| ᠰᠤᠷᠪᠤᠯᠵᠢᠯᠠᠭᠴᠢ ᠯᠢ ᠪᠢᠩ ᠰᠢᠨ | ︽ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠠᠷᠠᠳ ᠲᠦᠮᠡᠨ ᠢ ᠲᠡᠷᠢᠭᠦᠨ ᠪᠠᠶᠢᠷᠢᠨ ᠳᠤ ᠲᠠᠯᠪᠢᠵᠤ | ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠢᠳᠡ ᠮᠠᠰᠢ ᠵᠥᠪᠰᠢᠶᠡᠷᠡᠵᠦ ᠪᠠᠶᠢᠨ᠎ᠠ᠂ ᠡᠨᠡ ᠬᠦ ᠦᠵᠡᠯ | ᠰᠠᠨᠠᠭ᠎ᠠ ᠨᠢ ᠳᠤᠮᠳᠠᠳᠤ ᠤᠯᠤᠰ ᠤᠨ ᠬᠥᠭᠵᠢᠯᠲᠡ ᠶᠢᠨ ᠡᠯ᠎ᠡ ᠲᠠᠯ᠎ᠠ ᠳᠤ ᠢᠯᠡᠷᠡᠵᠦ ᠪᠠᠶᠢᠨ᠎ᠠ᠃︾ | ᠪᠢᠷᠮᠠ ᠶᠢᠨ ᠦᠨᠳᠦᠰᠦᠲᠡᠨ ᠤ ᠪᠦᠯᠬᠦᠮᠳᠡᠯ ᠨᠠᠮ ᠤᠨ ᠲᠡᠷᠢᠭᠦᠯᠡᠭᠴᠢ ᠬᠠᠨ ᠷᠦᠢ ᠲᠦᠷᠦᠭᠦᠬᠡᠨ ᠠᠷᠠᠳ ᠤᠨ | ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠄ ︽ᠥᠩᠭᠡᠷᠡᠭᠰᠡᠨ | 40 ᠭᠠᠷᠤᠶ ᠵᠢᠯ ᠤᠨ ᠲᠤᠷᠰᠢ᠂ ᠳᠤᠮᠳᠠᠳᠤ ᠤᠯᠤᠰ 7 ᠳ᠋ᠦᠩᠰᠢᠭᠤᠷ ᠭᠠᠷᠤᠶ ᠬᠥᠮᠦᠨ ᠠᠮᠠ ᠶᠢ ᠠᠮᠵᠢᠯᠲᠠ ᠲᠠᠢ ᠪᠠᠷ | ᠶᠠᠳᠠᠭᠤ ᠠᠴᠠ ᠠᠩᠭᠢᠵᠢᠷᠠᠭᠤᠯᠵᠤ᠂ ᠪᠥᠬᠦ ᠪᠥᠮᠪᠥᠷᠴᠡᠭ ᠤᠨ ᠶᠠᠳᠠᠭᠤ ᠶᠢ ᠪᠠᠭᠠᠰᠬᠠᠬᠤ ᠦᠢᠯᠡᠰ ᠲᠤ ᠬᠤᠪᠢ ᠨᠡᠮᠡᠷᠢ | ᠦᠵᠡᠭᠦᠯᠵᠦ᠂ ᠪᠢᠰᠢᠷᠡᠭᠦᠰᠢᠲᠡᠶ ᠪᠠᠶᠢᠨ᠎ᠠ︾ ᠭᠡᠪᠡ᠃ | ᠡᠨᠡ ᠵᠢᠯ 81 ᠨᠠᠰᠤᠲᠠᠶ ᠬᠠᠨ ᠷᠦᠢ ᠳᠤᠮᠳᠠᠳᠤ ᠤᠯᠤᠰ ᠤᠨ ᠣᠯᠤᠭᠰᠠᠨ ᠬᠥᠭᠵᠢᠯᠲᠡ ᠶᠢᠨ ᠠᠮᠵᠢᠯᠲᠠ | ᠪᠦᠲᠦᠮᠵᠢ ᠳᠤ ᠥᠪᠡᠷ ᠤᠨ ᠠᠵᠢᠭᠯᠠᠯᠲᠠ ᠪᠠ ᠪᠣᠳᠣᠯᠬᠢᠯᠠᠯ ᠲᠠᠢ ᠶᠤᠮ᠃ ︽ᠪᠢ ᠶᠦᠨᠨᠠᠨ ᠤ ᠺᠦᠨᠮᠢᠩ ᠳᠤ | ᠠᠶᠢᠯᠴᠢᠯᠠᠵᠤ ᠥᠩᠭᠡᠷᠡᠵᠡᠢ᠂ ᠲᠡᠨᠳᠡᠬᠢ ᠲᠦᠷᠭᠡᠨ ᠬᠥᠭᠵᠢᠯᠲᠡ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ | ᠨᠢᠰᠬᠡᠯ ᠠᠴᠠ ᠪᠠᠭᠤᠮᠠᠭᠴᠠ ᠣᠳᠣᠬᠢᠴᠢᠯᠠᠭᠰᠠᠨ ᠨᠢᠰᠬᠡᠯ ᠤᠨ ᠪᠠᠭᠤᠳᠠᠯ ᠬᠠᠷᠠᠭᠠᠨ ᠳᠤ ᠲᠣᠳᠣᠷᠠᠵᠤ᠂ ᠥᠷᠭᠡᠨ | ᠳᠠᠷᠳᠠᠩ ᠵᠠᠮ᠂ ᠬᠤᠶᠠᠷ ᠲᠠᠯ᠎ᠠ ᠪᠠᠷ ᠨᠢ ᠲᠡᠯᠭᠡᠷᠡᠭᠰᠡᠨ ᠰᠣᠷᠭᠤᠭ ᠴᠡᠴᠡᠭ᠂ ᠣᠳᠣᠬᠢᠴᠢᠯᠠᠭᠰᠠᠨ ᠠᠰᠠᠷ᠂ ᠮᠢᠨᠦ ᠨᠣᠮ | ᠪᠢᠴᠢᠭ ᠠᠴᠠ ᠤᠢᠢᠯᠠᠭᠠᠭᠰᠠᠨ ᠠᠴᠠ ᠪᠠᠰᠠ ᠭᠤᠶᠤ ᠰᠠᠶᠢᠬᠠᠨ ᠬᠥᠭᠵᠢᠶᠡᠨ ᠨᠠᠷᠭᠢᠶᠠᠨ ᠲᠠᠢ ᠬᠠᠷᠠᠭᠳᠠᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠣᠭᠲᠠᠭᠠᠭᠰᠠᠨ ᠬᠥᠭᠵᠢᠯᠲᠡ ᠶᠢᠨ ᠵᠥᠪ ᠴᠢᠭᠯᠡᠯ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠲᠣᠭᠲᠠᠭᠠᠭᠰᠠᠨ ᠬᠥᠭᠵᠢᠯᠲᠡ ᠶᠢᠨ ᠲᠥᠯᠥᠪᠵᠢᠭᠦᠯᠭᠡ ᠪᠣᠯ ᠳᠤᠮᠳᠠᠳᠤ ᠤᠯᠤᠰ ᠤᠨ | ᠠᠵᠤ ᠠᠬᠤᠢ ᠨᠡᠶᠢᠭᠡᠮ ᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠶᠢᠨ ᠵᠠᠩᠭᠢᠯᠠᠭ᠎ᠠ ᠮᠥᠨ ᠭᠡᠳᠡᠭ ᠢ ᠪᠢ | ᠠᠭᠠᠵᠢᠮ ᠢᠶᠠᠷ ᠲᠠᠨᠢᠵᠤ ᠤᠯᠤᠬᠰᠠᠨ ᠶᠤᠮ︾ ᠭᠡᠵᠦ ᠬᠠᠨ ᠷᠦᠢ ᠬᠡᠯᠡᠪᠡ᠃ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠪᠣᠯ ᠬᠥᠭᠵᠢᠵᠦ ᠪᠠᠶᠢᠭ᠎ᠠ ᠤᠯᠤᠰ ᠲᠤ ᠨᠡᠶᠢᠳᠡᠮ | ᠲᠤᠯᠭᠠᠷᠠᠵᠤ ᠪᠠᠶᠢᠭ᠎ᠠ ᠡᠭᠦᠷᠭᠡ ᠪᠣᠯᠤᠨ᠎ᠠ᠃ ᠬᠠᠨ ᠷᠦᠢ ᠬᠡᠯᠡᠭᠦ ᠳᠡᠭᠡᠨ᠂ ᠪᠢᠷᠮᠠ ᠶᠢᠨ ᠵᠠᠷᠢᠮ ᠭᠠᠵᠠᠷ ᠣᠷᠣᠨ ᠮᠥᠨ | ᠬᠦ ᠨᠡᠯᠢᠶᠡᠳ ᠶᠠᠳᠠᠭᠤ ᠬᠦᠴᠢᠷᠳᠡᠯᠲᠡᠢ ᠪᠠᠶᠢᠵᠤ᠂ ᠠᠷᠠᠳ ᠤᠯᠠᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ ᠪᠢᠷᠮᠠ ᠲᠤᠮᠳᠠᠳᠤ ᠤᠯᠤᠰ ᠤᠨ ᠲᠤᠷᠰᠢᠯᠭ᠎ᠠ ᠪᠠᠷ ᠲᠤᠯᠢ ᠪᠣᠯᠭᠠᠵᠤ᠂ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠪᠠᠷ ᠬᠠᠮᠲᠤ ᠶᠢᠨ ᠴᠢᠨᠡᠭᠡᠯᠢᠭᠵᠢᠯ ᠢ ᠪᠡᠶᠡᠯᠡᠭᠦᠯᠬᠦ ᠶᠢ ᠠᠬᠢᠭᠤᠯᠵᠤ ᠪᠣᠯᠤᠨ᠎ᠠ ᠬᠡᠪᠡ᠃ | ᠪᠢᠷᠮᠠ ᠶᠢᠨ ᠦᠨᠳᠦᠰᠦᠲᠡᠨ ᠤ ᠪᠦᠯᠬᠦᠮᠳᠡᠯ ᠨᠠᠮ ᠤᠤᠯ ᠨᠢ ᠪᠢᠷᠮᠠ ᠶᠢᠨ ᠨᠡᠶᠢᠭᠡᠮ ᠵᠢᠷᠤᠮ ᠤᠨ ᠬᠥᠲᠥᠯᠪᠦᠷᠢ ᠨᠠᠮ | ᠪᠠᠶᠢᠵᠠᠶ᠃ 2013 ᠣᠨ ᠳᠤ ᠲᠤᠰ ᠨᠠᠮ ᠤᠨ ᠲᠥᠯᠥᠭᠡᠯᠡᠭᠴᠢᠳ ᠤᠨ ᠪᠦᠯᠬᠦᠮ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠭᠠᠳᠠᠭᠠᠳᠤ ᠲᠠᠢ ᠬᠤᠯᠪᠣᠭ᠎ᠠ ᠠᠪᠬᠤ ᠬᠡᠯᠲᠡᠰ ᠤᠨ ᠤᠷᠢᠯᠭ᠎ᠠ ᠪᠠᠷ ᠠᠩᠬ᠎ᠠ | ᠤᠳᠠᠭ᠎ᠠ ᠳᠤᠮᠳᠠᠳᠤ ᠤᠯᠤᠰ ᠲᠤ ᠠᠶᠢᠯᠴᠢᠯᠠᠭᠰᠠᠨ ᠠᠴᠠ ᠨᠠᠭᠠᠰᠢ᠂ ᠬᠤᠶᠠᠷ ᠨᠠᠮ ᠤᠨ ᠰᠣᠯᠢᠯᠴᠠᠭ᠎ᠠ ᠠᠶᠢᠯᠴᠢᠯᠠᠯᠲᠠ | ᠤᠯᠠᠰᠢᠷᠠᠵᠠᠢ᠃ ︽ᠳᠤᠮᠳᠠᠳᠤ ᠤᠯᠤᠰ ᠤᠨ ᠡᠪ ᠬᠠᠮᠲᠤ ᠨᠠᠮ ᠨᠠᠮ ᠤᠨ ᠬᠤᠭᠤᠷᠣᠨᠳᠣᠬᠢ ᠶᠠᠪᠤᠯᠴᠠᠭ᠎ᠠ ᠶᠢ ᠮᠠᠰᠢ | ᠴᠢᠬᠤᠯᠠᠴᠢᠯᠠᠳᠠᠭ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠶᠢᠨ ᠶᠠᠪᠤᠯᠴᠠᠭ᠎ᠠ ᠪᠠ ᠨᠥᠬᠦᠷᠯᠡᠯ ᠢ | ᠬᠢᠵᠠᠭᠠᠯᠠᠰᠢ ᠦᠭᠡᠢ ᠨᠠᠨᠳᠢᠩᠨᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠲᠦᠷᠦ ᠶᠢ ᠵᠠᠰᠠᠵᠤ ᠵᠠᠰᠠᠭ ᠢ | ᠡᠷᠬᠢᠯᠡᠬᠦ ᠲᠤᠷᠰᠢᠯᠭ᠎ᠠ ᠶᠢ ᠰᠤᠷᠤᠯᠴᠠᠬᠤ ᠶᠢ ᠬᠦᠰᠡᠵᠦ ᠪᠠᠶᠢᠨ᠎ᠠ︾ ᠭᠡᠵᠦ ᠬᠠᠨ ᠷᠦᠢ ᠬᠡᠯᠡᠪᠡ᠃ | ᠬᠠᠨ ᠷᠦᠢ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ | ᠨᠣᠮ ᠢ ᠲᠠᠬᠢᠨ ᠲᠠᠪᠲᠠᠨ ᠰᠤᠳᠤᠯᠤᠨ ᠤᠩᠰᠢᠭᠠᠳ ᠭᠦᠨ ᠰᠡᠩᠬᠡᠷᠡᠭᠦᠯᠦᠯ ᠣᠯᠵᠠᠢ᠃ ︽ᠳᠤᠮᠳᠠᠳᠤ ᠤᠯᠤᠰ ᠤᠨ ᠡᠪ | ᠬᠠᠮᠲᠤ ᠨᠠᠮ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠪᠢᠷᠮᠠ ᠶᠢᠨ | ᠦᠨᠳᠦᠰᠦᠲᠡᠨ ᠤ ᠪᠦᠯᠬᠦᠮᠳᠡᠯ ᠨᠠᠮ ᠴᠤ ᠠᠵᠢᠯᠴᠢᠨ ᠲᠠᠷᠢᠶᠠᠴᠢᠨ ᠤ ᠠᠰᠢᠭ ᠲᠤᠰᠠ ᠶᠢ ᠲᠦᠢᠯ ᠢᠶᠠᠷ ᠠᠩᠬᠠᠷᠴᠤ | ᠪᠠᠶᠢᠨ᠎ᠠ᠃︾ | ᠬᠠᠨ ᠷᠦᠢ ᠶᠢᠨ ᠦᠵᠡᠬᠦ ᠪᠠᠷ᠂ ᠳᠤᠮᠳᠠᠳᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠪᠣᠯ ᠳᠠᠷᠤᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠳᠠᠯᠠᠬᠰᠠᠨ ᠤ ᠪᠣᠳᠠᠲᠠᠢ ᠢᠯᠡᠷᠡᠯ ᠪᠣᠯᠤᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ | ᠬᠦᠴᠦᠷᠬᠡᠭ ᠶᠡᠭᠡ ᠵᠣᠬᠢᠶᠠᠨ ᠪᠠᠶᠢᠭᠤᠯᠬᠤ ᠴᠢᠳᠠᠪᠤᠷᠢ ᠪᠠ ᠳᠠᠶᠢᠴᠢᠯᠠᠬᠤ ᠴᠢᠳᠠᠪᠤᠷᠢ ᠲᠠᠢ᠂ ᠳᠤᠮᠳᠠᠳᠤ ᠤᠯᠤᠰ ᠡᠩ | ᠲᠡᠷᠢᠭᠦᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠡᠵᠡᠮᠳᠡᠭᠰᠡᠨ ᠢᠶᠠᠷ ᠪᠠᠷᠠᠬᠤ ᠦᠭᠡᠢ ᠪᠠᠰᠠ | ᠪᠤᠰᠤᠳ ᠤᠯᠤᠰ ᠲᠤ ᠶᠡᠭᠡ ᠬᠡᠮᠵᠢᠶᠡᠨ ᠤ ᠬᠢᠵᠢᠭ ᠲᠠᠢ ᠲᠡᠮᠡᠴᠡᠬᠦ ᠡᠳ᠋ ᠪᠣᠳᠠᠰ ᠵᠡᠷᠭᠡ ᠶᠢ ᠬᠠᠩᠭᠠᠭᠰᠠᠨ ᠪᠥᠭᠡᠳ | ᠰᠢᠨ᠎ᠡ ᠲᠢᠲᠢᠮᠯᠢᠭ ᠸᠠᠺᠼᠢᠨ ᠢ ᠤᠯᠠᠨ ᠤᠯᠤᠰ ᠤᠨ ᠤᠯᠠᠨ ᠨᠡᠶᠢᠲᠡ ᠶᠢᠨ ᠪᠦᠲᠦᠭᠡᠭᠳᠡᠭᠦᠨ ᠪᠣᠯᠭᠠᠵᠤ᠂ | ᠬᠠᠷᠢᠭᠤᠴᠠᠯᠭ᠎ᠠ ᠲᠠᠢ ᠲᠤᠮᠤ ᠤᠯᠤᠰ ᠤᠨ ᠡᠭᠦᠷᠭᠡᠯᠡᠪᠡᠰᠦ ᠵᠣᠬᠢᠬᠤ ᠡᠭᠦᠷᠭᠡᠯᠡᠯ ᠢ ᠢᠯᠡᠷᠡᠭᠦᠯᠵᠡᠢ︾ ᠬᠡᠪᠡ᠃ | ︽ᠳᠤᠮᠳᠠᠳᠤ ᠤᠯᠤᠰ ᠤᠨ ᠬᠠᠪᠰᠤᠷᠤᠯᠭ᠎ᠠ ᠨᠢ ᠪᠢᠷᠮᠠ ᠶᠢᠨ ᠬᠢᠵᠢᠭ ᠢ ᠰᠡᠷᠭᠡᠶᠢᠯᠡᠨ ᠬᠤᠷᠢᠬᠯᠠᠬᠤ ᠳᠤ | ᠲᠦᠢᠯ ᠤᠨ ᠴᠢᠬᠤᠯᠠ ᠶᠤᠮ᠃︾ ᠬᠠᠨ ᠷᠦᠢ ᠬᠡᠯᠡᠭᠦ ᠳᠡᠭᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠪᠢᠷᠮᠠ ᠳᠤᠮᠳᠠᠳᠤ ᠬᠤᠶᠠᠷ ᠤᠯᠤᠰ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ᠃ ᠳᠤᠮᠳᠠᠳᠤ ᠤᠯᠤᠰ ᠭᠡᠨᠡᠳᠲᠡ ᠬᠢᠵᠢᠭ ᠤᠨ | ᠪᠠᠶᠢᠳᠠᠯ ᠳᠤ ᠲᠤᠯᠭᠠᠷᠠᠬᠤ ᠦᠶ᠎ᠡ ᠳᠤ᠂ ᠪᠢᠷᠮᠠ ᠠᠴᠠ ᠳᠤᠮᠳᠠᠳᠤ ᠤᠯᠤᠰ ᠤᠨ ᠦᠬᠠᠨ ᠳᠤ ᠲᠤᠲᠤᠷᠭ᠎ᠠ ᠵᠡᠷᠭᠡ ᠡᠳ᠋ | ᠪᠣᠳᠠᠰ ᠬᠠᠨᠳᠢᠪᠯᠠᠪᠠ︔ ᠪᠢᠷᠮᠠ ᠶᠢᠨ ᠬᠢᠵᠢᠭ ᠲᠠᠢ ᠲᠡᠮᠡᠴᠡᠬᠦ ᠵᠠᠩᠭᠢᠯᠠᠭ᠎ᠠ ᠶᠢᠨ ᠦᠶ᠎ᠡ ᠳᠤ᠂ ᠳᠤᠮᠳᠠᠳᠤ ᠤᠯᠤᠰ ᠶᠡᠭᠡ | ᠬᠡᠮᠵᠢᠶᠡᠨ ᠤ ᠡᠮᠴᠢᠯᠡᠭᠡᠨ ᠤ ᠡᠳ᠋ ᠪᠣᠳᠠᠰ ᠢ ᠲᠤᠰᠠᠯᠠᠭᠰᠠᠨ ᠢᠶᠠᠷ ᠪᠠᠷᠠᠬᠤ ᠦᠭᠡᠢ ᠪᠠᠰᠠ ᠡᠮᠴᠢᠯᠡᠭᠡᠨ ᠤ ᠲᠤᠰᠬᠠᠢ | ᠮᠡᠷᠭᠡᠵᠢᠯᠲᠡᠨ ᠤ ᠳᠤᠭᠤᠶᠢᠯᠠᠩ ᠲᠣᠮᠢᠯᠠᠵᠤ ᠪᠢᠷᠮᠠ ᠶᠢ ᠲᠤᠰᠠᠯᠠᠪᠠ᠃ ᠡᠨᠡ ᠵᠢᠯ ᠤᠨ 3 ᠰᠠᠷ᠎ᠠ ᠶᠢᠨ ᠰᠡᠭᠦᠯᠴᠢ ᠪᠠᠷ᠂ | ᠪᠢᠷᠮᠠ ᠳᠤᠮᠳᠠᠳᠤ ᠬᠠᠮᠲᠤᠷᠠᠨ ᠰᠢᠨ᠎ᠡ ᠲᠢᠲᠢᠮᠯᠢᠭ ᠸᠠᠺᠼᠢᠨ ᠦᠢᠯᠡᠳᠪᠦᠷᠢᠯᠡᠭᠦ ᠦᠢᠯᠡᠳᠪᠦᠷᠢ ᠪᠢᠷᠮᠠ ᠳᠤ ᠵᠢᠩᠬᠢᠨᠢ ᠪᠠᠷ | ᠠᠰᠢᠭᠯᠠᠯᠲᠠ ᠳᠤ ᠣᠷᠣᠪᠠ᠃ 5 ᠰᠠᠷ᠎ᠠ ᠶᠢᠨ ᠡᠬᠢ ᠠᠴᠠ ᠡᠬᠢᠯᠡᠨ᠂ ᠪᠢᠷᠮᠠ ᠲᠤᠮᠳᠠᠳᠤ ᠶᠢᠨ ᠬᠠᠮᠲᠤᠷᠠᠨ | ᠦᠢᠯᠡᠳᠪᠦᠷᠢᠯᠡᠭᠰᠡᠨ ᠲᠦᠷᠦᠭᠦᠦ ᠪᠦᠯᠦᠭ 100 ᠲᠦᠮᠡᠨ ᠢᠵᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠢ ᠪᠢᠷᠮᠠ ᠶᠢᠨ ᠠᠷᠠᠳ ᠣᠯᠠᠨ ᠳᠤ ᠳᠠᠷᠢᠵᠤ ᠦᠭᠭᠦᠭᠰᠡᠨ ᠶᠤᠮ ᠬᠡᠪᠡ᠃ | ︽ᠶᠡᠷᠦᠩᠬᠡᠢ ᠱᠦᠵᠢ ᠰᠢ ᠶᠢᠨ ᠫᠢᠩ᠄ ︿ᠠᠷᠠᠳ ᠲᠦᠮᠡᠨ ᠤ ᠲᠥᠯᠥᠭᠡ ᠬᠥᠭᠵᠢᠭᠦᠯᠪᠡᠯ ᠬᠦᠭᠵᠢᠯᠲᠡ ᠨᠢ | ᠰᠠᠶ᠋ᠢ ᠤᠳᠬ᠎ᠠ ᠠᠭᠤᠯᠭ᠎ᠠ ᠲᠠᠢ ᠪᠣᠯᠤᠨ᠎ᠠ︔ ᠠᠷᠠᠳ ᠲᠦᠮᠡᠨ ᠳᠤ ᠲᠦᠰᠢᠭᠯᠡᠨ ᠬᠥᠭᠵᠢᠪᠡᠯ ᠬᠥᠭᠵᠢᠯᠲᠡ ᠨᠢ ᠰᠠᠶ᠋ᠢ | ᠬᠥᠳᠡᠯᠭᠡᠬᠦ ᠬᠦᠴᠦᠨ ᠲᠠᠢ ᠪᠣᠯᠤᠨ᠎ᠠ﹀ ᠭᠡᠵᠦ ᠵᠢᠭᠠᠵᠤ ᠭᠠᠷᠭᠠᠪᠠ᠃ ᠤᠯᠤᠰ ᠤᠨ ᠳᠣᠲᠣᠭᠠᠳᠤ ᠶᠢᠨ ᠵᠠᠰᠠᠯᠲᠠ ᠴᠤ | ᠲᠡᠷᠡ᠂ ᠪᠦᠬᠦ ᠪᠥᠮᠪᠥᠷᠴᠡᠭ ᠤᠨ ᠵᠠᠰᠠᠯᠲᠠ ᠴᠤ ᠲᠡᠷᠡ᠂ ᠬᠠᠮᠤᠭ ᠤᠨ ᠵᠠᠩᠭᠢᠯᠠᠭ᠎ᠠ ᠨᠢ ᠠᠷᠠᠳ ᠲᠦᠮᠡᠨ ᠢ ᠪᠦᠬᠦ | ᠶᠠᠪᠤᠴᠠ ᠳᠤ ᠣᠷᠣᠯᠴᠠᠭᠤᠯᠵᠤ᠂ ᠠᠷᠠᠳ ᠲᠦᠮᠡᠨ ᠳᠤ ᠠᠰᠢᠭ ᠲᠤᠰᠠ ᠬᠦᠷᠲᠡᠭᠡᠬᠦ ᠳᠤ ᠪᠠᠶᠢᠨ᠎ᠠ᠃ ᠡᠨᠡ ᠲᠠᠯ᠎ᠠ ᠪᠠᠷ | ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠳᠡᠯᠡᠬᠡᠢ ᠶᠢᠨ ᠲᠦᠷᠦ ᠶᠢᠨ ᠨᠠᠮ ᠳᠤ ᠦᠯᠢᠭᠡᠷ ᠳᠠᠭᠤᠷᠢᠶᠠᠯ | ᠦᠵᠡᠭᠦᠯᠦᠭᠰᠡᠨ ᠶᠤᠮ︾ ᠭᠡᠵᠦ ᠬᠠᠨ ᠷᠦᠢ ᠬᠡᠯᠡᠭᠰᠡᠨ ᠢᠶᠠᠨ ᠵᠠᠯᠭᠠᠭᠠᠳ᠂ ᠪᠢ ᠶᠡᠷᠦᠩᠬᠡᠶ ᠱᠦᠵᠢ ᠰᠢ ᠶᠢᠨ | ᠫᠢᠩ ᠤᠨ ᠠᠷᠠᠳᠴᠢᠯᠠᠯ ᠤᠨ ᠲᠤᠬᠠᠶ ᠥᠭᠦᠯᠡᠯᠲᠡ ᠶᠢ ᠮᠠᠰᠢ ᠵᠦᠪᠰᠢᠶᠡᠷᠡᠵᠦ ᠪᠠᠶᠢᠨ᠎ᠠ᠃ ᠠᠷᠠᠳᠴᠢᠯᠠᠯ ᠪᠣᠯ ᠠᠯᠢ | ᠤᠯᠤᠰ ᠤᠨ ᠲᠤᠰᠬᠠᠢ ᠠᠰᠢᠭ ᠪᠢᠰᠢ᠂ ᠬᠠᠷᠢᠨ ᠡᠯ᠎ᠡ ᠤᠯᠤᠰ ᠤᠨ ᠠᠷᠠᠳ ᠲᠦᠮᠡᠨ ᠤ ᠡᠷᠬᠡ ᠮᠥᠨ᠃ | ᠠᠷᠠᠳᠴᠢᠯᠠᠯ ᠢ ᠪᠡᠶᠡᠯᠡᠭᠦᠯᠬᠦ ᠳᠤ ᠤᠯᠠᠨ ᠵᠦᠢᠯ ᠤᠨ ᠠᠷᠭ᠎ᠠ ᠬᠡᠯᠪᠡᠷᠢ ᠪᠠᠶᠢᠳᠠᠭ᠂ ᠨᠢᠭᠡ ᠯᠡ ᠠᠳᠠᠯᠢ ᠪᠠᠶᠢᠵᠤ | ᠴᠢᠳᠠᠬᠤ ᠦᠭᠡᠢ ᠶᠤᠮ᠃ ︽ᠡᠨᠡ ᠨᠢ ᠪᠢᠳᠡᠨ ᠳᠤ ᠨᠢᠭᠡ ᠤᠯᠤᠰ ᠠᠷᠠᠳᠴᠢᠯᠠᠯ ᠤᠨ ᠠᠬᠢᠴᠠ ᠶᠢ ᠠᠬᠢᠭᠤᠯᠬᠤ ᠳᠤ | ᠲᠤᠰ ᠤᠯᠤᠰ ᠤᠨ ᠢᠶᠠᠨ ᠪᠣᠳᠠᠲᠤ ᠪᠠᠶᠢᠳᠠᠯ ᠠᠴᠠ ᠰᠠᠯᠵᠤ ᠪᠣᠯᠬᠤ ᠦᠭᠡᠢ ᠭᠡᠳᠡᠭ ᠰᠡᠩᠭᠡᠷᠡᠭᠦᠯᠦᠯ ᠤᠯᠭᠤᠬᠰᠠᠨ ᠶᠤᠮ | ︾ ᠭᠡᠪᠡ᠃ | ᠬᠠᠨ ᠷᠦᠢ ᠳᠤᠮᠳᠠᠳᠤ ᠤᠯᠤᠰ ᠪᠦᠬᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠭᠰᠠᠨ ᠢ | ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠲᠡᠷᠡ᠄ ᠳᠤᠮᠳᠠᠳᠤ ᠤᠯᠤᠰ ᠤᠨ ᠳᠤᠷᠠᠳᠤᠭᠰᠠᠨ ᠪᠦᠬᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠨᠢ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯ | ᠴᠡᠴᠡᠭᠯᠡᠯ ᠢᠶᠠᠨ ᠪᠡᠶᠡᠯᠡᠭᠦᠯᠬᠦ ᠳᠤ ᠠᠰᠢᠭᠲᠠᠢ ᠪᠠᠶᠢᠵᠤ᠂ ᠪᠦᠬᠦ ᠪᠥᠮᠪᠥᠷᠴᠡᠭ ᠤᠨ ᠬᠥᠭᠵᠢᠯᠲᠡ ᠵᠠᠰᠠᠯᠲᠠ ᠶᠢ | ᠲᠡᠭᠦᠯᠳᠡᠷᠵᠢᠭᠦᠯᠬᠦ ᠪᠦᠲᠦᠮᠵᠢᠲᠡᠢ ᠲᠥᠰᠦᠯ ᠪᠣᠯᠤᠨ᠎ᠠ᠃ ᠪᠢᠷᠮᠠ ᠪᠠᠷ ᠵᠢᠱᠢᠶᠡᠯᠡᠪᠡᠯ᠂ ᠪᠢᠷᠮᠠ ᠳᠤᠮᠳᠠᠳᠤ ᠶᠢᠨ ᠠᠵᠤ | ᠠᠬᠤᠢ ᠶᠢᠨ ᠬᠤᠩᠭᠢᠯ ᠤᠨ ᠪᠦᠲᠦᠭᠡᠡ ᠪᠠᠶᠢᠭᠤᠯᠤᠯᠲᠠ ᠨᠢ ᠪᠢᠷᠮᠠ ᠶᠢᠨ ᠪᠦᠬᠦ ᠲᠠᠯ᠎ᠠ ᠶᠢᠨ ᠬᠥᠭᠵᠢᠯᠲᠡ ᠶᠢ | ᠪᠡᠶᠡᠯᠡᠭᠦᠯᠬᠦ ᠳᠤ ᠯᠤᠲᠤ ᠶᠡᠭᠡ ᠠᠵᠠ ᠲᠣᠬᠢᠶᠠᠯ ᠠᠪᠴᠢᠷᠠᠵᠤ᠂ ᠪᠢᠷᠮᠠ ᠳᠤᠮᠳᠠᠳᠤ ᠤᠯᠤᠰ ᠤᠨ ᠬᠥᠭᠵᠢᠯᠲᠡ ᠶᠢᠨ | ᠲᠦᠷᠭᠡᠨ ᠲᠡᠷᠭᠡᠨ ᠳᠤ ᠭᠠᠷᠴᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ | ᠪᠣᠯᠤᠨ᠎ᠠ᠃ ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠣᠷᠣᠯᠴᠠᠬᠤ ᠪᠠᠷ ᠳᠡᠮᠵᠢᠨ | ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠂ | ᠪᠢᠳᠡ ᠳᠤᠮᠳᠠᠳᠤ ᠤᠯᠤᠰ ᠵᠢᠴᠢ ᠪᠤᠰᠤᠳ ᠡᠷᠬᠢᠨ ᠲᠣᠭᠤᠷᠢᠨ ᠤ ᠤᠯᠤᠰ ᠤᠳ ᠲᠠᠢ ᠬᠠᠮᠲᠤ ᠪᠠᠷ ᠬᠥᠭᠵᠢᠬᠦ ᠶᠢ | ᠪᠡᠶᠡᠯᠡᠭᠦᠯᠵᠦ ᠴᠢᠳᠠᠨ᠎ᠠ︾ ᠭᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠳᠠᠯ ᠦᠭᠡᠶ ᠬᠤᠷᠠᠯᠳᠤᠬᠤ ᠪᠠᠷ ᠪᠠᠶᠢᠨ᠎ᠠ᠃ ᠬᠠᠨ ᠷᠦᠢ ᠬᠡᠯᠡᠭᠦ ᠳᠡᠭᠡᠨ᠂ ᠡᠨᠡ | ᠪᠣᠯ ᠳᠤᠮᠳᠠᠳᠤ ᠤᠯᠤᠰ ᠤᠨ ᠢᠷᠡᠭᠡᠳᠦᠢ ᠶᠢᠨ ᠬᠥᠭᠵᠢᠯᠲᠡ ᠳᠤ ᠬᠠᠷᠠᠯᠲᠠ ᠲᠣᠭᠲᠠᠭᠠᠵᠤ᠂ ᠴᠢᠭᠯᠡᠯ ᠢ | ᠲᠤᠳᠤᠷᠬᠠᠶᠢᠯᠠᠬᠤ ᠦᠪᠡᠳᠡᠭᠰᠢ ᠬᠤᠷᠠᠯ ᠪᠣᠯᠤᠨ᠎ᠠ᠂ ᠡᠨᠡ ᠨᠢ ᠳᠤᠮᠳᠠᠳᠤ ᠤᠯᠤᠰ ᠤᠨ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠪᠠᠷ ᠪᠠᠷᠠᠬᠤ ᠦᠭᠡᠢ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠪᠠ ᠡᠯ᠎ᠡ | ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠠᠯᠤᠰ ᠬᠡᠳᠤ ᠶᠢᠨ ᠨᠥᠯᠥᠭᠡ ᠦᠵᠡᠭᠦᠯᠦᠨ᠎ᠡ ᠭᠡᠳᠡᠭ ᠢ | ᠢᠲᠡᠭᠡᠵᠦ ᠪᠠᠶᠢᠨ᠎ᠠ᠂ ︽ᠪᠢᠷᠮᠠ ᠶᠢᠨ ᠦᠨᠳᠦᠰᠦᠲᠡᠨ ᠤ ᠪᠦᠯᠬᠦᠮᠳᠡᠯ ᠨᠠᠮ ᠶᠡᠭᠡ ᠬᠤᠷᠠᠯ ᠤᠨ ᠲᠡᠭᠦᠰ ᠠᠮᠵᠢᠯᠲᠠ | ᠤᠯᠬᠤ ᠶᠢ ᠴᠢᠩ ᠰᠡᠳᠬᠢᠯ ᠠᠴᠠ ᠪᠠᠨ ᠵᠥᠩᠨᠡᠵᠦ ᠪᠠᠶᠢᠨ᠎ᠠ︾ ᠭᠡᠪᠡ᠃ | |