| ᠬᠤᠶᠢᠳᠤ ᠵᠠᠰᠠᠭ〔2022〕 13 ᠳ᠋ᠤᠭᠠᠷ ᠲᠣᠭᠠᠲᠤ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤᠰᠤ | ᠬᠠᠩᠭᠠᠬᠤ ᠵᠠᠯᠠᠬᠤ ᠶᠢ ᠨᠢᠭᠡ ᠴᠣᠭᠴᠠᠵᠢᠭᠤᠯᠬᠤ ᠬᠠᠮᠢᠶᠠᠷᠤᠯᠲᠠ ᠶᠢᠨ ᠠᠵᠢᠯ ᠤᠨ ᠲᠤᠬᠠᠢ ᠮᠡᠳᠡᠭᠳᠡᠯ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ︽ᠤᠯᠤᠰ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠦᠪᠵᠢᠭᠦᠯᠭᠡ ︵2014 ~ 2020 | ᠣᠨ︶︾ ᠳᠤ᠂ ᠣᠶᠤᠨᠴᠢ ᠤᠰᠤᠨ ᠤ ᠶᠠᠪᠤᠳᠠᠯ ᠢ ᠬᠥᠭᠵᠢᠭᠦᠯᠵᠦ᠂ ᠤᠰᠤ ᠬᠠᠩᠭᠠᠬᠤ ᠪᠥᠬᠦ ᠶᠠᠪᠤᠴᠠ ᠶᠢ | ᠬᠠᠮᠤᠷᠤᠭᠰᠠᠨ᠂ ᠤᠰᠤ ᠬᠠᠩᠭᠠᠬᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠣᠶᠤᠨᠴᠢ ᠤᠰᠤ ᠬᠠᠩᠭᠠᠬᠤ | ᠤᠰᠤ ᠵᠠᠯᠠᠬᠤ ᠪᠠ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ | ᠃ ᠣᠶᠤᠨᠲᠤ ᠬᠤᠭᠤᠯᠠᠢ ᠶᠢᠨ ᠲᠣᠣᠷ ᠢ ᠬᠥᠭᠵᠢᠭᠦᠯᠵᠦ᠂ ᠬᠤᠳᠠ ᠶᠢᠨ ᠭᠠᠵᠠᠷ ᠳᠣᠣᠷᠠᠬᠢ ᠣᠷᠣᠨ ᠵᠠᠢ᠂ ᠭᠠᠵᠠᠷ | ᠳᠣᠣᠷᠠᠬᠢ ᠬᠤᠭᠤᠯᠠᠢ ᠶᠢᠨ ᠲᠣᠣᠷ ᠤᠨ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠪᠠ ᠠᠵᠢᠯᠯᠠᠭᠠᠨ ᠤ ᠬᠢᠨᠠᠨ | ᠡᠵᠡᠮᠳᠡᠯ ᠤᠨ ᠣᠶᠤᠨᠴᠢᠯᠠᠯᠲᠠ ᠶᠢ ᠪᠡᠶᠡᠯᠡᠭᠦᠯᠦᠨ᠎ᠡ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠢᠤᠸᠠᠨ ᠶᠤᠸᠠᠨ ᠲᠦᠭᠡᠭᠡᠯ ᠤᠰᠤᠨ ᠤ ᠺᠣᠮᠫᠠᠨᠢ ᠨᠢ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠪᠡᠯᠡ ᠣᠷᠣᠭᠤᠯᠤᠨ ᠡᠵᠡᠩᠨᠡᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠤᠪᠢᠶᠠᠷᠢ ᠺᠣᠮᠫᠠᠨᠢ ᠪᠣᠯᠤᠭᠰᠠᠨ ᠤ ᠬᠤᠪᠢ ᠳᠤ᠂ ᠬᠤᠲᠠ ᠶᠢᠨ ᠲᠣᠭᠤᠷᠢᠭ ᠤᠨ | ᠤᠰᠤ ᠬᠠᠩᠭᠠᠬᠤ ᠵᠢᠴᠢ ᠤᠰᠤ ᠬᠠᠩᠭᠠᠬᠤ ᠬᠤᠭᠤᠯᠠᠢ ᠶᠢᠨ ᠲᠣᠣᠷ ᠤᠨ ᠠᠵᠢᠯᠯᠠᠭᠤᠯᠵᠤ ᠪᠠᠲᠤᠯᠠᠬᠤ ᠠᠵᠢᠯ ᠢ | ᠬᠠᠷᠢᠭᠤᠴᠠᠵᠤ᠂ ᠲᠡᠭᠦᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠢᠰᠲ᠋ᠧᠮ ᠨᠢ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠨ᠎ᠠ᠃ ᠤᠰᠤ ᠲᠠᠲᠠᠷᠠᠭᠤᠯᠬᠤ | ᠬᠤᠭᠤᠯᠠᠢ ᠶᠢᠨ ᠰᠦᠯᠵᠢᠶ᠎ᠡ ᠶᠢᠨ ᠥᠮᠴᠢᠯᠡᠬᠦ ᠡᠷᠬᠡ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠷᠬᠡ ᠨᠢ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠬᠠᠷᠢᠶᠠᠯᠠᠭᠳᠠᠨ᠎ᠠ᠃ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠰᠠᠯᠭᠠᠭᠰᠠᠨ ᠵᠠᠰᠠᠬᠤ ᠪᠠᠶᠢᠭᠤᠯᠤᠯ ᠳᠤ ᠵᠠᠰᠠᠭ ᠵᠠᠬᠢᠷᠭᠠᠨ ᠤ ᠡᠬᠢ ᠪᠠᠶᠠᠯᠢᠭ ᠢ ᠪᠦᠷᠢᠯᠭᠡᠨ ᠰᠦᠢᠳᠬᠡᠭᠰᠡᠨ | ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠬᠦᠷᠦᠯᠴᠡᠬᠦ ᠦᠭᠡᠢ᠂ ᠰᠣᠯᠪᠢᠴᠠᠨ ᠨᠥᠯᠥᠭᠡᠯᠡᠭᠰᠡᠨ ᠵᠡᠷᠭᠡ ᠠᠰᠠᠭᠤᠳᠠᠯ | ᠣᠷᠣᠰᠢᠵᠤ ᠪᠠᠶᠢᠨ᠎ᠠ᠃ | ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠬᠤ ᠨᠢ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠪᠡᠶᠡᠯᠡᠭᠦᠯᠵᠦ ᠴᠢᠳᠠᠬᠤ ᠶᠢ ᠦᠨᠳᠦᠰᠦᠯᠡᠨ᠂ ᠮᠡᠷᠭᠡᠵᠢᠯ ᠤᠨ ᠬᠦᠴᠦᠨ ᠤ ᠳᠠᠪᠠᠭᠤᠯᠢᠭ ᠲᠠᠯ᠎ᠠ | ᠪᠠᠷ ᠢᠶᠠᠨ ᠬᠠᠷᠢᠯᠴᠠᠨ ᠨᠥᠬᠦᠪᠦᠷᠢᠯᠡᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠠᠵᠤ ᠠᠬᠤᠢ ᠶᠢᠨ ᠦᠷ᠎ᠡ | ᠠᠰᠢᠭ ᠢ ᠳᠡᠭᠡᠭᠰᠢᠯᠡᠭᠦᠯᠦᠭᠰᠡᠨ ᠪᠣᠳᠠᠲᠠᠢ ᠪᠠᠶᠢᠳᠠᠯ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ | ᠤᠰᠤᠨ ᠤ ᠶᠠᠪᠤᠳᠠᠯ ᠤᠨ ᠲᠣᠪᠴᠢᠶ᠎ᠠ ᠳᠤ ᠬᠤᠪᠢᠶᠠᠷᠢᠯᠠᠨ ᠬᠠᠮᠢᠶᠠᠷᠤᠭᠤᠯᠵᠤ᠂ ᠤᠰᠤ ᠲᠠᠲᠠᠷᠠᠭᠤᠯᠬᠤ ᠬᠤᠭᠤᠯᠠᠢ ᠶᠢᠨ | ᠲᠣᠣᠷ ᠤᠨ ᠡᠳ᠋ ᠬᠥᠷᠥᠩᠭᠡ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠤᠰᠤᠨ ᠤ ᠶᠠᠪᠤᠳᠠᠯ ᠤᠨ ᠲᠣᠪᠴᠢᠶ᠎ᠠ ᠳᠤ ᠰᠢᠯᠵᠢᠭᠦᠯᠦᠨ ᠬᠠᠮᠢᠶᠠᠷᠤᠭᠤᠯᠵᠤ᠂ ᠤᠰᠤᠨ ᠤ | ᠶᠠᠪᠤᠳᠠᠯ ᠤᠨ ᠲᠣᠪᠴᠢᠶ᠎ᠠ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠪᠠᠷ ᠳᠡᠮᠵᠢᠨ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠬᠤᠲᠠ ᠶᠢᠨ ᠤᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠨᠠᠩ ᠰᠠᠶᠢᠨ ᠬᠢᠬᠦ ᠳᠤ ᠲᠥᠬᠦᠮ ᠪᠣᠯᠭᠠᠨ᠎ᠠ᠃ | 2022 ᠣᠨ ᠤ 2 ᠰᠠᠷ᠎ᠠ ᠶᠢᠨ 7 | | | | |