2022 ᠣᠨ ᠤ 7 ᠳ᠋ᠤᠭᠠᠷ ᠰᠠᠷ᠎ᠠ ᠶᠢᠨ ᠲᠤᠮᠤ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/10/19
                     7 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ  ᠂ ᠯᠢᠶᠠᠨ ᠰᠢ ᠢᠳᠡᠭᠡᠨ ᠤ ︵ᠣᠣᠮᠧᠨ︶ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠵᠡᠢ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ  ᠰᠦ ᠶᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦ᠋ ᠰᠢᠶᠠᠩ ᠨᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     7 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤᠨ ᠤ ᠳᠠᠷᠤᠭ᠎ᠠ᠂ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠶᠡᠷᠦᠩᠬᠡᠢ ᠺᠣᠮᠠᠨᠳ᠋ᠯᠠᠭᠴᠢ ᠭᠦᠸᠧ ᠲᠢᠶᠠᠨ ᠪᠦᠦ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠬᠡᠰᠡᠭ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠳ ᠣᠷᠣᠯᠴᠠᠵᠠᠢ᠃     7 ᠰᠠᠷ᠎ᠠ ᠶᠢᠨ 6 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠾᠧᠨᠠᠨ ᠤ ᠱᠧᠦ ᠵᠧᠩ ᠡᠮ ᠡᠮᠨᠡᠯᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠰᠢᠨ᠎ᠡ ᠪᠠᠷ ᠳᠠᠩᠰᠠᠯᠠᠭᠤᠯᠤᠨ ᠪᠠᠶᠢᠭᠤᠯᠤᠭᠰᠠᠨ ᠥᠪᠥᠷ ᠮᠣᠩᠭᠤᠯ ᠤᠨ ᠱᠧᠦ ᠵᠧᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠳᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠪᠠ᠃ ᠬᠤᠰᠢᠭᠤᠨ ᠤᠳᠤᠷᠢᠳᠤᠯᠭ᠎ᠠ ᠰᠢᠶᠧ ᠴᠦᠨ ᠾᠧ᠂ ᠪᠠᠢ ᠬᠠᠢ ᠳ᠋ᠦᠩ᠂  ᠪᠦᠷᠢᠨᠵᠢᠷᠭᠠᠯ᠂  ᠯᠢᠶᠠᠩ ᠰᠢᠦᠢ ᠪᠢᠨ ᠵᠢᠴᠢ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     7 ᠰᠠᠷ᠎ᠠ ᠶᠢᠨ 8 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠵᠢᠴᠢ ︽ᠶᠠᠩ ᠰᠢᠶᠣᠣ ᠬᠤᠩ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠫᠠᠶᠢᠰᠠ ᠣᠯᠭᠤᠬᠤ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠧᠨ ᠵᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     7 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠪᠦᠯᠬᠦᠮ ᠳᠠᠭᠠᠭᠤᠯᠤᠨ ᠱᠠᠨᠳᠦ᠋ᠩ ᠮᠤᠵᠢ ᠳᠤ ᠬᠦᠷᠴᠦ ᠴᠢᠳᠬᠤᠯᠲᠠ᠂ ᠮᠠᠰᠢᠨ ᠴᠠᠬᠢᠯᠭᠠᠨ᠂ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠠᠵᠢᠯ ᠲᠥᠷᠥᠯ ᠳᠤ ᠬᠤᠳᠠᠯᠳᠤᠭᠠᠴᠢᠨ ᠤᠷᠢᠬᠤ ᠪᠠᠶᠢᠴᠠᠭᠠᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠦᠩ ᠭᠦᠸᠧ ᠪᠢᠶᠣᠣ ᠵᠢᠴᠢ ᠱᠠᠨᠳᠦ᠋ᠩ ᠮᠤᠵᠢ ᠳᠤ ᠰᠠᠭᠤᠭ᠎ᠠ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠭᠡᠰᠢᠭᠦᠳ ᠣᠷᠣᠯᠴᠠᠵᠠᠢ᠃
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号