ᠭᠠᠷ ᠤᠲᠠᠰᠤᠨ ᠤ ᠪᠦᠷᠬᠦᠭᠦᠯ ᠨᠢᠳᠦᠨ ᠳᠤ ᠬᠠᠯᠠᠲᠠᠢ ᠬᠡᠳᠡᠭ ᠦᠨᠡᠨ ᠤᠤ︖
ᠨᠡᠶᠢᠲᠡᠯᠡᠭᠰᠡᠨ ᠴᠠᠭ᠄
2022/10/11
      ᠨᠢᠳᠦ ᠪᠠᠨ ᠬᠠᠮᠠᠭᠠᠯᠠᠬᠤ ᠶᠢᠨ ᠲᠥᠯᠥᠭᠡ᠂ ᠴᠥᠭᠡᠨ ᠪᠤᠰᠤ ᠬᠡᠷᠡᠭᠯᠡᠭᠴᠢ ᠭᠠᠷ ᠤᠲᠠᠰᠤᠨ ᠳᠠᠭᠠᠨ ᠬᠠᠵᠠᠭᠤ ᠠᠴᠠ ᠬᠠᠷᠠᠬᠳᠠᠬᠤ ᠦᠭᠡᠢ ᠪᠦᠷᠬᠦᠭᠦᠯ ᠠᠪᠴᠤ ᠨᠠᠭᠠᠳᠠᠭ᠃ ᠣᠶᠢᠷ᠎ᠠ ᠳᠤ ᠣᠯᠠᠨ ᠬᠡᠷᠡᠭᠯᠡᠭᠴᠢ ᠡᠶᠢᠮᠦ ᠪᠦᠷᠬᠦᠭᠦᠯ ᠬᠡᠷᠡᠭᠯᠡᠭᠰᠡᠨ ᠠᠴᠠ ᠪᠤᠯᠵᠦ ᠨᠢᠳᠦ ᠮᠠᠭᠤᠳᠠᠵᠤ ᠪᠠᠶᠢᠨ᠎ᠠ ᠭᠡᠵᠦ ᠶᠠᠷᠢᠵᠠᠭᠠᠵᠤ ᠪᠠᠶᠢᠨ᠎ᠠ᠃ ᠡᠨᠡ ᠶᠠᠭᠤᠮ᠎ᠠ ᠨᠡᠬᠡᠷᠡᠨ ᠨᠢᠳᠦᠨ ᠳᠤ ᠬᠠᠯᠠᠲᠠᠢ ᠶᠤᠮ ᠪᠤᠯ ᠤᠤ︖ ᠭᠤᠸᠠᠩᠵᠧᠦ ᠶᠢᠨ ᠬᠢᠲᠠᠳ ᠡᠮᠨᠡᠯᠭᠡ ᠶᠢᠨ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠫᠷᠤᠹᠧᠰᠰᠤᠷ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ ᠡᠶᠢᠮᠦᠷᠬᠦ ᠪᠦᠷᠬᠦᠪᠴᠢ ᠨᠢ ᠨᠢᠳᠦ ᠶᠢ ᠭᠡᠮᠲᠦᠭᠡᠵᠦ ᠰᠢᠷᠬᠠᠲᠤᠭᠤᠯᠬᠤ ᠡᠰᠡᠬᠦ ᠲᠤᠬᠠᠢ ᠬᠠᠮᠢᠶᠠᠲᠠᠢ ᠰᠤᠳᠤᠯᠭᠠᠨ ᠤ ᠳ᠋ᠦᠩ ᠭᠠᠷᠤᠭ᠎ᠠ ᠦᠭᠡᠢ ᠪᠣᠯᠬᠤᠷ ᠡᠭᠦᠨ ᠢ ᠬᠡᠯᠡᠬᠦ ᠶᠢᠨ ᠠᠷᠭ᠎ᠠ ᠦᠭᠡᠢ ᠶᠤᠮ᠃ ᠭᠡᠪᠡᠴᠦ ᠨᠢᠳᠦᠨ ᠤ ᠡᠷᠡᠭᠦᠯ ᠮᠡᠨᠳᠦ ᠠᠴᠠ ᠦᠵᠡᠪᠡᠯ᠂ ᠳᠡᠯᠭᠡᠴᠡ ᠨᠢ ᠬᠡᠲᠦ ᠭᠡᠭᠡᠨ ᠪᠤᠶᠤ ᠬᠡᠲᠦ ᠬᠠᠷᠠᠩᠭᠤᠢ ᠪᠣᠯ ᠨᠢᠳᠦᠨ ᠳᠤ ᠮᠠᠭᠤ ᠶᠤᠮ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号