠬᠡᠮᠵᠢᠬᠦ᠂ ᠭᠦᠢᠯᠭᠡᠭᠡᠬᠦ᠂ ᠪᠣᠷᠣᠯᠠᠭᠤᠯᠬᠤ ᠪᠦᠬᠦ ᠶᠠᠪᠤᠴᠠ ᠶᠢ | ᠰᠡᠷᠭᠡᠶᠢᠯᠡᠨ ᠡᠵᠡᠮᠳᠡᠬᠦ ᠪᠠ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠢ ᠴᠢᠩᠭᠠᠳᠬᠠᠨ᠎ᠠ︔ ᠡᠯ᠎ᠡ ᠰᠠᠯᠠᠭ᠎ᠠ ᠮᠥᠴᠢᠷ᠂ | ᠡᠯ᠎ᠡ ᠨᠢᠭᠡᠴᠡ ᠨᠦᠭᠦᠳ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠶ᠋ᠴᠡᠳᠬᠡᠵᠦ᠂ | ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ | | 2021 ᠣᠨ ᠤ 9 ᠰᠠᠷ᠎ᠠ ᠶᠢᠨ 30 | |