ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠠᠩᠬᠠᠳᠤᠭᠠᠷ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2022/1/18
ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ ︵ᠬᠤᠶᠠᠷ︶    ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ   ᠤᠨ ᠮᠡᠳᠡᠭᠦᠯᠦᠯᠲᠡ ᠵᠢᠴᠢ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ  ᠵᠢᠱᠢᠭᠳᠡᠬᠦ ᠲᠥᠷᠥᠯ ᠵᠦᠢᠯ ᠤᠨ ᠪᠠᠶᠢᠳᠠᠯ ᠤᠨ ᠲᠣᠳᠣᠷᠬᠠᠶᠢᠯᠠᠯᠲᠠ                         ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ                 ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠰᠢ       ᠲᠥᠯᠥᠭᠡᠯᠡᠭᠴᠢᠳ ᠡ᠄    ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠢ ᠮᠡᠳᠡᠭᠦᠯᠵᠦ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ  ᠵᠢᠱᠢᠭᠳᠡᠬᠦ ᠳᠦᠷᠦᠯ ᠵᠦᠢᠯ ᠤᠨ ᠬᠤᠯᠪᠣᠭᠳᠠᠯ ᠪᠦᠭᠦᠢ ᠪᠠᠶᠢᠳᠠᠯ ᠢ ᠲᠣᠳᠣᠷᠬᠠᠶᠢᠯᠠᠶ᠎ᠠ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ    ᠬᠤᠰᠢᠭᠤᠨ ᠤ ᠠᠷᠠᠳ ᠤᠨ ᠵᠠᠰᠠᠭ ᠤᠨ ᠣᠷᠳᠣᠨ 2021 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠦᠢᠯ ᠢ 8 ᠬᠡᠷᠡᠭᠵᠢᠭᠦᠯᠵᠦ᠂ 2021 ᠣᠨ ᠤ ᠡᠴᠦᠰ ᠪᠣᠯᠲᠠᠯ᠎ᠠ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ  ᠵᠦᠢᠯ ᠳᠤ ᠬᠦᠢᠳᠡᠨ ᠰᠣᠷᠭᠤᠭ ᠬᠥᠮᠥᠷᠭᠡ᠂ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ᠂ ᠤᠰᠤᠨ ᠲᠤᠲᠤᠷᠭ᠎ᠠ ᠲᠠᠷᠢᠬᠤ ᠬᠤᠷᠰᠢᠶᠠᠵᠢᠯ  ᠂ ᠪᠣᠷᠳᠤᠭ᠎ᠠ ᠡᠳ᠋ᠰᠢᠭᠦᠯᠬᠦ ᠦᠢᠯᠡᠳᠪᠦᠷᠢ ᠵᠡᠷᠭᠡ ᠪᠥᠲᠥᠭᠡᠨ ᠪᠠᠶᠢᠭᠤᠯᠤᠯᠲᠠ ᠶᠢᠨ ᠪᠦᠬᠦ ᠠᠭᠤᠯᠭ᠎ᠠ ᠶᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠢᠳᠡᠪᠬᠢᠲᠡᠶ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠪᠡ᠃ 2021 ᠣᠨ  ᠳᠤ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠨᠢᠭᠡᠨᠲᠡ ᠳᠠᠭᠤᠰᠬᠠᠵᠤ᠂ ᠴᠠᠬᠢᠯᠭᠠᠨ ᠲᠣᠣᠷ ᠤᠨ ᠪᠦᠲᠦᠴᠡ ᠶᠢᠨ ᠠᠮᠤᠷ ᠲᠦᠪᠰᠢᠨ ᠤ ᠭᠡᠮ ᠰᠣᠭᠤᠭ ᠢ ᠦᠨᠳᠦᠰᠦᠨ ᠳᠡᠭᠡᠨ ᠠᠷᠢᠯᠭᠠᠵᠤ᠂ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠪᠡ᠃ ᠭᠠᠨᠵᠤᠭ᠎ᠠ ᠪᠠᠯᠭᠠᠰᠤᠨ ᠤ ᠭᠤᠤᠯ ᠰᠤᠷᠭᠠᠭᠤᠯᠢ ᠶᠢᠨ ᠡᠮᠦᠨ᠎ᠡ ᠲᠠᠯ᠎ᠠ ᠶᠢᠨ ᠵᠠᠮ ᠵᠠᠰᠠᠬᠤ ᠢᠨᠵᠧᠨᠧᠷᠢᠩ ᠨᠢᠭᠡᠨᠲᠡ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠪᠠᠭᠰᠢ ᠰᠣᠷᠣᠭᠴᠢ᠂ ᠬᠡᠷ ᠤᠨ ᠠᠬᠠᠮᠠᠳ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠪᠠ  ᠃  ᠬᠤᠷᠴᠢᠨ ᠵᠡᠭᠦᠨ ᠬᠤᠶᠢᠲᠤ ᠬᠤᠰᠢᠭᠤᠨ ᠤ 2021 ᠣᠨ ᠤ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠨᠡᠭᠦᠳᠡᠯ ᠠᠷᠠᠳ ᠤᠨ ᠱᠦᠢᠨᠢ ᠵᠠᠮ ᠤᠨ ᠪᠦᠲᠦᠭᠡᠨ ᠪᠠᠶᠢᠭᠤᠯᠤᠯᠲᠠ ᠶᠢᠨ  ᠰᠡᠭᠦᠯᠴᠢ ᠶᠢᠨ ᠬᠤᠭᠤᠴᠠᠭᠠᠨ ᠤ ᠲᠦᠷᠦᠯ ᠵᠦᠢᠯ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠮᠤᠳᠤᠳᠤ ᠰᠤᠮᠤ ᠶᠢᠨ ᠬᠤᠯᠤᠳᠤ ᠭᠠᠴᠠᠭ᠎ᠠ᠂ ᠰᠦᠭᠡᠭ ᠭᠠᠴᠠᠭ᠎ᠠ᠂ ᠠᠭᠤᠢ ᠭᠠᠴᠠᠭ᠎ᠠ ᠵᠢᠴᠢ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠪᠠ᠃ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ  ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠯᠠᠨ ᠲᠠᠯ᠎ᠠ ᠶᠢᠨ ᠣᠷᠣᠭᠤᠯᠤᠯᠲᠠ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢ ᠠᠬᠢᠭᠤᠯᠪᠠ  ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠭᠤᠴᠢᠨ ᠠᠰᠠᠷ ᠤᠨ ᠳᠤᠯᠠᠭᠠᠯᠭ᠎ᠠ ᠶᠢᠨ ᠬᠤᠭᠤᠯᠠᠶ ᠲᠣᠣᠷ ᠤᠨ ᠥᠭᠡᠷᠡᠴᠢᠯᠡᠯᠲᠡ ᠶᠢᠨ ᠳᠦᠷᠦᠯ ᠵᠦᠢᠯ ᠠᠰᠢᠭᠯᠠᠯᠲᠠ ᠳᠤ ᠣᠷᠣᠵᠤ᠂ ᠬᠠᠭᠤᠴᠢᠨ ᠠᠰᠠᠷ ‍ᠤᠨ‌‍ᠲ᠋ᠤᠯᠠᠭᠠᠯᠭ᠎ᠠ ᠵᠢᠨ‌ᠬᠤᠭᠤᠯᠠᠶ ᠶᠢᠨ ᠤᠰᠤ ᠭᠤᠭᠤᠵᠢᠬᠤ᠂ ᠲᠦᠭᠵᠢᠷᠡᠬᠦ ᠵᠡᠷᠭᠡ ᠠᠰᠠᠭᠤᠳᠠᠯ ᠢ  ᠰᠢᠢᠳᠪᠦᠷᠢᠯᠡᠵᠥ᠂ ᠶᠢᠨ ᠪᠦᠦ ᠳᠦᠨ ᠪᠠᠯᠭᠠᠰᠤᠨ ᠤ 1480 ᠡᠷᠤᠭᠡ  ᠰᠠᠭᠤᠭᠠᠯᠢ ᠠᠷᠠᠳ ᠤᠨ ᠢᠯᠴᠢ  ᠭᠡᠷᠡᠭᠯᠡᠬᠦ ᠨᠥᠬᠦᠴᠡᠯ ᠢ ᠰᠠᠶᠢᠵᠢᠷᠠᠭᠤᠯᠵᠠᠶ᠃ ᠪᠠᠶᠠᠨᠮᠣᠳᠣ ᠰᠤᠮᠤ ᠶᠢᠨ ᠭᠤᠤᠯ ᠰᠤᠷᠭᠠᠭᠤᠯᠢ᠂ ᠵᠢᠷᠭᠠᠯᠠᠩ ᠪᠠᠯᠭᠠᠰᠤᠨ ᠤ ᠭᠤᠤᠯ ᠰᠤᠷᠭᠠᠭᠤᠯᠢ᠂ ᠡᠮᠡᠭᠡᠯ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠦᠨᠳᠦᠰᠦᠨ ᠱᠠᠲᠤᠨ ᠤ ᠰᠤᠷᠭᠠᠭᠤᠯᠢ ᠶᠢᠨ ᠬᠤᠭᠤᠯᠠᠨ ᠬᠡᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠨᠢᠭᠡᠨᠲᠡ ᠳᠠᠭᠤᠰᠬᠠᠵᠤ᠂ ᠣᠯᠠᠨ ᠵᠢᠯ ᠤᠨ ᠲᠤᠷᠰᠢ ᠪᠠᠭᠰᠢ ᠰᠤᠷᠤᠭᠴᠢᠳ ᠤᠨ ᠪᠦᠯᠦᠭ ᠬᠤᠪᠢᠶᠠᠨ ᠬᠤᠭᠤᠯᠠᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠲᠦᠩᠯᠢᠶᠣᠤ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠵᠠᠰᠠᠬᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠲᠥᠷᠥᠯ ᠵᠦᠢᠯ ᠢ ᠨᠢᠭᠡᠨᠲᠡ ᠳᠠᠭᠤᠰᠬᠠᠵᠤ᠂ ᠪᠥᠬᠦ ᠬᠤᠰᠢᠭᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠠᠪᠤᠷᠠᠨ ᠵᠠᠰᠠᠬᠤ ᠠᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃    ᠬᠤᠶᠠᠷ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ  ᠲᠦᠷᠦᠯ ᠵᠦᠢᠯ  ᠤᠨ ᠬᠤᠯᠪᠣᠭᠳᠠᠯ ᠪᠦᠬᠦᠢ ᠪᠠᠶᠢᠳᠠᠯ    ᠬᠤᠰᠢᠭᠤᠨ ᠤ ᠠᠷᠠᠳ ᠤᠨ ᠵᠠᠰᠠᠭ ᠤᠨ ᠣᠷᠳᠣᠨ 2021 ᠣᠨ ᠤ 12 ᠰᠠᠷ᠎ᠠ ᠠᠴᠠ ᠡᠬᠢᠯᠡᠵᠥ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ  ᠵᠦᠢᠯ ᠢ ᠴᠤᠭᠯᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ  ᠵᠢᠱᠢᠭᠳᠡᠬᠦ ᠲᠥᠷᠥᠯ ᠵᠦᠢᠯ ᠢ 49 ᠴᠤᠭᠯᠠᠭᠤᠯᠵᠤ᠂ 2021 ᠣᠨ ᠤ 12 ᠰᠠᠷ᠎ᠠ ᠶᠢᠨ 28 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠲᠤᠰᠬᠠᠶ ᠰᠡᠳᠦᠪᠲᠦ ᠰᠤᠳᠤᠯᠭᠠᠨ ᠪᠠ 2022 ᠣᠨ ᠤ 1 ᠰᠠᠷ᠎ᠠ ᠶᠢᠨ 3 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ  ᠰᠤᠳᠤᠯᠤᠨ ᠬᠢᠨᠠᠨ ᠲᠣᠭᠲᠠᠭᠠᠭᠰᠠᠨ ᠢᠶᠠᠷ᠂ ᠣᠯᠠᠨ ᠲᠦᠮᠡᠨ ᠤ ᠲᠤᠰᠬᠠᠯ ᠬᠠᠮᠤᠭ ᠤᠨ ᠴᠢᠩᠭ᠎ᠠ᠂  ᠲᠤᠯᠭᠠᠮ᠎ᠠ ᠰᠢᠢᠳᠪᠦᠷᠢᠯᠡᠬᠦ ᠴᠢᠬᠤᠯᠠᠲᠠᠶ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ  ᠵᠢᠱᠢᠭᠳᠡᠬᠦ ᠲᠥᠷᠥᠯ  ᠵᠦᠢᠯ ᠢ 8 ᠰᠣᠩᠭᠤᠨ ᠭᠠᠷᠭᠠᠵᠠᠶ᠃ ᠡᠳᠡᠭᠡᠷ ᠲᠦᠷᠦᠯ ᠵᠦᠢᠯ ᠨᠢ ᠴᠥᠮ ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠠᠶᠢᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠰᠠᠭᠤᠷᠢ ᠲᠥᠬᠦᠭᠡᠷᠦᠮᠵᠢ ᠵᠡᠷᠭᠡ ᠠᠷᠠᠳ ᠤᠨ ᠠᠮᠢᠳᠤᠷᠠᠯ ᠤᠨ  ᠬᠦᠷᠢᠶ᠎ᠡ  ᠶᠢ ᠬᠠᠮᠤᠷᠴᠤ᠂ ᠠᠰᠢᠭ ᠬᠦᠷᠲᠡᠭᠡᠬᠦ ᠭᠡᠪᠴᠢᠶ᠎ᠡ ᠪᠠᠷ ᠥᠷᠭᠡᠨ᠂ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠢ ᠵᠡᠷᠭᠡ ᠣᠨᠴᠠᠯᠢᠭ ᠲᠠᠢ ᠪᠠᠶᠢᠵᠤ᠂ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ ᠳᠤ ᠨᠡᠶᠢᠴᠡᠵᠦ᠂ ᠲᠥᠯᠥᠭᠡᠯᠡᠬᠦ ᠴᠢᠨᠠᠷᠲᠠᠢ ᠂ ᠪᠦᠬᠦ ᠲᠠᠯ᠎ᠠ ᠶᠢᠨ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠶᠤᠮ᠃ ᠪᠣᠳᠠᠲᠠᠶ ᠪᠠᠶᠢᠳᠠᠯ ᠨᠢ ᠳᠣᠣᠷᠠᠬᠢ ᠮᠡᠲᠦ᠄    ︵ᠨᠢᠭᠡ︶ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠡᠶ᠎ᠡ ᠲᠠᠮᠢᠷ ᠤᠨ ᠲᠠᠯᠠᠪᠠᠶ ᠶᠢᠨ ᠥᠭᠡᠷᠡᠴᠢᠯᠡᠯᠲᠡ ᠶᠢᠨ ᠲᠥᠷᠥᠯ ᠵᠦᠢᠯ᠃ ᠪᠡᠶ᠎ᠡ ᠲᠠᠮᠢᠷ ᠤᠨ ᠲᠠᠯᠠᠪᠠᠶ ᠶᠢ ᠥᠭᠡᠷᠡᠴᠢᠯᠡᠨ ᠳᠡᠭᠡᠭᠰᠢᠯᠡᠭᠦᠯᠬᠦ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠭᠠᠨᠵᠤᠭ᠎ᠠ ᠪᠠᠯᠭᠠᠰᠤᠨ ᠤ ᠭᠤᠤᠯ ᠬᠤᠲᠠ ᠲᠣᠭᠤᠷᠢᠭ ᠤᠨ ᠰᠠᠭᠤᠭᠠᠯᠢ ᠠᠷᠠᠳ ᠤᠨ ᠲᠣᠰᠬᠠᠯ  ᠬᠠᠮᠤᠭ ᠤᠨ ᠴᠢᠩᠭ᠎ᠠ ᠠᠰᠠᠭᠤᠳᠠᠯ ᠪᠣᠯᠤᠨ᠎ᠠ᠂ ᠲᠣᠰ ᠲᠥᠷᠥᠯ  ᠵᠦᠢᠯ ᠳᠤ ᠨᠡᠶᠢᠭᠡᠮ ᠤᠨ ᠬᠥᠷᠥᠩᠭᠡ ᠶᠢ  2600 ᠲᠦᠮᠡᠨ ᠲᠥᠭᠦᠷᠢᠭ ᠲᠠᠳᠠᠨ ᠤᠷᠤᠭᠤᠯᠬᠤ ᠪᠠᠷ ᠲᠦᠯᠦᠪᠯᠡᠵᠥ᠂ 4.5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠪᠡᠶ᠎ᠡ ᠲᠠᠮᠢᠷ ᠤᠨ ᠲᠠᠯᠠᠪᠠᠶ ᠶᠢ  ᠦᠬᠡᠷᠡᠴᠢᠯᠡᠵᠥ᠂ 2022 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠪᠠᠶᠢᠨ᠎ᠠ  ᠃ ᠥᠭᠡᠷᠡᠴᠢᠯᠡᠭᠰᠡᠨ ᠤ ᠳᠠᠷᠠᠭ᠎ᠠ ᠭᠠᠨᠵᠤᠭ᠎ᠠ ᠪᠠᠯᠭᠠᠰᠤᠨ ᠤ ᠭᠤᠤᠯ ᠬᠤᠲᠠ ᠲᠣᠭᠤᠷᠢᠭ ᠤᠨ ᠰᠠᠭᠤᠭᠠᠯᠢ ᠠᠷᠠᠳ ᠲᠤ ᠵᠤᠭ᠎ᠠ ᠴᠡᠩᠭᠡᠯ ᠤᠨ ᠲᠠᠯᠠᠪᠤᠷ ᠬᠠᠩᠭᠠᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠂ ᠬᠤᠲᠠ ᠶᠢᠨ ᠴᠢᠳᠠᠮᠵᠢ ᠶᠢ  ᠲᠡᠬᠦᠯᠳᠡᠷᠵᠢᠬᠦᠯᠬᠦ ᠪᠤᠯᠤᠨ᠎ᠠ᠃    ︵ᠬᠤᠶᠠᠷ︶ ᠭᠠᠨᠵᠤᠭ᠎ᠠ  ᠪᠠᠯᠭᠠᠰᠤᠨ ᠤ ᠬᠤᠲᠠ ᠲᠣᠭᠤᠷᠢᠭ ᠤᠨ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ ᠥᠭᠡᠷᠡᠴᠢᠯᠡᠨ ᠵᠠᠰᠠᠬᠤ ᠢᠨᠵᠧᠨᠧᠷᠢᠩ᠃ ᠲᠣᠰ ᠲᠥᠷᠥᠯ ᠵᠦᠢᠯ ᠳᠤ 400 ᠲᠦᠮᠡᠨ ᠲᠥᠭᠦᠷᠢᠭ  ᠪᠠᠯᠠ ᠣᠷᠣᠭᠤᠯᠬᠤ ᠪᠠᠷ ᠲᠥᠯᠥᠪᠯᠡᠵᠦ᠂ ᠭᠤᠤᠯ ᠬᠤᠲᠠ ᠲᠣᠭᠤᠷᠢᠭ ᠤᠨ 8 ᠰᠠᠭᠤᠷᠢ ᠬᠠᠭᠤᠷᠠᠶ ᠵᠣᠷᠯᠣᠩ ᠢ ᠤᠤᠯ ᠭᠠᠵᠠᠷ ᠲᠤᠨᠢ ᠪᠣᠯᠣᠳ ᠪᠦᠲᠦᠴᠡ ᠲᠠᠢ ᠤᠰᠤ ᠴᠠᠬᠢᠯᠭᠠᠨ ᠳᠤᠯᠠᠭᠠᠯᠠᠭ᠎ᠠ ᠢᠵᠢ ᠪᠥᠷᠢᠳᠦᠭᠰᠡᠨ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠪᠣᠯᠭᠠᠨ ᠥᠭᠡᠷᠡᠴᠢᠯᠡᠨ᠎ᠡ᠃ 2022 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠪᠣᠶ᠃ ᠲᠥᠷᠥᠯ ᠵᠦᠢᠯ ᠤᠨ ᠬᠡᠷᠡᠭᠵᠢᠭᠦᠯᠦᠯᠲᠡ ᠨᠢ ᠭᠠᠨᠵᠤᠭ᠎ᠠ ᠪᠠᠯᠭᠠᠰᠤᠨ ᠤ ᠬᠤᠲᠠ  ᠲᠣᠭᠤᠷᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠨᠵᠤᠭ᠎ᠠ ᠪᠠᠯᠭᠠᠰᠤᠨ ᠤ ᠬᠤᠲᠠ ᠲᠣᠭᠤᠷᠢᠭ ᠤᠨ ᠪᠠᠶᠢᠰᠢᠩ ᠬᠡᠷ ᠤᠨ ᠤᠷᠤᠨ ᠤ  ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯᠤᠨ᠎ᠠ᠃    ︵ᠭᠤᠷᠪᠠ︶ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ ᠲᠣᠰ ᠲᠥᠷᠥᠯ ᠵᠦᠢᠯ ᠳᠤ 1520 ᠲᠦᠮᠡᠨ ᠲᠥᠭᠦᠷᠢᠭ  ᠪᠠᠯᠠ ᠤᠷᠤᠭᠤᠯᠬᠤ ᠪᠠᠷ ᠲᠦᠯᠦᠪᠯᠡᠵᠥ᠂ 6 ᠳᠤᠮᠳᠠᠳᠤ ᠪᠠᠭ᠎ᠠ ᠰᠤᠷᠭᠠᠭᠤᠯᠢ ᠳᠤ 6.8 ᠲᠦᠮᠡᠨ ᠲᠡᠭᠰᠢ ᠳᠥᠷᠪᠡᠯᠵᠢᠨ ᠮᠧᠲᠷ ᠬᠤᠪᠠᠨᠴᠢᠷ ᠭᠦᠶᠦᠯᠲᠡ ᠶᠢᠨ ᠵᠠᠮ ᠳᠡᠪᠢᠰᠬᠦ ᠪᠠᠷ  ᠪᠣᠶ᠃ ᠲᠥᠯᠥᠪᠯᠡᠭᠡ ᠶᠢ 2022 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃ ᠲᠦᠷᠦᠯ ᠵᠦᠢᠯ ᠢ ᠬᠡᠷᠡᠭᠵᠢᠭᠦᠯᠦᠭᠰᠡᠨ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠪᠡᠶ᠎ᠡ  ᠲᠠᠮᠢᠷ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ︵ᠳᠥᠷᠪᠡ︶ ᠬᠤᠯᠤᠰᠤᠳᠠᠢ ᠨᠠᠭᠤᠷ ᠤᠨ ᠤᠰᠤᠨ ᠤ ᠠᠷᠬᠠᠭ ᠢ ᠵᠠᠰᠠᠬᠤ ᠲᠥᠷᠥᠯ ᠵᠦᠢᠯ᠃ ᠲᠣᠰ ᠲᠥᠷᠥᠯ  ᠵᠦᠢᠯ ᠳᠤ 300 ᠲᠦᠮᠡᠨ ᠲᠥᠭᠦᠷᠢᠭ  ᠪᠠᠯᠠ  ᠤᠷᠤᠭᠤᠯᠬᠤ ᠪᠠᠷ ᠲᠦᠯᠦᠪᠯᠡᠵᠥ᠂ ᠬᠤᠯᠤᠰᠤᠳᠠᠢ ᠨᠠᠭᠤᠷ ᠠᠴᠠ ᠬᠤᠵᠢᠷ ᠨᠠᠭᠤᠷ ᠬᠥᠷᠬᠦ ᠤᠰᠤ ᠵᠠᠯᠠᠬᠤ ᠰᠤᠪᠠᠭ ᠵᠠᠰᠠᠬᠤ ᠪᠠᠷ  ᠪᠣᠶ᠃ ᠲᠥᠯᠥᠪᠯᠡᠭᠡ ᠶᠢ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃ ᠲᠦᠷᠦᠯ ᠵᠦᠢᠯ ᠢ ᠭᠡᠷᠡᠭᠵᠢᠬᠦᠯᠬᠦ   ᠨᠢ ᠬᠤᠯᠤᠰᠤᠳᠠᠢ ᠨᠠᠭᠤᠷ ᠤᠨ ᠤᠰᠤᠨ ᠤ ᠲᠠᠯᠠᠪᠠᠢ ᠶᠢ ᠪᠠᠭᠠᠰᠬᠠᠵᠤ᠂  ᠬᠤᠯᠤᠰᠤᠳᠠᠢ ᠨᠠᠭᠤᠷ ᠤᠨ ᠡᠷᠬᠢᠨ ᠲᠣᠭᠤᠷᠢᠨ ᠤ 2 ᠲᠣᠰᠬᠤᠨ ᠤ 610 ᠬᠥᠮᠦᠨ ᠠᠮᠠ᠂ 5000 ᠭᠠᠷᠤᠢ ᠮᠦ ᠲᠠᠷᠢᠶᠠᠨ ᠭᠠᠵᠠᠷ᠂ 3000 ᠮᠦ ᠬᠠᠳᠤᠯᠠᠩ ᠪᠡᠯᠴᠢᠭᠡᠷ ᠤᠨ ᠠᠮᠤᠷ ᠲᠦᠪᠰᠢᠨ ᠢ ᠬᠠᠮᠠᠭᠠᠯᠠᠬᠤ ᠪᠣᠯᠤᠨ᠎ᠠ᠃    ︵ᠲᠠᠪᠤ︶ ᠬᠤᠷᠴᠢᠨ ᠵᠡᠭᠦᠨ ᠭᠠᠷᠤᠨ ᠬᠤᠶᠢᠲᠤ ᠬᠤᠰᠢᠭᠤ  464 ᠰᠢᠶᠠᠨ ᠤ ᠵᠠᠮ ᠤᠨ  ᠰᠤᠨᠳᠤᠤ ᠬᠥᠭᠦᠷᠭᠡ ᠶᠢᠨ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ᠃ ᠲᠣᠰ ᠲᠥᠷᠥᠯ  ᠵᠦᠢᠯ ᠳᠤ 529 ᠲᠦᠮᠡᠨ ᠲᠥᠭᠦᠷᠢᠭ  ᠪᠠᠯᠠ ᠤᠷᠤᠭᠤᠯᠬᠤ ᠪᠠᠷ ᠲᠦᠯᠦᠪᠯᠡᠵᠥ᠂ ᠰᠢᠶᠠᠨ ᠤ ᠵᠠᠮ ᠤᠨ 464 ᠱᠤᠭᠤᠮ ᠤᠨ 245 ᠮᠧᠲᠷ ᠤᠨ ᠭᠡᠰᠡᠭ ᠳᠠᠬᠢ ᠰᠤᠨᠳᠤᠤ ᠬᠥᠭᠦᠷᠭᠡ ᠶᠢᠨ ᠨᠤᠷᠠᠬᠤ ᠠᠶᠤᠯᠲᠠᠶ ᠬᠥᠭᠦᠷᠭᠡ ᠶᠢ ᠨᠤᠷᠠᠭᠠᠵᠤ ᠳᠠᠬᠢᠨ ᠪᠠᠶᠢᠭᠤᠯᠬᠤ ᠪᠠᠷ  ᠪᠣᠶ᠃ ᠲᠥᠯᠥᠪᠯᠡᠭᠡ ᠶᠢ 2022 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃ ᠲᠥᠷᠥᠯ  ᠵᠦᠢᠯ ᠢ ᠭᠡᠷᠡᠭᠵᠢᠬᠦᠯᠬᠦ ᠨᠢ ᠣᠳᠣᠬᠠᠨ ᠤ ᠨᠤᠷᠠᠬᠤ ᠠᠶᠤᠯᠲᠠᠶ ᠬᠥᠭᠦᠷᠭᠡ ᠶᠢᠨ ᠨᠡᠪᠲᠡᠷᠡᠬᠦ ᠶᠢᠨ ᠠᠷᠭ᠎ᠠ ᠥᠬᠡᠶ ᠪᠠᠶᠢᠳᠠᠯ ᠢ ᠲᠦᠢᠯᠪᠤᠷᠢᠲᠠᠶ  ᠰᠢᠢᠳᠪᠦᠷᠢᠯᠡᠵᠥ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠪᠣᠯᠤᠨ᠎ᠠ᠃    ︵ᠵᠢᠷᠭᠤᠭ᠎ᠠ︶ ᠭᠤᠤᠯ ᠬᠤᠲᠠ ᠲᠣᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ᠂ ᠬᠡᠰᠡᠭ ᠠᠯᠪᠠᠯᠠᠬᠤ ᠠᠰᠠᠷ ᠤᠨ ᠣᠷᠣᠵᠤ ᠭᠠᠷᠬᠤ ᠭᠠᠵᠠᠷ ᠢ ᠬᠤᠲᠠ ᠶᠢᠨ ᠶᠠᠪᠤᠳᠠᠯ ᠤᠨ ᠵᠠᠮ ᠲᠠᠢ ᠬᠤᠯᠪᠣᠵᠤ᠂ ᠡᠪᠳᠡᠷᠡᠭᠰᠡᠨ ᠬᠡᠰᠡᠭ ᠢ ᠰᠡᠯᠪᠢᠨ ᠵᠠᠰᠠᠬᠤ ᠨᠢᠭᠤᠷ ᠢᠨᠵᠧᠨᠧᠷᠢᠩ᠃ ᠲᠣᠰ ᠲᠥᠷᠥᠯ ᠵᠦᠢᠯ ᠳᠤ 100 ᠲᠦᠮᠡᠨ ᠲᠥᠭᠦᠷᠢᠭ ᠪᠠᠯᠠ ᠣᠷᠣᠭᠤᠯᠬᠤ ᠪᠠᠷ ᠲᠥᠯᠥᠪᠯᠡᠵᠦ᠂ ᠭᠤᠤᠯ ᠬᠤᠲᠠ ᠲᠣᠭᠤᠷᠢᠭ ᠤᠨ ᠬᠡᠰᠡᠭ ᠣᠷᠣᠨ ᠰᠠᠭᠤᠴᠠ ᠶᠢᠨ ᠵᠢᠵᠢᠭ ᠲᠣᠭᠤᠷᠢᠭ᠂ ᠠᠯᠪᠠᠨ ᠠᠰᠠᠷ ᠤᠨ ᠣᠷᠣᠵᠤ ᠭᠠᠷᠬᠤ ᠡᠭᠦᠳᠡ ᠪᠣᠯᠤᠨ ᠬᠤᠲᠠ ᠶᠢᠨ ᠶᠠᠪᠤᠳᠠᠯ ᠤᠨ ᠵᠠᠮ ᠤᠨ ᠬᠤᠯᠪᠣᠯᠲᠠ ᠶᠢᠨ ᠡᠪᠳᠡᠷᠡᠵᠦ ᠰᠦᠢᠳᠦᠭᠰᠡᠨ ᠬᠡᠰᠡᠭ ᠢ ᠰᠡᠯᠪᠢᠨ ᠵᠠᠰᠠᠬᠤ ᠪᠠᠷ ᠪᠣᠶ᠃  ᠲᠦᠯᠦᠪᠯᠡᠭᠡ ᠶᠢ 2022 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ  ᠲᠠᠭᠤᠰᠬᠠᠨ᠎ᠠ  ᠃ ᠲᠥᠷᠥᠯ ᠵᠦᠢᠯ ᠢ ᠭᠡᠷᠡᠭᠵᠢᠬᠦᠯᠬᠦ ᠨᠢ᠂ ᠭᠤᠤᠯ ᠬᠤᠲᠠ ᠲᠣᠭᠤᠷᠢᠭ ᠤᠨ ᠬᠡᠰᠡᠭ ᠵᠢᠵᠢᠭ ᠲᠣᠭᠤᠷᠢᠭ᠂ ᠠᠯᠪᠠᠨ ᠠᠰᠠᠷ ᠬᠢᠭᠡᠳ ᠬᠤᠲᠠ ᠶᠢᠨ ᠶᠠᠪᠤᠳᠠᠯ ᠤᠨ ᠵᠠᠮ ᠤᠨ ᠵᠠᠯᠭᠠᠯᠳᠤᠯ ᠬᠡᠰᠡᠭ ᠵᠠᠮ ᠢ ᠤᠳᠠᠭᠠᠨ ᠵᠢᠯ ᠵᠠᠰᠠᠭᠰᠠᠨ ᠥᠬᠡᠶ᠂ ᠬᠦᠨᠳᠦ ᠨᠣᠴᠢᠲᠠᠶ ᠡᠪᠳᠡᠭᠳᠡᠭᠰᠡᠨ᠂ ᠬᠤᠲᠣᠭᠤᠷ  ᠬᠦᠳᠦᠬᠦᠷ ᠲᠡᠭᠰᠢ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠵᠥ᠂ ᠥᠭᠡᠷᠡᠴᠢᠯᠡᠭᠰᠡᠨ ᠤ ᠳᠠᠷᠠᠭ᠎ᠠ ᠬᠤᠲᠠ ᠶᠢᠨ  ᠨᠢᠭᠤᠷ ᠲᠦᠷᠰᠦ ᠶᠢ  ᠲᠡᠭᠡᠭᠰᠢᠯᠡᠬᠦᠯᠬᠦ ᠪᠠᠷ ᠪᠠᠷᠠᠬᠤ ᠦᠬᠡᠢ ᠪᠠᠰᠠ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠬᠦᠯᠬᠦ ᠪᠣᠯᠤᠨ᠎ᠠ᠃    ︵ᠳᠣᠯᠤᠭ᠎ᠠ︶ 2022 ᠣᠨ ᠤ ᠬᠠᠭᠤᠴᠢᠨ ᠵᠢᠵᠢᠭ ᠲᠣᠭᠤᠷᠢᠭ ᠤᠨ ᠢᠵᠢ ᠪᠥᠷᠢᠳᠦᠭᠦᠯᠬᠦ ᠰᠠᠭᠤᠷᠢ ᠲᠦᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ ᠲᠣᠰ ᠲᠥᠷᠥᠯ ᠵᠦᠢᠯ ᠳᠤ 1510 ᠲᠦᠮᠡᠨ ᠲᠥᠭᠦᠷᠢᠭ  ᠪᠠᠯᠠ  ᠤᠷᠤᠭᠤᠯᠬᠤ ᠪᠠᠷ ᠲᠦᠯᠦᠪᠯᠡᠵᠥ᠂ 8 ᠵᠢᠵᠢᠭ ᠲᠣᠭᠤᠷᠢᠭ ᠤᠨ ᠳᠣᠲᠣᠷᠠᠬᠢ 9 ᠰᠠᠭᠤᠷᠢ ᠠᠰᠠᠷ᠂ ᠨᠡᠶᠢᠲᠡ 3.11 ᠲᠦᠮᠡᠨ ᠲᠡᠭᠰᠢ ᠳᠥᠷᠪᠡᠯᠵᠢᠨ ᠮᠧᠲᠷ ᠢ ᠰᠡᠯᠪᠢᠨ ᠵᠠᠰᠠᠵᠤ ᠥᠭᠡᠷᠡᠴᠢᠯᠡᠬᠦ  ᠪᠠᠷ ᠪᠣᠶ᠃ ᠲᠥᠷᠥᠯ  ᠵᠦᠢᠯ ᠢ  ᠭᠡᠷᠡᠭᠵᠢᠬᠦᠯᠬᠦ ᠨᠢ᠂ ᠬᠠᠭᠤᠴᠢᠨ ᠵᠢᠵᠢᠭ ᠲᠣᠭᠤᠷᠢᠭ ᠤᠨ ᠰᠠᠭᠤᠷᠢ  ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠥᠬᠦᠮ ᠨᠥᠬᠦᠴᠡᠯ  ᠬᠠᠩᠭᠠᠬᠤ  ᠪᠣᠯᠤᠨ᠎ᠠ᠃    ︵ᠨᠠᠢᠮᠠ︶ 2022 ᠣᠨ ᠤ ᠭᠠᠨᠵᠤᠭ᠎ᠠ ᠪᠠᠯᠭᠠᠰᠤᠨ ᠤ ᠭᠤᠤᠯ ᠬᠤᠲᠠ ᠲᠣᠭᠤᠷᠢᠭ ᠤᠨ ᠡᠪᠳᠡᠷᠡᠵᠦ ᠰᠦᠢᠳᠦᠭᠰᠡᠨ ᠶᠠᠪᠠᠭᠠᠨ ᠵᠠᠮ ᠢ ᠰᠡᠯᠪᠢᠨ ᠵᠠᠰᠠᠬᠤ ᠢᠨᠵᠧᠨᠧᠷᠢᠩ᠃ ᠲᠣᠰ ᠲᠥᠷᠥᠯ ᠵᠦᠢᠯ ᠳᠤ 1125 ᠲᠦᠮᠡᠨ ᠲᠥᠭᠦᠷᠢᠭ  ᠪᠠᠯᠠ  ᠤᠷᠤᠭᠤᠯᠬᠤ ᠪᠠᠷ ᠲᠦᠯᠦᠪᠯᠡᠵᠥ᠂ ᠬᠦᠨᠳᠦ ᠨᠣᠴᠢᠲᠠᠶ ᠡᠪᠳᠡᠭᠳᠡᠭᠰᠡᠨ ᠲᠡᠮᠦᠷ ᠵᠠᠮ ᠤᠨ ᠪᠠᠷᠠᠭᠤᠨᠳᠠᠬᠢ ᠵᠠᠮ᠂ ᠪᠠᠶᠠᠨ ᠵᠠᠮ᠂ ᠪᠦᠯᠬᠦᠮᠳᠡᠯ ᠵᠠᠮ ᠵᠡᠷᠭᠡ  3 ᠵᠤᠷᠪᠤᠰ ᠶᠠᠪᠠᠭᠠᠨ ᠵᠠᠮ ᠤᠨ ᠲᠣᠭᠤᠰᠬ᠎ᠠ ᠶᠢ ᠰᠣᠯᠢᠬᠤ ᠪᠠᠷ ᠪᠣᠶ᠃ ᠲᠥᠷᠥᠯ ᠵᠦᠢᠯ ᠢ ᠭᠡᠷᠡᠭᠵᠢᠬᠦᠯᠬᠦ ᠨᠢ  ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠬᠤᠲᠠ ᠶᠢᠨ ᠴᠢᠨᠠᠷ ᠲᠠᠰ ᠪᠠ ᠪᠣᠯᠪᠠᠰᠤᠨ ᠤ ᠬᠡᠮᠵᠢᠶ᠎ᠡ ᠶᠢ  ᠲᠡᠭᠡᠭᠰᠢᠯᠡᠬᠦᠯᠬᠦ ᠪᠤᠯᠤᠨ᠎ᠠ  ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号